ᠦᠴᠦᠸᠠᠨ ᠰᠢᠶᠠᠨ ᠤ ᠬᠥᠬᠡᠬᠤᠲᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/8/2
     ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠠᠴᠠ ᠬᠠᠯᠠᠭᠳᠠᠭᠰᠠᠳ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠡᠷᠢᠭ ᠠᠴᠠ ᠬᠠᠯᠠᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠬᠥᠲᠥᠯᠥᠨ ᠳᠠᠭᠠᠭᠤᠯᠬᠤ ᠦᠢᠯᠡᠳᠦᠯ ᠢ ᠦᠷᠭᠦᠯᠵᠢᠯᠡᠨ ᠴᠢᠩᠭᠠᠳᠬᠠᠵᠤ᠂ ᠨᠡᠶᠢᠭᠡᠮ ᠳᠠᠶᠠᠭᠠᠷ ᠲᠤ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ 8 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠤ ᠬᠥᠬᠡᠬᠤᠲᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠵᠢᠩᠬᠢᠨᠢ ᠪᠠᠷ ᠪᠠᠶᠢᠭᠤᠯᠤᠭᠳᠠᠪᠠ᠃
     ᠶᠣᠰᠣᠯᠠᠯ ᠳᠡᠭᠡᠷ᠎ᠡ᠂ 7 ᠬᠥᠬᠡᠬᠤᠲᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠲᠤ ᠤᠷᠢᠯᠭ᠎ᠠ ᠶᠢᠨ ᠪᠢᠴᠢᠭ ᠭᠠᠷᠳᠠᠭᠤᠯᠤᠭᠰᠠᠨ ᠤ ᠬᠠᠮᠲᠤ ᠲᠡᠳᠡᠨ ᠳᠤ ᠭᠦᠨ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃      ᠬᠥᠬᠡᠬᠤᠲᠠ ᠶᠢᠨ ᠠᠬᠠᠮᠠᠳ ᠴᠡᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠨᠡᠶᠢᠭᠡᠮ ᠲᠣᠭᠤᠷᠢᠭ᠂ ᠰᠤᠷᠭᠠᠭᠤᠯᠢ ᠳᠤ ᠣᠷᠣᠬᠤ᠂ ᠴᠡᠷᠢᠭ ᠤᠨ ᠬᠤᠸᠠᠷᠠᠨ ᠳᠤ ᠣᠷᠣᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠢᠱᠢᠶᠡᠴᠢ ᠳᠠᠭᠠᠭᠤᠯᠤᠭᠴᠢ᠂ ᠬᠥᠲᠥᠯᠥᠨ ᠳᠠᠭᠠᠭᠤᠯᠬᠤ ᠬᠥᠮᠦᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠳᠠᠭᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠭᠡᠷ ᠤᠨ ᠰᠤᠷᠲᠠᠯ ᠢ ᠤᠯᠠᠮᠵᠢᠯᠠᠬᠤ᠂ ᠬᠤᠪᠢᠰᠬᠠᠯ ᠤᠨ ᠦᠯᠢᠭᠡᠷ᠂ ᠦᠷᠡᠭᠳᠡᠭᠰᠡᠨ ᠪᠠᠭᠠᠲᠤᠷᠴᠤᠳ ᠤᠨ ᠤᠬᠠᠭᠤᠯᠭ᠎ᠠ ᠵᠡᠷᠭᠡ ᠭᠤᠣᠯ ᠰᠡᠳᠦᠪ ᠤᠨ ᠲᠣᠭᠤᠷᠢᠨ ᠳᠤ᠂ ︽ᠬᠠᠮᠤᠭ ᠤᠨ ᠭᠤᠶᠤ ᠴᠡᠷᠢᠭ ᠤᠨ ᠠᠯᠪᠠ ᠠᠴᠠ ᠬᠠᠯᠠᠭᠳᠠᠭᠰᠠᠳ︾᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠭᠰᠠᠨ ᠲᠡᠷᠢᠭᠦᠨ ᠤ ᠬᠤᠪᠢ ᠬᠥᠮᠥᠨ ᠵᠡᠷᠭᠡ ᠨᠡᠶᠢᠲᠡᠯᠢᠭ ᠦᠢᠯᠡ ᠠᠵᠢᠯᠯᠠᠭ᠎ᠠ ᠶᠢ ᠥᠷᠭᠡᠨ ᠢᠶᠠᠷ ᠤᠬᠠᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠨᠡᠶᠢᠭᠡᠮ ᠤᠨ ᠥᠨᠴᠥᠭ ᠪᠤᠯᠤᠩ ᠨᠢᠭᠡᠪᠦᠷᠢ ᠳᠤ ᠤᠯᠠᠮᠵᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠪᠡ᠃ ︵ᠰᠤᠷᠪᠤᠯᠵᠢᠯᠠᠭᠴᠢ᠄ ᠯᠢᠦ ᠪᠠᠢ ᠢᠦᠢ  ᠴᠢᠶᠣᠤ ᠳ᠋ᠦᠩ ᠳ᠋ᠦᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号