ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/8/18
          ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 10 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠳᠤ᠄      ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠣᠯᠠᠨ ᠨᠡᠶᠢᠲᠡ ᠶᠢᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢ ᠪᠠᠲᠤᠯᠠᠬᠤ ᠶᠢᠨ ᠲᠤᠰᠠᠳᠠ᠂ ︽ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠦᠷ ᠬᠡᠷᠡᠭᠵᠢᠭᠦᠯᠬᠦ ᠲᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ 713 ᠳ᠋ᠤᠭᠠᠷ ᠲᠣᠭᠠᠲᠤ ᠵᠠᠷᠯᠢᠭ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 248 ᠳ᠋ᠤᠭᠠᠷ ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠳᠦᠭᠡ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠨᠡᠶᠢᠲᠡᠯᠡᠪᠡ᠃                             ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                             2024 ᠣᠨ ᠤ 3 ᠳ᠋ᠤᠭᠠᠷ ᠰᠠᠷ᠎ᠠ ᠶᠢᠨ 29 ᠤ ᠡᠳᠦᠷ                             ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ   ︵ᠬᠥᠰᠥᠨᠥᠭᠲᠦ︶ᠳ᠋ᠤᠭᠠᠷ          ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ   ᠳᠠᠭᠠᠭᠠᠨ ᠬᠢᠬᠦ ᠨᠢᠭᠡᠴᠢ   ᠴᠠᠭ ᠤᠨ ᠲᠣᠬᠢᠷᠠᠭᠤᠯᠤᠯᠲᠠ1    ᠬᠥᠬᠡᠬᠤᠲᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠥᠪᠵᠢᠭᠦᠯᠭᠡ ︵2021 - 2035 ᠣᠨ︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ   ᠲᠥᠷᠥ ᠶᠢᠨ ᠶᠠᠪᠤᠳᠠᠯ ᠤᠨ ᠬᠤᠷᠢᠶ᠎ᠠ ᠠᠴᠠ ᠴᠣᠬᠤᠯᠠᠪᠤᠷᠢᠯᠠᠭᠰᠠᠨ ᠤ ᠳᠠᠷᠠᠭ᠎ᠠ ᠪᠡᠶᠡᠯᠡᠭᠦᠯᠦᠨ᠎ᠡ2    ᠬᠥᠬᠡᠬᠤᠲᠠ ᠶᠢᠨ ᠶᠡᠷᠦᠩᠬᠡᠢ ᠪᠣᠰᠤᠭ᠎ᠠ ᠵᠠᠮ ᠬᠠᠷᠢᠯᠴᠠᠭᠠᠨ ᠤ ᠲᠣᠣᠷ ᠤᠨ ᠲᠥᠯᠥᠪᠵᠢᠭᠦᠯᠭᠡ ︵2023 - 2035 ᠣᠨ︶   ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ    ᠬᠤᠶᠠᠳᠤᠭᠠᠷ ᠤᠯᠠᠷᠢᠯ3    ᠬᠥᠬᠡᠬᠤᠲᠠ ᠶᠢᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠰᠡᠷᠭᠡᠶᠢᠯᠡᠬᠦ ᠲᠥᠯᠥᠪᠵᠢᠭᠦᠯᠭᠡ ︵2024 - 2028 ᠣᠨ︶   ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ   ᠭᠤᠷᠪᠠᠳᠤᠭᠠᠷ ᠤᠯᠠᠷᠢᠯ4   2024 ᠣᠨ ᠳᠤ ᠢᠯᠴᠢ ᠬᠠᠩᠭᠠᠬᠤ ᠤᠰᠤ ᠬᠠᠩᠭᠠᠬᠤ ᠬᠡᠢ ᠲᠣᠬᠢᠷᠠᠭᠤᠯᠬᠤ ᠦᠨ᠎ᠡ ᠬᠠᠩᠰᠢ ᠳᠤ ᠲᠣᠬᠢᠷᠠᠭᠤᠯᠤᠯᠲᠠ ᠬᠢᠵᠦ᠂ ᠦᠨ᠎ᠡ ᠬᠠᠩᠰᠢ ᠶᠢ ᠬᠤᠯᠪᠣᠬᠤ ᠲᠣᠭᠲᠠᠴᠠ ᠶᠢ ᠪᠠᠶᠢᠭᠤᠯᠬᠤ   ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ    ᠳᠥᠷᠪᠡᠳᠦᠭᠡᠷ ᠤᠯᠠᠷᠢᠯ
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号