ᠬᠥᠬᠡᠬᠤᠲᠠ ᠵᠠᠰᠠᠭ ᠲᠠᠷᠬᠠᠭᠠᠭᠰᠠᠨ ﹇2024﹈ 9 ᠳ᠋ᠦ᠋ᠭᠡᠷ ᠲᠣᠭᠠᠲᠤ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ | ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠄ | ᠡᠲᠦᠭᠡ ︽ᠤᠷᠤᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ | ᠬᠦᠲᠦᠴᠢ ᠠᠵᠤ ᠠᠬᠤᠶᠢᠯᠠᠯ ᠢ ᠪᠣᠶᠢᠵᠢᠭᠤᠯᠤᠨ ᠬᠦᠴᠦᠷᠬᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵ | 2024—2026 ᠣᠨ︶︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠠᠵᠢᠯ ᠤᠨ ᠪᠣᠳᠠᠲᠠᠢ ᠪᠠᠨ | ᠤᠶᠠᠯᠳᠤᠭᠤᠯᠵᠤ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ | 2024 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠤᠷᠤᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠬᠦᠲᠦᠴᠢ ᠠᠵᠤ | ᠠᠬᠤᠶᠢᠯᠠᠯ ᠢ ᠪᠣᠶᠢᠵᠢᠭᠤᠯᠤᠨ ᠬᠦᠴᠦᠷᠬᠡᠭᠵᠢᠭᠦᠯᠬᠦ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024— | 2026 ᠣᠨ︶ | | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠴᠢᠯᠡᠯᠲᠡ ᠶᠢᠨ ᠬᠥᠲᠥᠴᠢ ᠠᠵᠤ ᠠᠬᠤᠶᠢᠯᠠᠯ ᠢ | ᠪᠤᠶᠢᠵᠢᠭᠤᠯᠤᠨ ᠬᠦᠴᠦᠷᠬᠡᠭᠵᠢᠭᠦᠯᠬᠦ ᠶᠢ ᠲᠦᠷᠭᠡᠳᠬᠡᠵᠦ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ ᠠᠵᠤ | ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ ᠣᠨᠴᠠᠭᠠᠶᠢᠯᠠᠨ ᠲᠣᠰ | ᠲᠥᠰᠥᠯ ᠢ ᠲᠣᠭᠲᠠᠭᠠᠪᠠ᠃ | ᠨᠢᠭᠡ᠂ ᠦᠨᠳᠦᠰᠦᠨ ᠪᠠᠶᠢᠳᠠᠯ | 2023 ᠣᠨ ᠳᠤ ᠥᠪᠡᠷᠲᠡᠭᠡᠨ ᠵᠠᠰᠠᠬᠤ ᠣᠷᠣᠨ ᠤ ᠳᠤᠮᠳᠠᠳᠤ ᠤᠯᠤᠰ ᠤᠨ ᠲᠠᠷᠢᠶᠠᠯᠠᠩ ᠤᠨ ᠠᠵᠤ | ᠠᠬᠤᠶᠢᠯᠠᠯ ᠤᠨ 500 ᠬᠦᠴᠦᠷᠬᠡᠭ ᠲᠤ ᠣᠷᠣᠭᠰᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠨᠡᠶᠢᠲᠡ | 8 ᠪᠠᠶᠢᠵᠤ᠂ ᠡᠭᠦᠨ ᠳᠤ ᠮᠠᠨ ᠤ ᠬᠤᠲᠠ 5 ︵ᠢᠯᠢ 6 ᠳ᠋ᠤᠭᠠᠷ᠂ ᠮᠧᠩ ᠨᠢᠤ 8 ᠳ᠋ᠤᠭᠠᠷ᠂ ᠶᠧᠦ ᠷᠠᠨ ᠮᠠᠯ ᠠᠵᠤ | ᠠᠬᠤᠢ 60 ᠳ᠋ᠤᠭᠠᠷ᠂ ᠮᠦ ᠴᠢᠤᠸᠠᠨ ᠶᠤᠸᠠᠨ ᠰᠢᠩ 163 ᠳ᠋ᠤᠭᠠᠷ᠂ ᠱᠧᠩ ᠮᠤ᠋ ᠳᠡᠭᠡᠳᠦ ᠰᠢᠨᠵᠢᠯᠡᠭᠡ ᠮᠡᠷᠭᠡᠵᠢᠯ | 262 ᠳ᠋ᠤᠭᠠᠷ︶ ᠶᠢ ᠡᠵᠡᠯᠡᠵᠦ ᠂ ᠥᠪᠡᠷᠲᠡᠭᠡᠨ ᠵᠠᠰᠠᠬᠤ ᠣᠷᠣᠨ ᠤ ᠣᠷᠣᠭᠰᠠᠨ ᠠᠵᠤ ᠠᠬᠤᠶᠢᠯᠠᠯ ᠤᠨ 62. | 5% ᠶᠢ ᠡᠵᠡᠯᠡᠪᠡ᠃ ᠪᠦᠬᠦ ᠬᠤᠲᠠ ᠳᠤ ᠣᠲᠣ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠲᠡ ᠶᠢᠨ | ᠭᠦᠲᠦᠴᠢ ᠠᠵᠤ ᠠᠬᠤᠶᠢᠯᠠᠯ 415 ︵ᠤᠯᠤᠰ ᠤᠨ ᠲᠠᠰ ᠤᠨ 10᠂ ᠥᠪᠡᠷᠲᠡᠭᠡᠨ ᠵᠠᠰᠠᠬᠤ ᠣᠷᠣᠨ ᠤ ᠲᠠᠰ ᠤᠨ | 83᠂ ᠬᠤᠲᠠ ᠶᠢᠨ ᠲᠠᠰ ᠤᠨ 322 ᠠᠵᠤ ᠠᠬᠤᠶᠢᠯᠠᠯ︶ ᠪᠤᠢ᠃ ᠪᠣᠷᠣᠯᠠᠭᠤᠯᠤᠯᠲᠠ ᠶᠢᠨ ᠣᠷᠣᠯᠭ᠎ᠠ ᠨᠢ ᠮᠢᠩᠭᠠᠨ | ᠲᠦᠮᠡᠨ ᠲᠥᠭᠦᠷᠢᠭ ᠢ ᠳᠠᠪᠠᠭᠰᠠᠨ 172 ᠪᠠᠶᠢᠨ᠎ᠠ᠂ ᠡᠭᠦᠨ ᠳᠤ ᠮᠢᠩᠭᠠᠨ ᠳ᠋ᠦᠩᠰᠢᠭᠤᠷ ᠲᠥᠭᠦᠷᠢᠭ ᠠᠴᠠ ᠳᠡᠭᠡᠭᠰᠢ | 1 ︵ᠢᠯᠢ ᠪᠦᠯᠦᠭᠯᠡᠯ︶᠂ ᠵᠠᠭᠤᠨ ᠳ᠋ᠦᠩᠰᠢᠭᠤᠷ ᠲᠥᠭᠦᠷᠢᠭ ᠠᠴᠠ ᠳᠡᠭᠡᠭᠰᠢ 2 ︵ᠮᠧᠩ ᠨᠢᠦ ᠰᠦ ᠶᠢᠨ ᠦᠢᠯᠡᠰ᠂ | ᠶᠧᠦ ᠷᠠᠨ ᠮᠠᠯ ᠠᠵᠤ ᠠᠬᠤᠶ︶᠂ ᠠᠷᠪᠠᠨ ᠳ᠋ᠦᠩᠰᠢᠭᠤᠷ ᠲᠥᠭᠦᠷᠢᠭ ᠠᠴᠠ ᠳᠡᠭᠡᠭᠰᠢ 14 ︵ ᠶᠢᠨ ᠾᠧ ᠠᠮᠢᠳᠤ | ᠪᠣᠳᠠᠰ᠂ ᠶᠢᠨ ᠢᠦᠢ ᠠᠮᠢᠳᠤ ᠪᠣᠳᠠᠰ᠂ ᠱᠧᠩ ᠮᠦ ᠳᠡᠭᠡᠳᠦ ᠰᠢᠨᠵᠢᠯᠡᠭᠡ ᠮᠡᠷᠭᠡᠵᠢᠯ᠂ ᠶᠢᠨ ᠬᠠᠢ ᠢᠯᠢ᠂ ᠮᠧᠩ ᠨᠢᠦ | ᠳᠡᠭᠡᠳᠦ ᠰᠢᠨᠵᠢᠯᠡᠭᠡ ᠮᠡᠷᠭᠡᠵᠢᠯ᠂ ᠹᠦ᠋ ᠹᠧᠩ᠂ ᠵᠧᠩ ᠳ᠋ᠡ ᠢᠳᠡᠭᠡᠨ᠂ ᠵᠧᠩ ᠳ᠋ᠡ᠂ ᠮᠧᠩ ᠼᠤᠤ᠂ ᠰᠠᠢ ᠺᠧ ᠰᠢᠩ᠂ | ᠴᠢ ᠯᠦ ᠡᠮ ᠦᠢᠯᠡᠳᠬᠦ᠂ ᠪᠧᠨ ᠲᠧᠩ ᠮᠠᠯ ᠠᠵᠤ ᠠᠬᠤᠶ᠂ ᠮᠦ ᠴᠢᠤᠸᠠᠨ ᠶᠤᠸᠠᠨ ᠰᠢᠩ᠂ ᠲᠠᠯ᠎ᠠ ᠨᠤᠲᠤᠭ ᠤᠨ | ᠤᠯᠠᠭᠠᠨ ᠨᠠᠷᠠ ᠵᠡᠷᠭᠡ︶᠂ ᠳ᠋ᠦᠩᠰᠢᠭᠤᠷ ᠲᠥᠭᠦᠷᠢᠭ ᠠᠴᠠ ᠳᠡᠭᠡᠭᠰᠢ ᠠᠷᠪᠠᠨ ᠳ᠋ᠦᠩᠰᠢᠭᠤᠷ ᠲᠥᠭᠦᠷᠢᠭ ᠠᠴᠠ | ᠳᠣᠷᠣᠭᠰᠢ 42 ︵ᠣᠲᠣ ᠦᠶ᠎ᠡ ᠶᠢᠨ ᠮᠠᠯ ᠠᠵᠤ ᠠᠬᠤᠶ᠂ ᠡᠷᠳᠡᠨᠢ᠂ ᠢᠦᠢ ᠬᠠᠩ ᠿᠧᠨ᠂ ᠮᠧᠩ ᠴᠢᠩ ᠵᠡᠷᠭᠡ︶᠂ | ᠮᠢᠩᠭᠠᠨ ᠲᠦᠮᠡᠨ ᠲᠥᠭᠦᠷᠢᠭ ᠠᠴᠠ ᠳᠡᠭᠡᠭᠰᠢ 113 ︵ᠱᠧᠩ ᠵᠢᠶᠠᠨ ᠠᠮᠢᠳᠤ ᠪᠣᠳᠠᠰ᠂ ᠬᠤᠸᠠ ᠧᠦ ᠴᠠᠷᠳᠠᠭᠤᠯ᠂ | ᠠᠯᠲᠠᠨ᠂ ᠲᠠᠯ᠎ᠠ ᠨᠤᠲᠤᠭ ᠤᠨ ᠤᠨᠠᠭ᠎ᠠ ᠵᠡᠷᠭᠡ︶ ᠪᠠᠶᠢᠨ᠎ᠠ᠃ | ᠬᠤᠶᠠᠷ᠂ ᠬᠥᠭᠵᠢᠯᠲᠡ ᠶᠢᠨ ᠬᠠᠷᠠᠯᠲᠠ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ | ᠰᠢᠵᠢᠮ ᠪᠣᠯᠭᠠᠵᠤ᠂ ᠲᠣᠮᠣ ᠬᠦᠲᠦᠴᠢ ᠶᠢ ᠪᠤᠶᠢᠵᠢᠭᠤᠯᠬᠤ᠂ ᠶᠡᠭᠡ ᠪᠥᠭᠡᠮᠨᠡᠷᠡᠯ ᠢ ᠪᠠᠶᠢᠭᠤᠯᠬᠤ᠂ ᠶᠡᠭᠡ ᠲᠥᠷᠥᠯ | ᠲᠡᠮᠳᠡᠭᠲᠦ ᠶᠢ ᠬᠠᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠠᠪᠤ ᠪᠠᠷ ᠲᠠᠪᠤᠨ ᠬᠦᠴᠦᠨ ᠢ | ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠡᠪᠴᠢᠶᠡᠵᠢᠭᠦᠯᠦᠨ ᠡᠵᠡᠩᠨᠡᠵᠦ ᠬᠥᠲᠥᠴᠢ ᠶᠢᠨ | ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠂ ᠪᠥᠭᠡᠮᠨᠡᠷᠡᠯ ᠮᠠᠶ᠋ᠢᠭ ᠢᠶᠠᠷ ᠬᠡᠯᠬᠢᠶ᠎ᠡ ᠶᠢᠨ | ᠠᠭᠤᠰᠤᠯᠴᠠᠭᠤᠯᠬᠤ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠᠷ ᠭᠤᠤᠯᠯᠠᠬᠤ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠂ ᠲᠥᠷᠥᠯ | ᠲᠡᠮᠳᠡᠭᠲᠦ ᠪᠣᠯᠭᠠᠨ ᠬᠥᠭᠵᠢᠭᠦᠯᠬᠦ ᠪᠠᠷ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠶᠢ | ᠪᠠᠷᠢᠮᠲᠠᠯᠠᠨ᠎ᠠ᠂ ᠣᠯᠠᠨ ᠡᠰᠢᠵᠢᠭᠰᠡᠨ ᠣᠷᠣᠭᠤᠯᠤᠯᠲᠠ ᠪᠠᠷ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠬᠦᠴᠦᠨ ᠢ | ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ ᠬᠥᠲᠥᠴᠢ ᠠᠵᠤ ᠠᠬᠤᠶᠢᠯᠠᠯ ᠴᠥᠭᠡᠨ᠂ ᠵᠢᠱᠢᠶ᠎ᠡ ᠦᠵᠡᠭᠦᠯᠬᠦ ᠦᠢᠯᠡᠳᠦᠯ | ᠪᠠᠭᠤᠷᠢ ᠪᠠᠶᠢᠬᠤ ᠳᠤᠲᠠᠭᠳᠠᠯ ᠢ ᠬᠦᠴᠦᠯᠡᠨ ᠨᠥᠬᠦᠪᠦᠷᠢᠯᠡᠵᠦ᠂ ᠣᠷᠣᠨ ᠤ ᠲᠥᠪ ᠬᠤᠲᠠ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠤ ᠠᠬᠤᠶᠢᠯᠠᠯ ᠤᠨ ᠪᠤᠵᠠᠭᠠᠶᠢᠷᠠᠨ ᠬᠦᠴᠦᠷᠬᠡᠭᠵᠢᠬᠦ ᠶᠢ ᠠᠬᠢᠭᠤᠯᠤᠨ᠎ᠠ᠃ | 2024 ᠣᠨ ᠳᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 | ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 2 ᠪᠣᠯᠭᠠᠵᠤ᠂ 10 ᠳ᠋ᠦᠩᠰᠢᠭᠤᠷ | ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 16 ᠪᠣᠯᠭᠠᠨ᠎ᠠ᠃ ᠭᠤᠤᠯ ᠪᠣᠯᠬᠤ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠵᠦ ᠤᠯᠠᠷᠢᠭᠤᠯᠬᠤ ᠨᠣᠷᠮ᠎ᠠ ᠶᠢ 80% ᠬᠦᠷᠭᠡᠨ᠎ᠡ︔ | ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 175 ᠳ᠋ᠦᠩᠰᠢᠭᠤᠷ ᠲᠥᠭᠦᠷᠢᠭ ᠬᠦᠷᠭᠡᠵᠦ᠂ ᠦᠢᠯᠡᠳᠬᠦᠨ ᠤ | ᠥᠷᠲᠡᠭ ᠢ 300 ᠳ᠋ᠦᠩᠰᠢᠭᠤᠷ ᠲᠥᠭᠦᠷᠢᠭ ᠬᠦᠷᠭᠡᠨ᠎ᠡ᠃ | 2025 ᠣᠨ ᠳᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 | ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 2 ᠪᠣᠯᠭᠠᠨ ᠲᠣᠭᠲᠠᠪᠤᠷᠢᠵᠢᠭᠤᠯᠵᠤ᠂ 10 | ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 18 ᠬᠦᠷᠭᠡᠨ᠎ᠡ᠃ ᠭᠤᠣᠯ ᠪᠣᠯᠬᠤ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠦᠨ ᠤᠯᠠᠷᠢᠭᠤᠯᠬᠤ ᠨᠤᠷᠮ᠎ᠠ ᠶᠢ | 81% ᠬᠦᠷᠭᠡᠨ᠎ᠡ︔ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ ᠢ 184 ᠳ᠋ᠦᠩᠰᠢᠭᠤᠷ | ᠲᠥᠭᠦᠷᠢᠭ ᠬᠦᠷᠭᠡᠵᠦ᠂ ᠦᠢᠯᠡᠳᠬᠦᠨ ᠤ ᠥᠷᠲᠡᠭ ᠢ 361 ᠳ᠋ᠦᠩᠰᠢᠭᠤᠷ ᠲᠥᠭᠦᠷᠢᠭ ᠬᠦᠷᠭᠡᠨ᠎ᠡ᠃ | 2026 ᠣᠨ ᠳᠤ᠂ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 1000 | ᠳ᠋ᠦᠩᠰᠢᠭᠤᠷ ᠲᠥᠭᠦᠷᠢᠭ ᠢ ᠳᠠᠪᠠᠭᠰᠠᠨ ᠬᠦᠲᠦᠴᠢ ᠠᠵᠤ ᠠᠬᠤᠶᠢᠯᠠᠯ ᠢ 2 ᠪᠣᠯᠭᠠᠨ ᠲᠣᠭᠲᠠᠪᠤᠷᠢᠵᠢᠭᠤᠯᠵᠤ᠂ 10 | ᠳ᠋ᠦᠩᠰᠢᠭᠤᠷ ᠲᠥᠭᠦᠷᠢᠭ ᠢ ᠳᠠᠪᠠᠭᠰᠠᠨ ᠬᠥᠲᠥᠴᠢ ᠠᠵᠤ ᠠᠬᠤᠶᠢᠯᠠᠯ ᠢ 20 ᠬᠦᠷᠭᠡᠨ᠎ᠡ᠃ ᠤᠯᠤᠰ ᠤᠨ ᠲᠠᠰ ᠤᠨ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠥᠲᠥᠴᠢ ᠠᠵᠤ ᠠᠬᠤᠶᠢᠯᠠᠯ ᠢ 14 ᠬᠦᠷᠭᠡᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠭᠰᠡᠨ ᠬᠥᠲᠥᠴᠢ | ᠠᠵᠤ ᠠᠬᠤᠶᠢᠯᠠᠯ ᠢ 100 ᠬᠦᠷᠭᠡᠨ᠎ᠡ᠃ ᠭᠤᠣᠯ ᠪᠣᠯᠬᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠭᠦᠨ ᠢ ᠡᠳ᠋ᠰᠢᠭᠦᠯᠵᠦ ᠤᠯᠠᠷᠢᠭᠤᠯᠬᠤ ᠨᠤᠷᠮ᠎ᠠ ᠶᠢ 82% ᠬᠦᠷᠭᠡᠨ᠎ᠡ︔ ᠨᠢᠭᠡᠳᠦᠭᠡᠷ ᠠᠵᠤ ᠦᠢᠯᠡᠰ ᠤᠨ | ᠨᠡᠮᠡᠭᠳᠡᠯ ᠦᠷᠲᠡᠭ ᠢ 194 ᠳ᠋ᠦᠩᠰᠢᠭᠤᠷ ᠲᠦᠭᠦᠷᠢᠭ ᠬᠦᠷᠭᠡᠵᠦ᠂ ᠦᠢᠯᠡᠳᠭᠦᠨ ᠤ ᠦᠷᠲᠡᠭ ᠢ 385 ᠳ᠋ᠦᠩᠰᠢᠭᠤᠷ | ᠲᠦᠭᠦᠷᠢᠭ ᠬᠦᠷᠭᠡᠨ᠎ᠡ᠃ | ᠭᠤᠷᠪᠠ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠬᠡᠪᠴᠢᠶᠡᠵᠢᠭᠦᠯᠦᠨ ᠡᠵᠡᠩᠨᠡᠵᠦ ᠬᠥᠲᠥᠴᠢ ᠶᠢᠨ ᠳᠠᠶᠢᠴᠢᠯᠠᠬᠤ ᠬᠦᠴᠦᠨ ᠢ ᠳᠡᠭᠡᠭᠰᠢᠯᠡᠭᠦᠯᠬᠦ ᠶᠢ | ᠪᠠᠷᠢᠮᠲᠠᠯᠠᠨ᠎ᠠ | 1. ᠴᠢᠨᠠᠷ ᠰᠠᠶᠢᠲᠠᠶ ᠲᠦᠭᠦᠬᠡᠶ ᠮᠠᠲ᠋ᠧᠷᠢᠶᠠᠯ ᠤᠨ ᠰᠠᠭᠤᠷᠢᠨ ᠭᠠᠵᠠᠷ ᠤᠨ ᠬᠡᠪᠴᠢᠶ᠎ᠡ ᠶᠢ ᠥᠷᠭᠡᠳᠬᠡᠨ᠎ᠡ᠃ ᠵᠢᠯ | ᠪᠦᠷᠢ 6 ᠳ᠋ᠦᠩᠰᠢᠭᠤᠷ ᠲᠥᠭᠦᠷᠢᠭ ᠠᠴᠠ ᠳᠣᠣᠷ᠎ᠠ ᠦᠭᠡᠢ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ | ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠵᠦ᠂ 350 ᠲᠦᠮᠡᠨ ᠮᠦ ᠡᠷᠳᠡᠨᠢ ᠰᠢᠰᠢ᠂ 150 ᠲᠦᠮᠡᠨ ᠮᠦ | ᠡᠯᠳᠡᠪ ᠠᠮᠤ ᠲᠣᠰᠣᠯᠢᠭ ᠲᠠᠷᠢᠮᠠᠯ᠂ 75 ᠲᠦᠮᠡᠨ ᠮᠦ ᠲᠥᠮᠥᠰᠥ᠂ 60 ᠲᠦᠮᠡᠨ ᠮᠦ ᠴᠠᠷᠭᠠᠰᠤ᠂ ᠨᠣᠬᠠᠶ ᠶᠢᠨ | ᠬᠤᠰᠢᠭᠤ ᠡᠪᠡᠰᠦ ᠪᠣᠯᠤᠨ 4 ᠲᠦᠮᠡᠨ ᠮᠦ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ | ᠵᠡᠷᠭᠡ 5 ᠶᠡᠭᠡ ᠲᠠᠷᠢᠮᠠᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠧᠩ ᠽᠣᠣ᠂ ᠵᠧᠩ ᠱᠢ᠂ ᠶᠧᠦ ᠪᠠᠩ | ᠂ ᠴᠤᠸᠠᠨ ᠪᠦᠦ᠂ ᠳ᠋ᠧ ᠱᠧᠩ ᠵᠡᠷᠭᠡ ᠭᠤᠣᠯᠳᠠᠯᠭ᠎ᠠ ᠲᠠᠢ ᠬᠦᠲᠦᠴᠢ ᠠᠵᠤ ᠠᠬᠤᠶᠢᠯᠠᠯ ᠢ ᠭᠤᠣᠯᠳᠠᠯᠭ᠎ᠠ ᠲᠠᠢ | ᠳᠡᠮᠵᠢᠵᠦ᠂ ᠲᠠᠷᠢᠬᠤ ᠬᠡᠪᠴᠢᠶ᠎ᠡ ᠶᠢ ᠥᠷᠭᠡᠳᠬᠡᠨ᠂ ᠪᠦᠬᠦ ᠬᠤᠲᠠ ᠶᠢᠨ ᠠᠮᠢᠳᠤ ᠪᠣᠳᠠᠰ ᠤᠨ ᠢᠰᠬᠡᠭᠦᠷ᠂ ᠲᠡᠵᠢᠭᠡᠯ | ᠪᠣᠷᠳᠤᠭ᠎ᠠ ᠦᠢᠯᠡᠳᠪᠦᠷᠢᠯᠡᠬᠦ᠂ ᠨᠠᠷᠢᠯᠢᠭ ᠡᠳ᠋ᠰᠢᠭᠦᠯᠬᠦ ᠬᠥᠲᠥᠴᠢ ᠠᠵᠤ ᠠᠬᠤᠶᠢᠯᠠᠯ ᠳᠤ ᠴᠢᠨᠠᠷ ᠰᠠᠶᠢᠲᠠᠢ ᠲᠣᠭᠲᠠᠭᠤᠨ | ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ | ᠮᠠᠯ ᠠᠵᠤ ᠠᠬᠤᠶ ᠶᠢᠨ ᠲᠣᠪᠴᠢᠶ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠃ | ᠡᠳᠡᠭᠡᠷ ᠡᠭᠦᠷᠭᠡ ᠨᠢ ᠴᠥᠮ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ | ᠬᠤᠯᠪᠣᠭᠳᠠᠨ᠎ᠠ᠂ ᠳᠠᠬᠢᠵᠤ ᠠᠰ ᠲᠤᠨᠢ ᠵᠢᠭᠰᠠᠭᠠᠬᠤ ᠦᠭᠡᠢ᠃ ᠬᠠᠷᠢᠭᠤᠴᠠᠯᠭᠠᠲᠤ ᠨᠢᠭᠡᠴᠢ ᠶᠢᠨ ᠳᠣᠲᠣᠷ᠎ᠠ | ᠨᠢᠭᠡᠳᠦᠭᠡᠷ ᠲᠤ ᠵᠢᠭᠰᠠᠭᠠᠭᠳᠠᠭᠰᠠᠨ ᠨᠢ ᠲᠦᠷᠦᠭᠦᠯᠡᠬᠦ ᠨᠢᠭᠡᠴᠡ ᠪᠣᠯᠤᠨ᠎ᠠ᠂ ᠳᠣᠷᠣᠭᠰᠢ ᠠᠳᠠᠯᠢ᠃︶ | ᠨᠠᠶᠢᠳᠠᠪᠤᠷᠢᠲᠠᠶ ᠰᠦ ᠶᠢᠨ ᠢᠷᠡᠯᠲᠡ ᠶᠢᠨ ᠰᠠᠭᠤᠷᠢᠨ ᠭᠠᠵᠠᠷ ᠤᠨ ᠪᠠᠲᠤᠯᠠᠭ᠎ᠠ ᠶᠢ ᠬᠠᠩᠭᠠᠨ᠎ᠠ᠃ ᠥᠪᠡᠷᠲᠡᠭᠡᠨ | ᠵᠠᠰᠠᠬᠤ ᠣᠷᠣᠨ ᠤ ᠰᠦ ᠶᠢᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠰᠠᠶᠢᠲᠤᠷ ᠬᠡᠷᠡᠭᠯᠡᠵᠦ᠂ ᠶᠧᠦ ᠷᠠᠨ ᠮᠠᠯ ᠠᠵᠤ ᠠᠬᠤᠶ᠂ ᠣᠲᠣ | ᠦᠶ᠎ᠡ ᠶᠢᠨ ᠮᠠᠯ ᠠᠵᠤ ᠠᠬᠤᠶ᠂ ᠱᠧᠩ ᠮᠥ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠭᠤᠤᠯᠳᠠᠯᠭ᠎ᠠ ᠲᠠᠢ | ᠬᠥᠲᠥᠴᠢ ᠠᠵᠤ ᠠᠬᠤᠶᠢᠯᠠᠯ ᠤᠨ ︽ᠣᠶᠤᠨᠴᠢ ᠮᠠᠯᠵᠢᠯ ᠤᠨ ᠲᠠᠯᠠᠪᠠᠶ︾ ᠶᠢᠨ ᠪᠥᠲᠥᠭᠡᠨ ᠪᠠᠶᠢᠭᠤᠯᠤᠯᠲᠠ | ᠥᠷᠨᠢᠭᠦᠯᠬᠦ ᠶᠢ ᠳᠡᠮᠵᠢᠵᠦ᠂ ᠨᠠᠷᠢᠯᠢᠭ ᠣᠨᠣᠴᠠᠲᠠᠶ ᠪᠠᠷ ᠲᠡᠵᠢᠭᠡᠨ ᠥᠰᠬᠡᠬᠦ ᠬᠠᠮᠢᠶᠠᠷᠤᠯᠲᠠ᠂ ᠡᠪᠡᠳᠴᠢᠨ ᠡᠮᠭᠡᠭ ᠢ | ᠰᠡᠷᠭᠡᠶᠢᠯᠡᠨ ᠡᠵᠡᠮᠳᠡᠬᠦ ᠶᠢ ᠠᠬᠢᠭᠤᠯᠵᠤ᠂ ᠰᠦ ᠶᠢᠨ ᠢᠷᠡᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ 2019 | ᠣᠨ ᠠᠴᠠ ᠨᠠᠭᠠᠰᠢ ᠡᠬᠢᠯᠡᠨ ᠪᠦᠲᠦᠭᠡᠨ ᠪᠠᠶᠢᠭᠤᠯᠤᠭᠰᠠᠨ ᠬᠡᠪᠴᠢᠶᠡᠵᠢᠭᠦᠯᠦᠭᠰᠡᠨ ᠰᠠᠭᠠᠯᠢ ᠶᠢᠨ ᠦᠨᠢᠶ᠎ᠡ ᠲᠡᠵᠢᠭᠡᠨ | ᠥᠰᠬᠡᠬᠦ ᠲᠠᠯᠠᠪᠠᠢ ᠳᠤ ᠰᠠᠭᠠᠯᠢ ᠶᠢᠨ ᠦᠨᠢᠶ᠎ᠡ ᠶᠢᠨ ᠲᠤᠭ᠎ᠠ ᠨᠢ 3000 ᠬᠦᠷᠦᠭᠰᠡᠨ ᠳᠤ 600 ᠲᠦᠮᠡᠨ | ᠲᠥᠭᠦᠷᠢᠭ ᠤᠨ ᠨᠥᠬᠦᠪᠦᠷᠢ ᠥᠭᠴᠦ᠂ 500 ᠰᠠᠭᠠᠯᠢ ᠶᠢᠨ ᠦᠨᠢᠶ᠎ᠡ ᠨᠡᠮᠡᠭᠳᠡᠬᠦ ᠪᠦᠷᠢ 100 ᠲᠦᠮᠡᠨ ᠲᠥᠭᠦᠷᠢᠭ | ᠨᠡᠮᠡᠵᠦ ᠨᠥᠬᠦᠪᠦᠷᠢᠯᠡᠨ᠎ᠡ︔ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠪᠦᠷᠢ ᠳᠤ 5000 | ᠲᠥᠭᠦᠷᠢᠭ ᠤᠨ ᠨᠥᠬᠦᠪᠦᠷᠢ ᠥᠭᠭᠦᠨ᠎ᠡ︔ 2022 ᠣᠨ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ | ᠪᠠᠶᠢᠭᠤᠯᠤᠭᠰᠠᠨ ᠲᠡᠵᠢᠭᠡᠭᠰᠡᠨ ᠰᠠᠭᠠᠯᠢ ᠶᠢᠨ ᠢᠮᠠᠭ᠎ᠠ ᠶᠢᠨ ᠲᠤᠭ᠎ᠠ 5000 ᠬᠦᠷᠦᠭᠰᠡᠨ ᠬᠡᠪᠴᠢᠶᠡᠵᠢᠭᠰᠡᠨ | ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠲᠠᠯᠠᠪᠠᠢ ᠳᠤ 200 ᠲᠦᠮᠡᠨ ᠲᠥᠭᠦᠷᠢᠭ ᠨᠥᠬᠦᠪᠦᠷᠢᠯᠡᠨ᠎ᠡ᠂ 5000 | ᠨᠡᠮᠡᠭᠳᠡᠬᠦ ᠪᠦᠷᠢ 200 ᠲᠦᠮᠡᠨ ᠲᠥᠭᠦᠷᠢᠭ ᠨᠡᠮᠡᠵᠦ ᠨᠥᠬᠦᠪᠦᠷᠢᠯᠡᠨ᠎ᠡ︔ ᠵᠢᠯ ᠪᠦᠷᠢ ᠰᠢᠨ᠎ᠡ ᠪᠠᠷ ᠪᠠᠶᠢᠭᠤᠯᠤᠭᠰᠠᠨ | ᠲᠥᠪᠯᠡᠷᠡᠵᠦ ᠵᠠᠯᠭᠠᠯᠳᠤᠭᠰᠠᠨ 500 ᠮᠦ ᠠᠴᠠ ᠳᠡᠭᠡᠭᠰᠢᠬᠢ ᠴᠠᠷᠭᠠᠰᠤ ᠶᠢᠨ ᠰᠠᠭᠤᠷᠢᠨ ᠭᠠᠵᠠᠷ ᠲᠤ᠂ ᠮᠦ ᠪᠦᠷᠢ ᠳᠤ | 1000 ᠲᠥᠭᠦᠷᠢᠭ ᠤᠨ ᠨᠥᠬᠦᠪᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ | ᠠᠵᠤ ᠠᠬᠤᠶ ᠶᠢᠨ ᠲᠣᠪᠴᠢᠶ᠎ᠠ︶ | 3. ᠳᠡᠭᠡᠳᠦ ᠲᠠᠰ ᠤᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ | ︽ᠢᠳᠡᠰᠢᠨ ᠨᠣᠭᠤᠭ᠎ᠠ ᠶᠢᠨ ᠳᠣᠯᠣᠭᠠᠨ ᠵᠦᠢᠯ︾ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠦᠷᠭᠦᠯᠵᠢᠯᠡᠨ ᠬᠡᠷᠡᠭᠵᠢᠭᠦᠯᠵᠦ᠂ ᠵᠢᠯ ᠪᠦᠷᠢ 6000 ᠲᠦᠮᠡᠨ ᠲᠥᠭᠦᠷᠢᠭ ᠠᠴᠠ ᠳᠣᠣᠷ᠎ᠠ ᠦᠭᠡᠢ ᠨᠥᠬᠦᠪᠥᠷᠢ ᠪᠡᠯᠡ | ᠮᠥᠩᠭᠦ ᠲᠣᠬᠢᠷᠠᠭᠤᠯᠤᠨ᠂ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠪᠡᠯᠡᠳᠬᠡᠮᠵᠢ ᠶᠢᠨ ᠰᠠᠭᠤᠷᠢᠨ ᠭᠠᠵᠠᠷ ᠢ | ᠰᠢᠨ᠎ᠡ ᠪᠠᠷ ᠪᠠᠶᠢᠭᠤᠯᠤᠭᠰᠠᠨ ᠪᠠ ᠰᠡᠯᠪᠢᠨ ᠵᠠᠰᠠᠭᠰᠠᠨ᠂ ᠬᠡᠪᠴᠢᠶᠡᠵᠢᠭᠦᠯᠦᠭᠰᠡᠨ ᠢᠳᠡᠰᠢᠨ ᠨᠣᠭᠤᠭ᠎ᠠ ᠶᠢᠨ | ᠦᠢᠯᠡᠳᠪᠦᠷᠢᠯᠡᠭᠴᠢ᠂ ᠲᠤᠰᠬᠠᠶᠢᠵᠢᠭᠰᠠᠨ ᠴᠢᠬᠢ ᠪᠤᠶᠢᠵᠢᠭᠤᠯᠬᠤ ᠠᠵᠤ ᠠᠬᠤᠶᠢᠯᠠᠯ᠂ ᠢᠳᠡᠰᠢᠨ ᠨᠣᠭᠤᠭ᠎ᠠ ᠶᠢᠨ | ᠴᠢᠨᠠᠷ ᠰᠠᠶᠢᠲᠠᠢ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠵᠡᠷᠭᠡ ᠳᠤ ᠨᠥᠬᠦᠪᠦᠷᠢ ᠣᠯᠭᠤᠵᠤ᠂ ᠵᠢᠶᠠ ᠱᠢ᠂ | ᠮᠧᠩ ᠶᠢᠦ ᠵᠢᠢ᠂ ᠷᠦᠨ ᠽᠧ᠂ ᠠᠯᠳᠠᠨ᠂ ᠵᠥᠩ ᠴᠢᠩ ᠵᠡᠷᠭᠡ ᠣᠳᠣ ᠦᠶ᠎ᠡ ᠶᠢᠨ ᠪᠡᠯᠡᠳᠭᠡᠮᠵᠢᠳᠤ ᠲᠠᠷᠢᠶᠠᠯᠠᠩ ᠤᠨ | ᠲᠥᠷᠥᠯ ᠤᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ | ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 4. ᠣᠳᠣ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠲᠥᠪ ᠤᠨ ᠲᠥᠰᠦᠪ ᠤᠨ ᠳᠣᠲᠣᠷᠠᠬᠢ ᠪᠠᠯᠠ ᠮᠥᠩᠭᠦ ᠶᠢ ᠨᠡᠶᠢᠳᠬᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠪᠠ ᠵᠢᠭᠡᠯᠡᠯᠭᠡ ᠶᠢᠨ ᠲᠡᠮᠳᠡᠭᠲᠦ ᠶᠢᠨ ᠦᠢᠯᠡᠳᠦᠯ ᠢ | ᠪᠠᠳᠠᠷᠠᠭᠤᠯᠤᠨ᠂ ᠡᠯ᠎ᠡ ᠬᠤᠰᠢᠭᠤ ᠰᠢᠶᠠᠨ ᠪᠠ ᠢᠦᠶ ᠴᠢᠤᠸᠠᠨ ᠲᠣᠭᠤᠷᠢᠭ ᠲᠤ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢ ᠨᠠᠷᠢᠯᠢᠭ ᠭᠦᠨᠵᠡᠭᠡᠶ ᠡᠳ᠋ᠰᠢᠭᠦᠯᠬᠦ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠵᠤ᠂ | ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠤᠨ ᠳᠣᠣᠷ᠎ᠠ ᠥᠪᠡᠷ ᠤᠨ ᠥᠷᠲᠡᠭ ᠢᠶᠠᠷ | ᠬᠦᠷᠢᠶᠡᠯᠡᠩ ᠳᠤ ᠣᠷᠣᠵᠤ ᠡᠵᠡᠩᠨᠡᠬᠦ ᠶᠢ ᠠᠬᠢᠭᠤᠯᠤᠨ᠎ᠠ᠃ 2026 ᠣᠨ ᠪᠣᠯᠬᠤ ᠳᠤ᠂ 5 ᠬᠤᠰᠢᠭᠤ ᠰᠢᠶᠠᠨ ᠢ | ᠪᠦᠬᠦᠨ ᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠷᠢᠶᠠᠯᠠᠩ ᠮᠠᠯ ᠠᠵᠤ ᠠᠬᠤᠶ ᠶᠢᠨ ᠠᠵᠤ | ᠦᠢᠯᠡᠰ ᠤᠨ ᠬᠦᠷᠢᠶᠡᠯᠡᠩ ᠪᠣᠯᠭᠠᠨ ᠡᠭᠦᠳᠦᠨ ᠪᠠᠶᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | ︵ᠬᠤᠶᠠᠷ︶ ᠪᠥᠭᠡᠮᠨᠡᠷᠡᠯ ᠮᠠᠶ᠋ᠢᠭ ᠢᠶᠠᠷ ᠬᠡᠯᠬᠢᠶ᠎ᠡ ᠶᠢᠨ ᠠᠭᠤᠰᠤᠯᠴᠠᠭᠤᠯᠬᠤ ᠬᠦᠴᠦᠨ ᠢ ᠳᠡᠭᠡᠭᠰᠢᠯᠡᠭᠦᠯᠬᠦ ᠶᠢ | ᠪᠠᠷᠢᠮᠲᠠᠯᠠᠨ᠎ᠠ | 5. ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ᠎ᠠ᠃ ︽ᠰᠠᠶᠢᠨ ᠡᠪᠡᠰᠦ ᠲᠠᠷᠢᠵᠤ᠂ ᠰᠠᠶᠢᠨ ᠡᠭᠦᠯᠳᠡᠷ | ᠬᠥᠮᠥᠵᠢᠭᠦᠯᠵᠦ᠂ ᠰᠠᠶᠢᠨ ᠦᠨᠢᠶ᠎ᠡ ᠲᠡᠵᠢᠭᠡᠵᠦ᠂ ᠰᠠᠶᠢᠨ ᠰᠦ ᠦᠢᠯᠡᠳᠪᠦᠷᠢᠯᠡᠵᠦ᠂ ᠰᠠᠶᠢᠨ ᠬᠡᠯᠬᠢᠶ᠎ᠡ ᠪᠠᠶᠢᠭᠤᠯᠬᠤ︾ | ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠢ ᠶᠢᠨ ᠣᠲᠣ ᠦᠶ᠎ᠡ ᠶᠢᠨ ᠤᠶᠤᠨᠲᠤ ᠡᠷᠡᠭᠦᠯ ᠮᠡᠨᠳᠦ ᠶᠢᠨ ᠬᠥᠨᠳᠡᠶ᠂ | ᠮᠧᠩ ᠨᠢᠦ ᠶᠢᠨ ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ | ᠤᠯᠤᠰ ᠤᠨ ᠰᠦ ᠶᠢᠨ ᠦᠢᠯᠡᠰ ᠤᠨ ᠳᠠᠪᠠᠭᠤᠯᠢᠭ ᠤᠨᠴᠠᠯᠢᠬᠳᠤ ᠠᠵᠤ ᠦᠢᠯᠡᠰ ᠤᠨ ᠪᠥᠭᠡᠮᠨᠡᠷᠡᠯ᠂ ᠤᠯᠤᠰ ᠤᠨ | ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ 2.3 ᠳ᠋ᠦᠩᠰᠢᠭᠤᠷ ᠲᠥᠭᠦᠷᠢᠭ ᠤᠨ | ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠰᠠᠶᠢᠲᠤᠷ ᠬᠡᠷᠡᠭᠯᠡᠨ᠎ᠡ︔ ᠤᠯᠤᠰ ᠤᠨ ᠰᠦ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠰᠦ ᠶᠢᠨ ᠦᠢᠯᠡᠰ ᠤᠨ ᠠᠷᠠᠯᠵᠢᠶᠠᠨ ᠤ ᠲᠥᠪ ᠢ ᠥᠨᠳᠥᠷ ᠪᠦᠲᠦᠮᠵᠢᠲᠡᠶ | ᠠᠵᠢᠯᠯᠠᠭᠤᠯᠤᠨ᠎ᠠ︔ ︽ᠰᠤᠷᠤᠭᠴᠢ ᠳᠤ ᠨᠢᠭᠡ ᠬᠡᠰᠡᠭ ᠪᠢᠰᠢᠯᠠᠭ᠂ ᠵᠢᠷᠮᠦᠰᠦᠨ ᠪᠦᠰᠡᠭᠦᠶ ᠳᠤ ᠨᠢᠭᠡ ᠴᠣᠮᠣ ᠰᠦ︾ | ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ︔ ᠴᠠᠭᠠᠨ ᠢᠳᠡᠭᠡᠨ ᠡᠳ᠋ᠰᠢᠭᠦᠯᠬᠦ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠥᠷᠭᠡᠳᠬᠡᠬᠦ ᠶᠢ ᠳᠡᠮᠵᠢᠵᠦ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ ᠨᠥᠬᠦᠪᠥᠷᠢ | ᠣᠯᠭᠤᠨ᠎ᠠ᠃ 2024᠂ 2025᠂ 2026 ᠣᠨ ᠳᠤ ᠰᠦ ᠶᠢᠨ ᠦᠢᠯᠡᠰ ᠤᠨ ᠪᠥᠬᠦ ᠠᠵᠤ ᠦᠢᠯᠡᠰ ᠤᠨ | ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 2800 ᠳ᠋ᠦᠩᠰᠢᠭᠤᠷ ᠲᠥᠭᠦᠷᠢᠭ᠂ 3500 | ᠳ᠋ᠦᠩᠰᠢᠭᠤᠷ ᠲᠥᠭᠦᠷᠢᠭ᠂ 3800 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠮᠢᠬᠠᠨ ᠤ ᠲᠥᠷᠥᠯ ᠢ | ᠡᠳ᠋ᠰᠢᠭᠦᠯᠦᠨ ᠠᠵᠤ ᠦᠶᠢᠯᠡᠰᠵᠢᠭᠦᠯᠬᠦ ᠲᠥᠷᠥᠯ ᠵᠦᠢᠯ ᠤᠨ ᠪᠠᠯᠠ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ | ᠬᠡᠷᠡᠭᠯᠡᠵᠦ᠂ ᠵᠧᠩ ᠳ᠋ᠠ᠂ ᠢ ᡁᠢ ᠦᠬᠡᠷ᠂ ᠠᠯᠲᠠᠨ ᠲᠠᠯ᠎ᠠ ᠨᠤᠲᠤᠭ᠂ ᠡᠷᠳᠡᠨᠢ ᠶᠢᠨ ᠮᠢᠬᠠᠨ ᠤ ᠲᠥᠷᠥᠯ ᠢ ᠨᠠᠷᠢᠯᠢᠭ | ᠬᠡᠰᠡᠭᠯᠡᠬᠦ᠂ ᠬᠦᠢᠲᠡᠨ ᠰᠣᠷᠭᠤᠭ ᠮᠢᠬ᠎ᠠ ᠵᠡᠷᠭᠡ ᠶᠢ ᠨᠠᠷᠢᠯᠢᠭ ᠡᠳ᠋ᠰᠢᠭᠦᠯᠬᠦ ᠶᠢ ᠬᠥᠭᠵᠢᠭᠦᠯᠵᠦ᠂ ︽ᠲᠡᠵᠢᠭᠡᠨ | ᠦᠷᠡᠵᠢᠭᠦᠯᠬᠦ - ᠠᠯᠠᠵᠤ ᠨᠢᠲᠤᠯᠬᠤ - ᠨᠠᠷᠢᠯᠢᠭ ᠬᠡᠰᠡᠭᠯᠡᠬᠦ - ᠤᠷᠢᠳᠴᠢᠯᠠᠨ ᠬᠢᠭᠰᠡᠨ ᠨᠣᠭᠤᠭ᠎ᠠ - ᠲᠤᠰᠠᠯᠠᠬᠤ | ᠪᠦᠲᠦᠭᠡᠭᠳᠡᠬᠦᠨ ᠢ ᠶᠡᠷᠦᠩᠬᠡᠶᠢᠯᠡᠨ ᠠᠰᠢᠭᠯᠠᠬᠤ︾ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠵᠤ᠂ 2024᠂ | 2025᠂ 2026 ᠣᠨ ᠳᠤ ᠮᠢᠬᠠᠨ ᠤ ᠵᠦᠢᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ | ᠣᠷᠣᠯᠭ᠎ᠠ ᠶᠢ ᠲᠣᠰ ᠲᠣᠰ 400 ᠳ᠋ᠦᠩᠰᠢᠭᠤᠷ ᠲᠥᠭᠦᠷᠢᠭ᠂ 500 ᠳ᠋ᠦᠩᠰᠢᠭᠤᠷ ᠲᠥᠭᠦᠷᠢᠭ᠂ 600 | ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠲᠡᠵᠢᠭᠡᠯ ᠡᠪᠡᠰᠦ ᠬᠤᠷᠢᠶᠠᠨ ᠬᠠᠳᠠᠭᠠᠯᠠᠬᠤ 6000 ᠲᠦᠮᠡᠨ | ᠲᠥᠭᠦᠷᠢᠭ ᠤᠨ ᠨᠥᠬᠦᠪᠥᠷᠢ ᠪᠠᠯᠠ ᠮᠥᠩᠭᠦ ᠶᠢ ᠭᠦᠢᠴᠡᠳ ᠰᠠᠶᠢᠲᠤᠷ ᠬᠡᠷᠡᠭᠯᠡᠵᠦ᠂ ᠹᠦ᠋ ᠹᠧᠩ ᠠᠮᠢᠳᠤ ᠪᠣᠳᠠᠰ᠂ ᠶᠢᠨ | ᠾᠧ ᠠᠮᠢᠳᠤ ᠪᠣᠳᠠᠰ᠂ ᠵᠧᠩ ᠳ᠋ᠡ ᠲᠡᠵᠢᠭᠡᠯ ᠪᠣᠷᠳᠤᠭ᠎ᠠ ᠵᠡᠷᠭᠡ ᠲᠡᠵᠢᠭᠡᠯ ᠪᠣᠷᠳᠤᠭ᠎ᠠ ᠡᠳ᠋ᠰᠢᠭᠦᠯᠬᠦ ᠵᠢᠴᠢ ᠠᠮᠢᠳᠤ | ᠪᠣᠳᠠᠰ ᠤᠨ ᠢᠰᠬᠡᠯᠲᠡ ᠶᠢᠨ ᠠᠵᠤ ᠠᠬᠤᠶᠢᠯᠠᠯ ᠤᠨ ᠲᠠᠰ ᠳᠡᠪᠰᠢᠬᠦ ᠶᠢ ᠠᠬᠢᠭᠤᠯᠵᠤ᠂ 2024᠂ 2025᠂ | 2026 ᠣᠨ ᠳᠤ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 270 ᠳ᠋ᠦᠩᠰᠢᠭᠤᠷ ᠲᠥᠭᠦᠷᠢᠭ᠂ 300 | ᠳ᠋ᠦᠩᠰᠢᠭᠤᠷ ᠲᠥᠭᠦᠷᠢᠭ᠂ 320 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶᠃ | 6. ᠣᠨᠴᠠᠯᠢᠭᠲᠤ ᠠᠵᠤ ᠦᠢᠯᠡᠰ ᠢ ᠬᠥᠭᠵᠢᠭᠦᠯᠦᠨ᠎ᠡ᠃ ᠤᠯᠤᠰ ᠤᠨ ᠲᠥᠮᠥᠰᠥ ᠶᠢᠨ ᠳᠠᠪᠠᠭᠤᠯᠢᠭ | ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ᠂ ᠡᠳ᠋ᠰᠢᠭᠦᠯᠦᠨ ᠪᠣᠯᠪᠠᠰᠤᠷᠠᠭᠤᠯᠬᠤ ᠵᠠᠬᠢᠶᠠᠯᠠᠭ᠎ᠠ ᠶᠢᠨ ᠨᠥᠬᠦᠪᠥᠷᠢ | ᠵᠡᠷᠭᠡ 2500 ᠲᠦᠮᠡᠨ ᠲᠥᠭᠦᠷᠢᠭ ᠤᠨ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠰᠠᠢ ᠹᠧᠩ᠂ ᠰᠢᠤᠢ ᠹᠧᠩ᠂ | ᠬᠤᠸᠠ ᠧᠦ ᠴᠠᠷᠳᠠᠭᠤᠯ᠂ ᠱᠤ᠋ ᠶᠤᠸᠠᠨ ᠺᠠᠩ ᠵᠡᠷᠭᠡ ᠲᠥᠮᠥᠰᠥ ᠲᠠᠷᠢᠵᠤ ᠪᠤᠶᠢᠵᠢᠭᠤᠯᠬᠤ ᠪᠠ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠢ ᠲᠡᠳᠬᠦᠨ ᠪᠤᠵᠠᠭᠠᠶᠢᠷᠠᠭᠤᠯᠵᠤ᠂ ᠦᠷ᠎ᠡ ᠶᠢᠨ ᠲᠥᠮᠥᠰᠥ᠂ ᠡᠳ᠋ᠰᠢᠭᠦᠯᠦᠭᠰᠡᠨ | ᠲᠥᠮᠥᠰᠥ᠂ ᠰᠢᠨ᠎ᠡ ᠰᠣᠷᠭᠤᠭ ᠲᠥᠮᠥᠰᠥ ᠶᠢᠨ ︽ᠭᠤᠷᠪᠠᠨ ᠲᠥᠮᠥᠰᠥ ᠶᠢ ᠵᠡᠷᠭᠡ ᠪᠠᠷ ᠴᠢᠬᠤᠯᠠᠴᠢᠯᠠᠬᠤ︾ ᠪᠠ | ᠰᠢᠨᠵᠢᠯᠡᠬᠦ ᠤᠬᠠᠭᠠᠨ ᠤ ᠰᠤᠳᠤᠯᠭᠠᠨ᠂ ᠲᠠᠷᠢᠮᠠᠯ᠂ ᠡᠳ᠋ᠰᠢᠭᠦᠯᠬᠦ᠂ ᠵᠣᠭᠤᠷᠢᠯᠠᠵᠤ ᠬᠤᠷᠢᠶᠠᠬᠤ᠂ ᠪᠣᠷᠣᠯᠠᠭᠤᠯᠬᠤ ︽ | ᠲᠠᠪᠤᠨ ᠵᠠᠮ ᠢᠶᠠᠷ ᠵᠡᠷᠭᠡ ᠶᠠᠪᠤᠬᠤ︾ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ 2024᠂ 2025᠂ 2026 | ᠣᠨ ᠳᠤ ᠲᠥᠮᠥᠰᠥ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 8 | ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ᠂ 12 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ | ᠡᠯᠳᠡᠪ ᠠᠮᠤ ᠶᠢ ᠠᠵᠤ ᠦᠢᠯᠡᠰᠵᠢᠭᠦᠯᠬᠦ᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠵᠡᠷᠭᠡ 2000 | ᠲᠦᠮᠡᠨ ᠲᠥᠭᠦᠷᠢᠭ ᠤᠨ ᠪᠠᠯᠠ ᠮᠥᠩᠭᠦ ᠶᠢ ᠰᠠᠶᠢᠲᠤᠷ ᠬᠡᠷᠡᠭᠯᠡᠵᠦ᠂ ᠮᠧᠩ ᠴᠢᠩ᠂ ᠬᠤᠩ ᠯᠢ ᠶᠤᠸᠠᠨ᠂ ᠬᠥ᠋ ᠨᠦᠩ | ᠲᠠᠷᠢᠶᠠᠯᠠᠩ ᠵᠡᠷᠭᠡ ᠡᠳ᠋ᠰᠢᠭᠦᠯᠬᠦ ᠠᠵᠤ ᠠᠬᠤᠶᠢᠯᠠᠯ ᠤᠨ ᠬᠥᠭᠵᠢᠯᠲᠡ ᠶᠢ ᠲᠡᠳᠬᠦᠵᠦ᠂ ᠨᠠᠷᠢᠮᠤ ᠪᠤᠳᠠᠭ᠎ᠠ᠂ ᠨᠣᠬᠠᠶ ᠶᠢᠨ | ᠬᠤᠰᠢᠭᠤ᠂ ᠨᠣᠶᠢᠯ ᠪᠤᠭᠤᠳᠠᠢ᠂ ᠮᠠᠭᠠᠵᠢ ᠶᠢᠨ ᠦᠷ᠎ᠡ ᠵᠡᠷᠭᠡ ᠡᠯᠳᠡᠪ ᠠᠮᠤ ᠶᠢᠨ ᠰᠢᠷᠢᠰ ᠪᠡᠯᠡᠨ ᠢᠳᠡᠭᠡᠨ᠂ | ᠤᠮᠳᠠᠭᠠᠨ ᠤ ᠵᠦᠢᠯ᠂ ᠭᠠᠰᠢᠭᠤᠨ ᠰᠠᠭᠠᠭ ᠤᠨ ᠴᠠᠢ᠂ ᠳᠣᠣᠷ᠎ᠠ ᠳᠤᠯᠠᠭᠠᠨ ᠳᠤ ᠰᠢᠬᠠᠭᠰᠠᠨ ᠲᠣᠰᠣ ᠵᠡᠷᠭᠡ ᠨᠠᠷᠢᠯᠢᠭ | ᠡᠳ᠋ᠰᠢᠭᠦᠯᠦᠭᠰᠡᠨ ᠥᠨᠳᠥᠷ ᠨᠡᠮᠡᠯᠲᠡ ᠥᠷᠲᠡᠭ ᠪᠥᠬᠦᠶ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ 2024᠂ | 2025᠂ 2026 ᠣᠨ ᠳᠤ ᠡᠯᠳᠡᠪ ᠠᠮᠤ ᠲᠣᠰᠣᠯᠢᠭ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ | ᠡᠵᠡᠩᠨᠡᠯᠲᠡ ᠶᠢᠨ ᠣᠷᠣᠯᠭ᠎ᠠ ᠶᠢ ᠲᠣᠰ ᠲᠣᠰ 8 ᠳ᠋ᠦᠩᠰᠢᠭᠤᠷ ᠲᠥᠭᠦᠷᠢᠭ᠂ 10 ᠳ᠋ᠦᠩᠰᠢᠭᠤᠷ ᠲᠥᠭᠦᠷᠢᠭ᠂ 12 | ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠵᠣᠯᠭᠠᠭᠤᠯᠬᠤ ᠪᠡᠯᠡ ᠮᠥᠩᠭᠦ ᠶᠢ ᠰᠠᠶᠢᠲᠤᠷ ᠬᠡᠷᠡᠭᠯᠡᠵᠦ᠂ ᠯᠠᠵᠤᠤ᠂ ᠳ᠋ᠧᠦᠹᠦ᠋᠂ ᠹᠧᠨᠲ᠋ᠢᠶᠣᠤᠷ᠂ ᠦᠵᠦᠮ ᠵᠡᠷᠭᠡ | ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ᠂ ᠲᠠᠯ᠎ᠠ ᠨᠤᠲᠤᠭ ᠤᠨ ᠤᠯᠠᠭᠠᠨ ᠨᠠᠷᠠ᠂ ᠮᠢᠩ | ᠶᠤᠸᠠᠨ᠂ ᠢᠦᠢ ᠱᠧᠩ ᠵᠠᠢ᠂ ᠲᠤᠤ ᠯᠢ᠂ ᠲᠠᠯ᠎ᠠ ᠨᠤᠲᠤᠭ ᠤᠨ ᠤᠨᠠᠭ᠎ᠠ ᠵᠡᠷᠭᠡ ᠢᠳᠡᠭᠡᠨ ᠡᠳ᠋ᠰᠢᠭᠦᠯᠬᠦ ᠠᠵᠤ | ᠠᠬᠤᠶᠢᠯᠠᠯ ᠤᠨ ᠬᠥᠭᠵᠢᠯᠲᠡ ᠶᠢ ᠲᠡᠳᠬᠦᠵᠦ᠂ 2024᠂ 2025᠂ 2026 ᠣᠨ ᠳᠤ ᠢᠳᠡᠭᠡᠨ ᠡᠳ᠋ᠰᠢᠭᠦᠯᠬᠦ | ᠪᠦᠬᠦ ᠠᠵᠤ ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠤᠰ ᠲᠤᠰ 90 ᠳ᠋ᠦᠩᠰᠢᠭᠤᠷ ᠲᠥᠭᠦᠷᠢᠭ | ᠂ 100 ᠳ᠋ᠦᠩᠰᠢᠭᠤᠷ ᠲᠥᠭᠦᠷᠢᠭ᠂ 105 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ᠱᠢ ᠵᠢᠢ | ᠬᠥᠬᠡᠬᠤᠲᠠ ᠶᠢᠨ ᠬᠠᠷ᠎ᠠ ᠠᠷᠢᠬᠢ᠂ ᠷᠦᠢ ᠸᠧ ᠠᠷᠢᠬᠢᠨ ᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠲᠡᠳᠬᠦᠵᠦ᠂ | ᠶᠦᠨ ᠵᠦᠩ ᠠᠷᠢᠬᠢᠨ ᠤ ᠦᠢᠯᠡᠰ᠂ ᠱᠧᠩ ᠴᠢᠤᠸᠠᠨ᠂ ᠦ᠋ ᠬᠤᠸᠠᠩ ᠵᠡᠷᠭᠡ ᠠᠵᠤ ᠠᠬᠤᠶᠢᠯᠠᠯ ᠤᠨ ᠲᠡᠰ | ᠳᠡᠪᠰᠢᠬᠦ ᠶᠢ ᠠᠬᠢᠭᠤᠯᠵᠤ᠂ 2024᠂ 2025᠂ 2026 ᠣᠨ ᠳᠤ ᠠᠷᠢᠬᠢᠨ ᠤ ᠦᠢᠯᠡᠰ ᠤᠨ ᠪᠦᠬᠦ ᠠᠵᠤ | ᠦᠢᠯᠡᠰ ᠤᠨ ᠬᠡᠯᠬᠢᠶ᠎ᠡ ᠶᠢᠨ ᠡᠵᠡᠩᠨᠡᠯᠲᠡ ᠶᠢᠨ ᠣᠷᠣᠯᠭ᠎ᠠ ᠶᠢ ᠲᠤᠰ ᠲᠤᠰ 8 ᠳ᠋ᠦᠩᠰᠢᠭᠤᠷ ᠲᠥᠭᠦᠷᠢᠭ᠂ 10 | ᠳ᠋ᠦᠩᠰᠢᠭᠤᠷ ᠲᠥᠭᠦᠷᠢᠭ᠂ 12 ᠳ᠋ᠦᠩᠰᠢᠭᠤᠷ ᠲᠥᠭᠦᠷᠢᠭ ᠢ ᠳᠠᠪᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠃ | | 7. ᠢᠷᠡᠭᠡᠳᠦᠶ ᠶᠢᠨ ᠠᠵᠤ ᠦᠢᠯᠡᠰ ᠢ ᠪᠤᠶᠢᠵᠢᠭᠤᠯᠤᠨ᠎ᠠ᠃ ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭ᠎ᠠ᠂ | ᠡᠷᠳᠡᠨᠢ ᠰᠢᠰᠢ᠂ ᠲᠥᠮᠥᠰᠥ ᠵᠡᠷᠭᠡ ᠪᠠᠷ ᠭᠤᠣᠯᠳᠠᠯᠭ᠎ᠠ ᠪᠣᠯᠭᠠᠵᠤ᠂ ᠬᠥᠲᠥᠴᠢ ᠠᠵᠤ ᠠᠬᠤᠶᠢᠯᠠᠯ ᠢᠶᠠᠷ ᠲᠦᠷᠦᠭᠦᠯᠡᠬᠦ | ᠨᠢᠭᠡᠴᠢ ᠪᠣᠯᠭᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠨᠡᠷᠡᠲᠦ ᠲᠤᠰᠬᠠᠶ | ᠮᠡᠷᠭᠡᠵᠢᠯᠲᠡᠨ ᠳᠤ ᠲᠦᠰᠢᠭᠯᠡᠨ᠂ ᠰᠠᠢ ᠺᠧ ᠰᠢᠩ᠂ ᠱᠧᠩ ᠵᠢᠶᠠᠨ᠂ ᠵᠦᠩ ᠰᠢᠩ᠂ ᠰᠠᠢ ᠹᠧᠩ ᠵᠡᠷᠭᠡ ᠦᠷ᠎ᠡ ᠶᠢᠨ | ᠦᠢᠯᠡᠰ ᠤᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠵᠤ᠂ ᠠᠵᠤ ᠦᠶᠢᠯᠡᠰᠵᠢᠯᠲᠡ ᠶᠢᠨ ᠵᠠᠭᠪᠤᠷ ᠶᠣᠰᠣᠭᠠᠷ᠂ | ᠳᠡᠭᠡᠳᠦ ᠳᠣᠣᠷᠠᠳᠤ ᠤᠷᠤᠰᠬᠠᠯ ᠬᠤᠯᠪᠣᠭᠠᠯᠠᠨ ᠬᠥᠳᠡᠯᠦᠯᠴᠡᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠵᠤ | ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠵᠤ᠂ ᠴᠢᠳᠠᠪᠤᠷᠢᠲᠠᠨ ᠢᠶᠠᠷ ᠲᠦᠰᠢᠭ ᠪᠣᠯᠭᠠᠵᠤ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠭᠰᠠᠨ᠂ ᠣᠷᠣᠨ ᠪᠦᠰᠡ ᠶᠢᠨ ᠬᠠᠮᠵᠢᠯᠴᠠᠨ ᠬᠠᠮᠲᠤᠷᠠᠯᠴᠠᠵᠤ᠂ | ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠶ ᠠᠭᠤᠰᠤᠯᠴᠠᠭᠤᠯᠵᠤ᠂ ᠪᠤᠶᠢᠵᠢᠭᠤᠯᠬᠤ ᠦᠷᠡᠵᠢᠭᠦᠯᠬᠦ | ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠦᠭᠰᠡᠨ ᠣᠳᠣ ᠦᠶ᠎ᠡ ᠶᠢᠨ ᠦᠷ᠎ᠡ ᠶᠢᠨ ᠦᠢᠯᠡᠰ ᠤᠨ | ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠴᠠᠭᠠᠨ ᠢᠳᠡᠭᠡᠨ ᠤ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ᠂ | ᠴᠠᠭᠠᠨ ᠢᠳᠡᠭᠡᠨ ᠤ ᠦᠢᠯᠡᠳᠪᠦᠷᠢᠯᠡᠯ ᠤᠨ ᠮᠡᠷᠭᠡᠵᠢᠯ ᠬᠢᠭᠡᠳ ᠲᠣᠨᠤᠭ ᠲᠥᠬᠦᠭᠡᠷᠦᠮᠵᠢ᠂ ᠴᠠᠭᠠᠨ ᠢᠳᠡᠭᠡᠨ ᠤ ᠠᠮᠤᠷ | ᠲᠦᠪᠰᠢᠨ ᠬᠢᠭᠡᠳ ᠶᠠᠰᠤ ᠴᠢᠨᠠᠷ ᠵᠡᠷᠭᠡ ᠴᠢᠭᠯᠡᠯ ᠢᠶᠠᠷ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠥᠷᠨᠢᠭᠦᠯᠵᠦ᠂ ᠠᠵᠢᠯ ᠲᠥᠷᠥᠯ ᠤᠨ ︽ᠪᠣᠭᠤᠮᠢᠯᠠᠬᠤ︾ ᠮᠡᠷᠭᠡᠵᠢᠯ ᠢ ᠰᠢᠪᠲᠤᠯᠤᠨ᠂ ᠲᠦᠭᠦᠬᠡᠢ ᠮᠠᠲ᠋ᠧᠷᠢᠶᠠᠯ | ᠦᠨᠳᠦᠰᠦᠨ ᠮᠠᠲ᠋ᠧᠷᠢᠶᠠᠯ ᠢ ᠤᠯᠤᠰ ᠲᠠᠭᠠᠨ ᠦᠢᠯᠡᠳᠪᠦᠷᠢᠯᠡᠬᠦ᠂ ᠴᠠᠭᠠᠨ ᠢᠳᠡᠭᠡ ᠪᠣᠯᠪᠠᠰᠤᠷᠠᠭᠤᠯᠬᠤ ᠵᠠᠩᠭᠢᠯᠠᠭ᠎ᠠ ᠶᠢᠨ | ᠲᠥᠬᠦᠭᠡᠷᠦᠮᠵᠢ ᠶᠢ ᠭᠠᠳᠠᠭᠠᠳᠤ ᠠᠴᠠ ᠣᠷᠣᠭᠤᠯᠬᠤ ᠳᠤ ᠲᠦᠰᠢᠭᠯᠡᠬᠦ ᠵᠡᠷᠭᠡ ᠰᠦ ᠶᠢᠨ ᠠᠵᠤ ᠦᠢᠯᠡᠰ ᠤᠨ | ᠬᠥᠭᠵᠢᠯᠲᠡ ᠶᠢ ᠬᠢᠵᠠᠭᠠᠷᠯᠠᠬᠤ ᠭᠤᠣᠯ ᠠᠰᠠᠭᠤᠳᠠᠯ ᠢ ᠰᠢᠢᠳᠪᠦᠷᠢᠯᠡᠵᠦ᠂ ᠤᠯᠤᠰ ᠤᠨ ᠰᠦ ᠶᠢᠨ ᠦᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠤᠯᠤᠰ ᠤᠨ ᠰᠦ ᠶᠢᠨ ᠦᠢᠯᠡᠰ ᠤᠨ ᠰᠢᠨ᠎ᠡ ᠶᠢ ᠡᠭᠦᠳᠬᠦ ᠲᠥᠪ ᠢ ᠣᠯᠠᠨ | ᠤᠯᠤᠰ ᠤᠨ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠪᠣᠯᠭᠠᠨ᠎ᠠ᠃ ᠤᠯᠤᠰ ᠤᠨ ᠳᠡᠭᠡᠳᠦ ᠲᠠᠰ ᠤᠨ ᠠᠮᠢᠲᠠᠨ ᠤ | ᠠᠮᠢᠳᠤ ᠪᠣᠳᠠᠰ ᠤᠨ ᠠᠮᠤᠷ ᠲᠦᠪᠰᠢᠨ ᠤ ᠭᠤᠷᠪᠠᠳᠤᠭᠠᠷ ᠳᠡᠰ ᠤᠨ ᠲᠤᠷᠰᠢᠯᠲᠠ ᠶᠢᠨ ᠲᠠᠰᠤᠭ᠂ ᠮᠠᠯ ᠳᠤ ᠬᠡᠷᠡᠭᠯᠡᠬᠦ | ᠸᠠᠺᠼᠢᠨ ᠤ ᠤᠯᠤᠰ ᠤᠨ ᠢᠨᠵᠧᠨᠧᠷᠢᠩ ᠤᠨ ᠲᠤᠷᠰᠢᠯᠲᠠ ᠶᠢᠨ ᠲᠠᠰᠤᠭ᠂ ᠲᠠᠷᠢᠶᠠᠯᠠᠩ ᠤᠨ ᠶᠠᠮᠤᠨ ᠤ ᠬᠡᠪᠢᠭᠴᠢ | ᠠᠮᠢᠲᠠᠨ ᠤ ᠠᠮᠢᠳᠤ ᠪᠣᠳᠠᠰ ᠤᠨ ᠪᠦᠲᠦᠭᠡᠭᠳᠡᠬᠦᠨ ᠤ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠵᠡᠷᠭᠡ ᠭᠤᠷᠪᠠᠨ | ᠶᠡᠭᠡ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠬᠡᠷᠡᠭᠯᠡᠵᠦ᠂ ᠠᠮᠢᠳᠤ ᠪᠣᠳᠠᠰ ᠤᠨ ᠢᠰᠬᠡᠯᠲᠡ ᠪᠠ ᠠᠮᠢᠳᠤ | ᠪᠣᠳᠠᠰ ᠤᠨ ᠡᠮ ᠦᠢᠯᠡᠳᠬᠦ ᠠᠵᠤ ᠦᠢᠯᠡᠰ ᠤᠨ ᠬᠥᠭᠵᠢᠯᠲᠡ ᠪᠠᠨ ᠤᠷᠲᠤᠳᠬᠠᠬᠤ ᠶᠢ ᠠᠬᠢᠭᠤᠯᠵᠤ᠂ ᠶᠢᠨ ᠢᠦᠶ | ᠠᠮᠢᠳᠤ ᠪᠣᠳᠠᠰ᠂ ᠶᠢᠨ ᠾᠧ ᠶᠢᠤ ᠪᠧᠨ ᠵᠡᠷᠭᠡ ᠠᠵᠤ ᠠᠬᠤᠶᠢᠯᠠᠯ ᠤᠨ ᠠᠮᠢᠲᠠᠨ ᠤ ᠸᠠᠺᠼᠢᠨ ᠢ ᠰᠤᠳᠤᠯᠤᠨ ᠨᠡᠭᠡᠭᠡᠵᠦ | ᠰᠢᠨ᠎ᠡ ᠶᠢ ᠡᠭᠦᠳᠬᠦ ᠪᠠ ᠤᠯᠠᠷᠢᠭᠤᠯᠬᠤ ᠶᠢ ᠭᠤᠤᠯᠳᠠᠯᠭ᠎ᠠ ᠲᠠᠢ ᠲᠡᠳᠬᠦᠵᠦ᠂ ᠰᠢᠨ᠎ᠡ ᠮᠠᠯ ᠤᠨ ᠡᠮ ᠤᠨ | ᠳᠠᠩᠰᠠᠯᠠᠭᠤᠯᠤᠭᠰᠠᠨ ᠦᠨᠡᠮᠯᠡᠯ ᠣᠯᠤᠭᠰᠠᠨ ᠤ ᠬᠠᠮᠲᠤ ᠮᠠᠨ ᠤ ᠬᠤᠲᠠ ᠳᠤ ᠪᠣᠳᠠᠲᠠᠶᠢᠵᠢᠭᠤᠯᠤᠨ ᠤᠯᠠᠷᠢᠭᠤᠯᠤᠭᠰᠠᠨ | ᠸᠠᠺᠼᠢᠨ ᠤ ᠲᠥᠷᠥᠯ ᠵᠦᠢᠯ ᠳᠤ Ⅰ ᠲᠥᠷᠥᠯ ᠳᠤ 1000 ᠲᠦᠮᠡᠨ ᠲᠥᠭᠦᠷᠢᠭ᠂ Ⅱ ᠲᠥᠷᠥᠯ ᠳᠤ 500 | ᠲᠦᠮᠡᠨ ᠲᠥᠭᠦᠷᠢᠭ᠂ Ⅲ ᠲᠥᠷᠥᠯ ᠳᠤ 200 ᠲᠦᠮᠡᠨ ᠲᠥᠭᠦᠷᠢᠭ ᠤᠨ ᠱᠠᠩᠨᠠᠯ ᠬᠥᠬᠢᠭᠦᠯᠦᠯ ᠤᠨ ᠳᠡᠮᠵᠢᠯᠭᠡ | ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 8. ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠪᠤᠶᠢᠵᠢᠭᠤᠯᠤᠨ᠎ᠠ᠃ ᠰᠦ ᠶᠢᠨ ᠦᠢᠯᠡᠰ᠂ ᠡᠷᠳᠡᠨᠢ | ᠰᠢᠰᠢ ᠵᠡᠷᠭᠡ 7 ᠶᠡᠭᠡ ᠠᠵᠤ ᠦᠢᠯᠡᠰ ᠤᠨ ᠬᠡᠯᠬᠢᠶ᠎ᠡ ᠶᠢᠨ ᠠᠵᠢᠯ ᠤᠨ ᠠᠬᠢᠭᠤᠯᠬᠤ ᠲᠥᠰᠦᠯ ᠢ ᠨᠠᠶᠢᠳᠠᠪᠤᠷᠢᠵᠢᠭᠤᠯᠵᠤ | ᠂ ᠣᠨ ᠤ ᠡᠵᠡᠩᠨᠡᠯᠲᠡ ᠶᠢᠨ ᠣᠷᠣᠯᠭ᠎ᠠ ᠳ᠋ᠦᠩᠰᠢᠭᠤᠷ ᠲᠥᠭᠦᠷᠢᠭ ᠵᠢᠴᠢ ᠳᠠᠪᠠᠭᠰᠠᠨ ᠭᠤᠣᠯᠳᠠᠯᠭ᠎ᠠ ᠲᠠᠢ ᠬᠥᠲᠥᠴᠢ | ᠠᠵᠤ ᠠᠬᠤᠶᠢᠯᠠᠯ ᠤᠨ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠪᠥᠭᠡᠮᠨᠡᠷᠡᠯ᠂ ᠠᠵᠤ ᠦᠢᠯᠡᠰ ᠤᠨ | ᠬᠦᠴᠦᠷᠬᠡᠭ ᠪᠠᠯᠭᠠᠰᠤ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠶᠢ ᠤᠷᠢᠳᠠᠪᠠᠷ ᠳᠠᠮᠵᠢᠵᠤ᠂ ᠠᠵᠤ ᠠᠬᠤᠶᠢᠯᠠᠯ ᠢ ᠢᠳᠡᠪᠬᠢᠲᠡᠢ ᠪᠠᠷ ᠪᠠᠲᠤᠯᠠᠨ | ᠲᠠᠨᠢᠯᠴᠠᠭᠤᠯᠵᠤ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ ᠤᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠢᠶᠠᠷ ᠮᠡᠳᠡᠭᠦᠯᠦᠨ᠎ᠡ᠃ | ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠠᠯᠠ | ᠲᠣᠬᠢᠷᠠᠭᠤᠯᠬᠤ ᠶᠢ ᠵᠣᠷᠢᠭᠵᠢᠭᠤᠯᠵᠤ᠂ ᠮᠠᠨ ᠤ ᠬᠤᠲᠠ ᠳᠤ ᠨᠡᠭᠦᠵᠦ ᠢᠷᠡᠭᠰᠡᠨ ᠠᠵᠤ ᠠᠬᠤᠶᠢᠯᠠᠯ ᠤᠨ ᠶᠡᠷᠦᠩᠬᠡᠶ | ᠬᠡᠯᠲᠡᠰ ᠲᠤ ᠬᠤᠲᠠ ᠶᠢᠨ ᠲᠣᠰ ᠱᠠᠲᠤᠨ ᠠᠴᠠ ᠨᠢᠭᠡ ᠤᠳᠠᠭ᠎ᠠ ᠶᠢᠨ ᠴᠢᠨᠠᠷᠲᠠᠢ 1000 ᠲᠦᠮᠡᠨ ᠲᠥᠭᠦᠷᠢᠭ | ᠱᠠᠩᠨᠠᠨ᠎ᠠ᠃ ᠮᠠᠨ ᠤ ᠬᠤᠲᠠ ᠶᠢᠨ ᠠᠩᠬ᠎ᠠ ᠤᠳᠠᠭ᠎ᠠ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ᠂ | ᠵᠠᠬ᠎ᠠ ᠳᠡᠯᠭᠡᠭᠦᠷ ᠲᠤ ᠭᠠᠷᠬᠤ ᠪᠡᠯᠡᠳᠬᠡᠯ ᠶᠠᠪᠤᠴᠠ ᠳᠤ᠂ ᠬᠤᠲᠠ ᠶᠢᠨ ᠲᠣᠰ ᠱᠠᠲᠤ ᠠᠴᠠ ᠱᠠᠲᠤ ᠬᠤᠪᠢᠶᠠᠨ ᠪᠡᠯᠡ | ᠮᠥᠩᠭᠦ ᠶᠢᠨ ᠱᠠᠩᠨᠠᠯ ᠨᠥᠬᠦᠪᠦᠷᠢ ᠣᠯᠭᠤᠵᠤ᠂ ᠱᠠᠩᠨᠠᠯ ᠨᠥᠬᠦᠪᠦᠷᠢ ᠶᠢᠨ ᠲᠤᠭ᠎ᠠ ᠶᠢ ᠨᠡᠶᠢᠲᠡ 500 ᠲᠦᠮᠡᠨ | ᠲᠥᠭᠦᠷᠢᠭ ᠠᠴᠠ ᠳᠠᠪᠠᠭᠤᠯᠬᠤ ᠦᠭᠡᠢ︔ ᠠᠵᠤ ᠠᠬᠤᠶᠢᠯᠠᠯ ᠢ ᠢᠳᠡᠪᠬᠢᠲᠡᠢ ᠬᠠᠪᠰᠤᠷᠴᠤ ᠪᠠᠶᠢᠭᠠᠳ ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠲᠤ ᠭᠠᠷᠬᠤ ᠱᠠᠲᠤ ᠦᠶ᠎ᠡ ᠶᠢᠨ ᠱᠠᠩᠨᠠᠯ ᠨᠥᠬᠦᠪᠦᠷᠢ ᠶᠢᠨ ᠲᠥᠷᠥ ᠶᠢᠨ | ᠪᠣᠳᠣᠯᠭ᠎ᠠ ᠶᠢ ᠬᠦᠷᠲᠡᠭᠡᠵᠦ᠂ ᠱᠠᠩᠨᠠᠯ ᠨᠥᠬᠦᠪᠦᠷᠢ ᠶᠢᠨ ᠲᠤᠭ᠎ᠠ ᠶᠢ ᠨᠡᠶᠢᠲᠡ 1300 ᠲᠦᠮᠡᠨ ᠲᠥᠭᠦᠷᠢᠭ ᠠᠴᠠ | ᠳᠠᠪᠠᠭᠤᠯᠬᠤ ᠦᠭᠡᠢ᠃ ᠮᠠᠨ ᠤ ᠬᠤᠲᠠ ᠶᠢᠨ ᠠᠵᠤ ᠠᠬᠤᠶᠢᠯᠠᠯ ᠬᠢᠯᠢ ᠶᠢᠨ ᠭᠠᠳᠠᠨᠠᠬᠢ ᠲᠡᠮᠳᠡᠭᠲᠦ ᠶᠢᠨ ᠠᠷᠠᠯᠵᠢᠶᠠᠨ ᠤ | ᠭᠠᠵᠠᠷ ︵ᠨᠢᠦ᠋ ᠶᠣᠷᠺ ᠤᠨ ᠠᠷᠠᠯᠵᠢᠶᠠᠨ ᠤ ᠭᠠᠵᠠᠷ᠂ ᠰᠢᠶᠠᠩᠭᠠᠩ ᠤᠨ ᠠᠷᠠᠯᠵᠢᠶᠠᠨ ᠤ ᠭᠠᠵᠠᠷ ᠵᠡᠷᠭᠡ︶ ᠠᠩᠬ᠎ᠠ | ᠤᠳᠠᠭ᠎ᠠ ᠢᠯᠡ ᠪᠠᠷ ᠰᠲ᠋ᠤᠺ ᠤᠨ ᠵᠠᠬ᠎ᠠ ᠳᠡᠯᠭᠡᠭᠦᠷ ᠲᠤ ᠭᠠᠷᠤᠭᠰᠠᠨ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ | 500 ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠨ᠎ᠠ᠃ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠂ ᠪᠡᠯᠡᠳᠭᠡᠮᠵᠢᠳᠤ ᠲᠠᠷᠢᠶᠠᠯᠠᠩ ᠮᠠᠯ ᠠᠵᠤ ᠠᠬᠤᠶ᠂ | ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠶᠢᠨ ᠨᠠᠷᠢᠯᠢᠭ | ᠡᠳ᠋ᠰᠢᠭᠦᠯᠬᠦ ᠵᠡᠷᠭᠡ ᠲᠠᠯ᠎ᠠ ᠪᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠴᠢᠬᠤᠯᠠ ᠶᠡᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠡᠵᠡᠩᠨᠡᠯᠲᠡ ᠳᠤ ᠣᠷᠣᠯᠴᠠᠵᠤ᠂ ᠬᠤᠲᠠ ᠶᠢᠨ ᠳᠣᠲᠣᠨ᠎ᠠ | ᠭᠠᠳᠠᠨᠠᠬᠢ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠪᠠᠯᠠ ᠣᠷᠣᠭᠤᠯᠤᠨ | ᠪᠥᠲᠥᠭᠡᠨ ᠪᠠᠶᠢᠭᠤᠯᠵᠤ ᠠᠵᠢᠯᠯᠠᠭᠤᠯᠵᠤ᠂ ᠭᠠᠵᠠᠷ ᠰᠢᠷᠣᠶ ᠶᠢᠨ ᠡᠬᠢ ᠪᠠᠶᠠᠯᠢᠭ ᠢ ᠬᠥᠷᠥᠩᠭᠡᠵᠢᠭᠦᠯᠬᠦ᠂ | ᠬᠥᠷᠥᠩᠭᠡᠵᠢᠭᠦᠯᠦᠨ ᠠᠵᠢᠯᠯᠠᠭᠤᠯᠵᠤ᠂ ᠠᠵᠤ ᠦᠢᠯᠡᠰ ᠤᠨ ᠬᠥᠭᠵᠢᠯᠲᠡ ᠳᠤ ᠣᠯᠠᠨ ᠶᠠᠩᠵᠤ ᠶᠢᠨ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠵᠤ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ | ᠭᠦᠢᠯᠭᠡᠭᠡᠨ ᠤ ᠠᠯᠪᠠᠨ ᠬᠡᠷ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ︶᠃ | ︵ᠭᠤᠷᠪᠠ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠭᠤᠤᠯᠯᠠᠬᠤ | ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ᠃ | 9. ᠮᠡᠷᠭᠡᠵᠢᠯ ᠤᠨ ᠰᠢᠨ᠎ᠡ ᠶᠢ ᠡᠭᠦᠳᠴᠦ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠨ᠎ᠡ᠃ ᠰᠢᠨ᠎ᠡ ᠪᠠᠷ | ᠪᠤᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠭᠤᠤᠯ ᠲᠠᠷᠢᠮᠠᠯ ᠤᠨ ᠡᠭᠦᠯᠳᠡᠷ ᠲᠤ 10 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ ᠱᠠᠩᠨᠠᠯ ᠣᠯᠭᠤᠵᠤ᠂ ᠤᠷᠭᠤᠮᠠᠯ ᠤᠨ ᠰᠢᠨ᠎ᠡ ᠡᠭᠦᠯᠳᠡᠷ ᠢ | ᠬᠠᠮᠠᠭᠠᠯᠠᠬᠤ ᠡᠷᠬᠡ ᠶᠢ ᠣᠯᠤᠭᠰᠠᠨ ᠡᠭᠦᠯᠳᠡᠷ ᠪᠦᠷᠢ ᠳᠤ 5 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ | ᠱᠠᠩᠨᠠᠯ ᠣᠯᠭᠤᠨ᠎ᠠ᠃ ᠰᠢᠨ᠎ᠡ ᠪᠠᠷ ᠪᠤᠶᠢᠵᠢᠭᠤᠯᠤᠭᠰᠠᠨ ᠤᠯᠤᠰ ᠤᠨ ᠬᠢᠨᠠᠨ ᠲᠣᠭᠲᠠᠭᠠᠯᠲᠠ ᠶᠢ ᠥᠩᠭᠡᠷᠡᠭᠡᠭᠰᠡᠨ ᠮᠠᠯ | ᠵᠢᠭᠦᠷᠲᠡᠨ ᠤ ᠰᠢᠨ᠎ᠡ ᠡᠭᠦᠯᠳᠡᠷ ︵ᠢᠵᠢ ᠶᠢᠨ ᠤᠳᠤᠮ︶ ᠢ 100 ᠲᠦᠮᠡᠨ ᠲᠥᠭᠦᠷᠢᠭ ᠱᠠᠩᠨᠠᠨ᠎ᠠ︔ ᠤᠯᠤᠰ ᠠᠴᠠ | ᠬᠢᠨᠠᠨ ᠲᠣᠭᠲᠠᠭᠠᠭᠰᠠᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠨᠢᠭᠡᠪᠦᠷᠢ ᠶᠢ 50 ᠲᠦᠮᠡᠨ ᠲᠥᠭᠦᠷᠢᠭ | ᠱᠠᠩᠨᠠᠨ᠎ᠠ᠃ ᠲᠡᠷᠢᠭᠦᠨ ᠲᠡᠰ ᠤᠨ ᠪᠤᠬ᠎ᠠ ᠪᠤᠶᠢᠵᠢᠭᠤᠯᠬᠤ ᠶᠢ ᠳᠡᠮᠵᠢᠵᠦ᠂ ᠡᠭᠦᠯᠳᠡᠷ ᠪᠤᠶᠢᠵᠢᠭᠤᠯᠬᠤ ᠴᠢᠳᠠᠪᠤᠷᠢ ᠶᠢ | ᠦᠨᠡᠯᠡᠭᠰᠡᠨ ᠦᠷ᠎ᠡ ᠳ᠋ᠦᠩ ᠨᠢ ᠰᠠᠶᠢᠨ ᠲᠠᠰ ᠠᠴᠠ ᠳᠡᠭᠡᠭᠰᠢ ᠪᠣᠯᠤᠭᠰᠠᠨ ᠰᠠᠭᠠᠯᠢ ᠶᠢᠨ ᠦᠨᠢᠶ᠎ᠡ ᠶᠢᠨ ᠡᠭᠦᠯᠳᠡᠷ | ᠪᠤᠶᠢᠵᠢᠭᠤᠯᠬᠤ ᠠᠵᠤ ᠠᠬᠤᠶᠢᠯᠠᠯ ᠳᠤ ᠰᠠᠭᠤᠷᠢ ᠴᠢᠨᠠᠷᠲᠠᠶ ᠱᠠᠩᠨᠠᠯ 100 ᠲᠦᠮᠡᠨ ᠲᠥᠭᠦᠷᠢᠭ ᠣᠯᠭᠤᠵᠤ᠂ | ᠳᠡᠯᠡᠬᠡᠶ ᠶᠢᠨ ᠡᠮᠦᠨ᠎ᠡ 200 ᠨᠡᠷᠡᠰ ᠪᠤᠶᠤ ᠤᠯᠤᠰ ᠤᠨ ᠳᠣᠲᠣᠭᠠᠳᠤ ᠶᠢᠨ ᠡᠮᠦᠨ᠎ᠡ 50 ᠨᠡᠷᠡᠰ ᠲᠤ ᠣᠷᠣᠭᠰᠠᠨ | ᠬᠤᠯᠠᠨᠳ᠋ ᠤᠨ ᠰᠠᠭᠠᠯᠢ ᠶᠢᠨ ᠦᠨᠢᠶ᠎ᠡ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠪᠦᠷᠢ ᠶᠢ 100 ᠲᠦᠮᠡᠨ | ᠲᠥᠭᠦᠷᠢᠭ ᠢᠶᠠᠷ ᠱᠠᠩᠨᠠᠵᠤ᠂ 50 ︵ᠪᠠᠭᠲᠠᠬᠤ ᠥᠬᠡᠶ︶ - 100 ᠨᠡᠷᠡᠰ ᠲᠤ ᠣᠷᠣᠭᠰᠠᠨ ᠰᠠᠭᠠᠯᠢ ᠶᠢᠨ | ᠦᠨᠢᠶ᠎ᠡ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ︔ | ᠤᠯᠤᠰ ᠤᠨ ᠳᠣᠲᠣᠭᠠᠳᠤ ᠶᠢᠨ ᠡᠮᠦᠨ᠎ᠡ 100 ᠨᠡᠷᠡᠰ ᠲᠤ ᠣᠷᠣᠭᠰᠠᠨ ᠰᠢᠮᠧᠨ᠋ᠳᠠᠷ ᠦᠬᠡᠷ ᠢ ᠪᠤᠶᠢᠵᠢᠭᠤᠯᠤᠭᠰᠠᠨ | ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠨᠢᠭᠡᠪᠦᠷᠢ ᠶᠢ 50 ᠲᠦᠮᠡᠨ ᠲᠥᠭᠦᠷᠢᠭ ᠢᠶᠠᠷ ᠱᠠᠩᠨᠠᠨ᠎ᠠ︔ ᠰᠢᠨ᠎ᠡ ᠪᠠᠷ | ᠡᠭᠦᠳᠦᠨ ᠪᠠᠶᠢᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠰᠠᠭᠠᠯᠢ ᠶᠢᠨ ᠦᠨᠢᠶ᠎ᠡ᠂ ᠰᠠᠭᠠᠯᠢ ᠶᠢᠨ | ᠢᠮᠠᠭᠠᠨ ᠤ ᠡᠭᠦᠯᠳᠡᠷ ᠪᠤᠶᠢᠵᠢᠭᠤᠯᠬᠤ ᠭᠤᠣᠯᠯᠠᠬᠤ ᠲᠠᠯᠠᠪᠠᠶ ᠶᠢ ᠨᠢᠭᠡ ᠤᠳᠠᠭ᠎ᠠ ᠶᠢᠨ ᠴᠢᠨᠠᠷᠲᠠᠢ 200 ᠲᠦᠮᠡᠨ | ᠲᠥᠭᠦᠷᠢᠭ ᠱᠠᠩᠨᠠᠵᠤ᠂ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠲᠠᠰ ᠤᠨ ᠰᠠᠭᠠᠯᠢ ᠶᠢᠨ ᠦᠨᠢᠶ᠎ᠡ᠂ | ᠰᠠᠭᠠᠯᠢ ᠶᠢᠨ ᠢᠮᠠᠭᠠᠨ ᠤ ᠡᠭᠦᠯᠳᠡᠷ ᠪᠤᠶᠢᠵᠢᠭᠤᠯᠬᠤ ᠭᠤᠣᠯᠯᠠᠬᠤ ᠲᠠᠯᠠᠪᠠᠶ ᠶᠢ ᠨᠢᠭᠡ ᠤᠳᠠᠭ᠎ᠠ ᠶᠢᠨ ᠴᠢᠨᠠᠷᠲᠠᠢ 300 | ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ︶ | 10. ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠲᠠᠪᠴᠠᠩ ᠢ ᠪᠠᠶᠢᠭᠤᠯᠤᠨ᠎ᠠ᠃ | ᠭᠤᠤᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢᠨ | ᠲᠤᠰᠠᠳᠠ ᠬᠡᠷᠡᠭᠵᠢᠭᠦᠯᠦᠭᠰᠡᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠤᠯᠠᠷᠢᠭᠤᠯᠬᠤ ᠪᠠ ᠠᠵᠤ ᠦᠢᠯᠡᠰᠵᠢᠭᠦᠯᠬᠦ ᠲᠥᠷᠥᠯ ᠵᠦᠢᠯ ᠳᠤ ᠲᠥᠷᠥᠯ ᠵᠦᠢᠯ ᠤᠨ ᠶᠡᠷᠦᠩᠬᠡᠶ ᠪᠡᠯᠡ | ᠣᠷᠣᠭᠤᠯᠤᠯᠲᠠ ᠶᠢᠨ ᠲᠤᠭ᠎ᠠ ᠶᠢᠨ 5% ᠠᠴᠠ ᠬᠡᠲᠦᠷᠡᠭᠦᠯᠬᠦ ᠦᠭᠡᠶ ᠬᠠᠷᠢᠴᠠᠯ ᠢᠶᠠᠷ ᠵᠢᠯ ᠪᠦᠷᠢ ᠬᠠᠮᠤᠭ ᠤᠨ | ᠥᠨᠳᠥᠷ ᠲᠡᠭᠡᠨ 1000 ᠲᠦᠮᠡᠨ ᠲᠥᠭᠦᠷᠢᠭ ᠠᠴᠠ ᠳᠠᠪᠠᠭᠤᠯᠬᠤ ᠦᠭᠡᠶ ᠱᠠᠩᠨᠠᠨ ᠬᠥᠬᠢᠭᠦᠯᠬᠦ ᠳᠡᠮᠵᠢᠯᠭᠡ | ᠣᠯᠭᠤᠵᠤ᠂ ᠦᠷᠭᠦᠯᠵᠢᠯᠡᠨ ᠭᠤᠷᠪᠠᠨ ᠵᠢᠯ ᠠᠴᠠ ᠳᠡᠭᠡᠭᠰᠢ ᠳᠡᠮᠵᠢᠬᠦ ᠦᠭᠡᠶ᠃ ᠰᠢᠨ᠎ᠡ ᠪᠠᠷ ᠵᠥᠪᠰᠢᠶᠡᠷᠡᠭᠦᠯᠦᠭᠰᠡᠨ ︵ | ᠪᠦᠷᠢᠳᠬᠡᠵᠦ ᠳᠠᠩᠰᠠᠯᠠᠭᠤᠯᠤᠭᠰᠠᠨ︶ ᠤᠯᠤᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ | ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ ᠲᠥᠪ ᠵᠡᠷᠭᠡ | ᠰᠤᠳᠤᠯᠤᠨ ᠨᠡᠭᠡᠭᠡᠬᠦ ᠪᠠᠶᠢᠭᠤᠯᠤᠮᠵᠢ ᠳᠤ ᠲᠣᠰ ᠲᠣᠰ ᠨᠢᠭᠡ ᠤᠳᠠᠭ᠎ᠠ ᠶᠢᠨ ᠴᠢᠨᠠᠷᠲᠠᠢ 200 ᠲᠦᠮᠡᠨ ᠲᠥᠭᠦᠷᠢᠭ᠂ | 50 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ︵ | ᠪᠦᠷᠢᠳᠬᠡᠵᠦ ᠳᠠᠩᠰᠠᠯᠠᠭᠤᠯᠤᠭᠰᠠᠨ︶ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ | ᠤᠳᠠᠭ᠎ᠠ ᠶᠢᠨ ᠴᠢᠨᠠᠷᠲᠠᠢ200 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ᠰᠢᠨ᠎ᠡ ᠪᠠᠷ | ᠵᠥᠪᠰᠢᠶᠡᠷᠡᠭᠳᠡᠭᠰᠡᠨ ᠬᠤᠲᠠ ᠶᠢᠨ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠲᠥᠪ᠂ | ᠢᠨᠵᠧᠨᠧᠷᠢᠩ ᠤᠨ ᠮᠡᠷᠭᠡᠵᠢᠯ ᠤᠨ ᠰᠤᠳᠤᠯᠭᠠᠨ ᠤ ᠲᠥᠪ ᠲᠤ ᠨᠢᠭᠡ ᠤᠳᠠᠭ᠎ᠠ ᠶᠢᠨ ᠴᠢᠨᠠᠷᠲᠠᠢ 20 ᠲᠦᠮᠡᠨ | ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | 11. ᠮᠡᠷᠭᠡᠵᠢᠯ ᠲᠣᠨᠣᠭᠯᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠵᠢᠯ ᠪᠦᠷᠢ ᠶᠢᠨ 6000 ᠲᠦᠮᠡᠨ | ᠲᠥᠭᠦᠷᠢᠭ ᠤᠨ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠬᠦ ᠨᠥᠬᠦᠪᠥᠷᠢ ᠶᠢ ᠰᠠᠶᠢᠲᠤᠷ ᠬᠡᠷᠡᠭᠯᠡᠵᠦ᠂ | ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠳᠣᠬᠢᠭᠤᠷ | ᠲᠤᠯᠤᠭᠠᠨ ᠣᠲᠣ ᠵᠠᠮᠴᠢᠯᠠᠬᠤ ᠳᠤ ᠲᠤᠰᠠᠯᠠᠬᠤ ᠵᠢᠯᠣᠭᠤᠳᠬᠤ ᠰᠢᠰᠲ᠋ᠧᠮ᠂ ᠡᠷᠳᠡᠨᠢ ᠰᠢᠰᠢ ᠶᠢᠨ ᠦᠷ᠎ᠡ ᠬᠤᠷᠢᠶᠠᠬᠤ | ᠬᠠᠮ ᠮᠠᠰᠢᠨ᠂ ᠪᠣᠷᠳᠤᠭ᠎ᠠ ᠬᠤᠯᠢᠬᠤ ᠮᠠᠰᠢᠨ ᠬᠤᠳᠠᠯᠳᠤᠨ ᠠᠪᠴᠤ᠂ ᠮᠠᠰᠢᠨᠴᠢᠯᠠᠯᠲᠠ ᠪᠠ ᠮᠡᠳᠡᠭᠡ ᠵᠠᠩᠭᠢᠴᠢᠯᠠᠯᠲᠠ | ᠶᠢᠨ ᠠᠭᠤᠰᠤᠯᠴᠠᠯ ᠢ ᠠᠬᠢᠭᠤᠯᠤᠨ᠎ᠠ᠃ ᠬᠤᠷᠤᠳ᠂ ᠰᠢᠷᠠᠰᠤ᠂ ᠰᠦ ᠶᠢᠨ ᠲᠡᠮᠦᠷ ᠤᠭᠤᠷᠠᠭ ᠵᠡᠷᠭᠡ ᠴᠠᠭᠠᠨ | ᠢᠳᠡᠭᠡᠨ ᠢ ᠨᠠᠷᠢᠯᠢᠭ ᠭᠦᠨᠵᠡᠭᠡᠶ ᠡᠳ᠋ᠰᠢᠭᠦᠯᠬᠦ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ | ᠥᠷᠭᠡᠳᠬᠡᠨ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡᠳᠬᠡᠮᠵᠢ ᠶᠢᠨ ᠪᠡᠯᠡ ᠣᠷᠣᠭᠤᠯᠤᠯᠲᠠ ᠶᠢᠨ ᠶᠡᠷᠦᠩᠬᠡᠶ | ᠲᠤᠭ᠎ᠠ ᠶᠢᠨ 10% ᠪᠠᠷ ᠬᠠᠮᠤᠭ ᠤᠨ ᠥᠨᠳᠥᠷ 5000 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ | ᠣᠷᠣᠨ ᠨᠤᠲᠤᠭ ᠤᠨ ᠣᠨᠴᠠᠯᠢᠭᠲᠣ ᠴᠠᠭᠠᠨ ᠢᠳᠡᠭᠡᠨ ᠤ ᠠᠵᠤ ᠦᠢᠯᠡᠰ ᠤᠨ ᠳᠡᠰ ᠳᠡᠪᠰᠢᠬᠦ ᠶᠢ ᠵᠣᠷᠢᠭᠵᠢᠭᠤᠯᠵᠤ᠂ | ᠵᠢᠵᠢᠭ ᠬᠡᠯᠪᠡᠷᠢ ᠶᠢᠨ ᠦᠢᠯᠡᠳᠪᠦᠷᠢᠯᠡᠯ ᠤᠨ ᠦᠢᠯᠡᠳᠬᠡᠯ ᠤᠨ ᠭᠠᠵᠠᠷ ᠢ ᠴᠠᠭᠠᠨ ᠢᠳᠡᠭᠡ ᠪᠣᠯᠪᠠᠰᠤᠷᠠᠭᠤᠯᠬᠤ ᠠᠵᠤ | ᠠᠬᠤᠶᠢᠯᠠᠯ ᠪᠣᠯᠭᠠᠨ ᠳᠡᠰ ᠳᠡᠪᠰᠢᠭᠦᠯᠪᠡᠯ᠂ ᠨᠢᠭᠡ ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠱᠠᠩᠨᠠᠨ᠎ᠠ᠃ | ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ︶ | ︵ᠲᠦᠷᠪᠡ︶ ᠲᠥᠷᠥᠯ ᠲᠡᠮᠳᠡᠭᠲᠦ ᠪᠣᠯᠭᠠᠨ ᠬᠥᠭᠵᠢᠭᠦᠯᠬᠦ ᠪᠠᠷ ᠵᠠᠬ᠎ᠠ ᠳᠡᠯᠭᠡᠭᠦᠷ ᠤᠨ ᠨᠥᠯᠥᠭᠡᠯᠡᠬᠦ | ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ | 12. ᠲᠦᠷᠦᠯ ᠲᠡᠮᠳᠡᠭᠲᠦ ᠡᠭᠦᠳᠬᠦ ᠶᠢ ᠴᠢᠩᠭᠠᠳᠬᠠᠨ᠎ᠠ᠃ ︽ᠣᠷᠣᠨ ᠪᠦᠰᠡ ᠶᠢᠨ ᠲᠥᠷᠥᠯ ᠲᠡᠮᠳᠡᠭᠲᠦ + | ᠠᠵᠤ ᠠᠬᠤᠶᠢᠯᠠᠯ ᠤᠨ ᠲᠥᠷᠥᠯ ᠲᠡᠮᠳᠡᠭᠲᠦ +ᠪᠦᠲᠦᠭᠡᠭᠳᠡᠬᠦᠨ ᠤ ᠲᠥᠷᠥᠯ ᠲᠡᠮᠳᠡᠭᠲᠦ︾ ᠶᠢᠨ ᠵᠠᠭᠪᠤᠷ ᠶᠣᠰᠣᠭᠠᠷ᠂ | ︽ᠴᠡᠯᠡᠭᠡᠷ ᠲᠠᠯ᠎ᠠ ᠶᠢᠨ ᠦᠨᠦᠷ ᠠᠮᠲᠠ︾ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠬᠦᠴᠦᠯᠡᠨ | ᠳᠡᠭᠡᠭᠰᠢᠯᠡᠭᠦᠯᠦᠨ᠎ᠡ᠃ ︽ᠥᠪᠥᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠭᠡ ᠶᠢ ᠥᠷᠨᠢᠭᠦᠯᠵᠦ᠂ ︽ | ᠥᠪᠥᠷ ᠮᠣᠩᠭᠤᠯ︾ ᠥᠰᠥᠭ ᠤᠨ ᠲᠡᠮᠳᠡᠭ ᠤᠨ ᠭᠡᠷᠡᠴᠢᠯᠡᠯ ᠣᠯᠤᠭᠰᠠᠨ ᠠᠵᠤ ᠠᠬᠤᠶᠢᠯᠠᠯ ᠳᠤ 5 ᠲᠦᠮᠡᠨ | ᠲᠥᠭᠦᠷᠢᠭ ᠤᠨ ᠱᠠᠩᠨᠠᠯ ᠣᠯᠭᠤᠨ᠎ᠠ᠃ ᠪᠣᠬᠢᠷᠲᠤᠯ ᠥᠬᠡᠶ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ᠂ | ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠲᠠᠷᠢᠶᠠᠯᠠᠩ ᠤᠨ ᠪᠦᠲᠦᠭᠡᠭᠳᠡᠬᠦᠨ ᠤ | ᠭᠠᠵᠠᠷ ᠵᠦᠶ ᠶᠢᠨ ᠲᠡᠮᠳᠡᠭ ᠲᠠᠢ ᠪᠦᠲᠦᠭᠡᠭᠳᠡᠬᠦᠨ ᠤ ᠭᠡᠷᠡᠴᠢᠯᠡᠯ ᠢ ᠳᠡᠮᠵᠢᠵᠦ᠂ ᠰᠢᠨ᠎ᠡ ᠪᠠᠷ ᠵᠥᠪᠰᠢᠶᠡᠷᠡᠭᠳᠡᠵᠦ | ᠦᠨᠡᠮᠯᠡᠯ ᠣᠯᠤᠭᠰᠠᠨ ᠪᠦᠲᠦᠭᠡᠭᠳᠡᠬᠦᠨ ᠨᠢᠭᠡᠪᠦᠷᠢ ᠳᠤ ᠨᠢᠭᠡ ᠤᠳᠠᠭ᠎ᠠ ᠶᠢᠨ ᠴᠢᠨᠠᠷᠲᠠᠶ 5000 ᠲᠥᠭᠦᠷᠢᠭ ᠤᠨ | ᠱᠠᠩᠨᠠᠯ ᠣᠯᠭᠤᠨ᠎ᠠ᠃ ᠤᠷᠢᠳᠴᠢᠯᠠᠨ ᠬᠢᠭᠰᠡᠨ ᠨᠣᠭᠤᠭ᠎ᠠ ᠶᠢᠨ ᠠᠵᠤ ᠠᠬᠤᠶᠢᠯᠠᠯ ᠤᠷᠢᠳᠴᠢᠯᠠᠨ ᠬᠢᠭᠰᠡᠨ | ᠨᠣᠭᠤᠭ᠎ᠠ ᠶᠢᠨ ᠳᠠᠭᠠᠭᠤᠯᠤᠭᠴᠢ ᠠᠵᠤ ᠠᠬᠤᠶᠢᠯᠠᠯ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ᠂ ᠣᠨᠴᠠᠯᠢᠭᠲᠤ | ᠲᠥᠷᠥᠯ ᠲᠡᠮᠳᠡᠭᠲᠦ ᠶᠢᠨ ᠰᠢᠯᠭᠠᠷᠠᠭᠤᠯᠤᠯᠲᠠ ᠳᠤ ᠣᠷᠣᠯᠴᠠᠬᠤ ᠶᠢ ᠳᠡᠮᠵᠢᠵᠦ᠂ ᠪᠥᠬᠦ ᠣᠷᠣᠨ ᠤ 10 | ᠬᠦᠴᠦᠷᠬᠡᠭ ᠲᠤ ᠣᠷᠣᠪᠠᠯ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ | ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃ | 13. ᠦᠢᠯᠡᠳᠪᠦᠷᠢᠯᠡᠯ ᠪᠣᠷᠣᠯᠠᠭᠤᠯᠭ᠎ᠠ ᠶᠢᠨ ᠲᠠᠪᠴᠠᠩ ᠢ ᠪᠠᠶᠢᠭᠤᠯᠤᠨ᠎ᠠ᠃ ᠭᠠᠳᠠᠭᠠᠳᠤ ᠠᠴᠠ | ᠣᠷᠣᠭᠤᠯᠤᠭᠰᠠᠨ ᠲᠠᠸᠠᠷ ᠤᠨ ᠦᠵᠡᠰᠬᠦᠯᠡᠩ ᠤᠨ ᠴᠤᠭᠯᠠᠭᠠᠨ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ | ᠲᠠᠷᠢᠶᠠᠯᠠᠩ ᠤᠨ ᠠᠷᠠᠯᠵᠢᠶᠠᠨ ᠤ ᠴᠤᠭᠯᠠᠭᠠᠨ᠂ ᠪᠣᠬᠢᠷᠲᠤᠯ ᠥᠬᠡᠶ ᠲᠠᠸᠠᠷ ᠤᠨ ᠦᠵᠡᠰᠬᠦᠯᠡᠩ ᠤᠨ ᠴᠤᠭᠯᠠᠭᠠᠨ ᠵᠡᠷᠭᠡ | ᠭᠤᠤᠯᠳᠠᠯᠭ᠎ᠠ ᠲᠠᠢ ᠳᠡᠯᠭᠡᠨ ᠦᠵᠡᠭᠦᠯᠬᠦ ᠲᠠᠪᠴᠠᠩ ᠢ ᠰᠠᠶᠢᠲᠤᠷ ᠬᠡᠷᠡᠭᠯᠡᠵᠦ᠂ ᠲᠠᠷᠢᠶᠠᠯᠠᠩ ᠮᠠᠯ ᠠᠵᠤ ᠠᠬᠤᠶ ᠶᠢᠨ | ᠬᠥᠲᠥᠴᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ | ᠴᠤᠭᠯᠠᠭᠠᠨ ᠳᠤ ᠣᠷᠣᠯᠴᠠᠭᠤᠯᠵᠤ᠂ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢ | ᠥᠷᠭᠡᠳᠬᠡᠨ᠂ ᠲᠣᠰ ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠠᠯᠳᠠᠷᠰᠢᠯ ᠢ ᠳᠡᠭᠡᠭᠰᠢᠯᠡᠭᠦᠯᠦᠨ᠎ᠡ᠃ | ᠳᠡᠯᠡᠬᠡᠶ ᠶᠢᠨ ᠰᠦ ᠶᠢᠨ ᠦᠢᠯᠡᠰ ᠤᠨ ᠶᠡᠭᠡ ᠬᠤᠷᠠᠯ᠂ ᠳᠤᠮᠳᠠᠳᠤ ᠮᠣᠩᠭᠤᠯ ᠤᠨ ᠦᠵᠡᠰᠬᠦᠯᠡᠩ ᠵᠡᠷᠭᠡ ᠲᠣᠮᠣ | ᠬᠡᠯᠪᠡᠷᠢ ᠶᠢᠨ ᠦᠵᠡᠰᠬᠦᠯᠡᠩ ᠢ ᠰᠠᠶᠢᠲᠤᠷ ᠡᠷᠬᠢᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ | ᠡᠳ᠋ᠰᠢᠭᠦᠯᠬᠦ ᠬᠥᠲᠥᠴᠢ ᠠᠵᠤ ᠠᠬᠤᠶᠢᠯᠠᠯ ᠤᠨ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠨ᠎ᠡ᠃ | ︽ᠲᠥᠷᠥᠯ ᠲᠡᠮᠳᠡᠭᠲᠦ ᠶᠢ ᠲᠠᠨᠢᠯᠴᠠᠭᠤᠯᠬᠤ ᠨᠣᠶᠠᠨ︾ ᠢ ᠰᠢᠯᠢᠨ ᠰᠣᠩᠭᠤᠬᠤ ᠪᠠ ᠬᠥᠮᠦᠵᠢᠭᠦᠯᠵᠦ᠂ ᠠᠵᠤ | ᠠᠬᠤᠶᠢᠯᠠᠯ ᠤᠨ ᠲᠥᠷᠥᠯ ᠲᠡᠮᠳᠡᠭᠲᠦ ᠶᠢ ᠵᠢᠷᠤᠭᠯᠠᠨ ᠲᠥᠯᠥᠪᠯᠡᠬᠦ᠂ ᠲᠥᠷᠥᠯ ᠲᠡᠮᠳᠡᠭᠲᠦ ᠶᠢᠨ ᠵᠠᠮ ᠮᠥᠷ ᠤᠨ | ᠪᠠᠶᠢᠭᠤᠯᠤᠯᠲᠠ᠂ ᠲᠥᠷᠥᠯ ᠲᠡᠮᠳᠡᠭᠲᠦ ᠶᠢᠨ ᠡᠵᠡᠩᠨᠡᠯᠲᠡ ᠪᠣᠷᠣᠯᠠᠭᠤᠯᠤᠯᠲᠠ ᠶᠢ ᠲᠥᠰᠦᠪᠯᠡᠬᠦ᠂ ᠲᠥᠷᠥᠯ | ᠲᠡᠮᠳᠡᠭᠲᠦ ᠶᠢᠨ ᠵᠠᠬ᠎ᠠ ᠳᠡᠯᠭᠡᠭᠦᠷ ᠤᠨ ᠪᠠᠶᠢᠴᠠᠭᠠᠯᠲᠠ ᠬᠢᠬᠦ ᠵᠡᠷᠭᠡ ᠲᠥᠷᠥᠯ ᠲᠡᠮᠳᠡᠭᠲᠦ ᠶᠢ ᠳᠡᠯᠭᠡᠷᠡᠭᠦᠯᠬᠦ ᠠᠵᠢᠯᠯᠠᠭ᠎ᠠ | ᠥᠷᠨᠢᠭᠦᠯᠬᠦ ᠶᠢ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠃ | 14. ᠪᠥᠬᠦ ᠬᠦᠴᠦᠨ ᠢᠶᠠᠷ ᠢᠶᠠᠨ ᠶᠡᠭᠡ ᠶᠢ ᠤᠷᠢᠵᠤ ᠬᠦᠴᠦᠷᠬᠡᠭ ᠢ ᠲᠠᠲᠠᠨ᠎ᠠ᠃ ᠳᠤᠮᠳᠠᠳᠤ ᠤᠯᠤᠰ ᠤᠨ | ᠲᠠᠷᠢᠶᠠᠯᠠᠩ ᠤᠨ ᠠᠵᠤ ᠠᠬᠤᠶᠢᠯᠠᠯ ᠤᠨ 500 ᠬᠦᠴᠦᠷᠬᠡᠭ ᠲᠠᠢ ᠣᠨᠣᠪᠴᠢᠲᠠᠢ ᠵᠣᠯᠭᠠᠭᠤᠯᠵᠤ᠂ ᠨᠢᠭᠡ ᠪᠦᠯᠦᠭ | ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠢ ᠶᠢᠨ ᠬᠡᠰᠡᠭ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠᠷ | ᠬᠦᠴᠦᠯᠡᠨ ᠴᠢᠷᠮᠠᠶᠢᠨ᠎ᠠ᠃ ᠠᠵᠤ ᠠᠬᠤᠶᠢᠯᠠᠯ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠵᠤ ᠴᠠᠭᠠᠨ ᠢᠳᠡᠭᠡᠨ᠂ | ᠡᠷᠡᠭᠦᠯ ᠢᠳᠡᠭᠡᠨ ᠡᠳ᠋ᠰᠢᠭᠦᠯᠬᠦ ᠲᠥᠷᠥᠯ ᠵᠦᠢᠯ ᠵᠢᠴᠢ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ | ᠬᠡᠯᠬᠢᠶ᠎ᠡ ᠶᠢ ᠣᠷᠣᠭᠤᠯᠤᠨ ᠠᠪᠴᠢᠷᠠᠵᠤ᠂ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠬᠤᠳᠠᠯᠳᠤᠭᠠᠴᠢᠨ ᠤᠷᠢᠭᠰᠠᠨ | ᠠᠵᠤ ᠠᠬᠤᠶᠢᠯᠠᠯ ᠳᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠮᠵᠢᠶ᠎ᠡ | ᠶᠣᠰᠣᠭᠠᠷ᠂ 5000 ᠲᠦᠮᠡᠨ ᠲᠥᠭᠦᠷᠢᠭ ᠪᠠᠯᠠ ᠣᠷᠣᠭᠤᠯᠪᠠᠯ 50 ᠲᠦᠮᠡᠨ ᠲᠥᠭᠦᠷᠢᠭ ᠤᠨ ᠱᠠᠩᠨᠠᠯ ᠣᠯᠭᠤᠨ᠎ᠠ︔ | 1 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠭᠰᠠᠨ ᠪᠠᠶᠢᠪᠠᠯ᠂ 100 ᠲᠦᠮᠡᠨ ᠲᠥᠭᠦᠷᠢᠭ ᠤᠨ | ᠱᠠᠩᠨᠠᠯ ᠣᠯᠭᠤᠨ᠎ᠠ︔ ᠮᠠᠨ ᠤ ᠬᠤᠲᠠ ᠳᠤ ᠰᠢᠨ᠎ᠡ ᠪᠠᠷ ᠨᠡᠭᠦᠵᠦ ᠢᠷᠡᠭᠰᠡᠨ ᠠᠵᠤ ᠠᠬᠤᠶᠢᠯᠠᠯ ᠤᠨ ᠶᠡᠷᠦᠩᠬᠡᠶ | ᠬᠡᠯᠲᠡᠰ ᠲᠤ ᠨᠢᠭᠡ ᠤᠳᠠᠭ᠎ᠠ ᠶᠢᠨ ᠴᠢᠨᠠᠷᠲᠠᠶ 1000 ᠲᠦᠮᠡᠨ ᠲᠥᠭᠦᠷᠢᠭ ᠱᠠᠩᠨᠠᠨ᠎ᠠ︔ ᠰᠢᠨ᠎ᠡ ᠪᠠᠷ | ᠲᠣᠭᠲᠠᠭᠠᠭᠰᠠᠨ ᠤᠯᠤᠰ ᠤᠨ ᠲᠠᠰ ᠤᠨ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾ ᠠᠵᠤ | ᠠᠬᠤᠶᠢᠯᠠᠯ᠂ ︽ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠳᠤ ᠲᠣᠰ ᠲᠣᠰ 100 | ᠲᠦᠮᠡᠨ ᠲᠥᠭᠦᠷᠢᠭ᠂ 50 ᠲᠦᠮᠡᠨ ᠲᠥᠭᠦᠷᠢᠭ᠂ 20 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠶ | ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ︶ | ︵ᠲᠠᠪᠤ︶ ᠣᠯᠠᠨ ᠡᠰᠢᠵᠢᠭᠰᠡᠨ ᠣᠷᠣᠭᠤᠯᠤᠯᠲᠠ ᠪᠠᠷ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ | ᠬᠦᠴᠦᠨ ᠢ ᠳᠡᠭᠡᠭᠰᠢᠯᠡᠭᠦᠯᠬᠦ ᠶᠢ ᠪᠠᠷᠢᠮᠲᠠᠯᠠᠨ᠎ᠠ | 15᠂ ᠴᠢᠳᠠᠪᠤᠷᠢᠲᠠᠨ ᠤ ᠡᠩᠨᠡᠭᠡ ᠶᠢᠨ ᠲᠤᠯᠭᠠᠭᠤᠷᠢᠯᠠᠯ ᠢ ᠴᠢᠩᠭᠠᠳᠬᠠᠨ᠎ᠠ᠃ ︽ᠴᠢᠳᠠᠪᠤᠷᠢᠲᠠᠨ ᠤ 10 | ᠵᠦᠢᠯ︾᠂ ︽ᠬᠥᠮᠦᠨ ᠲᠠᠲᠠᠵᠤ ᠬᠥᠮᠦᠨ ᠦᠯᠡᠳᠡᠭᠡᠬᠦ 18 ᠵᠦᠢᠯ︾ ᠵᠡᠷᠭᠡ ᠲᠥᠷᠥ ᠶᠢᠨ ᠪᠣᠳᠣᠯᠭ᠎ᠠ ᠶᠢ ᠭᠦᠢᠴᠡᠳ | ᠠᠰᠢᠭᠯᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠴᠢ ᠶᠢᠨ ᠳᠦᠷᠢᠮ ᠢ ᠭᠦᠨᠵᠡᠭᠡᠶ ᠬᠡᠷᠡᠭᠵᠢᠭᠦᠯᠵᠦ᠂ | ᠡᠩ ᠤᠨ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠠᠵᠢᠯ | ᠮᠡᠷᠭᠡᠵᠢᠯ ᠤᠨ ᠰᠤᠷᠭᠠᠭᠤᠯᠢ ᠪᠣᠯᠤᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯᠲᠠᠳ ᠤᠨ | ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠢ ᠪᠠᠳᠠᠷᠠᠭᠤᠯᠬᠤ ᠶᠢ ᠳᠡᠮᠵᠢᠵᠦ᠂ ᠵᠢᠯ ᠪᠦᠷᠢ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠰᠠᠳ ᠢ 200 ᠣᠷᠴᠢᠮ ᠬᠥᠮᠦᠨ᠂ ︽ᠭᠤᠷᠪᠠᠨ ᠣᠷᠣᠨ︾ ᠤ ᠰᠢᠨᠵᠢᠯᠡᠬᠦ | ᠤᠬᠠᠭᠠᠨ ᠮᠡᠷᠭᠡᠵᠢᠯ ᠤᠨ ᠴᠢᠳᠠᠪᠤᠷᠢᠲᠠᠨ ᠢ 20 ᠣᠷᠴᠢᠮ ᠬᠥᠮᠦᠨ ᠰᠣᠩᠭᠤᠨ ᠲᠣᠮᠢᠯᠠᠵᠤ᠂ ᠮᠡᠷᠭᠡᠵᠢᠯ ᠤᠨ | ᠵᠢᠯᠣᠭᠤᠳᠣᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠠᠵᠢᠯᠯᠠᠭ᠎ᠠ ᠶᠢ | ᠥᠷᠨᠢᠭᠦᠯᠦᠨ᠎ᠡ︔ ᠬᠥᠲᠥᠴᠢ ᠠᠵᠤ ᠠᠬᠤᠶᠢᠯᠠᠯ ᠤᠨ ᠪᠠᠴᠢᠮ ᠱᠠᠭᠠᠷᠳᠠᠭᠳᠠᠬᠤ ᠮᠡᠷᠭᠡᠵᠢᠯ ᠴᠢᠳᠠᠪᠤᠷᠢ ᠶᠢᠨ | ᠴᠢᠳᠠᠪᠤᠷᠢᠲᠠᠨ ᠢ ᠬᠥᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ︶ | 16. ᠮᠥᠩᠭᠦᠨ ᠭᠦᠢᠯᠭᠡᠭᠡᠨ ᠤ ᠳᠡᠮᠵᠢᠯᠭᠡ ᠶᠢᠨ ᠠᠷᠭ᠎ᠠ ᠵᠠᠮ ᠢ ᠥᠷᠭᠡᠳᠬᠡᠨ᠎ᠡ᠃ ᠵᠠᠰᠠᠭ ᠤᠨ ᠣᠷᠳᠣᠨ ᠤ | ᠴᠢᠨᠠᠷᠲᠠᠢ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠵᠤ᠂ | ᠳᠠᠭᠠᠭᠠᠯᠲᠠ ᠶᠢᠨ ᠳᠤᠮᠳᠠᠴᠢ ᠨᠣᠷᠮ᠎ᠠ ᠶᠢ ᠠᠯᠬᠤᠮ ᠠᠯᠬᠤᠮ ᠢᠶᠠᠷ 1.2% ᠠᠴᠠ ᠳᠣᠷᠣᠭᠰᠢ ᠪᠣᠯᠲᠠᠯ᠎ᠠ | ᠪᠠᠭᠤᠷᠠᠭᠤᠯᠤᠨ᠎ᠠ᠃ ︽ᠲᠠᠷᠢᠶᠠᠯᠠᠩ ᠮᠠᠯ ᠠᠵᠤ ᠠᠬᠤᠶ ᠶᠢᠨ ᠪᠡᠯᠡᠳᠬᠡᠮᠵᠢ ᠶᠢ ᠳᠠᠩᠰᠠᠯᠠᠬᠤ ᠬᠠᠮᠢᠶᠠᠷᠤᠯᠲᠠ ᠶᠢᠨ | ᠠᠷᠭ᠎ᠠ︾ ᠶᠢ ᠰᠠᠶᠢᠲᠤᠷ ᠬᠡᠷᠡᠭᠯᠡᠵᠦ᠂ ︽ᠪᠠᠲᠤᠯᠠᠭᠠᠲᠤ ᠵᠢᠭᠡᠯᠡᠯᠭᠡ ᠳᠤ ᠲᠤᠰᠠᠯᠠᠬᠤ︾᠂ ︽ᠠᠮᠢᠳᠤ ᠪᠡᠶ᠎ᠡ ᠶᠢᠨ | ᠵᠢᠭᠡᠯᠡᠯᠭᠡ︾᠂ ︽ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ︾ ᠵᠡᠷᠭᠡ ᠮᠥᠩᠭᠦᠨ ᠭᠦᠢᠯᠭᠡᠭᠡᠨ ᠤ | ᠪᠦᠲᠦᠭᠡᠭᠳᠡᠬᠦᠨ ᠢ ᠬᠡᠷᠡᠭᠯᠡᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠳᠤ ᠵᠢᠯ ᠪᠦᠷᠢ 10 | ᠳ᠋ᠦᠩᠰᠢᠭᠤᠷ ᠲᠥᠭᠦᠷᠢᠭ ᠠᠴᠠ ᠳᠣᠣᠷ᠎ᠠ ᠥᠬᠡᠶ ᠪᠡᠯᠡ ᠲᠣᠬᠢᠷᠠᠭᠤᠯᠤᠨ᠎ᠠ᠃ ᠵᠢᠯ ᠪᠦᠷᠢ 2000 ᠲᠦᠮᠡᠨ | ᠲᠥᠭᠦᠷᠢᠭ ᠠᠴᠠ ᠳᠣᠣᠷ᠎ᠠ ᠦᠭᠡᠶ ᠨᠢᠭᠡᠳᠦᠯᠲᠡᠶ ᠲᠥᠯᠥᠪᠵᠢᠭᠦᠯᠵᠦ᠂ ᠣᠳᠣ ᠦᠶ᠎ᠡ ᠶᠢᠨ ᠪᠡᠯᠡᠳᠬᠡᠮᠵᠢᠲᠦ ᠲᠠᠷᠢᠶᠠᠯᠠᠩ | ᠮᠠᠯ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠵᠢᠭᠡᠯᠡᠯᠭᠡ ᠶᠢᠨ ᠳᠠᠮ ᠬᠦᠦ ᠮᠥᠩᠭᠦ ᠳᠤ ᠬᠡᠷᠡᠭᠯᠡᠨ᠎ᠡ᠃ ︵ | ᠬᠠᠷᠢᠭᠤᠴᠠᠯᠭᠠᠲᠤ ᠨᠢᠭᠡᠴᠢ᠄ ᠬᠤᠲᠠ ᠶᠢᠨ ᠨᠠᠮ ᠤᠨ ᠬᠤᠷᠢᠶ᠎ᠠ ᠶᠢᠨ ᠮᠥᠩᠭᠦᠨ ᠭᠦᠢᠯᠭᠡᠭᠡᠨ ᠤ ᠠᠯᠪᠠᠨ ᠬᠡᠷ᠂ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ︶ | 17. ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠵᠠᠭᠠᠶᠢᠷᠠᠭᠤᠯᠤᠨ᠎ᠠ᠃ ᠬᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠶ ᠪᠠ ᠲᠠᠷᠢᠶᠠᠴᠢᠳ ᠤᠨ ᠬᠤᠷᠰᠢᠶ᠎ᠠ ᠶᠢ ᠪᠤᠶᠢᠵᠢᠭᠤᠯᠬᠤ ᠶᠢ ᠲᠣᠪᠤᠶᠢᠮ᠎ᠠ ᠰᠠᠶᠢᠲᠤᠷ | ᠠᠳᠬᠤᠵᠤ᠂ ᠬᠥᠲᠥᠴᠢ ᠠᠵᠤ ᠠᠬᠤᠶᠢᠯᠠᠯ ᠬᠥᠲᠥᠯᠦᠨ ᠳᠠᠭᠠᠭᠤᠯᠵᠤ᠂ ᠲᠠᠷᠢᠶᠠᠴᠢᠳ ᠤᠨ ᠬᠤᠷᠰᠢᠶ᠎ᠠ ᠪᠠ ᠬᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠳᠠᠭᠠᠵᠤ᠂ ᠵᠢᠵᠢᠭ ᠲᠠᠷᠢᠶᠠᠴᠢᠨ ᠡᠷᠦᠬᠡ ᠣᠷᠣᠯᠴᠠᠭᠰᠠᠨ ᠠᠵᠤ | ᠦᠶᠢᠯᠡᠰᠵᠢᠭᠰᠡᠨ ᠬᠤᠯᠪᠣᠭᠠᠲᠤ ᠴᠣᠭᠴᠠ ᠶᠢ ᠪᠠᠶᠢᠭᠤᠯᠵᠤ᠂ ᠠᠰᠢᠭ ᠲᠤᠰᠠ ᠶᠢ ᠬᠤᠯᠪᠣᠬᠤ ᠲᠣᠭᠲᠠᠴᠠ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠵᠦ᠂ ᠵᠢᠯ ᠪᠦᠷᠢ ᠠᠳᠠᠭ ᠲᠠᠭᠠᠨ | 40 ᠵᠢᠱᠢᠶ᠎ᠡ ᠦᠵᠡᠭᠦᠯᠬᠦ ᠬᠤᠷᠰᠢᠶ᠎ᠠ᠂ 30 ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ | ᠲᠠᠯᠠᠪᠠᠶ ᠶᠢ ᠡᠭᠦᠳᠦᠨ ᠪᠠᠶᠢᠭᠤᠯᠤᠨ᠎ᠠ᠃ 2024᠂ 2025᠂ 2026 ᠣᠨ ᠳᠤ᠂ ᠰᠢᠶᠠᠨ ᠤ ᠱᠠᠲᠤᠨ ᠠᠴᠠ | ᠳᠡᠭᠡᠭᠰᠢᠬᠢ ᠲᠠᠷᠢᠶᠠᠴᠢᠳ ᠤᠨ ᠬᠤᠷᠰᠢᠶ᠎ᠠ ᠶᠢᠨ ᠵᠢᠱᠢᠶ᠎ᠡ ᠦᠵᠡᠭᠦᠯᠬᠦ ᠬᠤᠷᠰᠢᠶ᠎ᠠ ᠶᠢ ᠲᠣᠰ ᠲᠣᠰ 420᠂ 460᠂ | 500 ᠬᠦᠷᠭᠡᠵᠦ᠂ ᠵᠢᠱᠢᠶ᠎ᠡ ᠦᠵᠡᠭᠦᠯᠬᠦ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ ᠲᠣᠰ ᠲᠣᠰ 350᠂ | 380᠂ 410 ᠬᠦᠷᠭᠡᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ︶ | 18. ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠬᠥᠭᠵᠢᠭᠡᠨ᠎ᠡ᠃ ᠵᠢᠯ ᠪᠦᠷᠢ ᠰᠢᠨ᠎ᠡ ᠪᠠᠷ ᠨᠡᠮᠡᠵᠦ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠵᠣᠬᠢᠬᠤ | ᠬᠠᠷᠢᠴᠠᠯ ᠢᠶᠠᠷ ᠲᠣᠬᠢᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠡᠷᠡᠭᠯᠡᠬᠦ ᠭᠠᠵᠠᠷ ᠤᠨ | ᠬᠡᠷᠡᠭᠴᠡᠭᠡ ᠱᠠᠭᠠᠷᠳᠠᠯᠭ᠎ᠠ ᠶᠢ ᠪᠠᠲᠤᠯᠠᠬᠤ ᠳᠤ ᠲᠤᠰᠬᠠᠶ ᠵᠦᠢᠯ ᠢᠶᠠᠷ ᠬᠡᠷᠡᠭᠯᠡᠨ᠎ᠡ᠃ ᠪᠡᠯᠡᠳᠭᠡᠮᠵᠢᠳᠤ ᠲᠠᠷᠢᠶᠠᠯᠠᠩ ᠮᠠᠯ | ᠠᠵᠤ ᠠᠬᠤᠶ ᠶᠢᠨ ᠠᠵᠤ ᠠᠬᠤᠶᠢᠯᠠᠯ ᠤᠨ ᠬᠡᠷᠡᠭᠯᠡᠬᠦ ᠭᠠᠵᠠᠷ ᠢ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠶᠢᠨ | ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠨᠠᠶᠢᠳᠠᠪᠤᠷᠢᠵᠢᠭᠤᠯᠤᠨ᠎ᠠ᠃ ᠬᠥᠳᠡᠭᠡ ᠲᠣᠰᠬᠤᠨ ᠤ ᠬᠠᠮᠲᠤ ᠶᠢᠨ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ ᠶᠢᠨ ᠬᠠᠮᠲᠤ ᠶᠢᠨ ᠭᠠᠵᠠᠷ ᠰᠢᠷᠣᠶ᠂ ᠠᠭᠤᠯᠠᠨ ᠣᠶ᠂ ᠤᠰᠤᠨ ᠭᠠᠳᠠᠷᠭᠤ᠂ | ᠦᠢᠯᠡᠳᠪᠦᠷᠢ ᠶᠢᠨ ᠭᠡᠷ ᠵᠡᠷᠭᠡ ᠡᠬᠢ ᠪᠠᠶᠠᠯᠢᠭ ᠲᠤ ᠲᠦᠰᠢᠭᠯᠡᠨ᠂ ᠬᠡᠷᠡᠭᠯᠡᠬᠦ ᠡᠷᠬᠡ ᠪᠠᠷ ᠢᠶᠠᠨ ᠬᠤᠪᠢ ᠣᠷᠣᠬᠤ᠂ | ᠬᠤᠯᠪᠣᠭᠠᠯᠠᠨ ᠡᠵᠡᠩᠨᠡᠬᠦ᠂ ᠲᠦᠷᠢᠶᠡᠰᠦᠯᠡᠭᠦᠯᠬᠦ ᠵᠡᠷᠭᠡ ᠬᠡᠯᠪᠡᠷᠢ ᠪᠠᠷ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ | ᠴᠣᠭᠴᠠ ᠶᠢ ᠣᠷᠣᠭᠤᠯᠤᠨ ᠠᠪᠴᠢᠷᠠᠵᠤ ᠣᠨᠴᠠᠯᠢᠭᠲᠤ ᠲᠠᠷᠢᠵᠤ ᠲᠡᠵᠢᠭᠡᠬᠦ᠂ ᠲᠠᠷᠢᠶᠠᠯᠠᠩ ᠤᠨ ᠪᠦᠲᠦᠭᠡᠭᠳᠡᠬᠦᠨ ᠢ | ᠡᠳᠰᠢᠭᠦᠯᠬᠦ᠂ ᠬᠥᠳᠡᠭᠡ ᠲᠣᠰᠬᠤᠨ ᠤ ᠵᠢᠭᠤᠯᠴᠢᠯᠠᠯ ᠰᠡᠯᠡᠭᠦᠴᠡᠯ ᠵᠡᠷᠭᠡ ᠠᠵᠤ ᠦᠢᠯᠡᠰ ᠢ ᠬᠠᠮᠲᠤᠪᠠᠷ ᠡᠷᠬᠢᠯᠡᠬᠦ ᠶᠢ | ᠳᠡᠮᠵᠢᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ᠃ ᠳᠠᠭᠠᠭᠤᠯᠤᠭᠴᠢ | ᠠᠵᠤ ᠠᠬᠤᠶᠢᠯᠠᠯ ᠬᠥᠳᠡᠭᠡ ᠲᠣᠰᠬᠤᠨ ᠳᠤ ᠪᠦᠲᠦᠭᠡᠨ ᠪᠠᠶᠢᠭᠤᠯᠤᠭᠰᠠᠨ ᠰᠢᠨ᠎ᠡ ᠰᠣᠷᠭᠤᠭ ᠬᠥᠮᠥᠷᠭᠡᠯᠡᠨ | ᠬᠠᠳᠠᠭᠠᠯᠠᠬᠤ ᠪᠡᠯᠡᠳᠬᠡᠮᠵᠢ ᠳᠤ ᠬᠡᠷᠡᠭᠯᠡᠬᠦ ᠴᠠᠬᠢᠯᠭᠠᠨ᠂ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠡᠳ᠋ᠰᠢᠭᠦᠯᠬᠦ ᠳᠤ | ᠬᠡᠷᠡᠭᠯᠡᠬᠦ ᠴᠠᠬᠢᠯᠭᠠᠨ ᠳᠤ ᠲᠠᠷᠢᠶᠠᠯᠠᠩ ᠤᠨ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠤ ᠦᠨ᠎ᠡ ᠬᠠᠩᠰᠢ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ︶ | ᠳᠥᠷᠪᠡ᠂ ᠠᠵᠢᠯ ᠤᠨ ᠪᠠᠲᠤᠯᠠᠭ᠎ᠠ | ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ᠂ | ᠵᠠᠰᠠᠭ ᠤᠨ ᠣᠷᠳᠣᠨ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠢ ᠪᠤᠶᠢᠵᠢᠭᠤᠯᠤᠨ | ᠪᠤᠵᠠᠭᠠᠶᠢᠷᠠᠭᠤᠯᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠤ ᠦᠢᠯᠡᠰ ᠤᠨ ᠬᠡᠯᠬᠢᠶ᠎ᠡ ᠶᠢᠨ | ᠬᠥᠭᠵᠢᠯᠲᠡ ᠶᠢᠨ ᠲᠥᠯᠥᠪᠵᠢᠭᠦᠯᠭᠡ ᠪᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠰᠠᠶᠢᠲᠤᠷ ᠠᠳᠬᠤᠵᠤ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ ᠪᠠ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠲᠠᠷᠢᠶᠠᠯᠠᠩ ᠮᠠᠯ ᠠᠵᠤ ᠠᠬᠤᠶ ᠶᠢᠨ | ᠬᠥᠲᠥᠴᠢ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠃ | ︵ᠬᠤᠶᠠᠷ︶ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠠᠵᠢᠯ ᠤᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ | ᠲᠣᠬᠢᠷᠠᠭᠤᠯᠵᠤ᠂ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠠᠮᠢᠶ᠎ᠠ ᠪᠦᠬᠦᠢ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠨ᠎ᠡ᠃ ᠡᠯ᠎ᠡ ᠲᠦᠷᠦᠭᠦᠯᠡᠬᠦ ᠰᠠᠯᠠᠭ᠎ᠠ ᠮᠥᠴᠢᠷ ᠭᠤᠤᠯᠳᠠᠯᠭ᠎ᠠ ᠲᠠᠢ ᠡᠭᠦᠷᠭᠡ ᠳᠤ ᠡᠬᠡ | ᠳᠠᠩᠰᠠ ᠲᠠᠢ ᠬᠠᠮᠢᠶᠠᠷᠤᠯᠲᠠ ᠶᠢ ᠬᠡᠷᠡᠭᠵᠢᠭᠦᠯᠵᠦ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠨᠠᠷᠢᠯᠢᠭ | ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠠᠯᠠᠭ᠎ᠠ ᠮᠥᠴᠢᠷ ᠬᠤᠭᠤᠷᠣᠨᠳᠣ ᠪᠠᠨ ᠵᠣᠬᠢᠴᠠᠯᠳᠤᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠦᠨᠡᠨᠬᠦ ᠪᠣᠶ ᠪᠣᠯᠭᠠᠬᠤ ᠬᠡᠷᠡᠭᠲᠡᠶ᠃ | ︵ᠭᠤᠷᠪᠠ︶ ᠠᠵᠢᠯ ᠤᠨ ᠦᠨᠡᠯᠡᠯᠲᠡ ᠬᠢᠬᠦ ᠶᠢ ᠴᠢᠩᠭᠠᠳᠬᠠᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠠᠵᠢᠯ ᠤᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠠᠷᠢᠶᠠᠯᠠᠩ ᠮᠠᠯ ᠠᠵᠤ | ᠠᠬᠤᠶ ᠶᠢᠨ ᠠᠵᠤ ᠦᠶᠢᠯᠡᠰᠵᠢᠯᠲᠡ ᠶᠢᠨ ᠬᠥᠲᠥᠴᠢ ᠠᠵᠤ ᠠᠬᠤᠶᠢᠯᠠᠯ ᠤᠨ ᠡᠯ᠎ᠡ ᠵᠦᠢᠯ ᠤᠨ ᠲᠡᠳᠬᠦᠨ ᠳᠡᠮᠵᠢᠬᠦ | ᠲᠥᠷᠥ ᠶᠢᠨ ᠪᠣᠳᠣᠯᠭ᠎ᠠ ᠶᠢ ᠲᠥᠷᠥᠯ ᠵᠦᠢᠯ ᠤᠨ ᠪᠣᠳᠠᠲᠠᠶ ᠨᠠᠷᠢᠨ ᠬᠠᠭᠤᠳᠠᠰᠤ᠂ ᠡᠭᠦᠷᠭᠡ ᠶᠢᠨ ᠨᠠᠷᠢᠨ ᠬᠠᠭᠤᠳᠠᠰᠤ᠂ | ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠪᠣᠯᠭᠠᠨ ᠬᠤᠪᠢᠷᠠᠭᠤᠯᠵᠤ᠂ ᠵᠢᠯ ᠤᠨ ᠡᠴᠦᠰ ᠲᠤ ᠪᠡᠶᠡᠯᠡᠭᠦᠯᠦᠭᠰᠡᠨ | ᠪᠠᠶᠢᠳᠠᠯ ᠳᠤ ᠦᠨᠡᠯᠡᠨ ᠵᠢᠱᠢᠯᠲᠡ ᠬᠢᠬᠦ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ | ᠵᠠᠰᠠᠭ ᠤᠨ ᠣᠷᠳᠣᠨ ᠤ ᠠᠮᠵᠢᠯᠲᠠ ᠪᠦᠲᠦᠮᠵᠢ ᠶᠢᠨ ᠬᠠᠷᠠᠯᠲᠠ ᠶᠢ ᠬᠢᠨᠠᠨ ᠰᠢᠯᠭᠠᠬᠤ ᠳᠤ ᠣᠷᠣᠭᠤᠯᠬᠤ ᠬᠡᠷᠡᠭᠲᠡᠶ᠃ | | |