ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ
ᠨᠡᠶᠢᠲᠡᠯᠡᠭᠰᠡᠨ ᠴᠠᠭ᠄
2024/8/19
     ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠪᠠ᠂ ᠪᠦᠭᠦ ᠠᠭᠤᠯᠭ᠎ᠠ ᠨᠢ ᠳᠣᠣᠷᠠᠬᠢ ᠮᠡᠲᠦ᠄      ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠨᠣᠮᠢᠨ ᠤᠰᠤ ᠬᠥᠬᠡᠮᠳᠦᠭ ᠠᠭᠤᠯᠠ ᠪᠣᠯ ᠠᠯᠳᠠᠨ ᠠᠭᠤᠯᠠ ᠮᠥᠩᠭᠦᠨ ᠬᠠᠶᠢᠷᠬᠠᠨ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠤᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠪᠣᠬᠢᠷᠳᠤᠯ ᠢ ᠵᠠᠰᠠᠬᠤ᠂ ᠠᠮᠢ ᠠᠬᠤᠢ ᠶᠢᠨ ᠬᠠᠮᠠᠭᠠᠯᠠᠯᠲᠠ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠭᠤᠯᠤᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠦᠨᠳᠦᠰᠦᠨ ᠰᠠᠶᠢᠵᠢᠷᠠᠯᠲᠠ ᠶᠢ ᠠᠬᠢᠭᠤᠯᠵᠤ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠲᠦᠷᠭᠡᠳᠬᠡᠨ ᠪᠦᠷᠢᠯᠳᠦᠭᠦᠯᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠳᠤ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠨ᠎ᠠ᠃      ᠬᠤᠶᠠᠷ᠂ ᠪᠠᠶᠢᠭᠠᠯᠢ ᠶᠢᠨ ᠠᠮᠢ ᠠᠬᠤᠢ ᠶᠢᠨ ᠬᠠᠯᠬᠠᠪᠴᠢ ᠶᠢ ᠦᠷᠭᠦᠯᠵᠢᠯᠡᠨ ᠪᠠᠬᠢᠵᠢᠭᠦᠯᠦᠨ᠎ᠡ      ︵ᠨᠢᠭᠡ︶ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠰᠠᠶᠢᠲᠤᠷ ᠬᠠᠮᠠᠭᠠᠯᠠᠨ᠎ᠠ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ᠂ ᠮᠠᠯ ᠪᠡᠯᠴᠢᠭᠡᠷ ᠤᠨ ᠲᠡᠩᠴᠡᠭᠦᠷᠢ᠂ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠠᠮᠠᠷᠠᠭᠤᠯᠬᠤ ᠵᠡᠷᠭᠡ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠨᠤᠲᠤᠭ ᠪᠡᠯᠴᠢᠭᠡᠷ ᠢ ᠲᠠᠲᠠᠪᠤᠷᠢᠯᠠᠵᠤ ᠡᠵᠡᠯᠡᠵᠦ ᠬᠡᠷᠡᠭᠯᠡᠬᠦ ᠶᠢ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠬᠦ ᠠᠵᠢᠯ ᠢ ᠬᠠᠤᠯᠢ ᠶᠣᠰᠣᠭᠠᠷ ᠥᠷᠨᠢᠭᠦᠯᠵᠦ᠂ ᠨᠤᠲᠤᠭ ᠪᠡᠯᠴᠢᠭᠡᠷ ᠤᠨ ᠲᠣᠭᠤᠷᠢᠭ ᠬᠤᠪᠢᠶᠠᠭᠰᠠᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠪᠠ ᠦᠨᠳᠦᠰᠦᠨ ᠨᠤᠲᠤᠭ ᠪᠡᠯᠴᠢᠭᠡᠷ ᠢ ᠡᠵᠡᠯᠡᠬᠦ ᠪᠠ ᠨᠥᠬᠦᠪᠦᠷᠢ ᠥᠭᠬᠦ ᠶᠢ ᠲᠡᠩᠴᠡᠭᠦᠷᠢᠲᠡᠢ ᠪᠠᠶᠢᠯᠭᠠᠬᠤ ᠶᠢ ᠴᠢᠩᠳᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠳᠣᠲᠣᠷᠠᠬᠢ ᠨᠤᠲᠤᠭ ᠪᠡᠯᠴᠢᠭᠡᠷ ᠤᠨ ᠬᠡᠷᠡᠭᠴᠡᠭᠡ ᠶᠢ ᠳᠤᠷ᠎ᠠ ᠪᠠᠷ ᠢᠶᠠᠨ ᠬᠤᠪᠢᠷᠠᠭᠤᠯᠬᠤ ᠶᠢ ᠴᠠᠭᠠᠵᠠᠯᠠᠨ᠎ᠠ᠃ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ ᠶᠢ ᠪᠠᠷᠢᠮᠲᠠᠯᠠᠨ᠂ ᠨᠤᠲᠤᠭ ᠪᠡᠯᠴᠢᠭᠡᠷ ᠤᠨ ᠡᠷᠡᠭᠦᠯ ᠮᠡᠨᠳᠦ ᠪᠣᠯᠣᠨ ᠮᠠᠭᠤᠵᠢᠷᠠᠵᠤ ᠪᠠᠶᠢᠭ᠎ᠠ ᠪᠠᠶᠢᠳᠠᠯ ᠢ ᠲᠣᠳᠣᠷᠬᠠᠢ ᠣᠶᠢᠯᠠᠭᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠠᠰᠠᠭᠤᠳᠠᠯ ᠢ ᠲᠦᠷᠭᠡᠳᠬᠡᠨ ᠰᠢᠢᠳᠪᠦᠷᠢᠯᠡᠨ᠎ᠡ᠃ ᠡᠩ ᠤᠨ ᠲᠠᠷᠢᠶᠠᠨ ᠭᠠᠵᠠᠷ᠂ ᠲᠠᠷᠢᠶᠠᠯᠠᠬᠤ  ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠵᠡᠷᠭᠡ ᠶᠢ ᠠᠰᠢᠭᠯᠠᠨ ᠬᠥᠮᠥᠨ ᠤ ᠬᠦᠴᠦ ᠪᠠᠷ ᠳᠠᠷᠢᠭᠰᠠᠨ ᠡᠪᠡᠰᠦ ᠪᠣᠷᠳᠤᠭ᠎ᠠ ᠪᠠ ᠡᠪᠡᠰᠦᠨ ᠦᠷ᠎ᠡ ᠶᠢᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ᠂ ᠨᠢᠭᠡ ᠪᠦᠯᠦᠭ ᠴᠢᠨᠠᠷ ᠰᠠᠶᠢᠲᠠᠢ ᠡᠪᠡᠰᠦ ᠪᠣᠷᠳᠣᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ᠮᠠᠯ ᠪᠡᠯᠴᠢᠭᠡᠷ ᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠬᠡᠷᠡᠭᠵᠢᠭᠦᠯᠦᠨ᠎ᠡ᠃ ᠬᠠᠮᠠᠭᠠᠯᠠᠨ ᠰᠡᠷᠭᠦᠭᠡᠬᠦ ᠣᠷᠣᠨ ᠪᠦᠰᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠬᠥᠮᠥᠨ ᠤ ᠬᠦᠴᠦ ᠪᠠᠷ ᠡᠪᠡᠰᠦ ᠲᠠᠷᠢᠬᠤ ᠪᠠ ᠪᠠᠶᠢᠭᠠᠯᠢᠯᠢᠭ ᠨᠤᠲᠤᠭ ᠪᠡᠯᠴᠢᠭᠡᠷ ᠢ ᠰᠠᠶᠢᠵᠢᠷᠠᠭᠤᠯᠬᠤ ᠶᠢ ᠥᠷᠨᠢᠭᠦᠯᠵᠦ᠂ ᠮᠠᠭᠤᠳᠠᠭᠰᠠᠨ᠂ ᠡᠯᠡᠰᠦᠷᠬᠡᠭᠵᠢᠭᠰᠡᠨ ᠨᠤᠲᠤᠭ ᠪᠡᠯᠴᠢᠭᠡᠷ ᠤᠨ ᠵᠠᠰᠠᠯᠲᠠ ᠶᠢ ᠲᠦᠷᠭᠡᠳᠬᠡᠵᠦ᠂ ᠨᠤᠲᠤᠭ ᠪᠡᠯᠴᠢᠭᠡᠷ ᠤᠨ ᠴᠢᠨᠠᠷ ᠴᠢᠨᠰᠠᠭ᠎ᠠ ᠪᠠ ᠠᠮᠢ ᠠᠬᠤᠢ ᠶᠢᠨ ᠴᠢᠳᠠᠮᠵᠢ ᠶᠢ ᠳᠡᠭᠡᠭᠰᠢᠯᠡᠭᠦᠯᠦᠨ᠎ᠡ᠃ ᠤᠯᠤᠰ ᠠᠴᠠ ᠵᠥᠪᠰᠢᠶᠡᠷᠡᠭᠰᠡᠨ ᠴᠢᠬᠤᠯᠠ ᠶᠡᠭᠡ ᠠᠭᠤᠷᠬᠠᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠵᠤ ᠨᠡᠭᠡᠭᠡᠬᠦ ᠲᠥᠷᠥᠯ ᠵᠦᠢᠯ ᠢ ᠭᠠᠷᠭᠠᠪᠠᠯ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠠᠴᠠ ᠭᠠᠳᠠᠨᠠᠬᠢ ᠦᠨᠳᠦᠰᠦᠨ ᠨᠤᠲᠤᠭ ᠪᠡᠯᠴᠢᠭᠡᠷ ᠳᠡᠭᠡᠷ᠎ᠡ ᠨᠡᠭᠦᠷᠡᠰᠦ ᠵᠡᠷᠭᠡ ᠠᠭᠤᠷᠬᠠᠢ ᠶᠢᠨ ᠡᠬᠢ ᠪᠠᠶᠠᠯᠢᠭ ᠢ ᠨᠡᠭᠡᠭᠡᠬᠦ ᠰᠢᠨ᠎ᠡ ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ᠂ ᠨᠡᠭᠦᠷᠡᠰᠦ ᠵᠡᠷᠭᠡ ᠠᠭᠤᠷᠬᠠᠢ ᠶᠢᠨ ᠡᠬᠢ ᠪᠠᠶᠠᠯᠢᠭ ᠢ ᠵᠠᠳᠠᠭᠠᠢ ᠮᠠᠯᠲᠠᠬᠤ ᠣᠷᠣᠨ ᠪᠦᠰᠡ ᠶᠢ ᠥᠷᠭᠡᠳᠬᠡᠬᠦ ᠶᠢ ᠴᠢᠩᠭ᠎ᠠ ᠬᠢᠵᠠᠭᠠᠷᠯᠠᠨ᠎ᠠ᠃ 2035 ᠣᠨ ᠪᠤᠯᠬᠤ ᠳᠤ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢ 45% ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠨᠤᠲᠤᠭ ᠪᠡᠯᠴᠢᠭᠡᠷ ᠤᠨ ᠣᠯᠠᠨ ᠶᠠᠩᠵᠤᠲᠤ ᠴᠢᠨᠠᠷ ᠢ ᠢᠯᠡᠳᠲᠡ ᠨᠡᠮᠡᠭᠳᠡᠭᠦᠯᠦᠨ᠎ᠡ᠃      ︵ᠬᠤᠶᠠᠷ︶ ᠤᠮᠠᠷᠠᠲᠤ ᠶᠢᠨ ᠲᠣᠮᠣ ᠤᠢ ᠰᠢᠭᠤᠢ ᠶᠢ ᠰᠠᠶᠢᠲᠤᠷ ᠬᠠᠮᠠᠭᠠᠯᠠᠨ᠎ᠠ᠃ ᠣᠶᠢᠵᠢᠭᠤᠯᠬᠤ ᠪᠠ ᠣᠶ ᠰᠢᠭᠤᠢ ᠶᠢ ᠬᠠᠮᠠᠭᠠᠯᠠᠬᠤ ᠶᠢ ᠵᠡᠷᠭᠡ ᠳᠤᠨᠢ ᠴᠢᠬᠤᠯᠠᠴᠢᠯᠠᠬᠤ ᠶᠢ ᠪᠠᠷᠢᠮᠲᠠᠯᠠᠨ᠂ ᠣᠶ ᠰᠢᠭᠤᠢ ᠶᠢᠨ ᠳᠠᠷᠤᠭ᠎ᠠ ᠶᠢᠨ ᠳᠦᠷᠢᠮ᠂ ᠪᠠᠶᠢᠭᠠᠯᠢᠯᠢᠭ ᠣᠶ ᠶᠢ ᠬᠠᠮᠠᠭᠠᠯᠠᠬᠤ ᠬᠢᠭᠡᠳ ᠵᠠᠰᠠᠨ ᠰᠡᠷᠭᠦᠭᠡᠬᠦ ᠵᠡᠷᠭᠡ ᠳᠦᠷᠢᠮ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠶᠡᠭᠡ ᠬᠢᠩᠭᠠᠨ ᠳᠠᠪᠠᠭ᠎ᠠ᠂ ᠮᠤᠨᠠ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ ᠵᠡᠷᠭᠡ ᠣᠷᠣᠨ ᠪᠦᠰᠡ ᠶᠢᠨ ᠪᠠᠶᠢᠭᠠᠯᠢᠯᠢᠭ ᠣᠶ ᠶᠢᠨ ᠬᠠᠮᠠᠭᠠᠯᠠᠯᠲᠠ ᠶᠢ ᠴᠢᠩᠭᠠᠳᠬᠠᠨ᠂ ︽ᠤᠮᠠᠷᠠᠲᠤ ᠶᠢᠨ ᠭᠤᠷᠪᠠᠨ ᠣᠷᠣᠨ︾  ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠠᠲᠤᠨ ᠭᠤᠣᠯ᠂ ᠨᠤᠨ ᠮᠥᠷᠡᠨ᠂ ᠪᠠᠷᠠᠭᠤᠨ ᠯᠢᠶᠣᠤᠾᠧ ᠭᠤᠣᠯ ᠵᠡᠷᠭᠡ ᠰᠠᠪᠠ ᠭᠠᠵᠠᠷ ᠤᠨ ᠣᠶ ᠰᠢᠭᠤᠢ ᠶᠢᠨ ᠤᠷᠭᠤᠮᠠᠯ ᠤᠨ ᠬᠤᠴᠢᠯᠭ᠎ᠠ ᠶᠢ ᠳᠡᠭᠡᠭᠰᠢᠯᠡᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢᠨ ᠣᠷᠣᠨ ᠵᠠᠢ ᠶᠢ ᠵᠦᠢ ᠵᠣᠬᠢᠰᠲᠠᠢ ᠲᠥᠯᠥᠪᠵᠢᠭᠦᠯᠵᠦ᠂ ᠤᠰᠤ ᠪᠠᠷ ᠨᠣᠭᠤᠭᠠᠷᠠᠭᠤᠯᠤᠯᠲᠠ ᠶᠢ ᠲᠣᠭᠲᠠᠭᠠᠬᠤ ᠶᠢ ᠪᠠᠷᠢᠮᠲᠠᠯᠠᠨ᠂ ᠮᠣᠳᠣᠨ ᠤ ᠡᠭᠦᠯᠳᠡᠷ ᠢ ᠰᠢᠨᠵᠢᠯᠡᠬᠦ ᠤᠬᠠᠭᠠᠨᠴᠢ ᠪᠠᠷ ᠰᠣᠩᠭᠤᠵᠤ᠂ ᠦᠷ᠎ᠡ ᠴᠢᠬᠢ ᠶᠢᠨ ᠪᠠᠲᠤᠯᠠᠭ᠎ᠠ ᠶᠢ ᠰᠠᠶᠢᠲᠤᠷ ᠬᠢᠨ᠎ᠡ᠃ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠶᠡᠷᠦᠩᠬᠡᠢ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠰᠢᠭᠤᠶᠢᠲᠤ ᠭᠠᠵᠠᠷ ᠢ ᠡᠵᠡᠯᠡᠨ ᠬᠡᠷᠡᠭᠯᠡᠬᠦ ᠶᠢ ᠴᠢᠩᠭ᠎ᠠ ᠬᠢᠵᠠᠭᠠᠷᠯᠠᠨ᠎ᠠ᠃ ᠲᠠᠴᠢᠷᠳᠠᠭᠰᠠᠨ ᠤᠢ ᠰᠢᠭᠤᠢ ᠶᠢ ᠬᠢᠨᠠᠨ ᠪᠠᠶᠢᠴᠠᠭᠠᠬᠤ ᠶᠢ ᠥᠷᠨᠢᠭᠦᠯᠵᠦ᠂ ᠴᠢᠨᠠᠷ ᠮᠠᠭᠤᠲᠠᠢ ᠦᠷ᠎ᠡ ᠠᠰᠢᠭ ᠢᠶᠠᠷ ᠳᠣᠣᠷ᠎ᠠ ᠤᠢ ᠰᠢᠭᠤᠢ᠂ ᠡᠪᠳᠡᠭᠳᠡᠭᠰᠡᠨ ᠤᠢ ᠰᠢᠭᠤᠢ ᠶᠢ ᠥᠭᠡᠷᠡᠴᠢᠯᠡᠨ ᠰᠠᠶᠢᠵᠢᠷᠠᠭᠤᠯᠤᠨ᠎ᠠ᠃ ᠶᠡᠭᠡ ᠬᠢᠩᠭᠠᠨ ᠳᠠᠪᠠᠭ᠎ᠠ ᠶᠢᠨ ᠨᠤᠨ ᠮᠥᠷᠡᠨ ᠤ ᠳᠡᠭᠡᠷ᠎ᠡ ᠤᠷᠤᠰᠬᠠᠯ ᠤᠨ ᠤᠰᠤᠨ ᠰᠤᠷᠪᠤᠯᠵᠢ ᠶᠢ ᠬᠠᠳᠠᠭᠠᠯᠠᠬᠤ ᠴᠢᠳᠠᠮᠵᠢ ᠶᠢ ᠳᠡᠭᠡᠭᠰᠢᠯᠡᠭᠦᠯᠵᠦ᠂ ᠴᠢᠬᠤᠯᠠ ᠤᠰᠤᠨ ᠰᠤᠷᠪᠤᠯᠵᠢ ᠶᠢᠨ ᠭᠠᠵᠠᠷ ᠤᠨ ᠠᠮᠤᠷ ᠲᠦᠪᠰᠢᠨ ᠢ ᠬᠠᠮᠠᠭᠠᠯᠠᠨ᠎ᠠ᠃ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠪᠠ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠰᠢᠰᠲ᠋ᠧᠮ ᠢ ᠲᠡᠭᠦᠯᠳᠡᠷᠵᠢᠭᠦᠯᠦᠨ᠎ᠡ᠃ 2035 ᠣᠨ ᠪᠤᠯᠬᠤ ᠳᠤ᠂ ᠣᠶ ᠰᠢᠭᠤᠢ ᠶᠢᠨ ᠪᠦᠷᠬᠦᠴᠡ ᠶᠢ 22.57% ᠳᠤ ᠬᠦᠷᠭᠡᠵᠦ᠂ ᠬᠠᠳᠠᠭᠠᠯᠠᠭᠳᠠᠴᠠ ᠶᠢ 16.57 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠤ ᠬᠦᠷᠭᠡᠨ᠎ᠡ᠃      ︵ᠭᠤᠷᠪᠠ︶ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ ᠶᠢ ᠰᠠᠶᠢᠲᠤᠷ ᠪᠦᠲᠦᠭᠡᠨ ᠪᠠᠶᠢᠭᠤᠯᠤᠨ᠎ᠠ᠃ ᠨᠣᠭᠤᠭᠠᠷᠠᠭᠤᠯᠤᠯᠲᠠ ᠶᠢ ᠨᠡᠮᠡᠭᠳᠡᠭᠦᠯᠬᠦ ᠪᠠ ᠡᠯᠡᠰᠦᠷᠬᠡᠭᠵᠢᠯ ᠢ ᠵᠠᠰᠠᠬᠤ ᠶᠢ ᠤᠶᠠᠯᠳᠤᠭᠤᠯᠬᠤ᠂ ᠠᠶᠠᠨᠳᠠᠭᠠᠨ ᠰᠡᠷᠭᠦᠬᠦ ᠪᠠ ᠬᠥᠮᠥᠨ ᠤ ᠬᠦᠴᠦ ᠪᠠᠷ ᠰᠡᠷᠭᠦᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠦᠨᠳᠦ᠂ ᠳᠤᠮᠳᠠ᠂ ᠬᠥᠩᠭᠡᠨ ᠬᠡᠮᠵᠢᠶ᠎ᠡ  ᠪᠠᠷ ᠡᠯᠡᠰᠦᠷᠬᠡᠭᠵᠢᠭᠰᠡᠨ ᠣᠷᠣᠨ ᠳᠤ ᠣᠷᠣᠨ ᠬᠤᠪᠢᠶᠠᠨ ᠵᠠᠰᠠᠬᠤ ᠶᠢ ᠬᠡᠷᠡᠭᠵᠢᠭᠦᠯᠦᠨ᠎ᠡ᠃ ᠬᠠᠲᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠬᠤᠷᠴᠢᠨ ᠪᠣᠯᠣᠨ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠶᠢᠨ ᠬᠠᠮᠲᠤ ᠢᠯᠠᠯᠲᠠ ᠣᠯᠵᠤ᠂ ᠬᠠᠲᠤᠨ ᠭᠤᠣᠯ ᠤᠨ ᠪᠠᠷᠠᠭᠤᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠭᠦᠪᠡᠭᠡ ᠵᠠᠬ᠎ᠠ ᠶᠢᠨ ᠬᠤᠷᠢᠭᠯᠠᠯᠲᠠ ᠶᠢᠨ ᠳᠠᠶᠢᠯᠠᠯᠳᠤᠭᠠᠨ ᠢ ᠰᠠᠶᠢᠲᠤᠷ ᠬᠢᠬᠦ ᠳᠤ ᠬᠠᠮᠵᠢᠯᠴᠠᠨ᠎ᠠ᠃ ᠲᠤᠬᠠᠢ ᠶᠢᠨ ᠭᠠᠵᠠᠷ ᠣᠷᠣᠨ ᠤ ᠪᠠᠶᠢᠳᠠᠯ  ᠳᠤᠨᠢ ᠲᠣᠬᠢᠷᠠᠭᠤᠯᠤᠨ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠵᠠᠰᠠᠯᠲᠠ ᠶᠢ ᠠᠬᠢᠭᠤᠯᠵᠤ᠂ ᠡᠯᠡᠰᠦᠷᠬᠡᠭ ᠭᠠᠵᠠᠷ ᠤᠨ ᠤᠷᠭᠤᠮᠠᠯ ᠤᠨ ᠬᠤᠴᠢᠯᠭ᠎ᠠ ᠶᠢ ᠰᠢᠨᠵᠢᠯᠡᠬᠦ ᠤᠬᠠᠭᠠᠨᠴᠢ ᠪᠠᠷ ᠰᠡᠷᠭᠦᠭᠡᠨ᠎ᠡ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠴᠠᠭᠢᠯᠭᠠᠨ ᠪᠠ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠳ᠋ᠧᠩᠺᠧᠦ ᠶᠢᠨ ᠵᠠᠭᠪᠤᠷ᠂ ᠬᠥᠪᠴᠢ ᠶᠢᠨ ᠵᠠᠭᠪᠤᠷ᠂ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠵᠠᠭᠪᠤᠷ ᠵᠡᠷᠭᠡ ᠲᠤᠷᠰᠢᠯᠭ᠎ᠠ ᠪᠠ ᠠᠷᠭ᠎ᠠ ᠬᠢᠳᠡᠯ ᠢ ᠳᠡᠯᠭᠡᠷᠡᠭᠦᠯᠵᠦ᠂ ᠥᠨᠳᠥᠷ ᠬᠢᠷᠢ ᠬᠡᠮᠵᠢᠶ᠎ᠡ ᠪᠠᠷ ᠬᠠᠮᠠᠭᠠᠯᠠᠭᠰᠠᠨ ᠤᠷᠢᠲᠠᠯ ᠳᠣᠣᠷ᠎ᠠ ᠡᠯᠡᠰᠦᠷᠬᠡᠭ ᠭᠠᠵᠠᠷ ᠤᠨ ᠣᠨᠴᠠᠯᠢᠭᠲᠤ ᠵᠢᠭᠤᠯᠴᠢᠯᠠᠯ ᠤᠨ ᠦᠢᠯᠡᠰ᠂ ᠣᠶ ᠰᠢᠭᠤᠢ ᠡᠯᠡᠰᠦ ᠡᠪᠡᠰᠦᠨ ᠤ ᠠᠵᠤ ᠦᠢᠯᠡᠰ ᠵᠡᠷᠭᠡ ᠶᠢ ᠬᠥᠭᠵᠢᠭᠦᠯᠦᠨ᠎ᠡ᠃ ᠮᠣᠩᠭᠤᠯ ᠤᠯᠤᠰ᠂ ᠶᠠᠫᠤᠨ᠂ ᠺᠤᠷᠢᠶᠠ ᠵᠡᠷᠭᠡ ᠤᠯᠤᠰ ᠯᠤᠭ᠎ᠠ ᠡᠯᠡᠰᠦᠨ ᠰᠢᠭᠤᠷᠭ᠎ᠠ ᠶᠢ ᠰᠡᠷᠭᠡᠶᠢᠯᠡᠨ ᠵᠠᠰᠠᠬᠤ ᠬᠦᠷᠢᠶ᠎ᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯᠡᠰᠦᠨ ᠰᠢᠭᠤᠷᠭ᠎ᠠ ᠶᠢ ᠬᠢᠨᠠᠨ ᠬᠡᠮᠵᠢᠬᠦ ᠲᠤᠭ᠎ᠠ ᠪᠠᠷᠢᠮᠲᠠ ᠶᠢ ᠬᠤᠪᠢᠶᠠᠯᠴᠠᠬᠤ ᠪᠠ ᠡᠯᠡᠰᠦᠨ ᠤ ᠡᠬᠢ ᠭᠠᠵᠠᠷ ᠵᠢᠴᠢ ᠵᠠᠮ ᠱᠤᠭᠤᠮ ᠳᠠᠭᠠᠤ ᠣᠷᠣᠨ ᠤ ᠠᠮᠢ ᠠᠬᠤᠢ ᠣᠷᠴᠢᠨ ᠲᠣᠭᠤᠷᠢᠨ ᠢ ᠰᠡᠷᠭᠦᠭᠡᠬᠦ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠤᠨ᠎ᠠ᠃      ︵ᠳᠥᠷᠪᠡ︶ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠢ ᠰᠠᠶᠢᠲᠤᠷ ᠰᠠᠬᠢᠨ ᠬᠠᠮᠠᠭᠠᠯᠠᠨ᠎ᠠ᠃ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠳᠦᠷᠢᠮ ᠢ ᠪᠦᠷᠢᠨᠰᠢᠭᠦᠯᠵᠦ᠂ ᠡᠯ᠎ᠡ ᠭᠠᠵᠠᠷ ᠤᠨ ᠭᠤᠣᠯ ᠮᠥᠷᠡᠨ ᠨᠠᠭᠤᠷ ᠪᠦᠷᠢᠳᠦ ᠶᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠷᠭᠢ ᠳᠠᠭᠠᠤ ᠭᠠᠵᠠᠷ ᠤᠨ ᠠᠰᠢᠭᠯᠠᠯᠲᠠ ᠪᠠ ᠬᠠᠮᠠᠭᠠᠯᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠭᠤᠣᠯ ᠮᠥᠷᠡᠨ ᠨᠠᠭᠤᠷ ᠪᠦᠷᠢᠳᠦ ᠶᠢᠨ ︽ᠲᠦᠷᠪᠡᠨ ᠳᠤᠷ᠎ᠠ ᠪᠠᠷ ᠢᠶᠠᠨ ᠬᠢᠬᠦ ᠶᠢ ᠴᠡᠭᠴᠡᠯᠡᠨ ᠵᠠᠰᠠᠬᠤ︾ ᠶᠢ ᠪᠠᠶᠢᠩᠭᠤᠵᠢᠭᠤᠯᠤᠨ ᠵᠢᠷᠤᠮᠵᠢᠭᠤᠯᠤᠨ᠎ᠠ᠃ ᠬᠠᠲᠤᠨ ᠭᠤᠣᠯ᠂ ᠪᠠᠷᠠᠭᠤᠨ ᠯᠢᠶᠣᠤᠾᠧ ᠭᠤᠣᠯ ᠵᠡᠷᠭᠡ ᠰᠠᠪᠠ ᠭᠠᠵᠠᠷ ᠢᠶᠠᠷ ᠭᠤᠣᠯᠳᠠᠯᠭ᠎ᠠ ᠪᠣᠯᠭᠠᠨ᠂ ᠤᠰᠤ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠨᠤᠭᠤ ᠭᠠᠵᠠᠷ ᠢ ᠬᠡᠷᠡᠭᠯᠡᠬᠦ ᠶᠢ ᠬᠢᠨᠠᠨ ᠡᠵᠡᠮᠳᠡᠬᠦ ᠶᠢ ᠴᠢᠩᠳᠠᠯᠠᠵᠤ᠂ ᠠᠮᠢ ᠠᠬᠤᠢ ᠶᠢᠨ ᠰᠢᠰᠲ᠋ᠧᠮ ᠬᠦᠨᠳᠦ ᠨᠣᠴᠢᠲᠠᠢ ᠮᠠᠭᠤᠳᠠᠭᠰᠠᠨ᠂ ᠠᠮᠢ ᠠᠬᠤᠢ ᠬᠡᠪᠡᠷᠡᠭ ᠰᠡᠶᠢᠷᠡᠭ ᠪᠠᠶᠢᠭ᠎ᠠ ᠴᠢᠬᠤᠯᠠ ᠨᠤᠭᠤ ᠭᠠᠵᠠᠷ ᠲᠤ ᠶᠡᠷᠦᠩᠬᠡᠶᠢᠯᠡᠭᠰᠡᠨ ᠵᠠᠰᠠᠯᠲᠠ ᠥᠷᠨᠢᠭᠦᠯᠦᠨ᠎ᠡ᠃ ᠬᠥᠯᠥᠨ ᠨᠠᠭᠤᠷ᠂ ᠲᠠᠭ᠎ᠠ ᠶᠢᠨ ᠨᠠᠭᠤᠷ᠂ ᠤᠯᠠᠭᠠᠨᠰᠤᠬᠠᠢ᠂ ᠲᠡᠯᠡᠶ ᠨᠠᠭᠤᠷ᠂ ᠴᠠᠭᠠᠨ ᠨᠠᠭᠤᠷ᠂ ᠪᠠᠷᠠᠭᠤᠨ ᠯᠢᠶᠣᠤᠾᠧ ᠭᠤᠣᠯ᠂ ᠬᠠᠲᠤᠨ ᠭᠤᠣᠯ ᠤᠨ︽ᠶᠡᠭᠡ ᠲᠣᠬᠤᠢ︾᠂ ᠰᠤᠪᠨᠠᠭᠤᠷ ᠵᠡᠷᠭᠡ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠢ ᠰᠡᠷᠭᠦᠭᠡᠬᠦ ᠶᠢ ᠲᠦᠷᠭᠡᠳᠬᠡᠨ᠂ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠪᠦᠷᠢᠳᠦ ᠶᠢᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠨ᠂ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠢ ᠠᠮᠤᠷᠵᠢᠭᠤᠯᠤᠨ ᠰᠡᠷᠭᠦᠭᠡᠬᠦ ᠪᠠ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ 2035 ᠣᠨ ᠪᠤᠯᠬᠤ ᠳᠤ᠂ ᠤᠰᠤ ᠰᠢᠷᠣᠢ ᠶᠢᠨ ᠢᠳᠡᠭᠳᠡᠯ ᠢ ᠰᠡᠷᠭᠡᠶᠢᠯᠡᠨ ᠵᠠᠰᠠᠬᠤ ᠨᠣᠷᠮ᠎ᠠ ᠶᠢ 56.89% ᠳᠤ ᠬᠦᠷᠭᠡᠨ᠎ᠡ᠃      ︵ᠲᠠᠪᠤ︶ ᠤᠰᠤᠨ ᠤ ᠡᠬᠢ ᠪᠠᠶᠠᠯᠢᠭ ᠢ ᠰᠠᠶᠢᠲᠤᠷ ᠬᠠᠮᠢᠶᠠᠷᠤᠨ᠎ᠠ᠃ ︽ᠤᠰᠤ ᠪᠠᠷ ᠳᠥᠷᠪᠡ ᠶᠢ ᠲᠣᠭᠲᠠᠭᠠᠬᠤ︾ ᠶᠢ ᠪᠠᠷᠢᠮᠲᠠᠯᠠᠨ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠣᠯᠣᠨ ᠬᠦᠴᠦᠯᠡᠴᠡ ᠶᠢ ᠬᠢᠵᠠᠭᠠᠷᠯᠠᠬᠤ ᠶᠢ ᠴᠢᠩᠭ᠎ᠠ ᠬᠡᠷᠡᠭᠵᠢᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠬᠤᠲᠠ ᠵᠡᠷᠭᠡ ᠶᠢᠨ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠪᠠ ᠨᠢᠭᠡᠳᠦᠯᠲᠡᠢ ᠲᠣᠬᠢᠷᠠᠭᠤᠯᠬᠤ ᠶᠢ ᠴᠢᠩᠭᠠᠳᠬᠠᠵᠤ᠂ ᠤᠷᠢᠳ ᠢᠶᠠᠷ ᠤᠰᠤ ᠠᠷᠪᠢᠯᠠᠵᠤ ᠳᠠᠷᠠᠭ᠎ᠠ ᠨᠢ ᠤᠰᠤ ᠲᠠᠲᠠᠬᠤ᠂ ︽ᠨᠢᠭᠡ ᠬᠤᠲᠠ︵ᠠᠶᠢᠮᠠᠭ︶ ᠳᠤ ᠨᠢᠭᠡ ᠵᠦᠢᠯ ᠤᠨ ᠲᠥᠷᠥ ᠶᠢᠨ ᠪᠣᠳᠣᠯᠭ᠎ᠠ ᠬᠡᠷᠡᠭᠵᠢᠭᠦᠯᠬᠦ︾ ᠪᠠᠷ ᠳᠠᠮᠵᠢᠨ ᠤᠰᠤ ᠠᠷᠪᠢᠯᠠᠬᠤ ᠶᠢ ᠭᠦᠨᠵᠡᠭᠡᠢ ᠡᠵᠡᠮᠳᠡᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠰᠤ ᠲᠠᠲᠠᠵᠤ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠴᠢᠩᠳᠠᠯᠠᠵᠤ᠂ ᠠᠵᠤ ᠦᠢᠯᠡᠰ ᠤᠨ ᠵᠥᠪᠰᠢᠶᠡᠷᠡᠨ ᠣᠷᠣᠭᠤᠯᠬᠤ ᠨᠥᠬᠦᠴᠡᠯ ᠳᠤ ᠨᠡᠶᠢᠴᠡᠬᠦ ᠦᠭᠡᠢ᠂ ᠦᠢᠯᠡᠳᠬᠦᠨ ᠨᠢ ᠠᠵᠢᠯ ᠲᠥᠷᠥᠯ ᠤᠨ ᠤᠰᠤ ᠬᠡᠷᠡᠭᠯᠡᠬᠦ ᠬᠡᠮᠵᠢᠶ᠎ᠡ ᠶᠢᠨ ᠪᠠᠷᠢᠮᠵᠢᠶ᠎ᠠ ᠵᠡᠷᠭᠡ ᠬᠠᠮᠢᠶᠠᠷᠤᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠲᠥᠷᠥᠯ ᠵᠦᠢᠯ ᠤᠨ ᠤᠰᠤ ᠲᠠᠲᠠᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠦᠯᠦ ᠵᠥᠪᠰᠢᠶᠡᠷᠡᠵᠦ᠂ ᠤᠰᠤᠨ ᠤ ᠡᠬᠢ ᠪᠠᠶᠠᠯᠢᠭ ᠤᠨ ᠳᠠᠭᠠᠭᠠᠴᠠ ᠠᠴᠠ ᠬᠡᠲᠦᠷᠡᠭᠰᠡᠨ ᠣᠷᠣᠨ ᠳᠤ ᠤᠰᠤ ᠲᠠᠲᠠᠬᠤ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠶᠢ ᠲᠦᠷ ᠵᠣᠭᠰᠣᠭᠠᠨ᠎ᠠ᠃ ᠤᠰᠤ ᠬᠡᠷᠡᠭᠯᠡᠬᠦ ᠡᠷᠬᠡ ᠶᠢᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠤᠰᠤ ᠬᠡᠷᠡᠭᠯᠡᠬᠦ ᠡᠷᠬᠡ ᠶᠢᠨ ᠠᠷᠠᠯᠵᠢᠶ᠎ᠠ ᠶᠢ ᠬᠥᠭᠵᠢᠭᠡᠨ᠎ᠡ᠃ ᠳᠠᠭᠢᠨ ᠡᠭᠦᠰᠴᠦ ᠪᠤᠯᠬᠤ ᠤᠰᠤ᠂ ᠪᠣᠷᠣᠭᠠᠨ ᠤ ᠤᠰᠤ᠂ ᠨᠡᠭᠦᠷᠡᠰᠦᠨ ᠳᠠᠪᠬᠤᠷᠭ᠎ᠠ ᠶᠢᠨ ᠤᠰᠤ ᠵᠡᠷᠭᠡ ᠬᠡᠪ ᠤᠨ ᠪᠤᠰᠤ ᠤᠰᠤᠨ ᠤ ᠡᠬᠢ ᠪᠠᠶᠠᠯᠢᠭ ᠢ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠰᠢᠰᠲ᠋ᠧᠮ ᠳᠤ ᠣᠷᠣᠭᠤᠯᠤᠨ᠎ᠠ᠃ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠥᠷᠨᠢᠭᠦᠯᠦᠨ᠎ᠡ᠃ ᠤᠰᠤᠨ ᠤ ᠲᠣᠣᠷ ᠪᠣᠯᠣᠨ ᠤᠰᠤᠨ ᠰᠢᠰᠲ᠋ᠧᠮ ᠢ ᠬᠤᠯᠪᠣᠨ ᠨᠡᠪᠲᠡᠷᠡᠭᠦᠯᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤ ᠬᠠᠳᠠᠭᠠᠯᠠᠬᠤ᠂ ᠤᠰᠤ ᠲᠣᠬᠢᠷᠠᠭᠤᠯᠬᠤ ᠢᠨᠵᠧᠨᠧᠷᠢᠩ ᠢ ᠬᠡᠷᠡᠭᠵᠢᠭᠦᠯᠵᠦ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠢᠵᠢ ᠪᠦᠷᠢᠳᠦᠭᠦᠯᠬᠦ ᠬᠢᠭᠡᠳ ᠣᠳᠣᠬᠢᠴᠢᠯᠠᠭᠰᠠᠨ ᠥᠭᠡᠷᠡᠴᠢᠯᠡᠨ ᠵᠠᠰᠠᠬᠤ ᠢᠨᠵᠧᠨᠧᠷᠢᠩ ᠢ ᠠᠬᠢᠭᠤᠯᠵᠤ᠂ ᠤᠰᠤᠨ ᠤ ᠡᠬᠢ ᠪᠠᠶᠠᠯᠢᠭ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠥᠨᠳᠥᠷ ᠪᠠᠷᠢᠮᠵᠢᠶᠠᠲᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠶᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠤᠯᠭᠠᠬᠤ︾ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠤᠯᠭᠠᠬᠤ︾ ᠶᠢ ᠴᠢᠩᠭ᠎ᠠ ᠬᠠᠮᠢᠶᠠᠷᠤᠨ ᠡᠵᠡᠮᠳᠡᠵᠦ᠂ 1.7 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠨ᠎ᠠ᠃ ᠬᠤᠵᠢᠷᠯᠢᠭ ᠭᠠᠵᠠᠷ ᠢ ᠵᠠᠰᠠᠵᠤ ᠰᠠᠶᠢᠵᠢᠷᠠᠭᠤᠯᠬᠤ ᠶᠢ ᠠᠬᠢᠭᠤᠯᠵᠤ᠂ ᠪᠣᠷᠣᠳᠣᠬᠤᠢ ᠲᠦᠮᠡᠳ ᠤᠨ ᠲᠠᠯ᠎ᠠ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ᠂ ᠬᠠᠲᠤᠨ ᠭᠤᠣᠯ ᠤᠨ ᠡᠮᠦᠨ᠎ᠡ ᠡᠷᠭᠢ ᠶᠢᠨ ᠤᠰᠤᠯᠠᠯᠲᠠ ᠶᠢᠨ ᠣᠷᠣᠨ ᠳᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠲᠤᠷᠰᠢᠯᠲᠠ ᠶᠢ ᠥᠷᠨᠢᠭᠦᠯᠦᠨ᠎ᠡ᠃ ᠬᠡᠰᠡᠭ ᠪᠤᠰᠠᠭ ᠲᠠᠷᠠᠬᠠᠢ ᠪᠤᠲᠠᠷᠬᠠᠢ ᠲᠠᠷᠢᠶᠠᠨ ᠭᠠᠵᠠᠷ᠂ ︽ᠬᠥᠨᠳᠡᠶᠢᠷᠡᠭᠰᠡᠨ ᠲᠣᠰᠬᠤᠨ︾ ᠤ ᠣᠷᠣᠨ ᠰᠠᠭᠤᠴᠠ ᠶᠢᠨ ᠭᠠᠵᠠᠷ ᠵᠡᠷᠭᠡ ᠶᠢ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠳᠠᠯᠳᠠ ᠬᠦᠴᠦᠨ ᠢ ᠭᠦᠢᠴᠡᠳ ᠠᠭᠤᠳᠠᠯᠤᠨ᠎ᠠ᠃ ᠡᠵᠡᠯᠡᠬᠦ ᠨᠥᠬᠦᠪᠦᠷᠢᠯᠡᠬᠦ ᠶᠢ ᠲᠡᠩᠴᠡᠭᠦᠷᠢᠲᠡᠢ ᠪᠠᠶᠢᠯᠭᠠᠬᠤ ᠨᠡᠷ᠎ᠡ ᠪᠠᠷ ᠪᠡᠯᠴᠢᠭᠡᠷ᠂ ᠰᠢᠭᠤᠶᠢᠲᠤ ᠭᠠᠵᠠᠷ᠂ ᠭᠤᠣᠯ ᠮᠥᠷᠡᠨ ᠨᠠᠭᠤᠷ ᠪᠦᠷᠢᠳᠦ ᠨᠤᠭᠤ ᠭᠠᠵᠠᠷ ᠵᠡᠷᠭᠡ ᠶᠢ ᠲᠠᠷᠢᠶᠠᠨ ᠭᠠᠵᠠᠷ ᠪᠣᠯᠭᠠᠨ ᠬᠤᠪᠢᠷᠠᠭᠤᠯᠬᠤ ᠶᠢ ᠴᠢᠩᠭ᠎ᠠ ᠴᠠᠭᠠᠵᠠᠯᠠᠵᠤ᠂ ᠤᠰᠤᠨ ᠤ ᠡᠬᠢ ᠪᠠᠶᠠᠯᠢᠭ ᠤᠨ ᠳᠠᠭᠠᠭᠠᠴᠠ ᠶᠢ ᠦᠨᠳᠦᠰᠦᠯᠡᠨ ᠲᠠᠷᠢᠶᠠᠯᠠᠩ ᠮᠠᠯ ᠠᠵᠤ ᠠᠬᠤᠢ ᠰᠣᠯᠪᠢᠴᠠᠭᠰᠠᠨ ᠣᠷᠣᠨ ᠤ ᠳᠣᠣᠷ᠎ᠠ ᠤᠨᠠᠯᠲᠠ ᠲᠠᠢ ᠲᠠᠷᠢᠶᠠᠨ ᠭᠠᠵᠠᠷ ᠢ ᠡᠮᠬᠢ ᠵᠢᠷᠤᠮ ᠲᠠᠢ ᠪᠠᠷ ᠠᠰᠢᠭᠯᠠᠯᠲᠠ ᠠᠴᠠ ᠭᠠᠷᠭᠠᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠢ ᠵᠠᠰᠠᠬᠤ ᠶᠢ ᠴᠢᠩᠭᠠᠳᠬᠠᠵᠤ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠪᠠ ᠪᠣᠷᠳᠣᠭᠤᠷ ᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠳᠡᠯᠭᠡᠷᠡᠭᠦᠯᠵᠦ᠂ ᠲᠠᠷᠢᠶᠠᠨ ᠭᠠᠵᠠᠷ ᠤᠨ ᠶᠠᠰᠤ ᠴᠢᠨᠠᠷ ᠢ ᠤᠷᠲᠤ ᠬᠤᠭᠤᠴᠠᠭ᠎ᠠ ᠪᠠᠷ ᠪᠠᠶᠢᠷᠢ ᠲᠣᠭᠲᠠᠭᠠᠨ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠡᠪᠡᠳᠴᠢᠨ ᠬᠤᠷᠣᠬᠠᠢ ᠶᠢᠨ ᠬᠥᠨᠥᠭᠡᠯ ᠢ ᠬᠢᠨᠠᠨ ᠬᠡᠮᠵᠢᠬᠦ ᠪᠠᠨ ᠴᠢᠩᠭᠠᠳᠬᠠᠨ᠎ᠠ᠃ 2035 ᠣᠨ ᠪᠤᠯᠬᠤ ᠳᠤ᠂ ᠲᠠᠷᠢᠶᠠᠨ ᠭᠠᠵᠠᠷ ᠤᠨ ᠶᠠᠰᠤ ᠴᠢᠨᠠᠷ ᠢ 5.1 ᠳᠡᠰ ᠪᠣᠯᠭᠠᠨ ᠳᠡᠭᠡᠭᠰᠢᠯᠡᠭᠦᠯᠦᠨ᠎ᠡ᠃      ︵ᠳᠣᠯᠤᠭ᠎ᠠ︶ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠰᠡᠷᠭᠦᠭᠡᠬᠦ ᠶᠢ ᠬᠡᠷᠡᠭᠵᠢᠭᠦᠯᠦᠨ᠎ᠡ᠃ ᠠᠮᠢ ᠠᠬᠤᠢ ᠶᠢᠨ ᠴᠢᠳᠠᠮᠵᠢᠲᠤ ᠣᠷᠣᠨ ᠳᠤ ᠲᠦᠰᠢᠭᠯᠡᠨ᠂ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠢ ᠶᠢᠨ ᠪᠦᠰᠡ ᠪᠠ ᠤᠮᠠᠷᠠᠲᠤ ᠶᠢᠨ ᠡᠯᠡᠰᠦᠷᠬᠡᠭᠵᠢᠯ ᠢ ᠰᠡᠷᠭᠡᠶᠢᠯᠡᠬᠦ ᠪᠦᠰᠡ ᠪᠠᠷ ᠭᠤᠣᠯᠳᠠᠯᠭ᠎ᠠ ᠪᠤᠯᠭᠠᠵᠤ᠂ ᠪᠦᠭᠦ ᠣᠷᠣᠨ ᠪᠦᠰᠡ ᠶᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠥᠷᠨᠢᠭᠦᠯᠦᠨ᠎ᠡ᠃ ᠬᠠᠲᠤᠨ ᠭᠤᠣᠯ ᠤᠨ ᠠᠷᠪᠠᠨ ᠶᠡᠭᠡ ᠬᠥᠨᠳᠡᠢ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠭᠠᠵᠠᠷ ᠰᠢᠷᠣᠢ᠂ ᠰᠢᠷ᠎ᠠ ᠬᠥᠷᠥᠰᠥᠲᠦ ᠥᠨᠳᠦᠷᠯᠢᠭ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠳᠤ ᠤᠰᠤ ᠰᠢᠷᠣᠢ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠵᠢᠵᠢᠭ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠶᠡᠭᠡ ᠪᠠᠷ ᠠᠬᠢᠭᠤᠯᠵᠤ᠂ ᠨᠦᠯᠦᠮᠡᠯ ᠭᠠᠵᠠᠷ ᠤᠨ ᠬᠠᠰᠢᠯᠭ᠎ᠠ ︵ᠡᠯᠡᠰᠦ ᠶᠢ ᠬᠠᠰᠢᠬᠤ ᠬᠠᠰᠢᠯᠭ᠎ᠠ︶ ᠶᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠤᠨ᠎ᠠ᠃ ᠲᠡᠦᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠢ ᠵᠢᠴᠢ ᠠᠭᠤᠷᠬᠠᠢ ᠶᠢᠨ ᠬᠠᠶᠠᠭᠳᠠᠮᠠᠯ ᠪᠣᠳᠠᠰ ᠤᠨ ᠬᠥᠮᠥᠷᠭᠡ ᠶᠢᠨ ᠠᠮᠢ ᠠᠬᠤᠢ ᠶᠢ ᠵᠠᠰᠠᠨ ᠰᠡᠷᠭᠦᠭᠡᠬᠦ ᠶᠢ ᠲᠦᠷᠭᠡᠳᠬᠡᠨ᠎ᠡ᠃ ᠤᠯᠠᠭᠠᠨᠰᠤᠬᠠᠢ᠂ ᠬᠤᠷᠴᠢᠨ ᠤ ᠨᠤᠲᠤᠭ ᠪᠡᠯᠴᠢᠭᠡᠷ ᠢ ᠬᠠᠮᠠᠭᠠᠯᠠᠬᠤ ᠪᠠ ᠰᠡᠷᠭᠦᠭᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠲᠠᠯᠠᠨ ᠬᠠᠷ᠎ᠠ ᠠᠭᠤᠯᠠ ᠶᠢᠨ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠷᠭᠡᠳᠬᠡᠨ ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ᠂ ᠪᠠᠷᠠᠭᠤᠨ ᠯᠢᠶᠣᠤᠾᠧ ᠭᠤᠣᠯ ᠤᠨ ᠰᠠᠪᠠ ᠭᠠᠵᠠᠷ᠂ ᠶᠡᠭᠡ ᠬᠢᠩᠭᠠᠨ ᠳᠠᠪᠠᠭ᠎ᠠ ᠶᠢᠨ ᠳᠤᠮᠳᠠ ᠬᠡᠰᠡᠭ ᠨᠤᠨ ᠮᠥᠷᠡᠨ ᠤ ᠡᠬᠢ ᠡᠭᠦᠰᠦᠯ ᠤᠨ ᠣᠷᠣᠨ ᠤ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠡᠷᠭᠦᠭᠡᠨ ᠵᠠᠰᠠᠬᠤ ᠲᠥᠷᠥᠯ ᠵᠦᠢᠯ ᠢ ᠬᠡᠷᠡᠭᠵᠢᠭᠦᠯᠬᠦ ᠪᠠᠷ ᠢᠳᠡᠪᠬᠢᠲᠡᠢ ᠴᠢᠷᠮᠠᠶᠢᠨ᠎ᠠ᠃      ︵ᠨᠠᠢᠮᠠ︶ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠠᠯᠠᠱᠠ ᠠᠭᠤᠯᠠ᠂ ᠳᠠᠯᠠᠨ ᠬᠠᠷ᠎ᠠ ᠠᠭᠤᠯᠠ ᠵᠡᠷᠭᠡ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠳᠬᠡᠵᠦ ᠰᠢᠯᠢᠳᠡᠭᠵᠢᠭᠦᠯᠬᠦ ᠶᠢ ᠠᠬᠢᠭᠤᠯᠤᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠮᠢ ᠠᠬᠤᠢ ᠶᠢᠨ ᠪᠤᠰᠤ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠶᠢ ᠦᠨᠡᠯᠡᠨ ᠵᠢᠱᠢᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠢᠨᠠᠨ ᠰᠢᠨᠵᠢᠬᠦ ᠰᠦᠯᠵᠢᠶ᠎ᠡ ᠪᠠ ᠳ᠋ᠠᠶᠢᠲ᠋ᠠ ᠬᠥᠮᠥᠷᠭᠡ ᠶᠢ ᠪᠠᠶᠢᠭᠤᠯᠤᠨ ᠪᠦᠷᠢᠨᠰᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠲᠡᠷᠢᠭᠦᠨ ᠳᠤ ᠲᠠᠯᠪᠢᠬᠤ ᠣᠷᠣᠨ ᠪᠦᠰᠡ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠠᠮᠢ ᠠᠬᠤᠢ ᠶᠢᠨ ᠰᠢᠰᠲ᠋ᠧᠮ ᠪᠠ ᠭᠤᠣᠯᠳᠠᠯᠭ᠎ᠠ ᠲᠠᠢ ᠳᠦᠷᠰᠦ ᠶᠢᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠪᠠᠶᠢᠴᠠᠭᠠᠨ ᠰᠢᠨᠵᠢᠨ᠎ᠡ᠃ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠪᠠ ᠬᠤᠪᠣᠷ ᠴᠤᠬᠠᠭ ᠤᠰᠠᠳᠤᠮᠠᠷ ᠪᠠᠶᠢᠭ᠎ᠠ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ᠂ ᠪᠠᠶᠢᠭᠠᠯᠢ ᠶᠢᠨ ᠠᠮᠢᠳᠤᠷᠠᠯ ᠤᠨ ᠣᠷᠴᠢᠨ ᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠴᠢᠬᠤᠯᠠ ᠠᠮᠢᠳᠤ ᠪᠣᠳᠠᠰ ᠤᠨ ᠳᠦᠷᠰᠦ ᠶᠢᠨ ᠲᠤᠰ ᠭᠠᠵᠠᠷ ᠲᠤ ᠪᠠ ᠬᠢᠯᠢ ᠠᠯᠤᠰᠯᠠᠨ ᠨᠡᠭᠦᠳᠡᠯᠯᠡᠨ ᠲᠠᠷᠬᠠᠬᠤ ᠠᠮᠢ ᠠᠬᠤᠢ ᠶᠢᠨ ᠬᠤᠩᠭᠢᠯ ᠢ ᠬᠤᠯᠪᠣᠨ ᠨᠠᠪᠲᠠᠷᠡᠭᠦᠯᠵᠦ᠂ ᠤᠰᠠᠳᠤᠮᠠᠷ ᠪᠠᠶᠢᠭ᠎ᠠ ᠬᠡᠭᠡᠷ᠎ᠡ ᠶᠢᠨ ᠠᠮᠢᠲᠠᠨ ᠤᠷᠭᠤᠮᠠᠯ ᠤᠨ ᠥᠷᠭᠡᠳᠬᠡᠨ ᠦᠷᠡᠵᠢᠭᠦᠯᠬᠦ ᠲᠥᠪ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠬᠡᠭᠡᠷ᠎ᠡ ᠶᠢᠨ ᠠᠮᠢᠲᠠᠨ ᠢ ᠬᠠᠤᠯᠢ ᠪᠤᠰᠤ ᠪᠠᠷ ᠠᠷᠠᠯᠵᠢᠶᠠᠯᠠᠬᠤ ᠶᠢ ᠪᠦᠭᠦ ᠲᠠᠯ᠎ᠠ ᠪᠠᠷ ᠴᠠᠭᠠᠵᠠᠯᠠᠵᠤ᠂ ᠡᠯ᠎ᠡ ᠵᠦᠢᠯ ᠤᠨ ᠳᠤᠷ᠎ᠠ ᠪᠠᠷ ᠢᠶᠠᠨ ᠠᠩᠨᠠᠬᠤ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠲᠤ ᠨᠥᠭᠦᠷᠰᠡᠭ ᠬᠤᠲᠠ ᠶᠢ ᠴᠢᠷᠮᠠᠶᠢᠨ ᠪᠠᠶᠢᠭᠤᠯᠤᠨ᠎ᠠ᠃ 2027 ᠣᠨ ᠪᠤᠯᠬᠤ ᠳᠤ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤ ᠲᠦᠷᠦᠯ ᠵᠦᠢᠯ ᠤᠨ ᠲᠤᠭ᠎ᠠ ᠶᠢᠨ ᠬᠠᠮᠠᠭᠠᠯᠠᠯᠲᠠ ᠶᠢᠨ ᠨᠣᠷᠮ᠎ᠠ ᠶᠢ 80% ᠳᠤ ᠬᠦᠷᠭᠡᠵᠦ᠂ ᠤᠯᠤᠰ ᠤᠨ ᠭᠤᠣᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠤᠷᠭᠤᠮᠠᠯ ᠤᠨ ᠲᠦᠷᠦᠯ ᠵᠦᠢᠯ ᠤᠨ ᠲᠤᠭ᠎ᠠ ᠶᠢᠨ ᠬᠠᠮᠠᠭᠠᠯᠠᠯᠲᠠ ᠶᠢᠨ ᠨᠣᠷᠮ᠎ᠠ ᠶᠢ 85% ᠳᠤ ᠬᠦᠷᠭᠡᠨ᠎ᠡ᠃      ᠭᠤᠷᠪᠠ᠂ ᠬᠥᠭᠵᠢᠯᠲᠡ ᠶᠢᠨ ᠠᠷᠭ᠎ᠠ ᠭᠡᠯᠪᠡᠷᠢ ᠶᠢ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠪᠣᠯᠭᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠤᠨ᠎ᠠ      ︵ᠶᠢᠰᠦ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ ᠪᠦᠷᠢᠨᠰᠢᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠥᠭᠵᠢᠯᠲᠡ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠬᠠᠮᠠᠭᠠᠯᠠᠵᠤ ᠰᠡᠷᠭᠦᠭᠡᠬᠦ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠢ ᠶᠢᠨ ᠴᠢᠳᠠᠮᠵᠢ ᠶᠢ ᠪᠠᠭᠤᠷᠠᠭᠤᠯᠬᠤ ᠦᠭᠡᠢ᠂ ᠰᠢᠨᠵᠢ ᠴᠢᠨᠠᠷ ᠢ ᠬᠤᠪᠢᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠢ ᠣᠷᠴᠢᠨ ᠲᠣᠭᠤᠷᠢᠨ ᠤ ᠲᠣᠭᠤᠷᠢᠭ ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠤᠨ ᠲᠥᠷᠥ ᠶᠢᠨ ᠪᠣᠳᠣᠯᠭ᠎ᠠ ᠲᠣᠭᠲᠠᠭᠠᠬᠤ᠂ ᠣᠷᠴᠢᠨ ᠲᠣᠭᠤᠷᠢᠨ ᠤ ᠲᠠᠯ᠎ᠠ ᠪᠠᠷ ᠬᠢ ᠵᠥᠪᠰᠢᠶᠡᠷᠡᠨ ᠣᠷᠣᠭᠤᠯᠬᠤ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠲᠠᠯ᠎ᠠ ᠶᠢᠨ ᠬᠡᠷᠡᠭᠯᠡᠭᠡᠨ ᠢ ᠴᠢᠩᠭᠠᠳᠬᠠᠨ᠎ᠠ᠃ ᠲᠠᠷᠢᠶᠠᠯᠠᠩ ᠤᠨ ᠪᠦᠲᠦᠭᠡᠭᠳᠡᠬᠦᠨ ᠤ ᠭᠤᠣᠯ ᠭᠠᠷᠤᠯᠲᠠ ᠶᠢᠨ ᠣᠷᠣᠨ᠂ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ᠂ ᠬᠤᠲᠠᠴᠢᠯᠠᠭᠰᠠᠨ ᠭᠠᠵᠠᠷ ᠣᠷᠣᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠪᠠᠬᠢᠵᠢᠭᠦᠯᠦᠨ ᠰᠢᠯᠢᠳᠡᠭᠵᠢᠭᠦᠯᠵᠦ᠂ ᠬᠤᠲᠠ ᠶᠢᠨ ᠴᠢᠳᠠᠮᠵᠢᠲᠤ ᠣᠷᠣᠨ ᠢ ᠵᠦᠢ ᠵᠣᠬᠢᠰᠲᠠᠢ ᠲᠥᠯᠥᠪᠵᠢᠭᠦᠯᠵᠦ᠂ ᠨᠠᠩ ᠲᠣᠬᠢᠷᠠᠮᠵᠢᠲᠠᠢ ᠠᠪᠴᠠᠯᠳᠤᠩᠭᠤᠢ ᠣᠷᠣᠨ ᠵᠠᠢ ᠪᠠ ᠡᠵᠡᠯᠡᠬᠦᠨ ᠤ ᠨᠣᠷᠮ᠎ᠠ᠂ ᠨᠠᠩ ᠭᠦᠮᠦᠯᠢᠭᠵᠢᠭᠰᠡᠨ ᠪᠠᠷᠢᠯᠭ᠎ᠠ ᠪᠠ ᠣᠯᠠᠨ ᠨᠡᠶᠢᠲᠡ ᠶᠢᠨ ᠣᠷᠣᠨ ᠵᠠᠢ ᠶᠢᠨ ᠪᠠᠷᠢᠮᠵᠢᠶ᠎ᠠ ᠪᠠᠷ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠭᠦᠷᠡᠰᠦᠲᠥ᠋ᠷᠥᠭᠴᠢ ᠪᠠᠭᠠᠲᠠᠢ ᠬᠤᠲᠠ ᠶᠢ ᠡᠭᠦᠳᠦᠨ ᠪᠠᠶᠢᠭᠤᠯᠤᠨ᠎ᠠ᠃ 2035 ᠣᠨ ᠪᠤᠯᠬᠤ ᠳᠤ᠂ ᠭᠤᠣᠯ ᠴᠣᠭᠴᠠ ᠶᠢᠨ ᠴᠢᠳᠠᠮᠵᠢ ᠢᠯᠡᠷᠬᠡᠢ᠂ ᠳᠠᠪᠠᠭᠤᠯᠢᠭ ᠢᠶᠠᠨ ᠪᠠᠳᠠᠷᠠᠭᠤᠯᠵᠤ ᠬᠠᠷᠢᠯᠴᠠᠨ ᠨᠥᠬᠦᠪᠦᠷᠢᠯᠡᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠦᠭᠦ ᠲᠠᠯ᠎ᠠ ᠪᠠᠷ ᠪᠦᠷᠢᠯᠳᠦᠭᠦᠯᠦᠨ᠎ᠡ᠃      ︵ᠠᠷᠪᠠ︶ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠤᠯᠤᠰ ᠤᠨ ᠪᠣᠬᠢᠷᠳᠤᠯ ᠦᠭᠡᠢ ᠠᠵᠤ ᠦᠢᠯᠡᠰ ᠤᠨ ᠵᠢᠱᠢᠶ᠎ᠡ ᠦᠵᠡᠭᠦᠯᠭᠦ ᠰᠠᠭᠤᠷᠢᠨ ᠢ ᠢᠳᠡᠪᠬᠢᠲᠡᠢ ᠡᠭᠦᠳᠦᠨ ᠪᠠᠶᠢᠭᠤᠯᠵᠤ᠂ ᠨᠡᠭᠦᠷᠡᠰᠦ ᠵᠡᠷᠭᠡ ᠴᠢᠯᠠᠭᠤᠵᠢᠮᠠᠯ ᠡᠨᠧᠷᠭᠢ ᠶᠢ ᠴᠡᠪᠡᠷ ᠨᠡᠭᠦᠷᠡᠰᠦᠲᠥ᠋ᠷᠥᠭᠴᠢ ᠪᠠᠭᠠᠲᠠᠢ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠶᠡᠭᠡ ᠪᠠᠷ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠲᠦᠷᠭᠡᠯᠡᠨ ᠪᠣᠶᠢᠵᠢᠭᠤᠯᠵᠤ ᠬᠥᠭᠵᠢᠭᠦᠯᠦᠨ᠎ᠡ᠃ ᠴᠠᠭᠢᠯᠭᠠᠨ ᠬᠦᠴᠦᠨ᠂ ᠪᠣᠯᠣᠳ ᠲᠡᠮᠦᠷ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠢ ᠳᠡᠭᠡᠳᠦ ᠳᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠥᠭᠡᠶᠢᠵᠢᠭᠦᠯᠭᠦ᠂ ᠪᠦᠯᠦᠭᠵᠢᠭᠦᠯᠬᠦ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ︽ᠬᠤᠶᠠᠷ ᠥᠨᠳᠥᠷ ᠨᠢᠭᠡ ᠳᠣᠣᠷ᠎ᠠ︾ ᠲᠥᠷᠥᠯ ᠵᠦᠢᠯ ᠢ ᠰᠣᠬᠤᠷ ᠪᠠᠯᠠᠢ ᠪᠠᠷ ᠡᠬᠢᠯᠡᠭᠦᠯᠬᠦ ᠶᠢ ᠡᠷᠡᠰ ᠬᠤᠷᠢᠭᠯᠠᠵᠤ᠂ ᠪᠣᠬᠢᠷᠳᠤᠯ ᠦᠭᠡᠢ ᠦᠢᠯᠡᠳᠬᠦ ᠶᠢ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠪᠠ ᠡᠨᠧᠷᠭᠢ ᠠᠷᠪᠢᠯᠠᠨ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠳᠤᠯ ᠦᠭᠡᠢ ᠴᠠᠭᠢᠯᠭᠠᠨ ᠢᠶᠠᠷ ᠣᠷᠣᠯᠠᠭᠤᠯᠬᠤ᠂ ᠪᠣᠬᠢᠷᠳᠤᠯ ᠦᠭᠡᠢ ᠤᠷᠠᠨ ᠮᠡᠷᠭᠡᠰᠢᠯ ᠢ ᠬᠡᠷᠡᠭᠯᠡᠬᠦ᠂ ᠪᠣᠬᠢᠷᠳᠤᠯ ᠦᠭᠡᠢ ᠮᠠᠲ᠋ᠧᠷᠢᠶᠠᠯ ᠢ ᠬᠡᠷᠡᠭᠯᠡᠬᠦ ᠶᠢ ᠵᠣᠷᠢᠭᠵᠢᠭᠤᠯᠵᠤ᠂ ᠪᠣᠬᠢᠷᠳᠤᠯ ᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠨᠡᠩ ᠣᠯᠠᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠪᠠᠭᠠᠲᠠᠢ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃ 2035 ᠣᠨ ᠪᠤᠯᠬᠤ ᠳᠤ᠂ ᠪᠣᠬᠢᠷᠳᠤᠯ ᠦᠭᠡᠢ ᠦᠢᠯᠡᠳᠬᠦ ᠦᠢᠯᠡᠰ ᠢ ᠲᠡᠷᠢᠭᠦᠨ ᠤ ᠲᠦᠪᠰᠢᠨ ᠳᠤ ᠬᠦᠷᠭᠡᠵᠦ᠂ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠠᠵᠤ ᠦᠢᠯᠡᠰ ᠤᠨ ᠪᠦᠲᠦᠴᠡ ᠪᠠ ᠦᠢᠯᠡᠳᠪᠦᠷᠢᠯᠡᠯ ᠤᠨ ᠠᠷᠭ᠎ᠠ ᠭᠡᠯᠪᠡᠷᠢ ᠶᠢ ᠪᠦᠭᠦ ᠲᠠᠯ᠎ᠠ ᠪᠠᠷ ᠪᠦᠷᠢᠯᠳᠦᠭᠦᠯᠦᠨ᠎ᠡ᠃      ︵ᠠᠷᠪᠠᠨ ᠨᠢᠭᠡ︶ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠲᠣᠮᠣ ᠭᠡᠯᠪᠡᠷᠢ ᠶᠢᠨ ᠰᠠᠯᠬᠢ ᠭᠡᠷᠡᠯ ᠤᠨ ᠡᠨᠧᠷᠭᠢ ᠶᠢᠨ ᠰᠠᠭᠤᠷᠢᠨ ᠪᠠ ᠳᠠᠭᠠᠭᠠᠴᠠ ᠠᠴᠠ ᠬᠡᠲᠦᠷᠡᠭᠰᠡᠨ ᠡᠨᠧᠷᠭᠢ ᠶᠢ ᠲᠣᠣᠷ ᠲᠤ ᠨᠥᠭᠡᠴᠡᠯᠡᠬᠦ᠂ ᠰᠠᠯᠬᠢ ᠭᠡᠷᠡᠯ ᠤᠨ ᠡᠨᠧᠷᠭᠢ ᠪᠠᠷ ᠤᠰᠤᠲᠥ᠋ᠷᠥᠭᠴᠢ ᠦᠢᠯᠡᠳᠬᠦ ᠵᠡᠷᠭᠡ ᠲᠠᠯᠠᠪᠤᠷ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠠᠯᠬᠢ ᠭᠡᠷᠡᠯ ᠤᠨ ᠡᠨᠧᠷᠭᠢ ᠶᠢ ᠤᠰᠤᠲᠥ᠋ᠷᠥᠭᠴᠢᠵᠢᠭᠦᠯᠦᠨ ᠬᠠᠳᠠᠭᠠᠯᠠᠬᠤ ᠠᠵᠤ ᠦᠢᠯᠡᠰ ᠤᠨ ᠪᠦᠯᠦᠭᠵᠢᠯ ᠪᠠ ᠭᠦᠭᠡᠬᠤᠲᠠ ᠪᠤᠭᠤᠲᠤ ᠣᠷᠳᠣᠰ ᠲᠦᠩᠯᠢᠶᠣᠣ ᠶᠢᠨ ᠲᠣᠨᠤᠭ ᠲᠥᠬᠦᠭᠡᠷᠦᠮᠵᠢ ᠦᠢᠯᠡᠳᠬᠦ ᠰᠠᠭᠤᠷᠢᠨ ᠢ ᠲᠥᠪᠯᠡᠷᠡᠭᠦᠯᠦᠨ ᠪᠦᠲᠦᠭᠡᠨ ᠪᠠᠶᠢᠭᠤᠯᠤᠨ᠎ᠠ᠃ ᠠᠮᠢᠳᠤᠯᠢᠭ ᠴᠠᠭᠢᠯᠭᠠᠨ ᠲᠣᠣᠷ ᠤᠨ ᠢᠨᠵᠧᠨᠧᠷᠢᠩ ᠢ ᠬᠡᠷᠡᠭᠵᠢᠭᠦᠯᠵᠦ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠦᠲᠦᠭᠡᠨ ᠪᠠᠶᠢᠭᠤᠯᠵᠤ᠂ ᠣᠷᠳᠣᠰ᠂ ᠰᠢᠯᠢ ᠶᠢᠨ ᠭᠤᠣᠯ᠂ ᠲᠦᠩᠯᠢᠶᠣᠣ᠂ ᠬᠥᠯᠥᠨ ᠪᠤᠶᠢᠷ ᠵᠡᠷᠭᠡ ᠭᠠᠵᠠᠷ ᠤᠨ ᠨᠢᠭᠡᠨᠲᠡ ᠪᠦᠲᠦᠭᠡᠨ ᠪᠠᠶᠢᠭᠤᠯᠤᠭᠰᠠᠨ ᠣᠨᠴᠠ ᠥᠨᠳᠥᠷ ᠬᠦᠴᠦᠳᠡᠯᠲᠦ ᠨᠡᠪᠲᠡᠷᠡᠬᠦ ᠵᠠᠮ ᠢᠶᠠᠷ ᠭᠠᠳᠠᠭᠰᠢ ᠬᠦᠷᠭᠡᠬᠦ ᠰᠢᠨ᠎ᠡ ᠡᠨᠧᠷᠭᠢ ᠶᠢᠨ ᠴᠠᠭᠢᠯᠭᠠᠨ ᠤ ᠬᠡᠮᠵᠢᠶ᠎ᠡ ᠶᠢᠨ ᠬᠡᠪᠴᠢᠶ᠎ᠡ ᠶᠢ ᠥᠷᠭᠡᠳᠬᠡᠵᠦ᠂ ᠪᠣᠬᠢᠷᠳᠤᠯ ᠦᠭᠡᠢ ᠴᠠᠭᠢᠯᠭᠠᠨ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠳᠣᠰ ᠤᠨ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠵᠢᠱᠢᠶ᠎ᠡ ᠦᠵᠡᠭᠦᠯᠭᠦ ᠣᠷᠣᠨ ᠢ ᠪᠦᠲᠦᠭᠡᠨ ᠪᠠᠶᠢᠭᠤᠯᠬᠤ ᠶᠢ ᠳᠡᠮᠵᠢᠵᠦ᠂ ᠪᠤᠭᠤᠲᠤ ᠶᠢᠨ ᠳᠡᠯᠡᠬᠡᠢ ᠶᠢᠨ ︽ᠬᠤᠪᠣᠷ ᠰᠢᠷᠣᠢ ᠶᠢᠨ ᠬᠤᠲᠠ︾᠂ ︽ᠪᠣᠬᠢᠷᠳᠤᠯ ᠦᠭᠡᠢ ᠴᠠᠬᠢᠭᠤᠷ ᠤᠨ ᠬᠤᠲᠠ︾ ᠶᠢ ᠡᠭᠦᠳᠦᠨ ᠪᠠᠶᠢᠭᠤᠯᠬᠤ ᠶᠢ ᠳᠡᠮᠵᠢᠵᠦ᠂ ᠰᠢᠯᠢ ᠶᠢᠨ ᠭᠤᠣᠯ᠂ ᠠᠯᠠᠱᠠ᠂ ᠣᠷᠳᠣᠰ᠂ ᠪᠠᠶᠠᠨᠨᠠᠭᠤᠷ ᠤᠨ ᠲᠣᠮᠣ ᠭᠡᠯᠪᠡᠷᠢ ᠶᠢᠨ ᠰᠢᠨ᠎ᠡ ᠡᠨᠧᠷᠭᠢ ᠶᠢᠨ ᠰᠠᠭᠤᠷᠢᠨ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠴᠢᠩᠭᠠᠳᠬᠠᠵᠤ᠂ ᠡᠨᠧᠷᠭᠢ ᠶᠢᠨ ᠰᠢᠨ᠎ᠡ ᠮᠡᠷᠭᠡᠵᠢᠯ ᠤᠨ ᠬᠡᠷᠡᠭᠯᠡᠭᠡᠨ ᠤ ᠥᠨᠳᠦᠷᠯᠢᠭ ᠢ ᠵᠠᠪᠳᠤᠨ ᠡᠵᠡᠯᠡᠨ᠎ᠡ᠃      ︵ᠠᠷᠪᠠᠨ ᠬᠤᠶᠠᠷ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠪᠣᠬᠢᠷᠳᠤᠯ ᠦᠭᠡᠢ ᠪᠥᠭᠡᠳ ᠨᠡᠭᠦᠷᠡᠰᠦᠳᠦ᠋ᠷᠦᠭᠴᠢ ᠪᠠᠭᠠᠲᠠᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠎ᠡ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢ ᠰᠢᠯᠢᠳᠡᠭᠵᠢᠭᠦᠯᠵᠦ᠂ ᠴᠠᠭᠢᠯᠭᠠᠨ ᠤ ᠦᠢᠯᠡᠳᠪᠦᠷᠢ ᠶᠢᠨ ︽ᠵᠠᠰᠠᠮᠠᠯ ᠵᠠᠮ ᠠᠴᠠ ᠲᠡᠮᠦᠷ ᠵᠠᠮ ᠤᠨ ᠲᠡᠭᠡᠭᠡᠪᠦᠷᠢ ᠪᠤᠯᠭᠠᠬᠤ︾ ᠪᠦᠷᠬᠦᠴᠡ ᠶᠢᠨ ᠬᠡᠪᠴᠢᠶ᠎ᠡ ᠶᠢ ᠥᠷᠭᠡᠳᠬᠡᠨ᠂ ᠲᠡᠮᠦᠷ ᠵᠠᠮ ᠤᠨ ᠲᠤᠰᠬᠠᠢ ᠱᠤᠭᠤᠮ ᠤᠨ ᠲᠣᠮᠣ ᠭᠡᠯᠪᠡᠷᠢ ᠶᠢᠨ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ ᠣᠷᠣᠬᠤ ᠶᠢ ᠠᠬᠢᠭᠤᠯᠵᠤ᠂ ︽ᠰᠢᠨ᠎ᠡ ᠡᠨᠧᠷᠭᠢ + ᠵᠠᠳᠠᠭᠠᠢ ᠶᠢ ᠴᠢᠩᠭᠡᠯᠢᠭ ᠪᠤᠯᠭᠠᠬᠤ︾ ᠲᠡᠭᠡᠭᠡᠪᠦᠷᠢ ᠶᠢᠨ ᠵᠠᠭᠪᠤᠷ ᠢ ᠳᠡᠯᠭᠡᠷᠡᠭᠦᠯᠦᠨ᠎ᠡ᠃ ᠵᠠᠰᠠᠮᠠᠯ ᠵᠠᠮ ᠢᠶᠠᠷ ᠨᠡᠭᠦᠷᠡᠰᠦ ᠲᠡᠭᠡᠭᠡᠪᠦᠷᠢᠯᠡᠬᠦ ᠳᠤ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠪᠠᠨ ᠴᠢᠩᠭᠠᠳᠬᠠᠵᠤ᠂ ᠰᠡᠶᠢᠷᠡᠭ ᠰᠢᠲᠠᠭᠠᠬᠤ ᠮᠡᠷᠭᠡᠵᠢᠯ ᠢ ᠬᠡᠷᠡᠭᠯᠡᠵᠦ ᠪᠠᠶᠢᠭ᠎ᠠ ᠰᠢᠲᠠᠮᠠᠬᠠᠢ ᠬᠡᠢ ᠬᠡᠷᠡᠭᠯᠡᠬᠦ ᠪᠠᠷᠠᠭᠠᠨ ᠤ ᠲᠡᠷᠭᠡ ᠪᠣᠯᠣᠨ ᠨᠢᠭᠡᠳᠦᠭᠡᠷ ᠱᠠᠲᠤ ᠦᠶ᠎ᠡ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠵᠠᠮ ᠬᠠᠷᠢᠯᠴᠠᠭᠠᠨ ᠤ ᠪᠤᠰᠤ ᠰᠢᠯᠵᠢᠭᠡ ᠮᠠᠰᠢᠨ ᠮᠧᠬᠠᠨᠢᠭ ᠢ ᠲᠦᠷᠭᠡᠳᠬᠡᠨ ᠰᠢᠭᠰᠢᠭᠳᠡᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠵᠦ᠂ ᠴᠠᠭᠢᠯᠭᠠᠨ ᠴᠡᠨᠡᠭᠯᠡᠬᠦ ᠱᠣᠩ ᠤᠨ ᠪᠦᠲᠦᠭᠡᠨ ᠪᠠᠶᠢᠭᠤᠯᠤᠯᠲᠠ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠲᠣᠰᠣ ᠬᠡᠢ ᠤᠰᠤᠲᠥ᠋ᠷᠥᠭᠴᠢ ᠴᠠᠭᠢᠯᠭᠠᠨ ᠤ ᠶᠡᠷᠦᠩᠬᠡᠶᠢᠯᠡᠭᠰᠡᠨ ᠡᠨᠧᠷᠭᠢ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠭᠦᠭᠡᠬᠤᠲᠠ᠂ ᠪᠤᠭᠤᠲᠤ᠂ ᠤᠯᠠᠭᠠᠨᠴᠠᠪ᠂ ᠣᠷᠳᠣᠰ ᠵᠡᠷᠭᠡ ᠭᠤᠣᠯᠳᠠᠯᠭ᠎ᠠ ᠲᠠᠢ ᠭᠠᠵᠠᠷ ᠣᠷᠣᠨ ᠤ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠳᠠᠬᠢ ᠰᠢᠨ᠎ᠡ ᠪᠠᠷ ᠨᠡᠮᠡᠭᠳᠡᠭᠰᠡᠨ ᠪᠤᠶᠤ ᠰᠢᠨᠡᠳᠬᠡᠭᠰᠡᠨ ᠨᠡᠶᠢᠲᠡ ᠶᠢᠨ ᠮᠠᠰᠢᠨ ᠲᠡᠷᠭᠡᠨ ᠤ ᠳᠣᠲᠣᠷᠠᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 50% ᠠᠴᠠ ᠳᠣᠣᠷ᠎ᠠ ᠪᠠᠶᠢᠯᠭᠠᠬᠤ ᠦᠭᠡᠢ᠃ 2027 ᠣᠨ ᠪᠤᠯᠬᠤ ᠳᠤ᠂ ᠰᠢᠨ᠎ᠡ ᠪᠠᠷ ᠨᠡᠮᠡᠭᠳᠡᠬᠦ ᠮᠠᠰᠢᠨ ᠲᠡᠷᠭᠡ ︵ᠪᠠᠷᠠᠭᠠᠨ ᠤ ᠲᠡᠷᠭᠡ ᠪᠠᠭᠲᠠᠬᠤ ᠦᠭᠡᠢ︶ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 35% ᠳᠤ ᠭᠦᠷᠭᠡᠨ᠎ᠡ︔ 2035 ᠣᠨ ᠪᠤᠯᠬᠤ ᠳᠤ᠂ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ ᠶᠡᠷᠦᠩᠬᠡᠢ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠳᠤ ᠡᠵᠡᠯᠡᠬᠦ ᠬᠠᠷᠢᠴᠠᠯ ᠢ 60% ᠠᠴᠠ ᠳᠡᠭᠡᠭᠰᠢ ᠳᠤ ᠬᠦᠷᠭᠡᠨ᠎ᠡ᠃      ︵ᠠᠷᠪᠠᠨ ᠭᠤᠷᠪᠠ︶ ᠠᠮᠢ ᠠᠬᠤᠢ ᠶᠢᠨ ᠦᠢᠯᠡᠳᠬᠦᠨ ᠤ ᠥᠷᠲᠡᠭ ᠢ ᠣᠨᠳᠣᠣᠰᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠪᠡᠰᠦᠨ ᠤ ᠠᠵᠤ ᠦᠢᠯᠡᠰ᠂ ᠣᠶ ᠳᠣᠲᠣᠷᠠᠬᠢ ᠠᠵᠤ ᠠᠬᠤᠢ᠂ ᠡᠯᠡᠰᠦᠨ ᠤ ᠠᠵᠤ ᠦᠢᠯᠡᠰ ᠢ ᠬᠠᠨᠳᠤᠯᠭᠠᠲᠤ ᠴᠢᠨᠠᠷᠲᠠᠢ ᠪᠠᠷ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠠᠮᠢ ᠠᠬᠤᠢ ᠶᠢᠨ ᠦᠢᠯᠡᠳᠬᠦᠨ ᠢ ᠬᠢᠨᠠᠨ ᠰᠢᠨᠵᠢᠬᠦ ᠪᠠ ᠥᠷᠲᠡᠭ ᠤᠨ ᠲᠣᠭᠠᠴᠠᠭ᠎ᠠ ᠬᠢᠬᠦ ᠲᠣᠭᠲᠠᠴᠠ ᠶᠢ ᠪᠠᠶᠢᠭᠤᠯᠵᠤ᠂ ᠠᠮᠢ ᠠᠬᠤᠢ ᠶᠢᠨ ᠦᠢᠯᠡᠳᠬᠦᠨ ᠤ ᠮᠡᠳᠡᠭᠡ ᠵᠠᠩᠭᠢ ᠶᠢᠨ ᠨᠡᠶᠢᠳᠡᠮ ᠤᠨ ᠪᠠᠶᠢᠴᠠᠭᠠᠯᠲᠠ ᠪᠠ ᠪᠠᠶᠢᠭᠠᠯᠢ ᠶᠢᠨ ᠡᠬᠢ ᠪᠠᠶᠠᠯᠢᠭ ᠤᠨ ᠡᠷᠬᠡ ᠶᠢ ᠨᠢᠭᠡᠳᠦᠯᠲᠡᠢ ᠨᠤᠲᠠᠯᠠᠨ ᠲᠣᠭᠲᠠᠭᠠᠵᠤ ᠳᠡᠩᠰᠡᠯᠡᠨ ᠲᠡᠮᠳᠡᠭᠯᠡᠨ᠎ᠡ᠃ ᠣᠷᠣᠨ ᠪᠦᠰᠡ ᠶᠢᠨ ᠠᠮᠢ ᠠᠬᠤᠢ ᠶᠢᠨ ᠲᠦᠷᠦᠯ ᠲᠡᠮᠳᠡᠭ ᠤᠨ ᠪᠠᠶᠢᠭᠤᠯᠤᠯᠲᠠ ᠶᠢᠨ ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ︽ᠳᠤᠮᠳᠠᠳᠤ ᠤᠯᠤᠰ ᠤᠨ ᠪᠠᠶᠢᠭᠠᠯᠢᠯᠢᠭ ᠬᠦᠴᠢᠯᠲᠥ᠋ᠷᠥᠭᠴᠢ ᠶᠢᠨ ᠪᠠᠭᠠᠷ︾᠂ ︽ᠵᠤᠰᠠᠯᠠᠩ ᠤᠨ ᠵᠢᠭᠤᠯᠴᠢᠯᠠᠯ ᠤᠨ ᠬᠠᠷᠠᠯᠲᠠᠲᠤ ᠣᠷᠣᠨ︾᠂ ︽ᠳᠤᠮᠳᠠᠳᠤ ᠤᠯᠤᠰ ᠤᠨ ᠰᠠᠭᠤᠷᠢᠰᠢᠬᠤ ᠳᠤ ᠲᠣᠬᠢᠷᠠᠮᠵᠢᠲᠠᠢ ᠬᠤᠲᠠ︾ ᠵᠡᠷᠭᠡ ᠠᠮᠢ ᠠᠬᠤᠢ ᠶᠢᠨ ᠲᠦᠷᠦᠯ ᠲᠡᠮᠳᠡᠭ ᠢ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠵᠤ᠂ ᠣᠶ ᠰᠢᠭᠤᠢ ᠳᠠᠬᠢ ᠡᠷᠡᠭᠦᠯᠵᠢᠯ ᠰᠤᠪᠢᠯᠠᠯᠲᠠ᠂ ᠮᠥᠰᠥ ᠴᠠᠰᠤᠨ ᠤ ᠵᠢᠭᠤᠯᠴᠢᠯᠠᠯ᠂ ᠡᠯᠡᠰᠦᠨ ᠴᠥᠯ ᠤᠨ ᠵᠢᠭᠤᠯᠴᠢᠯᠠᠯ ᠵᠡᠷᠭᠡ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠦᠢᠯᠡᠰ ᠢ ᠢᠳᠡᠪᠬᠢᠲᠡᠢ ᠪᠣᠶᠢᠵᠢᠭᠤᠯᠤᠨ᠎ᠠ᠃      ︵ᠠᠷᠪᠠᠨ ᠳᠥᠷᠪᠡ︶ ᠡᠬᠢ ᠪᠠᠶᠠᠯᠢᠭ ᠢ ᠠᠷᠪᠢᠲᠠᠢ ᠡᠷᠴᠢᠮᠵᠢᠭᠦᠯᠦᠨ ᠠᠰᠢᠭᠯᠠᠬᠤ ᠶᠢ ᠶᠡᠭᠡ ᠪᠠᠷ ᠠᠬᠢᠭᠤᠯᠤᠨ᠎ᠠ᠃ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠪᠣᠯᠣᠨ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠡᠨᠧᠷᠭᠢ ᠠᠷᠪᠢᠯᠠᠬᠤ ᠮᠡᠷᠭᠡᠵᠢᠯ᠂ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠭᠠᠵᠠᠷ ᠰᠢᠷᠣᠢ ᠠᠷᠪᠢᠯᠠᠬᠤ ᠵᠠᠭᠪᠤᠷ ᠢ ᠶᠡᠭᠡ ᠪᠠᠷ ᠳᠡᠯᠭᠡᠷᠡᠭᠦᠯᠵᠦ᠂ ᠨᠡᠮᠡᠭᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠬᠠᠳᠠᠭᠠᠯᠠᠭᠳᠠᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠬᠠᠮᠠᠭᠠᠯᠠᠬᠤ᠂ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠳᠠᠭᠠᠯᠲᠠ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠠ ᠦᠯᠡᠳᠡᠭᠳᠡᠯ ᠬᠦᠳᠡᠷ ᠢ ᠡᠭᠡᠭᠦᠯᠦᠨ ᠬᠤᠷᠢᠶᠠᠵᠤ ᠠᠰᠢᠭᠯᠠᠬᠤ ᠶᠢ ᠠᠬᠢᠭᠤᠯᠵᠤ᠂ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠭᠦᠭᠡᠬᠤᠲᠠ ᠶᠢᠨ ᠤᠯᠤᠰ ᠤᠨ ᠬᠠᠶᠠᠭᠳᠠᠮᠠᠯ ᠬᠠᠭᠤᠴᠢᠨ ᠡᠳ᠋ ᠪᠠᠷᠠᠭ᠎ᠠ ᠶᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠶᠢᠨ ᠭᠤᠣᠯᠳᠠᠯᠭ᠎ᠠ ᠲᠠᠢ ᠬᠤᠲᠠ᠂ ᠦᠬᠠᠢ ᠬᠤᠲᠠ᠂ ᠪᠤᠭᠤᠲᠤ ᠬᠤᠲᠠ ᠶᠢᠨ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠡᠳ᠋ ᠢ ᠶᠡᠷᠦᠩᠬᠡᠶᠢᠯᠡᠨ ᠠᠰᠢᠭᠯᠠᠬᠤ ᠵᠢᠱᠢᠶ᠎ᠡ ᠦᠵᠡᠭᠦᠯᠭᠦ ᠰᠠᠭᠤᠷᠢᠨ᠂ ᠲᠣᠭᠲᠠᠬᠤ ᠰᠢᠶᠠᠨ᠂ ᠤᠷᠠᠳ ᠤᠨ ᠡᠮᠦᠨᠡᠲᠦ ᠬᠤᠰᠢᠭᠤ ᠶᠢᠨ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠰᠠᠭᠤᠷᠢᠨ ᠢ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠭᠤᠣᠯᠳᠠᠯᠭ᠎ᠠ ᠲᠠᠢ ᠠᠵᠢᠯ ᠲᠦᠷᠦᠯ ᠤᠨ ᠠᠯᠪᠠᠳᠠᠯᠭ᠎ᠠ ᠶᠢᠨ ᠴᠢᠨᠠᠷᠲᠠᠢ ᠪᠠᠷ ᠴᠡᠪᠡᠷ ᠦᠢᠯᠡᠳᠪᠦᠷᠢᠯᠡᠬᠦ ᠶᠢ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠠᠵᠤ ᠦᠢᠯᠡᠳᠪᠦᠷᠢ ᠠᠵᠤ ᠠᠬᠤᠶᠢᠯᠠᠯ ᠤᠨ ᠮᠠᠲ᠋ᠧᠷᠢᠶᠠᠯ ᠠᠷᠪᠢᠯᠠᠬᠤ᠂ ᠡᠨᠧᠷᠭᠢ ᠠᠷᠪᠢᠯᠠᠬᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠲᠦᠯᠬᠢᠨ ᠠᠬᠢᠭᠤᠯᠤᠨ᠎ᠠ᠃ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠠᠬᠢᠭᠤᠯᠵᠤ᠂ 2025 ᠣᠨ ᠤ ᠵᠢᠯ ᠤᠨ ᠡᠴᠦᠰ ᠠᠴᠠ ᠡᠮᠦᠨ᠎ᠡ ᠪᠦᠭᠦ ᠣᠷᠣᠨ ᠤ 80% ᠠᠴᠠ ᠳᠡᠭᠡᠭᠰᠢᠬᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ 2035 ᠣᠨ ᠪᠤᠯᠬᠤ ᠳᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠦᠷ᠎ᠡ ᠪᠦᠲᠦᠮᠵᠢ ᠶᠢ ᠪᠦᠭᠦ ᠤᠯᠤᠰ ᠤᠨ ᠠᠳᠠᠯᠢ ᠲᠦᠷᠦᠯ ᠤᠨ ᠭᠠᠵᠠᠷ ᠣᠷᠣᠨ ᠤ ᠲᠡᠷᠢᠭᠦᠨ ᠤ ᠲᠦᠪᠰᠢᠨ ᠳᠤ ᠬᠦᠷᠭᠡᠨ᠎ᠡ᠃      ᠳᠥᠷᠪᠡ᠂ ᠦᠵᠡᠰᠬᠦᠯᠡᠩᠲᠦ ᠰᠠᠶᠢᠬᠠᠨ ᠬᠤᠲᠠ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠲᠦᠷᠭᠡᠳᠬᠡᠨ ᠪᠠᠶᠢᠭᠤᠯᠤᠨ᠎ᠠ      ︵ᠠᠷᠪᠠᠨ ᠲᠠᠪᠤ︶ ᠦᠵᠡᠰᠬᠦᠯᠡᠩᠲᠦ ᠰᠠᠶᠢᠬᠠᠨ ᠬᠤᠲᠠ ᠶᠢ ᠪᠦᠲᠦᠭᠡᠨ ᠪᠠᠶᠢᠭᠤᠯᠤᠨ᠎ᠠ᠃ ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠬᠤᠲᠠ ᠪᠠᠯᠭᠠᠰᠤ ᠶᠢᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠵᠦ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠦᠭᠦ ᠣᠷᠣᠨ ᠤ ᠬᠤᠲᠠ ᠪᠠᠯᠭᠠᠰᠤ ᠶᠢᠨ ᠶᠡᠷᠦᠩᠬᠡᠢ ᠲᠥᠯᠦᠪᠵᠢᠭᠦᠯᠭᠡ ᠶᠢᠨ ᠣᠷᠣᠨ ᠤ ᠳᠣᠲᠣᠷ᠎ᠠ ᠠᠷᠠᠳ ᠤᠨ ᠬᠡᠷᠡᠭᠯᠡᠭᠡᠨ ᠤ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠪᠠᠷᠢᠯᠭ᠎ᠠ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠭᠦ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠤᠭᠰᠠᠷᠠᠮᠠᠯ ᠮᠠᠶ᠋ᠢᠭ ᠤᠨ ᠪᠠᠷᠢᠯᠭ᠎ᠠ ᠶᠢ ᠬᠥᠭᠵᠢᠭᠦᠯᠬᠦ ᠵᠡᠷᠭᠡ ᠠᠵᠢᠯ ᠢ ᠰᠠᠶᠢᠲᠤᠷ ᠠᠳᠬᠤᠨ᠎ᠠ᠃ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠤᠲᠠ ᠪᠠᠯᠭᠠᠰᠤ᠂ ᠤᠯᠤᠰ ᠤᠨ ᠴᠡᠴᠡᠷᠯᠢᠭᠵᠢᠭᠰᠡᠨ ᠬᠤᠲᠠ᠂ ᠤᠯᠤᠰ ᠤᠨ ᠰᠢᠭᠤᠶᠢᠲᠤ ᠬᠤᠲᠠ ᠶᠢ ᠢᠳᠡᠪᠬᠢᠲᠡᠢ ᠪᠠᠷ ᠡᠭᠦᠳᠦᠨ ᠪᠠᠶᠢᠭᠤᠯᠤᠨ᠎ᠠ᠃ 2035 ᠣᠨ ᠪᠤᠯᠬᠤ ᠳᠤ᠂ ᠬᠤᠲᠠ ᠶᠢᠨ ᠪᠠᠷᠢᠯᠭ᠎ᠠ ᠳᠤ ᠪᠦᠭᠦ ᠲᠠᠯ᠎ᠠ ᠪᠠᠷ ᠴᠡᠪᠡᠷ ᠳᠤᠯᠠᠭᠠᠯᠠᠭ᠎ᠠ ᠬᠠᠩᠭᠠᠬᠤ ᠶᠢ ᠪᠡᠶᠡᠯᠡᠭᠦᠯᠦᠨ᠎ᠡ᠃      ︵ᠠᠷᠪᠠᠨ ᠵᠢᠷᠭᠤᠭ᠎ᠠ︶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ︽ᠮᠢᠩᠭ᠎ᠠ ᠲᠦᠮᠡ ᠶᠢᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠴᠢ ᠦᠵᠡᠰᠬᠦᠯᠡᠩᠲᠦ ᠬᠥᠳᠡᠭᠡ ᠲᠣᠰᠬᠤᠨ ᠤ ︽ᠠᠷᠪᠠᠨ ᠰᠢᠶᠠᠨ ᠵᠠᠭᠤᠨ ᠰᠢᠶᠠᠩ ᠮᠢᠩᠭᠠᠨ ᠲᠣᠰᠬᠤᠨ︾ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠭᠰᠡᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ᠂ ᠢᠯᠭᠠᠳᠠᠰᠤ ᠰᠢᠭᠡᠭ ᠢ ᠬᠤᠣᠷ ᠦᠭᠡᠶᠢᠳᠡᠭᠦᠯᠦᠨ ᠰᠢᠢᠳᠪᠦᠷᠢᠯᠡᠬᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠵᠢᠴᠢ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠢ ᠬᠠᠮᠠᠭᠠᠯᠠᠬᠤ ᠰᠢᠰᠲ᠋ᠧᠮ ᠢ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ ᠤᠯᠠᠮᠵᠢᠯᠠᠯᠲᠤ ᠠᠶᠢᠯ ᠲᠣᠰᠬᠤᠨ ᠢ ᠬᠠᠮᠠᠭᠠᠯᠠᠨ ᠠᠰᠢᠭᠯᠠᠬᠤ ᠪᠠ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠲᠦᠯᠬᠢᠨ ᠠᠬᠢᠭᠤᠯᠤᠨ᠎ᠠ᠃ ︽ᠨᠢᠭᠡ ᠲᠣᠰᠬᠤᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠨ᠎ᠡ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠭᠦ ᠬᠤᠰᠢᠭᠤ ᠰᠢᠶᠠᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠨᠡᠶᠢᠲᠡᠯᠢᠭ ᠵᠢᠱᠢᠶ᠎ᠡ ᠶᠢ ᠪᠤᠢ ᠪᠣᠯᠭᠠᠨ᠎ᠠ᠃ ᠬᠥᠳᠡᠭᠡ ᠲᠣᠰᠬᠤᠨ ᠤ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠦᠨ᠎ᠡ᠃ 2027 ᠣᠨ ᠪᠤᠯᠬᠤ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠭᠦ ᠰᠢᠶᠠᠨ ᠳᠠᠬᠢ ᠪᠦᠲᠦᠭᠡᠨ ᠪᠠᠶᠢᠭᠤᠯᠤᠭᠰᠠᠨ ᠬᠠᠷᠢᠴᠠᠯ ᠢ 40% ᠳᠤ ᠭᠦᠷᠭᠡᠨ᠎ᠡ︔ 2035 ᠣᠨ ᠪᠤᠯᠬᠤ ᠳᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠦᠨᠳᠦᠰᠦᠨ ᠳᠡᠭᠡᠨ ᠪᠠᠶᠢᠭᠤᠯᠤᠨ᠎ᠠ᠃      ︵ᠠᠷᠪᠠᠨ ᠳᠣᠯᠤᠭ᠎ᠠ︶ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠴᠡᠭ ᠢᠶᠠᠷ ᠨᠡᠶᠢᠳᠡᠮ ᠢ ᠳᠠᠶᠢᠴᠢᠯᠠᠬᠤ᠂ ᠲᠠᠰ ᠳᠠᠪᠬᠤᠷᠭ᠎ᠠ ᠲᠥᠷᠥᠯ ᠬᠤᠪᠢᠶᠠᠬᠤ᠂ ᠱᠠᠲᠤ ᠳᠠᠷᠠᠭᠠᠯᠠᠨ ᠠᠬᠢᠭᠤᠯᠬᠤ ᠶᠢ ᠪᠠᠷᠢᠮᠲᠠᠯᠠᠵᠤ᠂ ᠭᠦᠭᠡᠬᠤᠲᠠ ᠶᠢᠨ ᠦᠵᠡᠰᠬᠦᠯᠡᠩᠲᠦ ᠰᠠᠶᠢᠬᠠᠨ ᠣᠷᠣᠨ ᠤ ᠲᠥᠪ ᠢ ᠪᠦᠲᠦᠭᠡᠨ ᠪᠠᠶᠢᠭᠤᠯᠬᠤ᠂ ᠣᠷᠳᠣᠰ ᠤᠨ ᠦᠵᠡᠰᠬᠦᠯᠡᠩᠲᠦ ᠰᠠᠶᠢᠬᠠᠨ ᠳᠤᠯᠠᠭᠠᠨ ᠬᠤᠲᠠ ᠶᠢ ᠪᠦᠲᠦᠭᠡᠨ ᠪᠠᠶᠢᠭᠤᠯᠬᠤ ᠶᠢ ᠳᠡᠮᠵᠢᠵᠦ᠂ ᠦᠵᠡᠰᠬᠦᠯᠡᠩᠲᠦ ᠰᠠᠶᠢᠬᠠᠨ ᠬᠥᠯᠥᠨ ᠪᠤᠶᠢᠷ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠷᠠᠰᠢᠶᠠᠨ ᠬᠤᠲᠠ᠂ ᠬᠠᠶᠢᠯᠠᠷ ᠲᠣᠭᠤᠷᠢᠭ᠂ ᠭᠢᠶ᠎ᠠ ᠪᠠᠭᠰᠢ ᠲᠣᠭᠤᠷᠢᠭ᠂ ᠳᠣᠯᠣᠨ ᠨᠤᠤᠷ ᠰᠢᠶᠠᠨ᠂ ᠯᠢᠶᠡᠩᠴᠧᠩ ᠰᠢᠶᠠᠨ ᠵᠡᠷᠭᠡ ᠭᠠᠵᠠᠷ ᠲᠤ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠡᠷᠢᠶᠡᠨ ᠬᠤᠲᠠ — ᠵᠠᠮ ᠤᠨ ᠡᠭᠦᠳᠡ ᠶᠢᠨ ᠠᠮᠢ ᠠᠬᠤᠢ ᠶᠢᠨ ᠪᠣᠯᠪᠠᠰᠤᠨ ᠢ ᠬᠠᠮᠲᠤ ᠪᠠᠷ ᠪᠠᠶᠢᠭᠤᠯᠬᠤ ᠲᠤᠷᠰᠢᠯᠲᠠ ᠶᠢᠨ ᠣᠷᠣᠨ ᠢ ᠪᠦᠲᠦᠭᠡᠨ ᠪᠠᠶᠢᠭᠤᠯᠤᠨ᠎ᠠ᠃ ᠡᠯ᠎ᠡ ᠭᠠᠵᠠᠷ ᠤᠨ ᠬᠢᠨ ᠤ ᠪᠣᠳᠠᠲᠠᠢ ᠲᠠᠢ ᠪᠠᠨ ᠤᠶᠠᠯᠳᠤᠭᠤᠯᠤᠨ ᠨᠢᠭᠡ ᠪᠦᠯᠦᠭ ᠣᠨᠴᠠᠯᠢᠭᠲᠤ ᠵᠢᠵᠢᠭ ᠪᠠᠯᠭᠠᠰᠤ᠂ ᠦᠵᠡᠰᠬᠦᠯᠡᠩᠲᠦ ᠨᠠᠶᠢᠷᠠᠮᠳᠠᠭᠤ ᠬᠥᠳᠡᠭᠡ ᠲᠣᠰᠬᠤᠨ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ᠂ ᠠᠮᠢ ᠠᠬᠤᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠬᠤ ᠶᠢ ᠵᠣᠷᠢᠭᠵᠢᠭᠤᠯᠤᠨ᠎ᠠ᠃      ᠲᠠᠪᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠦᠷᠭᠦᠯᠵᠢᠯᠡᠨ ᠰᠠᠶᠢᠵᠢᠷᠠᠬᠤ ᠶᠢ ᠲᠦᠷᠭᠡᠳᠬᠡᠨ ᠠᠬᠢᠭᠤᠯᠤᠨ᠎ᠠ      ︵ᠠᠷᠪᠠᠨ ᠨᠠᠢᠮᠠ︶ ᠬᠥᠬᠡ ᠣᠭᠲᠠᠷᠭᠤᠢ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠵᠢᠭ ᠮᠥᠬᠦᠯᠢᠭᠲᠦ ᠪᠣᠳᠠᠰ ᠢ ᠬᠢᠵᠠᠭᠠᠷᠯᠠᠬᠤ ᠪᠠᠷ ᠭᠤᠣᠯ ᠰᠢᠵᠢᠮ ᠪᠤᠯᠭᠠᠵᠤ᠂ ᠣᠯᠠᠨ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ ᠪᠠᠭᠠᠰᠬᠠᠬᠤ ᠶᠢ ᠶᠡᠭᠡ ᠪᠠᠷ ᠠᠬᠢᠭᠤᠯᠤᠨ᠎ᠠ᠃ ᠪᠣᠯᠣᠳ ᠲᠡᠮᠦᠷ᠂ ᠬᠡᠦᠷᠰᠢᠭᠦᠯᠬᠦ᠂ ᠱᠦᠢᠨᠢ ᠶᠢᠨ ᠠᠵᠢᠯ ᠲᠥᠷᠥᠯ ᠬᠢᠭᠡᠳ ᠨᠡᠭᠦᠷᠡᠰᠦ ᠰᠢᠲᠠᠭᠠᠬᠤ ᠭᠦᠸᠧᠯᠦ ᠶᠢ ᠭᠡᠳᠦ ᠪᠠᠭ᠎ᠠ ᠭᠠᠳᠠᠭᠰᠢᠯᠠᠭᠤᠯᠬᠤ ᠪᠣᠯᠭᠠᠨ ᠥᠭᠡᠷᠡᠴᠢᠯᠡᠬᠦ ᠶᠢ ᠠᠬᠢᠭᠤᠯᠵᠤ᠂ ᠠᠵᠤ ᠦᠢᠯᠡᠳᠪᠦᠷᠢ ᠶᠢᠨ ᠵᠤᠤᠬ᠎ᠠ ᠶᠢᠨ ᠲᠦᠯᠡᠰᠢ ᠶᠢ ᠴᠡᠪᠡᠷ ᠡᠨᠧᠷᠭᠢ ᠪᠠᠷ ᠣᠷᠣᠯᠠᠭᠤᠯᠬᠤ ᠪᠠ ᠭᠦᠨᠵᠡᠭᠡᠢ ᠵᠠᠰᠠᠬᠤ ᠶᠢ ᠬᠡᠷᠡᠭᠵᠢᠭᠦᠯᠵᠦ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ ᠳᠤ ᠣᠨᠴᠠᠭᠠᠶ ᠭᠠᠳᠠᠬᠰᠢᠯᠠᠭᠤᠯᠲᠠ ᠶᠢᠨ ᠬᠢᠵᠠᠭᠠᠷᠲᠤ ᠬᠡᠮᠵᠢᠭᠳᠡᠯ ᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠳᠣᠣᠷ᠎ᠠ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ︵VOCs︶ ᠤᠨ ᠲᠦᠭᠦᠬᠡᠢ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠢ ᠡᠬᠢ ᠡᠭᠦᠰᠦᠯ ᠠᠴᠠ ᠨᠢ ᠣᠷᠣᠯᠠᠭᠤᠯᠬᠤ ᠶᠢ ᠶᠡᠭᠡ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ︵VOCs︶ ᠤᠨ ᠪᠦᠭᠦ ᠶᠠᠪᠤᠴᠠ ᠪᠦᠭᠦ ᠭᠤᠭᠴᠤᠭ᠎ᠠ ᠪᠠᠷ ᠶᠡᠷᠦᠩᠬᠡᠶᠢᠯᠡᠨ ᠵᠠᠰᠠᠬᠤ ᠶᠢ ᠭᠦᠨᠵᠡᠭᠡᠢ ᠥᠷᠨᠢᠭᠦᠯᠦᠨ᠎ᠡ᠃ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠬᠢᠭᠤᠯᠵᠤ᠂ ᠢᠯᠴᠢ ᠴᠠᠭᠢᠯᠭᠠᠨ ᠢ ᠵᠡᠷᠭᠡ ᠪᠠᠷ ᠭᠠᠷᠭᠠᠬᠤ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠶ ᠶᠢ ᠥᠷᠭᠡᠳᠬᠡᠨ᠎ᠡ᠃ ᠴᠠᠶᠢᠶ᠋ᠢᠦ ᠲᠣᠰᠣ ᠰᠢᠲᠠᠭᠠᠬᠤ ᠲᠡᠷᠭᠡ ᠶᠢᠨ ᠪᠣᠬᠢᠷᠳᠤᠯ ᠢ ᠵᠠᠰᠠᠬᠤ ᠶᠢ ᠴᠢᠩᠭᠠᠳᠬᠠᠨ᠂ ᠵᠠᠮ ᠬᠠᠷᠢᠯᠴᠠᠭᠠᠨ ᠤ ᠪᠤᠰᠤ ᠰᠢᠯᠵᠢᠭᠡ ᠮᠠᠰᠢᠨ ᠮᠧᠬᠠᠨᠢᠭ ᠤᠨ  ᠴᠡᠪᠡᠷ ᠢᠶᠠᠷ ᠬᠥᠭᠵᠢᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢ ᠨᠡᠮᠡᠭᠳᠡᠭᠦᠯᠦᠨ᠎ᠡ᠃ ᠪᠠᠷᠢᠯᠭ᠎ᠠ ᠶᠢᠨ ᠲᠤᠬᠠᠢ ᠶᠢᠨ ᠲᠠᠯᠠᠪᠤᠷ᠂ ᠵᠠᠮ᠂ ᠣᠪᠣᠭᠠᠯᠠᠬᠤ ᠲᠠᠯᠠᠪᠠᠶ᠂ ᠢᠯᠡ ᠭᠠᠵᠠᠷ ᠵᠡᠷᠭᠡ ᠣᠷᠣᠨ ᠪᠦᠰᠡ ᠶᠢᠨ ᠳᠡᠭᠳᠡᠮᠡᠬᠡᠢ ᠲᠣᠭᠤᠰᠣ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠴᠢᠩᠭᠠᠳᠬᠠᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ ᠬᠤᠯᠪᠤᠭᠠᠯᠠᠨ ᠵᠠᠰᠠᠬᠤ ᠶᠢ ᠲᠡᠭᠦᠯᠳᠡᠷᠵᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠨᠳᠦ ᠪᠣᠬᠢᠷᠳᠤᠯ ᠲᠠᠢ ᠴᠠᠭ ᠠᠭᠤᠷ ᠤᠨ ᠠᠵᠢᠯ ᠤᠨ ᠠᠮᠵᠢᠯᠲᠠ ᠪᠦᠲᠦᠮᠵᠢ ᠶᠢ ᠳᠡᠰ ᠬᠤᠪᠢᠶᠠᠬᠤ ᠶᠢ ᠬᠡᠷᠡᠭᠵᠢᠭᠦᠯᠵᠦ᠂ ᠣᠷᠴᠢᠨ ᠠᠬᠤᠢ ᠶᠢᠨ ᠠᠭᠠᠷ ᠤᠨ ᠶᠠᠰᠤ ᠴᠢᠨᠠᠷ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠬᠦᠨᠳᠦ ᠪᠣᠬᠢᠷᠳᠤᠯ ᠲᠠᠢ ᠴᠠᠭ ᠠᠭᠤᠷ ᠢ ᠲᠦᠷᠭᠡᠪᠴᠢᠯᠡᠨ ᠠᠷᠢᠯᠭᠠᠨ᠎ᠠ᠃ ᠣᠯᠠᠨ ᠲᠦᠮᠡᠨ ᠤ ︽ᠭᠡᠷ ᠤᠨ ᠡᠭᠦᠳᠡᠨ︾ ᠳᠠᠬᠢ ᠢᠳᠡᠭᠡᠨ ᠤᠮᠳᠠᠭᠠᠨ ᠤ ᠲᠣᠰᠣᠨ ᠤᠲᠤᠭ᠎ᠠ᠂ ᠦᠮᠡᠬᠡᠢ ᠦᠨᠦᠷ ᠵᠡᠷᠭᠡ ᠪᠣᠬᠢᠷᠳᠤᠯ ᠤᠨ ᠠᠰᠠᠭᠤᠳᠠᠯ ᠢ ᠶᠡᠭᠡ ᠪᠠᠷ ᠰᠢᠢᠳᠪᠦᠷᠢᠯᠡᠨ᠎ᠡ᠃ ᠱᠤᠤᠭᠢᠶᠠᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠨᠠᠮ ᠵᠢᠮ ᠰᠠᠭᠤᠭᠠᠯᠢ ᠠᠷᠠᠳ ᠤᠨ ᠲᠣᠭᠤᠷᠢᠭ ᠢ ᠪᠠᠶᠢᠭᠤᠯᠤᠨ᠎ᠠ᠃ ᠣᠽᠣᠨ ᠤ ᠳᠠᠪᠬᠤᠷᠭ᠎ᠠ ᠶᠢᠨ ᠪᠣᠳᠠᠰ ᠪᠠ ᠤᠰᠤᠲᠥ᠋ᠷᠥᠭᠴᠢ ᠹᠯᠣᠷ ᠨᠡᠭᠦᠷᠡᠰᠦᠲᠥ᠋ᠷᠥᠭᠴᠢᠲᠦ ᠨᠢᠭᠡᠳᠪᠦᠷᠢ ᠶᠢ ᠬᠤᠷᠣᠭᠳᠠᠭᠤᠯᠬᠤ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ 2027 ᠣᠨ ᠪᠤᠯᠬᠤ ᠳᠤ᠂ ᠪᠦᠭᠦ ᠣᠷᠣᠨ ᠤ ᠵᠢᠵᠢᠭ ᠮᠥᠬᠦᠯᠢᠭᠲᠦ ᠪᠣᠳᠠᠰ ᠤᠨ ᠳᠤᠮᠳᠠᠴᠢ ᠥᠳᠬᠡᠴᠡ ᠶᠢ 25 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠪᠤᠯᠲᠠᠯ᠎ᠠ ᠪᠠᠭᠤᠷᠠᠭᠤᠯᠤᠨ᠎ᠠ︔ 2035 ᠣᠨ ᠪᠤᠯᠬᠤ ᠳᠤ᠂ ᠡᠯ᠎ᠡ ᠠᠶᠢᠮᠠᠭ ᠬᠤᠲᠠ ᠶᠢᠨ ᠵᠢᠵᠢᠭ ᠮᠥᠬᠦᠯᠢᠭᠲᠦ ᠪᠣᠳᠠᠰ ᠤᠨ ᠥᠳᠬᠡᠴᠡ ᠶᠢ ᠴᠥᠮ 25 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠬᠡᠮᠵᠢᠶᠡᠨ  ᠳᠤ ᠬᠢᠵᠠᠭᠠᠷᠯᠠᠨ᠎ᠠ᠃      ︵ᠠᠷᠪᠠ ᠶᠢᠰᠦ︶ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠢ ᠬᠠᠮᠠᠭᠠᠯᠠᠵᠤ ᠵᠠᠰᠠᠬᠤ ᠶᠢ ᠭᠦᠨᠵᠡᠭᠡᠢ ᠠᠬᠢᠭᠤᠯᠵᠤ᠂ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠪᠦᠲᠦᠭᠡᠨ ᠪᠠᠶᠢᠭᠤᠯᠤᠨ᠎ᠠ᠃ ᠭᠦᠭᠡᠬᠤᠲᠠ᠂ ᠪᠤᠭᠤᠲᠤ ᠪᠠᠷ ᠭᠤᠣᠯᠳᠠᠯᠭ᠎ᠠ ᠪᠣᠯᠭᠠᠨ᠂ ᠬᠠᠲᠤᠨ ᠭᠤᠣᠯ ᠳᠤ ᠤᠷᠤᠰᠤᠨ ᠣᠷᠣᠬᠤ ᠰᠠᠯᠪᠤᠷᠢ ᠤᠷᠤᠰᠬᠠᠯ ᠤᠨ ᠴᠢᠨᠠᠷ ᠮᠠᠭᠤᠲᠠᠢ ᠤᠰᠤ ᠶᠢ ᠲᠣᠭᠲᠠᠭᠤᠨ ᠢᠶᠠᠷ ᠴᠡᠪᠡᠷᠰᠢᠭᠦᠯᠬᠦ ᠶᠢ ᠠᠬᠢᠭᠤᠯᠤᠨ᠎ᠠ᠃ ᠶᠡᠭᠡ ᠲᠦᠷᠭᠡᠨ ᠭᠤᠣᠯ ᠤᠨ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ ᠢ ᠬᠡᠷᠡᠭᠵᠢᠭᠦᠯᠦᠨ᠎ᠡ᠃ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ ᠪᠠ ᠠᠮᠢ ᠠᠬᠤᠢ ᠶᠢᠨ ᠨᠠᠮᠤᠭᠤᠳᠬᠠᠬᠤ ᠪᠦᠰᠡ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠬᠠᠳᠤᠨ ᠭᠤᠣᠯ ᠤᠨ ᠰᠠᠪᠠ ᠭᠠᠵᠠᠷ᠂ ︽ᠬᠥᠯᠥᠨ ᠨᠠᠭᠤᠷ᠂ ᠤᠯᠠᠭᠠᠨᠰᠤᠬᠠᠢ᠂ ᠲᠠᠬ᠎ᠠ ᠶᠢᠨ ᠨᠠᠭᠤᠷ︾ ᠵᠡᠷᠭᠡ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠤᠰᠤᠨ ᠤ ᠠᠮᠢ ᠠᠬᠤᠢ ᠶᠢ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠦᠨ᠎ᠡ᠃ ᠤᠰᠤᠨ ᠰᠤᠷᠪᠤᠯᠵᠢ ᠶᠢᠨ ᠵᠢᠷᠤᠮᠵᠢᠬᠰᠠᠨ ᠪᠦᠲᠦᠭᠡᠨ ᠪᠠᠶᠢᠭᠤᠯᠤᠯᠲᠠ ᠪᠣᠯᠣᠨ ᠪᠡᠯᠡᠳᠬᠡᠯ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠤᠤᠭᠤᠬᠤ ᠤᠰᠤᠨ ᠤ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠬᠤ ᠬᠢᠷᠢ ᠬᠡᠮᠵᠢᠶ᠎ᠡ ᠶᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ ᠤᠨ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠠᠬᠢᠭᠤᠯᠵᠤ᠂ ᠭᠤᠣᠯ ᠤᠷᠤᠭᠤ ᠪᠣᠬᠢᠷᠳᠤᠯ ᠭᠠᠳᠠᠭᠰᠢᠯᠠᠭᠤᠯᠬᠤ ᠠᠮᠠ ᠶᠢ ᠬᠢᠨᠠᠨ ᠰᠢᠨᠵᠢᠵᠦ ᠬᠢᠨᠠᠨ ᠬᠠᠮᠢᠶᠠᠷᠬᠤ ᠰᠢᠰᠲ᠋ᠧᠮ ᠢ ᠪᠦᠷᠢᠨᠰᠢᠭᠦᠯᠦᠨ᠎ᠡ᠃ ᠪᠣᠬᠢᠷ ᠦᠮᠡᠬᠡᠢ ᠤᠰᠤ ᠶᠢ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠬᠤᠲᠠ ᠪᠠᠯᠭᠠᠰᠤ ᠶᠢᠨ ᠤᠰᠤ ᠭᠠᠳᠠᠭᠰᠢᠯᠠᠭᠤᠯᠬᠤ ᠬᠤᠭᠤᠯᠠᠢ ᠲᠣᠣᠷ ᠢ ᠬᠤᠷᠢᠶᠠᠨ ᠬᠠᠮᠢᠶᠠᠷᠬᠤ ᠵᠥᠪᠰᠢᠶᠡᠷᠡᠯ ᠤᠨ ᠬᠠᠮᠢᠶᠠᠷᠤᠯᠲᠠ ᠶᠢ ᠴᠢᠩᠳᠠᠯᠠᠵᠤ᠂ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠬᠦ ᠲᠥᠬᠦᠭᠡᠷᠦᠮᠵᠢ ᠶᠢᠨ ᠡᠪᠳᠡᠷᠡᠵᠦ ᠰᠦᠢᠳᠦᠭᠰᠡᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠪᠠ ᠪᠣᠷᠣᠭᠠᠨ ᠤ ᠪᠣᠬᠢᠷ ᠤᠰᠤ ᠶᠢᠨ ᠬᠤᠭᠤᠯᠠᠢ ᠲᠣᠣᠷ ᠢ ᠬᠤᠯᠢᠯᠳᠤᠭᠤᠯᠤᠨ ᠪᠤᠷᠤᠭᠤ ᠵᠠᠯᠭᠠᠭᠰᠠᠨ ᠢ ᠴᠡᠭᠴᠡᠯᠡᠨ ᠵᠠᠰᠠᠬᠤ ᠠᠵᠢᠯ ᠢ ᠲᠦᠷᠭᠡᠳᠬᠡᠨ ᠥᠷᠨᠢᠭᠦᠯᠦᠨ᠎ᠡ᠃ ᠬᠠᠶᠢᠮᠢᠶᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤᠨ ᠤ ᠪᠣᠬᠢᠷᠳᠤᠯ ᠢ ᠴᠡᠭᠴᠡᠯᠡᠨ ᠵᠠᠰᠠᠬᠤ ᠶᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠳᠤᠨ ᠭᠤᠣᠯ ᠤᠨ ᠰᠠᠪᠠ ᠭᠠᠵᠠᠷ ᠪᠣᠯᠣᠨ ᠭᠤᠣᠯᠳᠠᠯᠭ᠎ᠠ ᠲᠠᠢ ᠨᠠᠭᠤᠷ ᠴᠥᠭᠦᠷᠥᠮ ᠢ ᠴᠡᠪᠡᠷᠵᠢᠭᠦᠯᠬᠦ ᠶᠢ ᠠᠬᠢᠭᠤᠯᠵᠤ᠂ ᠬᠥᠬᠡ ᠵᠠᠮᠠᠭ ᠤᠨ ᠤᠰᠤᠨ ᠦᠷᠦᠮᠠᠳᠡᠯ ᠵᠡᠷᠭᠡ ᠠᠮᠢ ᠠᠬᠤᠢ ᠶᠢᠨ ᠭᠠᠮᠰᠢᠭ ᠢ ᠢᠳᠡᠪᠬᠢᠲᠡᠢ ᠠᠷᠭᠠᠴᠠᠨ᠎ᠠ᠃ 2027 ᠣᠨ ᠪᠤᠯᠬᠤ ᠳᠤ᠂ ᠪᠦᠭᠦ ᠣᠷᠣᠨ ᠤ ᠭᠠᠵᠠᠷ ᠳᠡᠭᠡᠷᠡᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠢᠯᠡᠳᠲᠡ ᠰᠠᠶᠢᠵᠢᠷᠠᠭᠤᠯᠤᠨ᠎ᠠ︔ 2035 ᠣᠨ ᠪᠤᠯᠬᠤ ᠳᠤ᠂ ︽ᠬᠥᠮᠥᠨ ᠤᠰᠤ ᠡᠶ᠎ᠡ ᠵᠣᠬᠢᠴᠠᠩᠭᠤᠢ︾ ᠦᠵᠡᠰᠬᠦᠯᠡᠩᠲᠦ ᠰᠠᠶᠢᠬᠠᠨ ᠭᠤᠣᠯ ᠮᠥᠷᠡᠨ ᠨᠠᠭᠤᠷ ᠴᠥᠭᠦᠷᠥᠮ ᠢ ᠦᠨᠳᠦᠰᠦᠨ ᠳᠡᠭᠡᠨ ᠪᠠᠶᠢᠭᠤᠯᠤᠨ᠎ᠠ᠃      ︵ᠬᠤᠷᠢ︶ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ ᠬᠥᠷᠥᠰᠥ ᠰᠢᠷᠣᠢ ᠶᠢᠨ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠥᠩᠭᠡᠲᠦ ᠲᠡᠮᠦᠷᠯᠢᠭ ᠰᠣᠩᠭᠤᠨ ᠪᠤᠯᠪᠠᠰᠤᠷᠠᠭᠤᠯᠬᠤ᠂ ᠲᠡᠮᠦᠷᠯᠢᠭ ᠬᠠᠶᠢᠯᠤᠭᠤᠯᠬᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠥᠭᠡᠶᠢᠵᠢᠭᠦᠯᠭᠦ ᠪᠠᠷᠢᠮᠵᠢᠶ᠎ᠠ ᠶᠢ ᠳᠡᠭᠡᠭᠰᠢᠯᠡᠭᠦᠯᠭᠦ ᠥᠭᠡᠷᠡᠴᠢᠯᠡᠯᠲᠡ ᠶᠢ ᠥᠷᠨᠢᠭᠦᠯᠦᠨ᠎ᠡ᠃ ᠲᠠᠷᠢᠶᠠᠨ ᠭᠠᠵᠠᠷ ᠤᠨ ᠡᠷᠭᠢᠨ ᠲᠣᠭᠤᠷᠢᠨ ᠤ ᠺᠠᠳ᠋ᠮᠢ ᠳᠤ ᠬᠤᠯᠪᠣᠭᠳᠠᠭᠰᠠᠨ ᠵᠡᠷᠭᠡ ᠬᠦᠨᠳᠦ ᠲᠡᠮᠦᠷᠯᠢᠭ ᠤᠨ ᠠᠵᠢᠯ ᠲᠥᠷᠥᠯ ᠤᠨ ᠠᠵᠤ ᠠᠬᠤᠶᠢᠯᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠵᠤ ᠰᠡᠷᠭᠦᠭᠡᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠪᠠᠶᠢᠴᠠᠭᠠᠯᠲᠠ ᠬᠢᠬᠦ ᠪᠠ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠢ ᠶᠢᠨ ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠨᠡᠷᠡᠰ ᠤᠨ ᠵᠢᠭᠰᠠᠭᠠᠯᠲᠠ ᠶᠢ ᠲᠣᠭᠲᠠᠭᠠᠵᠤ᠂ ᠬᠡᠷᠡᠭᠴᠡᠭᠡ ᠶᠢ ᠨᠢ ︽ᠣᠷᠣᠨ ᠰᠠᠭᠤᠴᠠ ᠳᠤ ᠬᠡᠷᠡᠭᠯᠡᠬᠦ ᠭᠠᠵᠠᠷ ᠤᠯᠠᠨ ᠨᠡᠶᠢᠲᠡ ᠶᠢᠨ ᠬᠠᠮᠢᠶᠠᠷᠤᠯᠲᠠ ᠬᠢᠭᠡᠳ ᠤᠯᠠᠨ ᠨᠡᠶᠢᠲᠡ ᠶᠢᠨ ᠦᠢᠯᠡᠴᠢᠯᠡᠭᠡᠨ ᠤ ᠬᠡᠷᠡᠭᠯᠡᠬᠦ ᠭᠠᠵᠠᠷ︾ ᠪᠣᠯᠭᠠᠨ ᠬᠤᠪᠢᠷᠠᠭᠤᠯᠤᠭᠰᠠᠨ ᠭᠠᠵᠠᠷ ᠲᠤ ᠪᠦᠭᠦ ᠶᠠᠪᠤᠴᠠ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠦᠢᠯᠡᠳᠪᠦᠷᠢᠯᠡᠵᠦ ᠪᠠᠶᠢᠭ᠎ᠠ ᠠᠵᠤ ᠠᠬᠤᠶᠢᠯᠠᠯ ᠤᠨ ᠦᠢᠯᠡᠳᠪᠦᠷᠢᠯᠡᠬᠦ ᠶᠢᠨ ᠳᠠᠭᠠᠤ ᠬᠠᠮᠢᠶᠠᠷᠤᠨ ᠡᠵᠡᠮᠳᠡᠬᠦ ᠵᠠᠭᠪᠤᠷ ᠢ ᠰᠦᠪᠡᠭᠴᠢᠯᠡᠨ ᠪᠠᠶᠢᠭᠤᠯᠤᠨ᠎ᠠ᠃ ᠭᠠᠵᠠᠷ ᠳᠣᠣᠷᠠᠬᠢ ᠤᠰᠤᠨ ᠤ ᠪᠣᠬᠢᠷᠳᠤᠯ ᠭᠠᠳᠠᠭᠰᠢᠯᠠᠭᠤᠯᠬᠤ ᠭᠤᠣᠯᠳᠠᠯᠭ᠎ᠠ ᠲᠠᠢ ᠨᠢᠭᠡᠴᠢ ᠶᠢᠨ ᠨᠡᠷᠡᠰ ᠢ ᠪᠠᠶᠢᠭᠤᠯᠤᠨ᠂ ᠭᠠᠵᠠᠷ ᠳᠣᠣᠷᠠᠬᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠭᠠᠵᠠᠷ ᠳᠣᠣᠷᠠᠬᠢ ᠤᠰᠤᠨ ᠤ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠲᠣᠣᠷ ᠢ ᠲᠡᠭᠦᠯᠳᠡᠷᠵᠢᠭᠦᠯᠦᠨ᠎ᠡ᠃ 2027 ᠣᠨ ᠪᠤᠯᠬᠤ ᠳᠤ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠶᠢ 98% ᠠᠴᠠ ᠳᠡᠭᠡᠭᠰᠢ ᠳᠤ ᠬᠦᠷᠦᠭᠦᠯᠵᠦ᠂ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠨ᠎ᠠ︔2035 ᠣᠨ ᠪᠤᠯᠬᠤ ᠳᠤ᠂ ᠭᠠᠵᠠᠷ ᠳᠣᠣᠷᠠᠬᠢ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠤᠯᠤᠰ ᠤᠨ ᠬᠢᠨᠠᠨ ᠰᠢᠯᠭᠠᠯᠲᠠ ᠶᠢᠨ ᠱᠠᠭᠠᠷᠳᠠᠯᠭ᠎ᠠ ᠳᠤ ᠬᠦᠷᠦᠭᠦᠯᠦᠨ᠎ᠡ᠃      ︵ᠬᠤᠷᠢᠨ ᠨᠢᠭᠡ︶ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠣᠨ ᠰᠢᠨ᠎ᠡ ᠪᠣᠬᠢᠷ ᠪᠣᠳᠠᠰ ᠢ ᠵᠠᠰᠠᠬᠤ ᠶᠢ ᠴᠢᠩᠭᠠᠷᠠᠭᠤᠯᠤᠨ᠎ᠠ᠃ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠨᠡᠮᠡᠭᠳᠡᠯ ᠢ ᠪᠠᠭᠲᠠᠭᠠᠨ ᠰᠢᠩᠭᠡᠭᠡᠬᠦ ᠪᠠ ᠬᠠᠳᠠᠭᠠᠯᠠᠯᠲᠠ ᠶᠢ ᠵᠠᠰᠠᠬᠤ ᠶᠢ ᠴᠢᠩᠭᠠᠳᠬᠠᠵᠤ᠂ ᠡᠯ᠎ᠡ ᠵᠦᠢᠯ ᠤᠨ ᠭᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠨᠢᠭᠤᠴᠠ ᠪᠠᠷ ᠠᠷᠠᠯᠵᠢᠶᠠᠯᠠᠬᠤ ᠪᠠ ᠭᠡᠯᠪᠡᠷᠢ ᠶᠢ ᠨᠢ ᠥᠭᠡᠷᠡᠲᠦᠭᠦᠯᠦᠨ ᠭᠠᠳᠠᠭᠠᠳᠤ ᠠᠴᠠ ᠣᠷᠣᠭᠤᠯᠬᠤ ᠶᠢ ᠴᠢᠩᠭ᠎ᠠ ᠰᠡᠷᠭᠡᠶᠢᠯᠡᠨ᠎ᠡ᠃ ᠨᠡᠭᠦᠷᠡᠰᠦᠨ ᠴᠢᠯᠠᠭᠤ᠂ ᠨᠤᠨᠳᠠᠭ ᠨᠡᠭᠦᠷᠡᠰᠦᠨ ᠦᠨᠡᠰᠦ ᠦᠢᠯᠡᠳᠪᠦᠷᠢᠯᠡᠬᠦ ᠠᠵᠤ ᠠᠬᠤᠶᠢᠯᠠᠯ ᠢ ᠡᠬᠢ ᠪᠠᠶᠠᠯᠢᠭᠵᠢᠭᠤᠯᠤᠨ ᠠᠰᠢᠭᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠ ᠣᠷᠣᠨ ᠨᠤᠲᠤᠭ ᠤᠨ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠣᠷᠳᠣᠰ ᠬᠤᠲᠠ ᠶᠢᠨ ᠬᠥᠩᠭᠡᠨ ᠴᠠᠭᠠᠨ ᠶᠡᠬᠡᠲᠡᠢ ᠨᠤᠨᠳᠠᠭ ᠨᠡᠭᠦᠷᠡᠰᠦᠨ ᠦᠨᠡᠰᠦ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠳᠡᠮᠵᠢᠵᠦ᠂ ᠰᠢᠯᠢ ᠶᠢᠨ ᠭᠤᠣᠯ ᠠᠶᠢᠮᠠᠭ ᠤᠨ ᠨᠤᠨᠳᠠᠭ ᠨᠡᠭᠦᠷᠡᠰᠦᠨ ᠦᠨᠡᠰᠦ ᠶᠢ ᠭᠠᠳᠠᠭᠰᠢ ᠲᠡᠭᠡᠭᠡᠪᠦᠷᠢᠯᠡᠨ ᠰᠢᠩᠭᠡᠭᠡᠬᠦ᠂ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠤᠨ ᠲᠤᠷᠰᠢᠯᠲᠠ ᠶᠢᠨ ᠴᠡᠭ ᠢ ᠥᠷᠨᠢᠭᠦᠯᠬᠦ ᠶᠢ ᠳᠡᠮᠵᠢᠨ᠎ᠡ᠃ ᠣᠷᠣᠨ ᠪᠦᠰᠡ ᠶᠢᠨ ᠴᠢᠨᠠᠷᠲᠠᠢ ᠤᠨᠴᠠᠭᠠᠢ ᠲᠥᠷᠥᠯ ᠢᠯᠭᠠᠯ ᠤᠨ ᠠᠶᠤᠯᠲᠠᠢ ᠬᠠᠶᠠᠭᠳᠠᠮᠠᠯ ᠡᠳ᠋ ᠢ ᠲᠥᠪᠯᠡᠷᠡᠭᠦᠯᠦᠨ ᠰᠢᠢᠳᠪᠦᠷᠢᠯᠡᠬᠦ ᠲᠥᠪ ᠢ ᠪᠦᠲᠦᠭᠡᠨ ᠪᠠᠶᠢᠭᠤᠯᠵᠤ᠂ ᠠᠶᠤᠯᠲᠠᠢ ᠬᠠᠶᠠᠭᠳᠠᠮᠠᠯ ᠡᠳ᠋ ᠢ ᠬᠢᠨᠠᠨ ᠬᠠᠮᠢᠶᠠᠷᠬᠤ ᠪᠠ ᠠᠰᠢᠭᠯᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠠᠲᠤᠨ ᠭᠤᠣᠯ ᠤᠨ ᠰᠠᠪᠠ ᠭᠠᠵᠠᠷ ᠢᠶᠠᠷ ᠭᠤᠣᠯᠳᠠᠯᠭ᠎ᠠ ᠪᠣᠯᠭᠠᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠣᠬᠢᠷᠳᠤᠯ ᠢ ᠵᠠᠰᠠᠬᠤ ᠶᠠᠪᠤᠳᠠᠯ ᠢ ᠠᠬᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠨᠳᠦ ᠲᠡᠮᠦᠷᠯᠢᠭ ᠤᠨ ᠪᠣᠬᠢᠷ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠪᠠ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠎ᠠ᠃ ᠴᠢᠯᠠᠭᠤᠨ ᠲᠣᠰᠣ ᠪᠠ ᠬᠢᠮᠢ᠂ ᠰᠢᠷ ᠪᠤᠳᠤᠭ᠂ ᠨᠡᠬᠡᠮᠡᠯ ᠪᠤᠳᠤᠨ ᠳᠠᠷᠤᠮᠠᠯᠯᠠᠬᠤ᠂ ᠡᠮ ᠡᠮᠨᠡᠯᠭᠡ ᠵᠡᠷᠭᠡ ᠠᠵᠢᠯ ᠲᠥᠷᠥᠯ ᠤᠨ ᠰᠢᠨ᠎ᠡ ᠪᠣᠬᠢᠷᠳᠤᠯ ᠪᠣᠳᠠᠰ ᠢ ᠵᠠᠰᠠᠬᠤ ᠶᠢ ᠴᠢᠩᠭᠠᠳᠬᠠᠨ᠎ᠠ᠃ 2027 ᠣᠨ ᠪᠤᠯᠬᠤ ᠳᠤ᠂ ︽ᠬᠠᠶᠠᠭᠳᠠᠮᠠᠯ ᠪᠣᠳᠠᠰ ᠦᠭᠡᠢ ᠬᠤᠲᠠ︾ ᠶᠢ ᠪᠦᠲᠦᠭᠡᠨ ᠪᠠᠶᠢᠭᠤᠯᠬᠤ ᠬᠠᠷᠢᠴᠠᠯ ᠢ 60% ᠳᠤ ᠬᠦᠷᠦᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠡᠭᠦᠰᠬᠡᠬᠦ ᠬᠦᠴᠦᠯᠡᠴᠡ ᠶᠢ ᠢᠯᠡᠳᠲᠡ ᠪᠠᠭᠤᠷᠠᠭᠤᠯᠤᠨ᠎ᠠ︔ 2035 ᠣᠨ ᠪᠤᠯᠬᠤ ᠳᠤ᠂ ︽ᠬᠠᠶᠠᠭᠳᠠᠮᠠᠯ ᠪᠣᠳᠠᠰ ᠦᠭᠡᠢ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠪᠦᠭᠦᠨ ᠢ ᠪᠦᠷᠬᠦᠭᠦᠯᠵᠦ᠂ ᠰᠢᠨ᠎ᠡ ᠪᠣᠬᠢᠷ ᠪᠣᠳᠠᠰ ᠤᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃      ᠵᠢᠷᠭᠤᠭ᠎ᠠ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ      ︵ᠬᠤᠷᠢᠨ ᠬᠤᠶᠠᠷ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ ᠠᠵᠢᠯᠯᠠᠭ᠎ᠠ ᠶᠢ ᠲᠥᠯᠥᠪᠯᠡᠭᠡ ᠲᠠᠢ ᠠᠯᠬᠤᠮ ᠳᠠᠷᠠᠭ᠎ᠠ ᠲᠠᠢ ᠪᠠᠷ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠲᠣᠬᠢᠷᠠᠭᠤᠯᠤᠯ ᠡᠵᠡᠮᠳᠡᠯ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠪᠣᠯᠭᠠᠨ ᠠᠯᠬᠤᠮ ᠠᠯᠬᠤᠮ ᠢᠶᠠᠷ ᠬᠤᠪᠢᠷᠠᠭᠤᠯᠬᠤ ᠶᠢ ᠠᠬᠢᠭᠤᠯᠵᠤ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠢ ᠪᠦᠭᠦ ᠲᠠᠯ᠎ᠠ ᠪᠠᠷ ᠬᠡᠷᠡᠭᠵᠢᠭᠦᠯᠦᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ ᠲᠣᠭᠠᠴᠠᠭ᠎ᠠ ᠬᠢᠬᠦ ᠳᠦᠷᠢᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠦᠷᠢᠳᠬᠡᠨ ᠲᠣᠭᠠᠴᠠᠭ᠎ᠠ ᠬᠢᠬᠦ ᠨᠢᠭᠡᠳᠦᠯᠲᠡᠢ ᠵᠢᠷᠤᠮᠵᠢᠬᠰᠠᠨ ᠰᠢᠰᠲ᠋ᠧᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠦᠯᠡᠮᠵᠢ ᠶᠢᠨ ᠬᠡᠢ ᠪᠡᠶᠡᠲᠦ ᠭᠠᠳᠠᠭᠰᠢᠯᠠᠭᠤᠯᠬᠤ ᠨᠠᠷᠢᠨ ᠳᠠᠩᠰᠠ ᠶᠢ ᠵᠢᠯ ᠳᠠᠷᠠᠭᠠᠯᠠᠨ ᠨᠠᠶᠢᠷᠠᠭᠤᠯᠤᠨ ᠵᠣᠬᠢᠶᠠᠨ᠎ᠠ᠃ ᠮᠧᠲ᠋ᠠᠨ ᠵᠢᠴᠢ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃      ︵ᠬᠤᠷᠢᠨ ᠭᠤᠷᠪᠠ︶ ᠣᠯᠠᠨ ᠳᠡᠰ ᠳᠠᠪᠬᠤᠷᠭ᠎ᠠ ᠣᠯᠠᠨ ᠬᠦᠷᠢᠶᠡᠨ ᠳᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠬᠠᠮᠵᠢᠯᠴᠠᠨ ᠰᠢᠨ᠎ᠡ ᠶᠢ ᠡᠭᠦᠳᠬᠦ ᠠᠵᠢᠯ ᠢ ᠥᠷᠨᠢᠭᠦᠯᠦᠨ᠎ᠡ᠃ ᠠᠵᠤ ᠦᠢᠯᠡᠳᠪᠦᠷᠢ᠂ ᠡᠨᠧᠷᠭᠢ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠲᠠᠷᠢᠶᠠᠯᠠᠩ ᠵᠡᠷᠭᠡ ᠭᠤᠣᠯᠳᠠᠯᠭ᠎ᠠ ᠲᠠᠢ ᠬᠦᠷᠢᠶᠡᠨ ᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠶᠢ ᠬᠠᠮᠵᠢᠯᠴᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠭᠠᠷ ᠮᠠᠨᠳᠠᠯ᠂ ᠤᠰᠤ᠂ ᠬᠥᠷᠥᠰᠥ ᠰᠢᠷᠣᠢ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠡᠷᠭᠡ ᠬᠦᠷᠢᠶᠡᠨ ᠤ ᠤᠯᠠᠨ ᠪᠣᠬᠢᠷᠳᠤᠯ ᠪᠣᠳᠠᠰ ᠪᠣᠯᠣᠨ ᠬᠦᠯᠡᠮᠵᠢ ᠶᠢᠨ ᠬᠡᠢ ᠪᠡᠶᠡᠲᠦ ᠶᠢ ᠬᠠᠮᠵᠢᠯᠴᠠᠭᠤᠯᠤᠨ ᠵᠠᠰᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠣᠭᠲᠠᠮᠠᠯ ᠡᠬᠢᠲᠦ ᠪᠣᠬᠢᠷᠳᠤᠯ ᠪᠣᠳᠠᠰ ᠬᠢᠭᠡᠳ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠬᠠᠷᠭᠤᠭᠤᠯᠤᠨ ᠪᠠᠶᠢᠴᠠᠭᠠᠬᠤ ᠬᠠᠮᠵᠢᠯᠴᠠᠨ ᠬᠠᠮᠢᠶᠠᠷᠬᠤ ᠳᠦᠷᠢᠮ ᠢ ᠪᠠᠶᠢᠭᠤᠯᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠪᠣᠳᠠᠰ ᠪᠠ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠠᠭᠤᠰᠤᠯᠳᠤᠭᠤᠯᠤᠭᠰᠠᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠵᠤ᠂ ᠬᠤᠲᠠ ᠶᠢᠨ ᠠᠭᠠᠷ ᠤᠨ ᠶᠠᠰᠤ ᠴᠢᠨᠠᠷ ᠢ ᠪᠠᠷᠢᠮᠵᠢᠶ᠎ᠠ ᠳᠤ ᠬᠦᠷᠭᠡᠬᠦ ᠬᠢᠭᠡᠳ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠶᠢ ᠬᠠᠮᠵᠢᠯᠴᠠᠭᠤᠯᠤᠨ ᠠᠬᠢᠭᠤᠯᠤᠨ᠎ᠠ᠃ ᠣᠷᠣᠨ ᠪᠦᠰᠡ᠂ ᠬᠤᠲᠠ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠵᠡᠷᠭᠡ ᠣᠯᠠᠨ ᠳᠡᠰ ᠳᠠᠪᠬᠤᠷᠭ᠎ᠠ ᠶᠢᠨ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠬᠠᠮᠵᠢᠯᠴᠠᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ ᠢ ᠥᠷᠨᠢᠭᠦᠯᠵᠦ᠂ ᠣᠷᠳᠣᠰ ᠬᠤᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ 2035 ᠣᠨ ᠪᠤᠯᠬᠤ ᠳᠤ᠂ ᠤᠯᠠᠨ ᠲᠡᠰ ᠳᠠᠪᠬᠤᠷᠭ᠎ᠠ ᠤᠯᠠᠨ ᠬᠦᠷᠢᠶᠡᠨ ᠤ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠬᠠᠮᠵᠢᠯᠴᠠᠨ ᠵᠠᠰᠠᠬᠤ ᠰᠢᠰᠲ᠋ᠧᠮ ᠢ ᠪᠦᠭᠦ ᠲᠠᠯ᠎ᠠ ᠪᠠᠷ ᠪᠠᠶᠢᠭᠤᠯᠤᠨ᠎ᠠ᠃      ︵ᠬᠤᠷᠢᠨ ᠳᠥᠷᠪᠡ︶ ᠨᠡᠭᠦᠷᠡᠰᠦᠲᠥ᠋ᠷᠥᠭᠴᠢ ᠶᠢᠨ ᠠᠷᠠᠯᠵᠢᠶ᠎ᠠ ᠶᠢ ᠢᠳᠡᠪᠬᠢᠲᠡᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠲᠣᠭᠲᠠᠴᠠ ᠶᠢ ᠭᠦᠢᠴᠡᠳ ᠠᠰᠢᠭᠯᠠᠨ ᠭᠠᠳᠠᠭᠰᠢᠯᠠᠭᠤᠯᠬᠤ ᠶᠢ ᠪᠠᠭᠠᠰᠬᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠵᠤ᠂ ᠨᠥᠬᠦᠴᠡᠯ ᠳᠤ ᠨᠡᠶᠢᠴᠡᠬᠦ ᠪᠤᠲᠠ ᠮᠣᠳᠣ ᠣᠶᠢᠵᠢᠭᠤᠯᠬᠤ ᠵᠡᠷᠭᠡ ᠲᠥᠷᠥᠯ ᠵᠦᠢᠯ ᠢ ᠪᠦᠭᠦ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠬᠤ ᠶᠢ ᠪᠠᠭᠠᠰᠬᠠᠬᠤ ᠲᠥᠷᠥᠯ ᠵᠦᠢᠯ ᠪᠤᠯᠭᠠᠬᠤ ᠶᠢ ᠵᠣᠷᠢᠭᠵᠢᠭᠤᠯᠵᠤ᠂ ᠪᠦᠭᠦ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠰᠠᠶᠢᠨ ᠳᠤᠷ᠎ᠠ ᠠᠴᠠ ᠪᠠᠨ ᠭᠠᠳᠠᠭᠰᠢᠯᠠᠭᠤᠯᠬᠤ ᠶᠢ ᠪᠠᠭᠠᠰᠬᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠳᠤ ᠢᠳᠡᠪᠬᠢᠲᠡᠢ ᠣᠷᠣᠯᠴᠠᠭᠤᠯᠤᠨ᠎ᠠ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠦᠭᠡᠬᠤᠲᠠ᠂ ᠪᠤᠭᠤᠲᠤ᠂ ᠬᠥᠯᠥᠨ ᠪᠤᠶᠢᠷ᠂ ᠬᠢᠩᠭᠠᠨ ᠠᠶᠢᠮᠠᠭ ᠤᠨ ᠣᠶ ᠰᠢᠭᠤᠢ ᠶᠢᠨ ᠨᠡᠭᠦᠷᠡᠰᠦᠲᠥ᠋ᠷᠥᠭᠴᠢ ᠶᠢᠨ ᠬᠤᠷᠠᠮᠠᠯ ᠤᠨ ᠠᠷᠠᠯᠵᠢᠶ᠎ᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠤᠨ᠎ᠠ᠃ ᠣᠶ ᠰᠢᠭᠤᠢ ᠡᠪᠡᠰᠦ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ︵ᠪᠤᠭᠤᠲᠤ︶ ᠲᠤᠷᠰᠢᠯᠲᠠ ᠶᠢᠨ ᠲᠣᠭᠤᠷᠢᠭ ᠪᠠ ᠬᠥᠯᠥᠨ ᠪᠤᠶᠢᠷ᠂ ᠬᠢᠩᠭᠠᠨ ᠠᠶᠢᠮᠠᠭ ᠤᠨ ᠠᠮᠢ ᠠᠬᠤᠢ ᠶᠢᠨ ᠪᠦᠲᠦᠭᠡᠭᠳᠡᠬᠦᠨ ᠤ ᠥᠷᠲᠡᠭ ᠢ ᠪᠡᠶᠡᠯᠡᠭᠦᠯᠬᠦ ᠲᠣᠭᠲᠠᠴᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠤᠬᠢᠷᠠᠯ ᠤᠨ ᠲᠥᠯᠥᠪᠦᠷᠢ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠣᠶ ᠰᠢᠭᠤᠢ ᠡᠪᠡᠰᠦ ᠪᠡᠯᠴᠢᠭᠡᠷ ᠨᠤᠭᠤ ᠭᠠᠵᠠᠷ ᠤᠨ ᠡᠬᠢ ᠪᠠᠶᠠᠯᠢᠭ ᠤᠨ ᠬᠤᠬᠢᠷᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠬᠢᠭᠡᠳ ᠬᠠᠤᠯᠢ ᠴᠠᠭᠠᠵᠠ ᠶᠢᠨ ᠵᠣᠯᠭᠠᠯᠴᠠᠭ᠎ᠠ ᠶᠢ ᠴᠢᠩᠭᠠᠳᠬᠠᠨ᠎ᠠ᠃      ᠳᠣᠯᠤᠭ᠎ᠠ᠂ ᠠᠮᠢ ᠠᠬᠤᠢ ᠣᠷᠴᠢᠨ ᠲᠣᠭᠤᠷᠢᠨ ᠤ ᠠᠮᠤᠷ ᠲᠦᠪᠰᠢᠨ ᠢ ᠬᠠᠮᠠᠭᠠᠯᠠᠨ᠎ᠠ      ︵ᠬᠤᠷᠢᠨ ᠲᠠᠪᠤ︶ ᠠᠮᠢ ᠠᠬᠤᠢ ᠶᠢᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠦᠨ᠎ᠡ᠃ ᠠᠮᠢ ᠠᠬᠤᠢ ᠶᠢᠨ ᠠᠮᠤᠷ ᠲᠦᠪᠰᠢᠨ ᠤ ᠬᠠᠤᠯᠢ ᠪᠠᠷ ᠵᠠᠰᠠᠬᠤ ᠰᠢᠰᠲ᠋ᠧᠮ᠂ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠬᠠᠮᠵᠢᠯᠴᠠᠨ ᠠᠷᠭᠠᠴᠠᠬᠤ ᠰᠢᠰᠲ᠋ᠧᠮ ᠪᠣᠯᠣᠨ ᠠᠶᠤᠯ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠠᠮᠢ ᠠᠬᠤᠢ ᠶᠢᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ ᠦᠨᠡᠯᠡᠨ ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠪᠠᠴᠢᠮ ᠪᠠᠶᠢᠳᠠᠯ ᠢ ᠠᠷᠭᠠᠴᠠᠬᠤ ᠪᠠ ᠰᠢᠢᠳᠪᠦᠷᠢᠯᠡᠬᠦ ᠴᠢᠳᠠᠪᠤᠷᠢ ᠪᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ᠎ᠡ᠃      ︵ᠬᠤᠷᠢᠨ ᠵᠢᠷᠭᠤᠭ᠎ᠠ︶ ᠴᠥᠮ᠎ᠡ ᠪᠣᠯᠣᠨ ᠰᠠᠴᠤᠷᠠᠭ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠴᠥᠮ᠎ᠡ ᠪᠠ ᠰᠠᠴᠤᠷᠠᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠴᠥᠮ᠎ᠡ ᠶᠢᠨ ᠠᠮᠤᠷ ᠲᠦᠪᠰᠢᠨ ᠤ ᠰᠣᠶᠣᠯ ᠤᠨ ᠵᠢᠱᠢᠶ᠎ᠡ  ᠦᠵᠡᠭᠦᠯᠭᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠰᠠᠴᠤᠷᠠᠭ ᠡᠭᠦᠰᠬᠡᠭᠴᠢ ᠶᠢᠨ ᠪᠦᠭᠦ ᠶᠠᠪᠤᠴᠠ ᠶᠢᠨ ᠮᠡᠳᠡᠭᠡ ᠵᠠᠩᠭᠢᠴᠢᠯᠠᠬᠤ ᠬᠠᠮᠢᠶᠠᠷᠤᠯᠲᠠ ᠶᠢ ᠴᠢᠩᠭᠠᠳᠬᠠᠨ᠂ ᠰᠠᠴᠤᠷᠠᠭ ᠴᠢᠨᠠᠷᠲᠠᠢ ᠡᠳ᠋ ᠪᠠᠷᠠᠭ᠎ᠠ ᠲᠡᠭᠡᠭᠡᠪᠦᠷᠢᠯᠡᠬᠦ᠂ ᠬᠡᠷᠡᠭᠯᠡᠬᠦ ᠪᠠ ᠬᠡᠭᠡᠷ᠎ᠡ ᠭᠠᠳᠠᠨ᠎ᠠ ᠠᠵᠢᠯᠯᠠᠬᠤ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠪᠤᠭᠤᠲᠤ ᠶᠢᠨ ᠰᠠᠴᠤᠷᠠᠭ ᠴᠢᠨᠠᠷᠲᠠᠢ ᠬᠠᠶᠠᠭᠳᠠᠮᠠᠯ ᠡᠳ᠋ ᠤᠨ ᠬᠥᠮᠥᠷᠭᠡ ᠶᠢᠨ ᠵᠢᠷᠤᠮᠵᠢᠬᠰᠠᠨ ᠬᠠᠮᠢᠶᠠᠷᠤᠯᠲᠠ ᠶᠢ ᠴᠢᠩᠭᠠᠷᠠᠭᠤᠯᠵᠤ᠂ ᠰᠠᠴᠤᠷᠠᠭ ᠴᠢᠨᠠᠷᠲᠠᠢ ᠬᠠᠶᠠᠭᠳᠠᠮᠠᠯ ᠡᠳ᠋ ᠢ ᠰᠢᠢᠳᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠶᠢ ᠴᠢᠩᠭᠠᠳᠬᠠᠨ᠂ ᠰᠠᠴᠤᠷᠠᠭ ᠴᠢᠨᠠᠷᠲᠠᠢ ᠬᠠᠶᠠᠭᠳᠠᠮᠠᠯ ᠡᠳ᠋ ᠲᠤ ᠬᠤᠯᠪᠣᠭᠳᠠᠭᠰᠠᠨ ᠣᠷᠴᠢᠨ ᠲᠣᠭᠤᠷᠢᠨ ᠢ  ᠪᠣᠬᠢᠷᠲᠤᠭᠤᠯᠤᠭᠰᠠᠨ ᠶᠠᠯᠠᠲᠤ ᠠᠵᠢᠯᠯᠠᠭ᠎ᠠ ᠳᠤ ᠬᠠᠤᠯᠢ  ᠶᠣᠰᠣᠭᠠᠷ  ᠴᠣᠬᠢᠯᠲᠠ ᠥᠭᠭᠦᠨ᠎ᠡ᠃ ᠴᠠᠭᠢᠯᠭᠠᠨ ᠰᠣᠷᠢᠨᠵᠢᠨ ᠤ ᠰᠠᠴᠤᠷᠠᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠮᠵᠢᠬᠰᠠᠨ ᠬᠠᠮᠢᠶᠠᠷᠤᠯᠲᠠ ᠶᠢ ᠠᠬᠢᠭᠤᠯᠵᠤ᠂ ᠴᠠᠭᠢᠯᠭᠠᠨ ᠰᠣᠷᠢᠨᠵᠢᠨ ᠤ ᠰᠠᠴᠤᠷᠠᠭ ᠤᠨ ᠪᠣᠬᠢᠷᠳᠤᠯ ᠢ ᠡᠵᠡᠮᠳᠡᠨ᠎ᠡ᠃ ᠴᠥᠮ᠎ᠡ ᠪᠣᠯᠣᠨ ᠰᠠᠴᠤᠷᠠᠭ ᠤᠨ ᠣᠷᠴᠢᠨ ᠲᠣᠭᠤᠷᠢᠨ ᠢ ᠬᠢᠨᠠᠨ  ᠬᠡᠮᠵᠢᠬᠦ  ᠪᠠ ᠪᠠᠴᠢᠮ ᠪᠠᠶᠢᠳᠠᠯ ᠢ  ᠠᠷᠭᠠᠴᠠᠬᠤ  ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃      ︵ᠬᠤᠷᠢᠨ ᠳᠣᠯᠤᠭ᠎ᠠ︶ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠪᠦᠭᠦ ᠬᠡᠯᠬᠢᠶᠡᠨ ᠤ ᠠᠮᠢᠳᠤ ᠪᠣᠳᠠᠰ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠠᠮᠢᠳᠤ ᠪᠣᠳᠠᠰ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠬᠡᠭᠡᠷ᠎ᠡ ᠶᠢᠨ ᠠᠮᠢᠳᠤ ᠪᠣᠳᠠᠰ ᠤᠨ ᠡᠭᠦᠯᠳᠡᠷ ᠤᠨ ᠡᠬᠢ ᠪᠠᠶᠠᠯᠢᠭ ᠢ ᠴᠤᠭᠯᠠᠭᠤᠯᠤᠨ ᠬᠠᠳᠠᠭᠠᠯᠠᠬᠤ ᠶᠢ ᠴᠢᠩᠭᠠᠳᠬᠠᠨ᠂ ᠴᠢᠬᠤᠯᠠ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠢ ᠬᠠᠮᠠᠭᠠᠯᠠᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ᠬᠢᠯᠢ ᠪᠠᠷ ᠣᠷᠣᠬᠤ ᠠᠮᠢᠲᠠᠨ ᠤᠷᠭᠤᠮᠠᠯ ᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠠᠵᠢᠯ ᠢ ᠴᠢᠩᠭᠠᠳᠬᠠᠵᠤ᠂ ᠭᠠᠳᠠᠨ᠎ᠠ ᠠᠴᠠ ᠢᠷᠡᠭᠰᠡᠨ ᠳᠦᠷᠰᠦ ᠶᠢᠨ ᠰᠡᠷᠭᠡᠶᠢᠯᠡᠨ ᠡᠵᠡᠮᠳᠡᠵᠦ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠭᠠᠳᠠᠨ᠎ᠠ ᠠᠴᠠ ᠢᠷᠡᠭᠰᠡᠨ ᠳᠦᠷᠰᠦ ᠶᠢᠨ ᠨᠡᠶᠢᠳᠡᠮ ᠤᠨ ᠪᠠᠶᠢᠴᠠᠭᠠᠯᠲᠠ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠭᠠᠳᠠᠨ᠎ᠠ ᠠᠴᠠ ᠢᠷᠡᠭᠰᠡᠨ ᠳᠦᠷᠰᠦ ᠶᠢᠨ ᠲᠦᠷᠢᠯᠲᠡ ᠶᠢ ᠰᠡᠷᠭᠡᠶᠢᠯᠡᠨ ᠵᠠᠰᠠᠨ᠎ᠠ᠃ ᠠᠮᠢᠳᠤ ᠪᠣᠳᠠᠰ ᠤᠨ ᠮᠡᠷᠭᠡᠵᠢᠯ ᠵᠢᠴᠢ ᠦᠢᠯᠡᠳᠬᠦᠨ ᠤ ᠲᠦᠭᠰᠢᠭᠦᠷᠢ ᠶᠢ ᠪᠠᠶᠢᠴᠠᠭᠠᠨ ᠬᠡᠮᠵᠢᠬᠦ᠂ ᠢᠯᠭᠠᠨ ᠲᠠᠨᠢᠬᠤ᠂ ᠦᠨᠡᠯᠡᠬᠦ ᠪᠠ ᠬᠢᠨᠠᠨ ᠬᠡᠮᠵᠢᠬᠦ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠨᠠᠭᠤᠷ ᠴᠥᠭᠦᠷᠥᠮ ᠤᠨ ᠠᠮᠢ ᠠᠬᠤᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠶᠢ ᠰᠦᠪᠡᠭᠴᠢᠯᠡᠨ ᠥᠷᠨᠢᠭᠦᠯᠦᠨ᠎ᠡ᠃      ︵ᠬᠤᠷᠢᠨ ᠨᠠᠢᠮᠠ︶ ᠠᠭᠤᠷ ᠠᠮᠢᠰᠬᠤᠯ ᠤᠨ ᠬᠤᠪᠢᠷᠠᠯᠲᠠ ᠶᠢᠨ ᠠᠰᠢᠭ ᠦᠭᠡᠢ ᠨᠥᠯᠥᠭᠡ ᠪᠠ ᠲᠦᠭᠰᠢᠭᠦᠷᠢ ᠶᠢ ᠪᠦᠲᠦᠮᠵᠢᠲᠡᠢ ᠠᠷᠭᠠᠴᠠᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠵᠢᠭᠯᠠᠨ ᠬᠡᠮᠵᠢᠵᠦ ᠬᠢᠨᠠᠨ ᠬᠡᠮᠵᠢᠬᠦ ᠰᠢᠰᠲ᠋ᠧᠮ ᠢ ᠪᠠᠶᠢᠭᠤᠯᠤᠨ᠂ ᠭᠤᠣᠯᠳᠠᠯᠭ᠎ᠠ ᠲᠠᠢ ᠬᠦᠷᠢᠶ᠎ᠡ ᠪᠣᠯᠣᠨ ᠠᠭᠤᠷ ᠠᠮᠢᠰᠬᠤᠯ ᠳᠤ ᠰᠡᠷᠭᠡᠭ ᠠᠵᠢᠯ ᠲᠥᠷᠥᠯ᠂ ᠣᠷᠣᠨ ᠪᠦᠰᠡ ᠳᠤ ᠬᠠᠨᠳᠤᠭᠤᠯᠤᠭᠰᠠᠨ ᠠᠭᠤᠷ ᠠᠮᠢᠰᠬᠤᠯ ᠤᠨ ᠬᠤᠪᠢᠷᠠᠯᠲᠠ ᠶᠢᠨ ᠨᠥᠯᠥᠭᠡ ᠪᠣᠯᠣᠨ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠵᠤ᠂ ᠠᠭᠤᠷ ᠠᠮᠢᠰᠬᠤᠯ ᠤᠨ ᠲᠦᠭᠰᠢᠭᠦᠷᠢ ᠶᠢᠨ ᠬᠠᠮᠢᠶᠠᠷᠤᠯᠲᠠ ᠪᠣᠯᠣᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠲᠠᠷᠢᠶᠠᠯᠠᠩ ᠮᠠᠯ ᠠᠵᠤ ᠠᠬᠤᠢ᠂ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠠᠭᠤᠷ ᠠᠮᠢᠰᠬᠤᠯ ᠤᠨ ᠤᠶᠠᠨ ᠬᠠᠲᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠷᠢ ᠲᠥᠬᠦᠭᠡᠷᠦᠮᠵᠢ ᠬᠢᠭᠡᠳ ᠴᠢᠬᠤᠯᠠ ᠶᠡᠭᠡ ᠢᠨᠵᠧᠨᠧᠷᠢᠩ ᠤᠨ ᠠᠭᠤᠷ ᠠᠮᠢᠰᠬᠤᠯ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠭᠦᠭᠡᠬᠤᠲᠠ ᠵᠡᠷᠭᠡ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ 2035 ᠣᠨ ᠪᠤᠯᠬᠤ ᠳᠤ᠂ ᠠᠭᠤᠷ ᠠᠮᠢᠰᠬᠤᠯ ᠳᠤ ᠵᠣᠬᠢᠴᠠᠬᠤ ᠭᠡᠯᠪᠡᠷᠢ ᠶᠢᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ᠃      ︵ᠬᠤᠷᠢ ᠶᠢᠰᠦ︶ ᠣᠷᠴᠢᠨ ᠲᠣᠭᠤᠷᠢᠨ ᠤ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠣᠷᠴᠢᠨ ᠲᠣᠭᠤᠷᠢᠨ ᠤ ᠲᠦᠭᠰᠢᠭᠦᠷᠢ ᠶᠢ ᠳᠡᠰ ᠲᠥᠷᠥᠯ ᠬᠤᠪᠢᠶᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠭᠤᠣᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ︽ᠨᠢᠭᠡ ᠭᠤᠣᠯ ᠨᠢᠭᠡ ᠠᠷᠭ᠎ᠠ ᠨᠢᠭᠡ ᠵᠢᠷᠤᠭ︾ ᠤᠨ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠎ᠡ᠃ ᠠᠶᠤᠯᠲᠠᠢ ᠬᠠᠶᠠᠭᠳᠠᠮᠠᠯ ᠡᠳ᠋᠂ ᠦᠯᠡᠳᠡᠭᠳᠡᠯ ᠬᠦᠳᠡᠷ ᠤᠨ ᠬᠥᠮᠥᠷᠭᠡ᠂ ᠰᠢᠨ᠎ᠡ ᠪᠣᠬᠢᠷ ᠡᠳ᠋ ᠢ ᠬᠢᠨᠠᠨ ᠬᠡᠮᠵᠢᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠶᠢᠨ ᠬᠢᠨᠠᠨ ᠬᠡᠮᠵᠢᠯᠲᠡ᠂ ᠡᠳ᠋ ᠪᠠᠷᠠᠭ᠎ᠠ ᠨᠥᠭᠡᠴᠡᠯᠡᠬᠦ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠪᠤᠭᠤᠲᠤ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ︵ᠥᠪᠥᠷ ᠮᠣᠩᠭᠤᠯ︶ ᠤᠨ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠬᠤ ᠶᠢᠨ ᠬᠢᠨᠠᠨ ᠬᠡᠮᠵᠢᠯᠲᠡ ᠪᠠ ᠡᠳ᠋ ᠪᠠᠷᠠᠭ᠎ᠠ ᠨᠥᠭᠡᠴᠡᠯᠡᠬᠦ ᠬᠥᠮᠥᠷᠭᠡ ᠶᠢ ᠪᠦᠲᠦᠭᠡᠨ ᠪᠠᠶᠢᠭᠤᠯᠤᠨ᠎ᠠ᠃ ᠣᠷᠴᠢᠨ ᠲᠣᠭᠤᠷᠢᠨ ᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠲᠤᠷᠰᠢᠯᠲᠠ ᠶᠢᠨ ᠴᠡᠭ  ᠢ ᠥᠷᠨᠢᠭᠦᠯᠦᠨ᠎ᠡ᠃      ᠨᠠᠢᠮᠠ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠪᠦᠭᠦ ᠠᠷᠠᠳ ᠤᠨ ᠠᠵᠢᠯᠯᠠᠭ᠎ᠠ ᠶᠢ ᠠᠬᠢᠭᠤᠯᠤᠨ᠎ᠠ            ︵ᠭᠤᠴᠢ︶ ᠠᠮᠢ ᠠᠬᠤᠢ ᠶᠢᠨ ᠰᠣᠶᠣᠯ ᠢ ᠪᠣᠶᠢᠵᠢᠭᠤᠯᠤᠨ ᠪᠠᠳᠠᠷᠠᠭᠤᠯᠤᠨ᠎ᠠ᠃ ︽ᠡᠬᠡ ᠭᠠᠵᠠᠷ ᠤᠨ ᠤᠳᠬ᠎ᠠ ᠵᠣᠬᠢᠶᠠᠯ ᠤᠨ ᠲᠥᠪ· ᠥᠪᠥᠷ ᠮᠣᠩᠭᠤᠯ ᠤᠨ ᠠᠮᠢ ᠠᠬᠤᠢ ᠶᠢᠨ ᠤᠳᠬ᠎ᠠ ᠵᠣᠬᠢᠶᠠᠯ ᠤᠨ ᠵᠣᠬᠢᠶᠠᠨ ᠪᠦᠲᠦᠭᠡᠬᠦ ᠰᠠᠭᠤᠷᠢᠨ︾ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡ ᠪᠦᠯᠦᠭ ᠠᠮᠢ ᠠᠬᠤᠢ ᠶᠢᠨ ᠤᠳᠬ᠎ᠠ ᠵᠣᠬᠢᠶᠠᠯ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠠᠮᠢ ᠠᠬᠤᠢ ᠶᠢᠨ ᠰᠣᠶᠣᠯ ᠤᠨ ᠶᠠᠷᠢᠶᠠᠨ ᠤ ᠲᠠᠪᠴᠠᠩ ᠢ ᠡᠷᠭᠢᠯᠡᠨ᠂ ᠰᠢᠯᠢᠳᠡᠭ ᠪᠦᠲᠦᠭᠡᠯ ᠢ ᠰᠢᠯᠭᠠᠷᠠᠭᠤᠯᠬᠤ᠂ ᠳᠡᠯᠭᠡᠨ ᠦᠵᠡᠭᠦᠯᠭᠦ ᠠᠵᠢᠯ ᠥᠷᠨᠢᠭᠦᠯᠦᠨ᠎ᠡ᠃ ᠮᠠᠨᠵᠤᠤᠷ᠂ ᠡᠷᠢᠶᠡᠨ ᠬᠤᠲᠠ ᠵᠡᠷᠭᠡ ᠬᠢᠯᠢ ᠶᠢᠨ ᠪᠣᠭᠤᠮᠲᠠ ᠶᠢᠨ ᠬᠤᠲᠠ ᠶᠢᠨ ᠠᠮᠢ ᠠᠬᠤᠢ ᠶᠢᠨ ᠰᠣᠶᠣᠯ ᠢ ᠭᠠᠳᠠᠭᠠᠳᠤ ᠳᠤ ᠤᠯᠠᠮᠵᠢᠯᠠᠨ ᠳᠠᠮᠵᠢᠭᠤᠯᠵᠤ ᠬᠠᠷᠢᠯᠴᠠᠨ ᠰᠣᠯᠢᠯᠴᠠᠵᠤ ᠬᠠᠷᠢᠯᠴᠠᠨ ᠲᠣᠯᠢᠯᠠᠬᠤ ᠴᠣᠩᠬᠤᠪᠴᠢ ᠪᠠᠶᠢᠭᠤᠯᠬᠤ ᠶᠢ ᠳᠡᠮᠵᠢᠨ᠎ᠡ᠃ ᠨᠥᠬᠦᠴᠡᠯ ᠲᠠᠢ ᠮᠦᠽᠧᠢ᠂ ᠦᠵᠡᠰᠭᠦᠯᠡᠩ ᠤᠨ ᠣᠷᠳᠣᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠣᠷᠳᠣᠨ ᠵᠡᠷᠭᠡ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠰᠠᠭᠤᠷᠢᠨ ᠢ ᠡᠭᠦᠳᠦᠨ ᠪᠠᠶᠢᠭᠤᠯᠬᠤ ᠶᠢ ᠠᠬᠢᠭᠤᠯᠤᠨ᠎ᠠ᠃      ︵ᠭᠤᠴᠢᠨ ᠨᠢᠭᠡ︶ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠠᠮᠢᠳᠤᠷᠠᠯ ᠤᠨ ᠠᠷᠭ᠎ᠠ ᠮᠠᠶ᠋ᠢᠭ ᠢ ᠦᠢᠯᠡᠳᠦᠯᠭᠡᠵᠢᠭᠦᠯᠦᠨ᠎ᠡ᠃ ᠠᠷᠪᠢᠲᠠᠢ ᠲᠣᠬᠢᠷᠠᠮᠵᠢᠲᠠᠢ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠪᠠ ᠬᠡᠷᠡᠭᠯᠡᠭᠡᠨ ᠤ ᠵᠠᠭᠪᠤᠷ ᠢ ᠰᠠᠨᠠᠭᠠᠴᠢᠯᠠᠨ᠎ᠠ᠃ ︽ᠫᠢᠯᠠ ᠬᠤᠭᠤᠰᠤᠯᠠᠬᠤ ᠠᠵᠢᠯᠯᠠᠭ᠎ᠠ︾ ᠶᠢ ᠦᠷᠭᠦᠯᠵᠢᠯᠡᠨ ᠠᠬᠢᠭᠤᠯᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠡᠷᠡᠰ ᠬᠤᠷᠢᠭᠯᠠᠨ᠎ᠠ᠃ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠪᠣᠬᠢᠷᠳᠤᠯ ᠦᠭᠡᠢ ᠶᠠᠪᠤᠵᠤ ᠰᠠᠭᠤᠬᠤ ᠬᠠᠷᠢᠴᠠᠯ ᠢ ᠳᠡᠭᠡᠭᠰᠢᠯᠡᠭᠦᠯᠦᠨ᠎ᠡ᠃ ᠨᠢᠭᠡ ᠯᠡ ᠤᠳᠠᠭ᠎ᠠ ᠬᠡᠷᠡᠭᠯᠡᠬᠦ ᠬᠡᠷᠡᠭᠯᠡᠭᠡᠨ ᠤ ᠵᠦᠢᠯ ᠢ ᠬᠡᠷᠡᠭᠯᠡᠬᠦ ᠶᠢ ᠪᠠᠭᠠᠰᠬᠠᠵᠤ᠂ ᠲᠠᠸᠠᠷ ᠤᠨ ᠭᠡᠳᠦ ᠪᠣᠭᠤᠳᠠᠯᠯᠠᠬᠤ ᠪᠦᠭᠦ ᠬᠡᠯᠬᠢᠶᠡᠨ ᠤ ᠵᠠᠰᠠᠯᠲᠠ ᠶᠢ ᠴᠢᠩᠭᠠᠳᠬᠠᠨ᠎ᠠ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭᠠᠲᠠᠢ ᠦᠢᠯᠡᠳᠬᠦᠨ ᠤ ᠪᠠᠷᠢᠮᠵᠢᠶ᠎ᠠ᠂ ᠭᠡᠷᠡᠴᠢᠯᠡᠯ᠂ ᠢᠯᠭᠠᠬᠤ ᠰᠢᠰᠲ᠋ᠧᠮ ᠢ ᠢᠳᠡᠪᠬᠢᠲᠡᠢ ᠪᠠᠷ ᠪᠠᠶᠢᠭᠤᠯᠵᠤ᠂︽ᠨᠡᠭᠦᠷᠡᠰᠦᠲᠥ᠋ᠷᠥᠭᠴᠢ ᠶᠢᠨ ᠲᠦᠭᠡᠮᠡᠯ ᠬᠠᠷᠠᠭᠠᠯᠵᠠᠯ︾ ᠢ ᠶᠡᠭᠡ ᠪᠠᠷ ᠳᠡᠯᠭᠡᠷᠡᠭᠦᠯᠦᠨ᠎ᠡ᠃ ᠪᠣᠬᠢᠷᠳᠤᠯ ᠦᠭᠡᠢ ᠭᠡᠷ ᠪᠦᠯᠢ᠂ ᠪᠣᠬᠢᠷᠳᠤᠯ ᠦᠭᠡᠢ ᠰᠤᠷᠭᠠᠭᠤᠯᠢ᠂ ᠪᠣᠬᠢᠷᠳᠤᠯ ᠦᠭᠡᠢ ᠨᠡᠶᠢᠭᠡᠮ ᠲᠣᠭᠤᠷᠢᠭ᠂ ᠪᠣᠬᠢᠷᠳᠤᠯ ᠦᠭᠡᠢ ᠬᠤᠳᠠᠯᠳᠤᠭᠠᠨ ᠤ ᠲᠠᠯᠠᠪᠤᠷ ᠵᠡᠷᠭᠡ ᠶᠢᠨ ᠵᠢᠱᠢᠶ᠎ᠡ ᠦᠵᠡᠭᠦᠯᠦᠨ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ᠎ᠡ᠃      ︵ᠭᠤᠴᠢᠨ ᠬᠤᠶᠠᠷ︶ ᠪᠦᠭᠦ ᠠᠷᠠᠳ ᠤᠨ ᠠᠵᠢᠯᠯᠠᠭᠠᠨ ᠤ ᠰᠢᠰᠲ᠋ᠧᠮ ᠢ ᠪᠠᠶᠢᠭᠤᠯᠤᠨ᠎ᠠ᠃ ︽ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠳᠤ ᠪᠢ ᠪᠣᠯ ᠦᠢᠯᠡᠳᠦᠯᠭᠡᠵᠢᠭᠦᠯᠦᠭᠴᠢ ᠮᠥᠨ︾ ᠭᠡᠬᠦ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠦᠨ᠎ᠡ᠃ ᠠᠵᠤ ᠠᠬᠤᠶᠢᠯᠠᠯ ᠤᠨ ᠲᠡᠷᠢᠭᠦᠨ ᠤ ᠪᠣᠬᠢᠷᠳᠤᠯ ᠦᠭᠡᠢ ᠦᠢᠯᠡᠳᠪᠦᠷᠢᠯᠡᠯ ᠤᠨ ᠣᠶᠢᠯᠠᠭᠠᠭᠳᠠᠬᠤᠨ ᠪᠠ ᠬᠠᠮᠢᠶᠠᠷᠤᠯᠲᠠ ᠶᠢᠨ ᠵᠠᠭᠪᠤᠷ ᠣᠷᠣᠭᠤᠯᠬᠤ ᠶᠢ ᠵᠣᠷᠢᠭᠵᠢᠭᠤᠯᠵᠤ᠂ ᠦᠢᠯᠡᠳᠪᠦᠷᠢᠯᠡᠭᠴᠢ ᠶᠢᠨ ᠬᠠᠷᠢᠭᠤᠴᠠᠯᠭ᠎ᠠ ᠶᠢ ᠤᠷᠲᠤᠳᠬᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠬᠦ᠂ ᠣᠷᠴᠢᠨ ᠲᠣᠭᠤᠷᠢᠨ ᠤ ᠢᠲᠡᠭᠡᠮᠵᠢ ᠶᠢ ᠦᠨᠡᠯᠡᠬᠦ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠳᠦᠷᠢᠮᠵᠢᠯᠲᠡ᠂ ᠵᠢᠷᠦᠮᠵᠢᠯᠲᠡ᠂ ᠪᠠᠶᠢᠩᠭᠤᠵᠢᠯᠲᠠ ᠶᠢ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠲᠡᠮᠳᠡᠭᠲᠦ ᠶᠢ ᠪᠣᠶᠢᠵᠢᠭᠤᠯᠤᠨ ᠪᠤᠶ ᠪᠣᠯᠭᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠨᠡᠭᠡᠭᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠳᠤ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠦᠢᠯᠡᠴᠢᠯᠡᠭᠡ ᠬᠠᠩᠭᠠᠨ᠎ᠠ᠃ ᠤᠯᠠᠨ ᠨᠡᠶᠢᠲᠡ ᠶᠢᠨ ᠠᠮᠢ ᠠᠬᠤᠢ ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠵᠦ ᠬᠠᠷᠢᠭᠤ ᠲᠤᠰᠬᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃      ᠶᠢᠰᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ᠃      ︵ᠭᠤᠴᠢᠨ ᠭᠤᠷᠪᠠ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠪᠠ  ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠭᠦᠢᠴᠡᠳᠬᠡᠬᠦ︾ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃      ︵ᠭᠤᠴᠢᠨ ᠳᠥᠷᠪᠡ︶ ᠠᠮᠢ ᠠᠬᠤᠢ ᠣᠷᠴᠢᠨ ᠲᠣᠭᠤᠷᠢᠨ ᠤ ᠣᠷᠣᠨ ᠨᠤᠲᠤᠭ ᠤᠨ ᠬᠠᠤᠯᠢ ᠲᠣᠭᠲᠠᠭᠠᠯ ᠤᠨ ᠪᠠᠷᠢᠮᠵᠢᠶ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠰᠠᠴᠤᠷᠠᠭ᠂ ᠲᠠᠭᠤ ᠱᠤᠤᠭᠢᠶᠠᠨ᠂ ᠲᠠᠷᠢᠶᠠᠯᠠᠩ ᠤᠨ ᠰᠦᠯᠢᠶᠥᠦ ᠪᠦᠷᠬᠦᠪᠴᠢ ᠵᠡᠷᠭᠡ ᠪᠣᠬᠢᠷᠳᠤᠯ ᠢ ᠰᠡᠷᠭᠡᠶᠢᠯᠡᠨ ᠵᠠᠰᠠᠬᠤ ᠪᠠ ᠨᠤᠭᠤ ᠭᠠᠵᠠᠷ ᠢ ᠬᠠᠮᠠᠭᠠᠯᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠬᠤᠲᠠ ᠪᠠᠯᠭᠠᠰᠤ ᠶᠢᠨ ᠨᠣᠭᠤᠭᠠᠷᠠᠭᠤᠯᠤᠯᠲᠠ᠂ ᠣᠶ ᠰᠢᠭᠤᠢ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠰᠢᠩᠭᠡᠬᠡᠨ ᠠᠪᠬᠤ ᠬᠠᠮᠢᠶᠠᠷᠤᠯᠲᠠ ᠵᠡᠷᠭᠡ ᠬᠦᠷᠢᠶᠡᠨ ᠳᠠᠬᠢ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ︽ᠲᠣᠭᠲᠠᠭᠠᠬᠤ ᠥᠭᠡᠷᠡᠴᠢᠯᠡᠬᠦ ᠬᠦᠴᠦᠨ ᠦᠭᠡᠢ ᠪᠤᠯᠭᠠᠬᠤ︾ ᠶᠢ ᠢᠳᠡᠪᠬᠢᠲᠡᠢ ᠠᠬᠢᠭᠤᠯᠤᠨ᠎ᠠ᠃ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠪᠠᠭᠠᠲᠠᠢ ᠶᠢᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠶᠢ ᠴᠢᠩᠭᠠᠳᠬᠠᠵᠤ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ ᠪᠣᠬᠢᠷᠳᠤᠯ ᠦᠭᠡᠢ ᠬᠥᠭᠵᠢᠯᠲᠡ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃ ᠤᠰᠤᠨ ᠤ ᠣᠷᠴᠢᠯ ᠠᠰᠢᠭᠯᠠᠯᠲᠠ ᠶᠢᠨ ᠬᠦᠷᠢᠶ᠎ᠡ ᠴᠠᠷᠠᠭ᠎ᠠ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠠᠬᠢᠭᠤᠯᠤᠨ᠎ᠠ᠃      ︵ᠭᠤᠴᠢᠨ ᠲᠠᠪᠤ︶ ᠣᠳᠣᠬᠢᠴᠢᠯᠠᠭᠰᠠᠨ ᠣᠷᠴᠢᠨ ᠲᠣᠭᠤᠷᠢᠨ ᠤ ᠵᠠᠰᠠᠯᠲᠠ ᠶᠢᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠯ ᠤᠨ ᠡᠷᠬᠡ ᠶᠢᠨ ᠳᠦᠷᠢᠮ ᠢ ᠲᠡᠭᠦᠯᠳᠡᠷᠵᠢᠭᠦᠯᠵᠦ᠂ ᠪᠦᠭᠦ ᠡᠯᠧᠮᠧᠨ᠋ᠲ ᠪᠦᠭᠦ ᠶᠠᠪᠤᠴᠠ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ᠎ᠠ᠃ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠠᠬᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠮᠤᠵᠢ ᠶᠢᠨ ᠬᠤᠭᠤᠷᠣᠨᠳᠤ ᠳᠠᠭᠠᠨ ᠬᠥᠨᠳᠡᠯᠡᠨ ᠢᠶᠠᠷ ᠠᠮᠢ ᠠᠬᠤᠢ ᠶᠢᠨ ᠨᠥᠬᠦᠪᠦᠷᠢ ᠥᠭᠬᠦ ᠶᠢ ᠢᠳᠡᠪᠬᠢᠲᠡᠢ ᠠᠬᠢᠭᠤᠯᠵᠤ᠂ ᠬᠠᠲᠤᠨ ᠭᠤᠣᠯ ᠳᠠᠭᠠᠤ ᠶᠢᠨ ᠠᠶᠢᠮᠠᠭ ᠬᠤᠲᠠ ᠶᠢᠨ ᠬᠤᠭᠤᠷᠣᠨᠳᠤ ᠳᠠᠭᠠᠨ ᠬᠥᠨᠳᠡᠯᠡᠨ ᠢᠶᠠᠷ ᠠᠮᠢ ᠠᠬᠤᠢ ᠶᠢᠨ ᠨᠥᠬᠦᠪᠦᠷᠢ ᠥᠭᠬᠦ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠰᠢᠰᠲ᠋ᠧᠮ ᠢ ᠪᠦᠷᠢᠨᠰᠢᠭᠦᠯᠵᠦ᠂ ᠢᠯᠡ ᠲᠣᠳᠣ᠂ ᠵᠢᠷᠤᠮᠵᠢᠯ ᠲᠠᠢ ᠡᠮᠬᠢ ᠵᠢᠷᠤᠮ ᠲᠠᠢ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠵᠠᠬ᠎ᠠ ᠳᠡᠯᠭᠡᠭᠦᠷ ᠢ ᠪᠠᠶᠢᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠪᠣᠬᠢᠷᠳᠤᠯ ᠭᠠᠳᠠᠭᠰᠢᠯᠠᠭᠤᠯᠬᠤ ᠡᠷᠬᠡ ᠶᠢᠨ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ ᠶᠢᠨ ᠠᠭᠠᠷ ᠮᠠᠨᠳᠠᠯ ᠤᠨ ᠪᠣᠬᠢᠷᠳᠤᠯ ᠢ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠬᠠᠮᠵᠢᠯᠴᠠᠭᠠᠨ ᠤ ᠲᠣᠭᠲᠠᠴᠠ ᠪᠠ ᠬᠥᠳᠡᠭᠡ ᠲᠣᠰᠬᠤᠨ ᠤ ᠣᠷᠴᠢᠨ ᠲᠣᠭᠤᠷᠢᠨ ᠢ ᠵᠠᠰᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠥᠪ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠳᠤ ᠰᠢᠯᠵᠢᠭᠦᠯᠦᠨ ᠲᠣᠭᠠᠴᠠᠭ᠎ᠠ ᠬᠢᠬᠦ ᠶᠢ ᠢᠳᠡᠪᠬᠢᠯᠡᠨ ᠭᠤᠶᠤᠴᠢᠯᠠᠨ ᠣᠯᠣᠨ᠎ᠠ᠃      ︵ᠭᠤᠴᠢᠨ ᠵᠢᠷᠭᠤᠭ᠎ᠠ︶ ᠣᠳᠣᠬᠢᠴᠢᠯᠠᠭᠰᠠᠨ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠵᠦ ᠦᠨᠡᠯᠡᠨ ᠵᠢᠱᠢᠬᠦ ᠰᠢᠰᠲ᠋ᠧᠮ ᠢ ᠪᠠᠶᠢᠭᠤᠯᠤᠨ᠎ᠠ᠃ ᠣᠷᠴᠢᠨ ᠲᠣᠭᠤᠷᠢᠨ ᠤ ᠶᠠᠰᠤ ᠴᠢᠨᠠᠷ᠂ ᠪᠣᠬᠢᠷᠳᠤᠯ ᠤᠨ ᠡᠬᠢ ᠰᠤᠷᠪᠤᠯᠵᠢ᠂ ᠪᠠᠶᠢᠭᠠᠯᠢ ᠶᠢᠨ ᠠᠮᠢ ᠠᠬᠤᠢ ᠶᠢᠨ ᠪᠠᠶᠢᠳᠠᠯ ᠵᠡᠷᠭᠡ ᠲᠡᠭᠷᠢ ᠠᠭᠠᠷ ᠭᠠᠵᠠᠷ ᠢ ᠨᠢᠭᠡ ᠴᠣᠭᠴᠠᠵᠢᠭᠤᠯᠤᠭᠰᠠᠨ᠂ ᠨᠠᠷᠢᠯᠢᠭᠵᠢᠭᠤᠯᠤᠭᠰᠠᠨ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠲᠣᠣᠷ ᠰᠦᠯᠵᠢᠶ᠎ᠡ ᠶᠢ ᠲᠦᠷᠭᠡᠳᠬᠡᠨ ᠪᠠᠶᠢᠭᠤᠯᠵᠤ᠂ ᠲᠥᠰᠥᠭᠡᠯᠡᠵᠦ ᠤᠷᠢᠳᠴᠢᠯᠠᠨ ᠮᠡᠳᠡᠭᠡᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ ᠶᠢ ᠬᠠᠮᠵᠢᠯᠴᠠᠨ ᠬᠢᠨᠠᠨ ᠬᠡᠮᠵᠢᠬᠦ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠴᠥᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠤᠨ ᠠᠮᠢ ᠠᠬᠤᠢ ᠣᠷᠴᠢᠨ ᠲᠣᠭᠤᠷᠢᠨ ᠢ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠥᠷᠨᠢᠭᠦᠯᠵᠦ᠂ ᠠᠮᠢ ᠠᠬᠤᠢ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠵᠦ ᠦᠨᠡᠯᠡᠬᠦ ᠶᠢ ᠥᠷᠨᠢᠭᠦᠯᠦᠨ᠂ ᠠᠮᠢ ᠠᠬᠤᠢ ᠶᠢᠨ ᠬᠢᠨᠠᠨ ᠬᠡᠮᠵᠢᠵᠦ ᠰᠡᠷᠡᠮᠵᠢᠯᠡᠭᠦᠯᠭᠦ ᠶᠢ ᠴᠢᠩᠭᠠᠳᠬᠠᠨ᠎ᠠ᠃ ᠠᠮᠢ ᠠᠬᠤᠢ ᠶᠢᠨ ᠬᠢᠨᠠᠨ ᠬᠡᠮᠵᠢᠬᠦ ᠪᠠᠶᠢᠭᠤᠯᠤᠮᠵᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠯᠤᠰ ᠰᠡᠷᠡᠯ ᠤᠨ ᠲᠠᠶᠢᠯᠪᠤᠷᠢᠯᠠᠵᠤ ᠵᠠᠳᠠᠯᠬᠤ ᠪᠠ ᠭᠠᠵᠠᠷ ᠳᠡᠭᠡᠷᠡᠬᠢ ᠬᠢᠨᠠᠨ ᠬᠡᠮᠵᠢᠬᠦ ᠬᠦᠴᠦᠨ ᠢ ᠲᠣᠬᠢᠷᠠᠭᠤᠯᠤᠨ ᠴᠢᠩᠭᠠᠳᠬᠠᠨ᠎ᠠ᠃      ︵ᠭᠤᠴᠢᠨ ᠳᠣᠯᠤᠭ᠎ᠠ︶ ᠪᠦᠭᠦ ᠲᠠᠯ᠎ᠠ ᠶᠢᠨ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠯᠲᠠ ᠲᠠᠯᠪᠢᠬᠤ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠠᠪᠴᠠᠩ ᠤᠨ ᠦᠢᠯᠡᠳᠦᠯ ᠢ ᠪᠠᠳᠠᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠡᠷᠡᠭ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ ᠭᠦᠢᠴᠡᠳᠬᠡᠬᠦ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠣᠳᠣᠯᠲᠠ ᠪᠠ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠨ ᠪᠠᠶᠢᠴᠠᠭᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠱᠠᠯᠠᠪᠳᠠᠨ ᠪᠠᠶᠢᠴᠠᠭᠠᠬᠤ ᠡᠩᠨᠡᠭᠡ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠣᠭᠤᠷᠢᠨ ᠪᠠᠶᠢᠴᠠᠭᠠᠬᠤ᠂ ᠬᠢᠨᠠᠨ ᠪᠤᠳᠤᠵᠤ ᠬᠢᠨᠠᠯᠲᠠ ᠲᠠᠯᠪᠢᠬᠤ ᠠᠭᠤᠯᠭ᠎ᠠ ᠳᠤ ᠣᠷᠣᠭᠤᠯᠬᠤ ᠶᠢ ᠰᠦᠪᠡᠭᠴᠢᠯᠡᠨ᠎ᠡ᠃      ︵ᠭᠤᠴᠢᠨ ᠨᠠᠢᠮᠠ︶ᠪᠡᠯᠡ ᠮᠥᠩᠭᠦ ᠶᠢᠨ ᠣᠷᠣᠭᠤᠯᠤᠯᠲᠠ ᠪᠠ ᠮᠥᠩᠭᠦᠨ ᠭᠦᠢᠯᠭᠡᠭᠡᠨ ᠤ ᠲᠡᠳᠬᠦᠮᠵᠢ ᠶᠢ ᠨᠡᠮᠡᠭᠳᠡᠭᠦᠯᠦᠨ᠎ᠡ᠃ ᠲᠥᠪ ᠤᠨ ᠪᠡᠯᠡ ᠮᠥᠩᠭᠦ ᠶᠢ ᠢᠳᠡᠪᠬᠢᠲᠡᠢ ᠭᠤᠶᠤᠴᠢᠯᠠᠨ ᠣᠯᠵᠤ᠂ ᠥᠪᠡᠷᠲᠡᠭᠡᠨ ᠵᠠᠰᠠᠬᠤ ᠣᠷᠣᠨ ᠤ ᠪᠠᠶᠢᠭ᠎ᠠ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠲᠤᠰᠬᠠᠢ ᠵᠦᠢᠯ ᠢᠶᠠᠷ ᠳᠡᠮᠵᠢᠨ᠎ᠡ᠃ ᠡᠳ᠋ ᠤᠨ ᠵᠠᠰᠠᠭ ᠮᠥᠩᠭᠦᠨ ᠭᠦᠢᠯᠭᠡᠭᠡ ᠪᠠ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠪᠡᠯᠡ ᠮᠥᠩᠭᠦ ᠶᠢ ᠬᠡᠷᠡᠭᠯᠡᠭᠰᠡᠨ ᠪᠠᠶᠢᠳᠠᠯ ᠢ ᠬᠢᠨᠠᠨ ᠪᠤᠳᠤᠵᠤ ᠬᠢᠨᠠᠬᠤ ᠪᠠᠨ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠢᠶᠠᠷ ᠤᠳᠤᠷᠢᠳᠤᠮᠵᠢ ᠪᠤᠯᠭᠠᠬᠰᠠᠨ ᠨᠡᠭᠡᠭᠡᠨ ᠬᠥᠭᠵᠢᠭᠦᠯᠬᠦ︵EOD︶ᠲᠥᠷᠥᠯ ᠵᠦᠢᠯ ᠢ ᠠᠬᠢᠭᠤᠯᠵᠤ᠂ ᠨᠡᠶᠢᠭᠡᠮ ᠤᠨ ᠬᠥᠷᠥᠩᠭᠡ ᠶᠢ ᠲᠡᠳᠡᠨ ᠣᠷᠣᠭᠤᠯᠵᠤ᠂ ᠪᠡᠯᠡ ᠮᠥᠩᠭᠦ ᠶᠢᠨ ᠵᠠᠮ ᠮᠥᠷ ᠢ ᠥᠷᠭᠡᠳᠬᠡᠨ᠂ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠤᠨ᠎ᠠ᠃ ᠪᠣᠬᠢᠷᠳᠤᠯ ᠦᠭᠡᠢ ᠮᠥᠩᠭᠦᠨ ᠭᠦᠢᠯᠭᠡᠭᠡᠨ ᠢ ᠶᠡᠭᠡ ᠪᠠᠷ ᠬᠥᠭᠵᠢᠭᠦᠯᠵᠦ᠂ ᠣᠷᠣᠨ ᠪᠦᠰᠡ ᠶᠢᠨ ᠴᠢᠨᠠᠷᠲᠠᠢ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠵᠠᠭᠪᠤᠷ ᠢ ᠰᠦᠪᠡᠭᠴᠢᠯᠡᠨ᠂ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠳᠤ ᠰᠢᠨ᠎ᠡ ᠶᠢ ᠡᠭᠦᠳᠴᠦ᠂ ᠪᠣᠬᠢᠷᠳᠤᠯ ᠦᠭᠡᠢ ᠢᠲᠡᠭᠡᠮᠵᠢᠲᠦ ᠵᠢᠭᠡᠯᠡᠯᠭᠡ ᠶᠢ ᠡᠮᠬᠢ ᠵᠢᠷᠤᠮ ᠲᠠᠢ ᠠᠬᠢᠭᠤᠯᠤᠨ᠂ ᠪᠣᠬᠢᠷᠳᠤᠯ ᠦᠭᠡᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠵᠤ᠂ ᠣᠷᠴᠢᠨ ᠲᠣᠭᠤᠷᠢᠨ ᠤ ᠪᠣᠬᠢᠷᠳᠤᠯ ᠤᠨ ᠬᠠᠷᠢᠭᠤᠴᠠᠯᠭ᠎ᠠ ᠶᠢᠨ ᠳᠠᠭᠠᠳᠬᠠᠯ ᠤᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃      ︵ᠭᠤᠴᠢ ᠶᠢᠰᠦ︶ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠤᠯᠭᠠᠭᠤᠷᠢᠯᠠᠯ ᠬᠢᠭᠡᠳ ᠲᠣᠭᠠᠴᠢᠯᠠᠭᠰᠠᠨ ᠬᠡᠷᠡᠭᠯᠡᠭᠡᠨ ᠢ ᠴᠢᠩᠭᠠᠷᠠᠭᠤᠯᠤᠨ᠎ᠠ᠃ ᠪᠣᠬᠢᠷᠳᠤᠯ ᠦᠭᠡᠢ ᠪᠥᠭᠡᠳ ᠨᠡᠭᠦᠷᠡᠰᠦᠲᠥ᠋ᠷᠥᠭᠴᠢ ᠪᠠᠭᠠᠲᠠᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠳᠡᠯᠭᠡᠷᠡᠭᠦᠯᠵᠦ᠂ ᠪᠣᠬᠢᠷᠳᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠤᠯᠠᠨ ᠪᠣᠬᠢᠷᠳᠤᠯ ᠪᠣᠳᠠᠰ ᠢ ᠬᠠᠮᠵᠢᠯᠴᠠᠨ ᠵᠠᠰᠠᠬᠤ ᠵᠡᠷᠭᠡ ᠬᠦᠷᠢᠶᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠡᠷᠴᠢᠮ ᠢ ᠴᠢᠩᠭᠠᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠢ ᠳᠡᠮᠵᠢᠵᠦ ᠪᠠᠶᠢᠭᠠᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨᠵᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠡᠷᠢᠭᠦᠨ ᠵᠡᠷᠭᠡ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠪᠠ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠬᠡᠷᠡᠭᠵᠢᠭᠦᠯᠬᠦ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠭᠠᠷᠭᠠᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠪᠠᠶᠢᠭᠤᠯᠤᠨ᠂ ᠵᠠᠩᠭᠢᠯᠠᠭ᠎ᠠ ᠶᠢᠨ ᠬᠦᠷᠢᠶ᠎ᠡ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠲᠣᠭᠠᠴᠢᠯᠠᠭᠰᠠᠨ ᠣᠶᠤᠨᠴᠢᠯᠠᠭᠰᠠᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠢᠭᠡ ᠴᠣᠭᠴᠠᠵᠢᠭᠤᠯᠤᠭᠰᠠᠨ ᠲᠣᠮᠣ ᠳ᠋ᠠᠶᠢᠲ᠋ᠠ ᠶᠢᠨ ᠰᠢᠰᠲ᠋ᠧᠮ ᠢ ᠪᠠᠶᠢᠭᠤᠯᠤᠨ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ᠂ ᠪᠦᠲᠦᠭᠡᠨ ᠪᠠᠶᠢᠭᠤᠯᠬᠤ᠂ ᠬᠢᠨᠠᠨ ᠬᠠᠮᠢᠶᠠᠷᠬᠤ᠂ ᠵᠠᠰᠠᠨ ᠰᠡᠷᠭᠦᠭᠡᠬᠦ  ︽ᠬᠠᠮ ᠵᠢᠷᠤᠭ︾   ᠢ ᠪᠡᠶᠡᠯᠡᠭᠦᠯᠦᠨ᠎ᠡ᠃      ︵ᠳᠥᠴᠢ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠬᠢᠭᠡᠳ ᠪᠠᠶᠢᠭᠠᠯᠢ ᠶᠢᠨ ᠡᠬᠢ ᠪᠠᠶᠠᠯᠢᠭ᠂ ᠤᠰᠤᠨ ᠠᠰᠢᠭᠯᠠᠯᠲᠠ᠂ ᠣᠶ ᠰᠢᠭᠤᠢ ᠪᠠ ᠨᠤᠲᠤᠭ ᠪᠡᠯᠴᠢᠭᠡᠷ᠂  ᠮᠠᠯ ᠠᠵᠤ ᠠᠬᠤᠢ ᠲᠠᠷᠢᠶᠠᠯᠠᠩ ᠵᠡᠷᠭᠡ ᠰᠠᠯᠠᠭ᠎ᠠ ᠮᠥᠴᠢᠷ ᠤᠨ ᠬᠠᠮᠲᠤᠷᠠᠨ ᠬᠠᠤᠯᠢ ᠬᠡᠷᠡᠭᠵᠢᠭᠦᠯᠬᠦ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠦᠢᠯᠡᠰ ᠤᠨ ᠨᠠᠷᠢᠨ ᠲᠠᠩᠰᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ︽ᠢᠨᠲ᠋ᠧᠷ ᠰᠦᠯᠵᠢᠶ᠎ᠡ + ᠨᠢᠭᠡᠳᠦᠯᠲᠡᠢ ᠵᠢᠯᠣᠭᠤᠳᠤᠯᠭ᠎ᠠ + ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ︾ ᠶᠢᠨ ᠲᠤᠬᠠᠢ ᠶᠢᠨ ᠲᠠᠯᠠᠪᠠᠶ ᠶᠢᠨ ᠪᠤᠰᠤ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠳᠡᠯᠭᠡᠷᠡᠭᠦᠯᠵᠦ᠂ ᠸᠢᠳᠢᠤ᠋ ᠪᠠᠷ ᠬᠢᠨᠠᠨ ᠡᠵᠡᠮᠳᠡᠬᠦ ᠪᠠ ᠣᠷᠴᠢᠨ ᠲᠣᠭᠤᠷᠢᠨ ᠢ ᠬᠠᠮᠠᠭᠠᠯᠠᠬᠤ ᠲᠥᠬᠦᠭᠡᠷᠦᠮᠵᠢ ᠶᠢᠨ ᠤᠰᠤ ᠬᠡᠷᠡᠭᠯᠡᠬᠦ᠂ ᠴᠠᠭᠢᠯᠭᠠᠨ ᠬᠡᠷᠡᠭᠯᠡᠬᠦ ᠶᠢ ᠬᠢᠨᠠᠨ ᠡᠵᠡᠮᠳᠡᠬᠦ ᠵᠡᠷᠭᠡ ᠪᠠᠷᠠᠭ᠎ᠠ ᠶᠢᠨ ᠰᠦᠯᠵᠢᠶ᠎ᠡ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠪᠠᠷᠢᠯ ᠢ ᠬᠡᠷᠡᠭᠵᠢᠭᠦᠯᠵᠦ᠂ ᠵᠢᠯᠣᠭᠤᠴᠢ ᠦᠭᠡᠢ ᠨᠢᠰᠬᠡᠯ᠂ ᠵᠢᠯᠣᠭᠤᠴᠢ ᠦᠭᠡᠢ ᠣᠩᠭᠤᠴᠠ᠂ ᠠᠶᠠᠯᠠᠯ ᠤᠨ ᠲᠡᠷᠭᠡ ᠵᠢᠴᠢ ᠳᠠᠭᠠᠭᠤᠯᠢ ᠣᠳᠣᠨ ᠤ ᠠᠯᠤᠰ ᠰᠡᠷᠡᠯ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠠᠷᠭ᠎ᠠ ᠪᠠᠷᠢᠯ ᠤᠨ ᠠᠮᠢ ᠠᠬᠤᠢ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠳᠠᠬᠢ ᠬᠡᠷᠡᠭᠯᠡᠯᠲᠡ ᠶᠢ ᠢᠳᠡᠪᠬᠢᠲᠡᠢ ᠠᠬᠢᠭᠤᠯᠤᠨ᠎ᠠ᠃ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ᠂ ᠠᠮᠢ ᠠᠬᠤᠢ ᠶᠢ ᠬᠠᠮᠠᠭᠠᠯᠠᠬᠤ᠂ ᠴᠥᠮ᠎ᠡ ᠬᠢᠭᠡᠳ ᠰᠠᠴᠤᠷᠠᠭ ᠵᠡᠷᠭᠡ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠴᠢᠳᠠᠪᠤᠷᠢ ᠪᠣᠯᠣᠨ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠬᠠᠮᠢᠶᠠᠷᠤᠯᠲᠠ ᠶᠢᠨ ᠲᠣᠭᠲᠠᠴᠠ ᠶᠢ ᠰᠢᠯᠤᠭᠤᠳᠬᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢ ᠰᠢᠯᠢᠳᠡᠭᠵᠢᠭᠦᠯᠦᠨ᠂ ᠰᠤᠮᠤ ᠰᠢᠶᠠᠩ ᠪᠠᠯᠭᠠᠰᠤ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠬᠠᠤᠯᠢ ᠬᠡᠷᠡᠭᠵᠢᠭᠦᠯᠬᠦ ᠵᠠᠭᠪᠤᠷ ᠢ ᠰᠦᠪᠡᠭᠴᠢᠯᠡᠨ᠎ᠡ᠃      ᠠᠷᠪᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠠᠬᠢ ᠨᠠᠮ ᠤᠨ ᠪᠦᠭᠦ  ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨᠨ᠎ᠡ      ︵ᠳᠥᠴᠢᠨ ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠶᠡᠷᠦᠩᠬᠡᠢ ᠬᠠᠷᠢᠭᠤᠴᠠᠯᠭ᠎ᠠ ᠶᠢ ᠬᠠᠷᠢᠭᠤᠴᠠᠬᠤ᠂ ᠠᠶᠢᠮᠠᠭ ᠬᠤᠲᠠ ᠬᠤᠰᠢᠭᠤ ᠰᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ᠂ ᠰᠠᠯᠠᠭ᠎ᠠ ᠮᠥᠴᠢᠷ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠪᠦᠭᠦ ᠨᠡᠶᠢᠭᠡᠮ ᠢᠶᠠᠷ ᠢᠶᠠᠨ ᠬᠠᠮᠲᠤ ᠪᠠᠷ ᠣᠷᠤᠯᠴᠠᠬᠤ ᠠᠵᠢᠯ ᠤᠨ ᠪᠠᠶᠢᠷᠢᠰᠢᠯ ᠢ ᠪᠠᠶᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ ᠤᠨ ᠠᠯᠪᠠᠨ ᠭᠡᠷ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠰᠬᠠᠢ ᠰᠡᠳᠦᠪ ᠢᠶᠠᠷ ᠵᠥᠪᠯᠡᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠠᠶᠢᠮᠠᠭ ᠬᠤᠲᠠ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠢ ᠲᠠᠢ ᠪᠠᠨ ᠤᠶᠠᠯᠳᠤᠭᠤᠯᠤᠨ᠂ ᠠᠵᠢᠯ ᠤᠨ ᠭᠤᠣᠯᠳᠠᠯᠭ᠎ᠠ ᠪᠠᠨ ᠲᠣᠳᠣᠷᠬᠠᠶᠢᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠣᠬᠢᠷᠠᠭᠤᠯᠤᠨ ᠦᠨᠡᠯᠡᠬᠦ ᠶᠢ ᠴᠢᠩᠭᠠᠷᠠᠭᠤᠯᠤᠨ᠂ ᠣᠨ ᠤ ᠠᠵᠢᠯ ᠤᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠳᠤ ᠪᠢᠴᠢᠭ ᠢᠶᠠᠷ ᠬᠦᠷᠭᠡᠵᠦ᠂ ᠬᠤᠷᠢᠶᠠᠩᠭᠤᠶᠢᠯᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠵᠠᠷᠴᠢᠮ ᠳᠡᠭᠡᠷ᠎ᠡ ᠪᠠᠨ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠲᠣᠭᠲᠠᠭᠠᠬᠤ ᠦᠭᠡᠢ᠃      ︵ᠳᠥᠴᠢᠨ ᠬᠤᠶᠠᠷ︶ ᠰᠢᠯᠭᠠᠨ ᠬᠢᠨᠠᠵᠤ ᠦᠨᠡᠯᠡᠨ ᠵᠢᠱᠢᠬᠦ ᠶᠢ ᠴᠢᠩᠭᠠᠳᠬᠠᠨ᠎ᠠ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠬᠢᠨᠠᠨ ᠬᠡᠮᠵᠢᠵᠦ ᠦᠨᠡᠯᠡᠬᠦ ᠪᠠ ᠠᠬᠢᠴᠠ ᠶᠢ ᠦᠨᠡᠯᠡᠨ ᠵᠢᠱᠢᠬᠦ ᠠᠵᠢᠯ ᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢᠨ ᠰᠢᠰᠲ᠋ᠧᠮ ᠢ ᠰᠤᠳᠤᠯᠤᠨ ᠪᠠᠶᠢᠭᠤᠯᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠰᠢᠯᠭᠠᠨ ᠬᠢᠨᠠᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠭᠰᠠᠨ ᠦᠷ᠎ᠡ ᠪᠦᠲᠦᠮᠵᠢ ᠶᠢ ᠰᠢᠯᠭᠠᠨ ᠬᠢᠨᠠᠬᠤ ᠵᠡᠷᠭᠡ ᠯᠦᠭᠡ ᠵᠣᠯᠭᠠᠭᠤᠯᠬᠤ ᠶᠢ ᠴᠢᠩᠭᠠᠳᠬᠠᠨ᠎ᠠ᠃ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠳᠤᠮᠳᠠ ᠠᠮᠵᠢᠯᠲᠠ ᠪᠦᠲᠦᠮᠵᠢ ᠪᠠᠷ ᠢᠯᠡᠷᠬᠡᠢ᠂ ᠬᠤᠪᠢ ᠨᠡᠮᠡᠷᠢ ᠪᠠᠷ ᠲᠣᠪᠣᠶᠢᠮ᠎ᠠ ᠲᠡᠷᠢᠭᠦᠨ ᠤ ᠨᠢᠭᠡᠴᠢ ᠪᠠ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃      ︵ᠳᠥᠴᠢᠨ ᠭᠤᠷᠪᠠ︶ ᠤᠬᠠᠭᠤᠯᠭ᠎ᠠ ᠬᠥᠮᠦᠵᠢᠯ ᠢ ᠴᠢᠩᠭᠠᠷᠠᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠷᠭᠦᠯᠵᠢᠯᠡᠨ ᠭᠦᠨᠵᠡᠭᠡᠢ ᠤᠬᠠᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ᠲᠤᠷᠰᠢᠯᠭ᠎ᠠ ᠠᠷᠭ᠎ᠠ ᠬᠢᠳᠡᠯ᠂ ᠲᠣᠪᠣᠶᠢᠮ᠎ᠠ ᠦᠷ᠎ᠡ ᠪᠦᠲᠦᠮᠵᠢ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠤᠬᠠᠭᠤᠯᠤᠨ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠥᠯᠢᠭᠡᠷ ᠢ ᠰᠠᠶᠢᠲᠤᠷ ᠶᠠᠷᠢᠨ᠎ᠠ᠃ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠲᠡᠭᠦᠨ ᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠵᠤ᠂ ᠡᠯ᠎ᠡ ᠲᠥᠷᠥᠯ ᠤᠨ ᠠᠮᠢ ᠠᠬᠤᠢ ᠶᠢᠨ ᠪᠣᠯᠪᠠᠰᠤᠨ ᠤ ᠬᠥᠮᠦᠵᠢᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠤᠨ᠎ᠠ᠃ ᠪᠦᠭᠦ ᠤᠯᠤᠰ ᠤᠨ ᠠᠮᠢ ᠠᠬᠤᠢ ᠶᠢᠨ ᠡᠳᠦᠷ᠂ ᠵᠢᠷᠭᠤᠭᠠᠨ ᠰᠠᠷ᠎ᠠ ᠶᠢᠨ ᠲᠠᠪᠤᠨ ᠤ ᠣᠷᠴᠢᠨ ᠲᠣᠭᠤᠷᠢᠨ ᠤ ᠡᠳᠦᠷ ᠵᠡᠷᠭᠡ ᠭᠤᠣᠯ ᠰᠡᠳᠦᠪᠲᠦ ᠤᠬᠠᠭᠤᠯᠭ᠎ᠠ ᠪᠠ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠭᠡᠷ ᠪᠦᠯᠢ᠂ ᠨᠡᠶᠢᠭᠡᠮ ᠲᠣᠭᠤᠷᠢᠭ᠂ ᠦᠢᠯᠡᠳᠪᠦᠷᠢ᠂ ᠪᠠᠶᠢᠭᠤᠯᠭ᠎ᠠ᠂ ᠬᠥᠳᠡᠭᠡ ᠲᠣᠰᠬᠤᠨ ᠳᠤ ᠣᠷᠣᠭᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠶᠡᠭᠡ ᠪᠠᠷ ᠪᠤᠢ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号