ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ︽ᠭᠤᠷᠪᠠᠨ ᠣᠷᠣᠨ︾ ᠤ ᠲᠥᠯᠥᠪᠯᠡᠭᠡ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠦᠴᠦᠸᠠᠨ ᠰᠢᠶᠠᠨ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/16
     8 ᠰᠠᠷ᠎ᠠ ᠶᠢᠨ 14 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ︽ᠭᠤᠷᠪᠠᠨ ᠣᠷᠣᠨ︾ ᠤ ᠲᠥᠯᠥᠪᠯᠡᠭᠡ ᠶᠢᠨ ᠲᠥᠷᠥᠯ ᠵᠦᠢᠯ ᠤᠨ ᠡᠬᠢᠯᠡᠯᠲᠡ ᠶᠢᠨ ᠶᠣᠰᠣᠯᠠᠯ ᠦᠴᠦᠸᠠᠨ ᠰᠢᠶᠠᠨ ᠳᠤ ᠶᠠᠪᠤᠭᠳᠠᠪᠠ᠃ ᠬᠥᠬᠡᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠲᠠᠪᠤᠨ ᠰᠠᠯᠠᠭᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠪᠥᠬᠦ ᠠᠵᠢᠯᠲᠠᠨ᠂ ᠨᠡᠶᠢᠭᠡᠮ ᠲᠣᠭᠤᠷᠢᠭ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠨᠡᠶᠢᠭᠡᠮ ᠤᠨ ᠡᠯ᠎ᠡ ᠡᠲᠡᠭᠡᠳ ᠤᠨ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠣᠷᠣᠯᠴᠠᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠲᠤᠰᠬᠠᠢ ᠮᠡᠷᠭᠡᠵᠢᠯᠲᠡᠨ ᠤ ᠯᠧᠺᠲ᠋ᠣᠷ ᠬᠥᠳᠡᠭᠡ ᠲᠣᠰᠬᠤᠨ ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ᠂ ︽ᠨᠠᠰᠤᠲᠠᠶᠢᠴᠤᠳ ᠪᠠ ᠨᠢᠯᠬᠠᠰ︾᠂ ︽ᠵᠡᠮᠳᠡᠭᠴᠦᠳ ᠪᠠ ᠬᠦᠴᠢᠷᠳᠡᠯᠲᠡᠢ ᠬᠥᠮᠥᠰ︾᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠬᠡᠦᠬᠡᠳ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠣᠭᠤᠷᠢᠨ ᠳᠤ ᠰᠠᠨᠠᠯ ᠰᠠᠨᠠᠭᠤᠯᠭ᠎ᠠ ᠳᠤᠷᠠᠳᠴᠤ᠂ ᠮᠠᠨ ᠤ ᠰᠢᠶᠠᠨ ᠤ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠦᠢᠯᠡᠴᠢᠯᠡᠭᠡ ᠶᠢᠨ ᠨᠠᠩ ᠪᠥᠬᠦ ᠲᠠᠯ᠎ᠠ ᠶᠢᠨ᠂ ᠨᠠᠩ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠰᠢᠶᠠᠨ ᠤ ᠨᠡᠶᠢᠭᠡᠮ ᠤᠨ ᠠᠵᠢᠯ ᠤᠨ ᠴᠢᠳᠠᠪᠤᠷᠢᠲᠠᠨ ᠤ ᠡᠩᠨᠡᠭᠡ ᠶᠢᠨ ᠲᠤᠰᠬᠠᠶᠢᠵᠢᠭᠰᠠᠨ᠂ ᠮᠡᠷᠭᠡᠵᠢᠭᠰᠡᠨ᠂ ᠨᠤᠲᠤᠭᠴᠢᠯᠠᠭᠰᠠᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃      ᠶᠣᠰᠣᠯᠠᠯ ᠳᠠᠭᠤᠰᠤᠭᠰᠠᠨ ᠤ ᠲᠠᠷᠠᠭ᠎ᠠ᠂ ᠬᠤᠷᠠᠯ ᠳᠤ ᠣᠷᠣᠯᠴᠠᠭᠰᠠᠳ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠤᠨ ᠲᠤᠬᠠᠢ ᠰᠤᠳᠤᠯᠤᠨ ᠶᠠᠷᠢᠯᠴᠠᠪᠠ᠃ ︵ᠰᠤᠷᠪᠤᠯᠵᠢᠯᠠᠭᠴᠢ᠄ ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号