539 ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠪᠦᠭᠦᠨ ᠢᠶᠠᠷ ᠢᠶᠠᠨ ᠠᠵᠢᠯ ᠡᠬᠢᠯᠡᠪᠡ
ᠨᠡᠶᠢᠲᠡᠯᠡᠭᠰᠡᠨ ᠴᠠᠭ᠄
2024/8/19
     ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠭᠡ ᠶᠢᠨ ᠠᠮᠤᠷ ᠲᠠᠶᠢᠪᠤᠩ ᠠᠵᠤ ᠲᠦᠷᠦᠭᠦ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠨᠡ ᠵᠢᠯ ᠮᠠᠨ ᠤ ᠣᠷᠣᠨ 539 ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠡᠢ᠃ ᠣᠳᠣᠬᠠᠨ ᠳᠤ 539 ᠲᠥᠷᠥᠯ ᠵᠦᠢᠯ ᠨᠢ ᠨᠢᠭᠡᠨᠲᠡ ᠠᠵᠢᠯ ᠢᠶᠠᠨ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 100% ᠬᠦᠷᠴᠡᠢ︔84 ᠲᠥᠷᠥᠯ ᠵᠦᠢᠯ ᠤᠨ ᠠᠵᠢᠯ ᠨᠢᠭᠡᠨᠲᠡ ᠳᠠᠭᠤᠰᠴᠤ᠂ ᠠᠵᠢᠯ ᠳᠠᠭᠤᠰᠤᠭᠰᠠᠨ ᠨᠣᠷᠮ᠎ᠠ ᠨᠢ 16% ᠭᠦᠷᠪᠠ᠃      ᠥᠪᠥᠷ ᠮᠣᠩᠭᠤᠯ ᠡᠬᠡ ᠤᠯᠤᠰ ᠤᠨ ᠤᠮᠠᠷᠠᠲᠤ ᠬᠢᠯᠢ ᠳᠤ ᠪᠠᠶᠢᠷᠢᠯᠠᠵᠤ᠂ ᠡᠪᠦᠯ ᠤᠨ ᠤᠯᠠᠷᠢᠯ ᠨᠢ ᠣᠷᠳᠣ ᠤᠳᠠᠭᠠᠨ ᠪᠥᠭᠡᠳ ᠬᠠᠬᠢᠷ ᠬᠦᠢᠲᠡᠨ ᠪᠠᠶᠢᠳᠠᠭ᠂ ᠪᠦᠭᠦ ᠣᠷᠣᠨ ᠤ ᠡᠯ᠎ᠡ ᠭᠠᠵᠠᠷ ᠤᠨ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠤᠭᠤᠴᠠᠭ᠎ᠠ ᠨᠢ ᠣᠯᠠᠩᠬᠢ ᠳᠠᠭᠠᠨ 6 ᠰᠠᠷ᠎ᠠ᠂ ᠬᠠᠬᠢᠷ ᠬᠦᠢᠲᠡᠨ ᠭᠠᠵᠠᠷ ᠣᠷᠣᠨ ᠨᠢ 9 ᠰᠠᠷ᠎ᠠ ᠭᠦᠷᠳᠡᠭ᠂ ᠪᠦᠭᠦ ᠣᠷᠣᠨ ᠤ ᠳᠤᠯᠠᠭᠠᠯᠠᠭ᠎ᠠ ᠶᠢᠨ ᠲᠠᠯᠠᠪᠠᠶ ᠨᠢ 10 ᠳ᠋ᠦᠩᠰᠢᠭᠤᠷ ᠲᠡᠭᠰᠢ ᠳᠥᠷᠪᠡᠯᠵᠢᠨ ᠮᠧᠲᠷ᠃ 2023 ᠣᠨ ᠤ 12 ᠰᠠᠷ᠎ᠠ ᠳᠤ ᠬᠤᠷᠠᠯᠳᠤᠭᠤᠯᠤᠭᠰᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠥᠪᠥᠷ ᠮᠣᠩᠭᠤᠯ ᠤᠨ ᠪᠦᠭᠦ ᠣᠷᠣᠨ ᠪᠦᠰᠡ ᠳᠤ︽ᠳᠤᠯᠠᠭᠠᠯᠠᠭ᠎ᠠ ᠶᠢᠨ ᠢᠨᠵᠧᠨᠧᠷᠢᠩ︾ ᠢ  ᠬᠡᠷᠡᠭᠵᠢᠭᠦᠯᠬᠦ ᠪᠠᠷ ᠲᠣᠭᠲᠠᠪᠠ᠃      ᠰᠢᠢᠳᠪᠦᠷᠢ ᠪᠣᠯ ᠳᠠᠷᠤᠢ ᠵᠠᠷᠯᠢᠭ ᠮᠥᠨ᠃ ᠪᠦᠭᠦ ᠣᠷᠣᠨ ᠳᠠᠶᠠᠭᠠᠷ ︽ᠨᠢᠭᠡ ᠵᠢᠷᠤᠭ ᠲᠥᠰᠥᠪ ᠢ ᠡᠴᠦᠰ  ᠲᠤᠨᠢ ᠲᠤᠯᠲᠠᠯ᠎ᠠ ᠵᠢᠷᠤᠭᠯᠠᠬᠤ︾ᠡᠭᠦᠷᠭᠡᠯᠡᠯ ᠤᠨ ᠵᠣᠷᠢᠭ ᠰᠠᠨᠠᠭ᠎ᠠ ᠪᠠᠷ︽ᠳᠤᠯᠠᠭᠠᠯᠠᠭ᠎ᠠ ᠶᠢᠨ ᠢᠨᠵᠧᠨᠧᠷᠢᠩ ᠤᠨ ᠨᠢᠳᠦ ᠭᠢᠯᠠᠰᠤᠮ᠎ᠠ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠶᠢ ᠲᠦᠯᠬᠢᠨ ᠠᠬᠢᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 1 ᠰᠠᠷ᠎ᠠ ᠶᠢᠨ 27 ᠤ ᠡᠳᠦᠷ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠢᠯᠴᠢ ᠳᠤᠯᠠᠭᠠᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠨᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠲᠥᠪᠯᠡᠷᠡᠭᠦᠯᠦᠨ ᠠᠵᠢᠯᠯᠠᠭᠤᠯᠵᠤ᠂ ᠪᠦᠭᠦ ᠣᠷᠣᠨ ᠤ︽ᠳᠤᠯᠠᠭᠠᠯᠠᠭ᠎ᠠ ᠶᠢᠨ ᠢᠨᠵᠧᠨᠧᠷᠢᠩ︾ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠠᠬᠢᠭᠤᠯᠪᠠ᠃ ᠡᠯ᠎ᠡ ᠠᠶᠢᠮᠠᠭ ᠬᠤᠲᠠ︽ᠳᠤᠯᠠᠭᠠᠯᠠᠭ᠎ᠠ ᠶᠢᠨ ᠢᠨᠵᠧᠨᠧᠷᠢᠩ︾ ᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠢᠨᠵᠧᠨᠧᠷᠢᠩ ᠪᠣᠯᠭᠠᠨ ᠠᠳᠬᠤᠵᠤ᠂ 12 ᠠᠶᠢᠮᠠᠭ ᠬᠤᠲᠠ ᠴᠥᠮ ᠪᠣᠳᠠᠲᠠᠢ ᠲᠠᠢ ᠪᠠᠨ ᠤᠶᠠᠯᠳᠤᠭᠤᠯᠤᠨ ᠪᠣᠳᠠᠲᠠᠢ ᠬᠡᠷᠡᠭᠵᠢᠭᠦᠯᠬᠦ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ 7 ᠠᠶᠢᠮᠠᠭ ᠬᠤᠲᠠ ᠶᠢᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠬᠠᠷᠢᠭᠤᠴᠠᠵᠤ᠂ ᠡᠯ᠎ᠡ ᠵᠦᠢᠯ ᠤᠨ ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠪᠠ᠃      ᠪᠦᠭᠦ ᠣᠷᠣᠨ ᠤ ᠳᠤᠯᠠᠭᠠᠯᠠᠭ᠎ᠠ ᠶᠢᠨ ᠬᠦᠷᠢᠶᠡᠨ ᠳᠤ ᠣᠷᠣᠰᠢᠵᠤ ᠪᠠᠶᠢᠭ᠎ᠠ ᠲᠦᠭᠵᠢᠷᠡᠯ᠂ ᠬᠦᠴᠢᠷ ᠠᠰᠠᠭᠤᠳᠠᠯ ᠢ ᠪᠦᠭᠦ ᠲᠠᠯ᠎ᠠ ᠪᠠᠷ ᠰᠢᠢᠳᠪᠦᠷᠢᠯᠡᠬᠦ ᠶᠢᠨ ᠲᠤᠰᠠᠳᠠ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ 12345 ᠠᠰᠠᠭᠤᠨ ᠯᠠᠪᠯᠠᠯᠭ᠎ᠠ ᠪᠠ ᠵᠠᠭᠠᠯᠳᠤᠯᠭ᠎ᠠ ᠶᠢᠨ ᠪᠠᠶᠢᠳᠠᠯ ᠢ ᠴᠢᠩᠭ᠎ᠠ ᠠᠩᠬᠠᠷᠴᠤ᠂ ᠲᠦᠷᠦᠭᠦᠦ ᠬᠤᠶᠠᠷ ᠳᠤᠯᠠᠭᠠᠯᠠᠭ᠎ᠠ ᠶᠢᠨ ᠤᠯᠠᠷᠢᠯ ᠳᠤ ᠲᠤᠰᠬᠠᠭᠰᠠᠨ 60 ᠭᠠᠷᠤᠢ ᠲᠦᠮᠡᠨ ᠬᠤᠪᠢ ( 2022-2023 ᠣᠨ ᠤ ᠳᠤᠯᠠᠭᠠᠯᠠᠭ᠎ᠠ ᠶᠢᠨ ᠤᠯᠠᠷᠢᠯ ᠤᠨ 20 ᠲᠦᠮᠡᠨ ᠬᠤᠪᠢ᠂ 2023-2024 ᠣᠨ ᠤ ᠳᠤᠯᠠᠭᠠᠯᠠᠭ᠎ᠠ ᠶᠢᠨ ᠤᠯᠠᠷᠢᠯ ᠤᠨ 40 ᠲᠦᠮᠡᠨ ᠬᠤᠪᠢ) ᠶᠢᠨ ᠳᠤᠯᠠᠭᠠᠯᠠᠭ᠎ᠠ ᠶᠢᠨ ᠯᠠᠪᠯᠠᠭ᠎ᠠ ᠵᠠᠭᠠᠯᠳᠤᠯᠭ᠎ᠠ ᠶᠢᠨ ᠲᠤᠭ᠎ᠠ ᠪᠠᠷᠢᠮᠲᠠ ᠶᠢ ᠰᠤᠳᠤᠯᠤᠨ ᠡᠮᠬᠢᠯᠡᠵᠦ᠂ ᠳᠤᠯᠠᠭᠠᠯᠠᠭ᠎ᠠ ᠶᠢᠨ ᠲᠤᠬᠠᠢ ᠵᠠᠭᠠᠯᠳᠤᠯᠭ᠎ᠠ ᠨᠡᠯᠢᠶᠡᠳ ᠲᠥᠪᠯᠡᠷᠡᠩᠭᠦᠢ᠂ ᠰᠠᠭᠤᠭᠠᠯᠢ ᠠᠷᠠᠳ ᠤᠨ ᠴᠢᠩᠭ᠎ᠠ ᠲᠤᠰᠬᠠᠯ ᠲᠠᠢ ᠬᠤᠷᠢᠶᠠᠯᠠᠯ ᠤᠨ ᠨᠠᠷᠢᠨ ᠲᠠᠩᠰᠠ ᠶᠢ ᠡᠯ᠎ᠡ ᠭᠠᠵᠠᠷ ᠲᠤ ᠰᠢᠯᠵᠢᠭᠦᠯᠦᠨ ᠥᠭᠴᠦ᠂ ᠡᠯ᠎ᠡ ᠭᠠᠵᠠᠷ ᠤᠨ ᠬᠡᠷᠡᠭᠯᠡᠭᠴᠢᠳ ᠢ  ᠭᠡᠳᠡᠷᠭᠦ ᠪᠠᠶᠢᠴᠠᠭᠠᠵᠤ᠂ ᠳᠤᠯᠠᠭᠠᠯᠠᠭ᠎ᠠ ᠮᠠᠭᠤ ᠶᠢᠨ ᠰᠢᠯᠲᠠᠭᠠᠨ ᠢ ᠪᠦᠭᠦ ᠲᠠᠯ᠎ᠠ ᠪᠠᠷ ᠣᠶᠢᠯᠠᠭᠠᠵᠤ᠂ ︽ᠨᠢᠭᠡ ᠬᠤᠷᠢᠶᠠᠯᠠᠯ ᠳᠤ ᠨᠢᠭᠡ ᠲᠥᠰᠥᠯ︾ ᠤᠨ ᠥᠭᠡᠷᠡᠴᠢᠯᠡᠨ ᠪᠠᠶᠢᠭᠤᠯᠬᠤ ᠲᠥᠰᠥᠯ ᠢ ᠲᠣᠭᠲᠠᠭᠠᠬᠤ ᠬᠡᠷᠡᠭᠲᠡᠢ ᠭᠡᠵᠦ ᠱᠠᠭᠠᠷᠳᠠᠪᠠ᠃      ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠪᠠᠰᠠ ᠪᠦᠭᠦ ᠤᠯᠤᠰ ᠤᠨ ᠳᠤᠯᠠᠭᠠᠯᠠᠭ᠎ᠠ ᠬᠠᠩᠭᠠᠬᠤ ᠨᠡᠶᠢᠭᠡᠮᠯᠢᠭ ᠤᠨ ᠲᠤᠰᠬᠠᠢ ᠮᠡᠷᠭᠡᠵᠢᠯᠲᠡᠨ ᠢ 46 ᠤᠷᠢᠵᠤ᠂ ᠤᠷᠢᠳ ᠬᠤᠵᠢᠳ 18 ᠤᠳᠠᠭ᠎ᠠ ᠡᠯ᠎ᠡ ᠭᠠᠵᠠᠷ ᠤᠨ︽ᠳᠤᠯᠠᠭᠠᠯᠠᠭ᠎ᠠ ᠶᠢᠨ ᠢᠨᠵᠧᠨᠧᠷᠢᠩ︾ ᠤᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ᠂ ᠬᠠᠮᠢᠶᠠᠷᠤᠯᠲᠠ ᠵᠡᠷᠭᠡ ᠲᠠᠯ᠎ᠠ ᠳᠤ ᠪᠦᠭᠦ ᠲᠠᠯ᠎ᠠ ᠶᠢᠨ ᠵᠢᠯᠣᠭᠤᠳᠤᠯᠭ᠎ᠠ ᠬᠢᠵᠦ᠂ ᠡᠯ᠎ᠡ ᠭᠠᠵᠠᠷ ᠢ ᠬᠠᠪᠰᠤᠷᠤᠨ ᠰᠢᠰᠲ᠋ᠧᠮ ᠲᠠᠢ ᠪᠠᠷ ᠲᠥᠯᠥᠪᠵᠢᠭᠦᠯᠵᠦ᠂ ᠣᠨᠣᠴᠠᠲᠠᠢ ᠡᠮᠬᠢ ᠵᠢᠷᠤᠮ ᠲᠠᠢ ᠠᠵᠢᠯ ᠥᠷᠨᠢᠭᠦᠯᠪᠡ᠃ ᠭᠦᠭᠡᠬᠤᠲᠠ᠂ ᠪᠤᠭᠤᠲᠤ ᠵᠡᠷᠭᠡ ᠭᠤᠣᠯᠳᠠᠯᠭ᠎ᠠ ᠲᠠᠢ ᠬᠤᠲᠠ ᠳᠤ ᠲᠤᠰᠬᠠᠢ ᠵᠦᠢᠯ ᠤᠨ ᠬᠠᠮᠲᠤᠷᠠᠭᠰᠠᠨ ᠰᠢᠢᠳᠪᠦᠷᠢᠯᠡᠯᠲᠡ ᠥᠷᠨᠢᠭᠦᠯᠪᠡ᠃ ᠡᠯ᠎ᠡ ᠠᠶᠢᠮᠠᠭ ᠬᠤᠲᠠ ᠨᠤᠭᠤᠳ ᠣᠷᠣᠨ ᠤ ᠳᠣᠲᠣᠷ᠎ᠠ ᠭᠠᠳᠠᠨᠠᠬᠢ ᠳᠤᠯᠠᠭᠠᠯᠠᠭ᠎ᠠ ᠬᠠᠩᠭᠠᠬᠤ ᠨᠡᠶᠢᠭᠡᠮᠯᠢᠭ᠂ ᠵᠢᠷᠤᠭ ᠲᠥᠯᠥᠪᠯᠡᠭᠡᠨ ᠤ ᠬᠦᠷᠢᠶᠡᠯᠡᠩ ᠯᠦᠭᠡ ᠢᠳᠡᠪᠬᠢᠲᠡᠢ ᠵᠣᠯᠭᠠᠭᠤᠯᠵᠤ᠂ ᠲᠤᠰᠬᠠᠢ ᠮᠡᠷᠭᠡᠵᠢᠯᠲᠡᠨ ᠤ ᠳᠤᠭᠤᠶᠢᠯᠠᠩ ᠪᠠᠶᠢᠭᠤᠯᠤᠨ᠂ ᠡᠯ᠎ᠡ ᠠᠶᠢᠮᠠᠭ ᠬᠤᠲᠠ ᠵᠢᠴᠢ ᠬᠤᠰᠢᠭᠤ ᠰᠢᠶᠠᠨ ᠲᠣᠭᠤᠷᠢᠭ ᠲᠤ ᠪᠠᠶᠢᠩᠭᠤ ᠰᠠᠭᠤᠵᠤ᠂ ᠲᠤᠰᠬᠠᠢ ᠮᠡᠷᠭᠡᠵᠢᠯ ᠤᠨ ᠬᠦᠴᠦᠨ ᠢᠶᠠᠨ ᠭᠦᠢᠴᠡᠳ ᠪᠠᠳᠠᠷᠠᠭᠤᠯᠤᠨ᠂︽ᠳᠤᠯᠠᠭᠠᠯᠠᠭ᠎ᠠ ᠶᠢᠨ ᠢᠨᠵᠧᠨᠧᠷᠢᠩ︾ ᠳᠤ ᠠᠷᠭ᠎ᠠ ᠤᠬᠠᠭᠠᠨ ᠭᠠᠷᠭᠠᠨ ᠥᠭᠪᠡ᠃      ︽ᠳᠤᠯᠠᠭᠠᠯᠠᠭ᠎ᠠ ᠵᠣᠭᠰᠣᠮᠠᠭᠴᠠ ᠠᠵᠢᠯ ᠡᠬᠢᠯᠡᠭᠦᠯᠬᠦ︾ ᠱᠠᠭᠠᠷᠳᠠᠯᠭ᠎ᠠ ᠶᠣᠰᠣᠭᠠᠷ ᠡᠯ᠎ᠡ ᠭᠠᠵᠠᠷ ᠤᠨ ᠬᠢᠨ ᠴᠠᠭ ᠢ ᠠᠮᠵᠢᠨ᠂ 4 ᠰᠠᠷ᠎ᠠ ᠶᠢᠨ 16 ᠤ ᠡᠳᠦᠷ ᠠᠴᠠ ᠨᠢᠭᠡᠨᠲᠡ ᠳᠤᠯᠠᠭᠠᠯᠠᠭ᠎ᠠ ᠵᠣᠭᠰᠣᠭᠰᠠᠨ 77 ᠬᠤᠰᠢᠭᠤ ᠰᠢᠶᠠᠨ ᠲᠣᠭᠤᠷᠢᠭ ᠤᠨ 221 ᠲᠥᠷᠥᠯ ᠵᠦᠢᠯ ᠤᠨ ᠠᠵᠢᠯ ᠢ ᠡᠬᠢᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠠᠬᠢᠭᠤᠯᠪᠠ᠃ ᠣᠳᠣᠬᠠᠨ ᠪᠤᠯᠲᠠᠯ᠎ᠠ ᠪᠦᠭᠦ ᠣᠷᠣᠨ ᠨᠢᠭᠡᠨᠲᠡ 124 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号