ᠶᠠᠩ ᠰᠢᠩ ᠱᠧᠩ ᠮᠠᠨ ᠤ ᠰᠢᠶᠠᠨ ᠤ ᠬᠡᠰᠡᠭ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/8/2
     7 ᠰᠠᠷ᠎ᠠ ᠶᠢᠨ 30 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠮᠠᠨ ᠤ ᠰᠢᠶᠠᠨ ᠤ ᠬᠥᠬᠡ ᠡᠷᠭᠢ ᠪᠠᠯᠭᠠᠰᠤ ᠪᠣᠯᠣᠨ ᠳ᠋ᠧ ᠱᠧᠩ ᠭᠧᠦ ᠰᠢᠶᠠᠩ ᠤᠨ ᠬᠡᠰᠡᠭ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠰᠢᠮᠳᠠᠭᠤᠯᠤᠨ ᠵᠢᠯᠤᠭᠤᠳᠴᠤ᠂ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠪᠡ᠃ ᠲᠡᠷᠡ᠂ ᠲᠠᠨᠢᠯᠲᠠ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠨ ᠢᠶᠠᠨ ᠨᠢᠭᠡᠳᠦᠯᠲᠡᠢ ᠲᠥᠯᠥᠪᠵᠢᠭᠦᠯᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠮᠤᠷ ᠲᠦᠪᠰᠢᠨ ᠪᠣᠯᠣᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠶᠠᠩ ᠰᠢᠩ ᠱᠧᠩ ᠨᠠᠷ ᠤᠷᠢᠳ ᠬᠤᠵᠢᠳ ᠦᠴᠦᠸᠠᠨ ᠰᠢᠶᠠᠨ ᠤ ᠬᠠᠯᠠᠭᠤᠨ ᠷᠠᠰᠢᠶᠠᠨ ᠤ ᠪᠠᠭᠤᠳᠠᠯ ᠤᠨ ᠲᠦᠷᠦᠯ ᠵᠦᠢᠯ᠂ ᠹᠦ᠋ ᠷᠤ᠋ ᠳ᠋ᠦᠩ ᠲᠣᠰᠬᠤᠨ ᠤ ᠶᠢᠩ ᠬᠤᠢ ᠪᠠᠭ᠎ᠠ ᠪᠠᠯᠭᠠᠰᠤ᠂ ᠹᠦ᠋ ᠷᠦ᠋ ᠳ᠋ᠦᠩ ᠲᠣᠰᠬᠤᠨ ᠤ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠴᠢᠬᠢ ᠪᠣᠶᠢᠵᠢᠭᠤᠯᠬᠤ ᠠᠵᠤ ᠦᠢᠯᠡᠰ ᠤᠨ ᠬᠦᠷᠢᠶᠡᠯᠡᠩ᠂ ᠵᠢᠩᠬᠢᠨᠢ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ ᠵᠢᠴᠢ ᠡᠷᠬᠢᠨ ᠲᠣᠭᠤᠷᠢᠨ ᠤ ᠠᠶᠢᠯ ᠪᠠᠭᠤᠴᠠ᠂ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ ᠫᠠᠷᠲ᠋ᠢᠽᠠᠨ ᠲᠠᠶᠢᠨ ᠤ ᠰᠠᠭᠤᠷᠢᠨ ᠭᠠᠵᠠᠷ ᠤᠨ ᠦᠵᠡᠭᠦᠯᠦᠯᠭᠡ ᠶᠢᠨ ᠣᠷᠳᠣᠨ ᠳᠤ ᠬᠦᠷᠴᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠬᠦᠷᠦᠭᠰᠡᠨ ᠭᠠᠵᠠᠷ ᠪᠣᠯᠭᠠᠨ ᠳᠤ᠂ ᠶᠠᠩ ᠰᠢᠩ ᠱᠧᠩ ᠴᠥᠮ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠯ᠎ᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠶᠢᠨ ᠬᠥᠮᠥᠰ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠤᠳᠤᠯᠵᠤ᠂ ᠬᠠᠨᠳᠤᠯᠭᠠᠲᠤ ᠴᠢᠨᠠᠷᠲᠠᠢ ᠰᠢᠢᠳᠪᠦᠷᠢᠯᠡᠬᠦ ᠲᠥᠰᠥᠯ ᠳᠤᠷᠠᠳᠴᠠᠢ᠃ ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠬᠥᠭᠵᠢᠭᠦᠯᠬᠦ ᠳᠤ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ︽ᠠᠵᠤ ᠦᠢᠯᠡᠰ ᠨᠢ ᠬᠥᠭᠵᠢᠨ ᠪᠠᠳᠠᠷᠠᠭᠰᠠᠨ᠂ ᠠᠮᠢ ᠠᠬᠤᠢ ᠨᠢ ᠣᠷᠣᠰᠢᠨ ᠰᠠᠭᠤᠬᠤ ᠳᠤ ᠲᠣᠬᠢᠷᠠᠭᠰᠠᠨ᠂ ᠵᠠᠩ ᠰᠤᠷᠲᠠᠯ ᠨᠢ ᠪᠣᠯᠪᠠᠰᠤᠨ᠂ ᠵᠠᠰᠠᠯᠲᠠ ᠨᠢ ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠲᠣᠰᠬᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠡᠷᠬᠢᠨ ᠲᠣᠭᠤᠷᠢᠨ ᠳᠤ ᠬᠤᠯᠪᠤᠭᠠᠯᠠᠨ ᠰᠣᠶᠣᠯ ᠵᠤᠭᠠᠴᠠᠯ᠂ ᠡᠷᠡᠭᠦᠯᠵᠢᠯ ᠰᠤᠪᠢᠯᠠᠯᠲᠠ ᠶᠢᠨ ᠵᠤᠭᠠᠴᠠᠯ ᠢ ᠶᠡᠬᠡᠪᠡᠷ ᠬᠥᠭᠵᠢᠭᠦᠯᠵᠦ᠂ ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠᠷ ᠭᠠᠷᠳᠠᠴᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠪᠠᠶᠢᠷᠢᠰᠢᠯ ᠢ ᠴᠢᠷᠮᠠᠶᠢᠨ ᠪᠠᠶᠢᠭᠤᠯᠬᠤ ᠬᠡᠷᠡᠭᠲᠡᠢ᠃      ᠶᠠᠩ ᠰᠢᠩ ᠱᠧᠩ ᠱᠠᠭᠠᠷᠳᠠᠭᠰᠠᠨ ᠨᠢ᠂ ᠮᠠᠨ ᠤ ᠰᠢᠶᠠᠨ ᠤ ᠪᠠᠶᠢᠭᠠᠯᠢ ᠶᠢᠨ ᠠᠮᠢ ᠠᠬᠤᠢ ᠶᠢᠨ ᠳᠠᠪᠠᠭᠤᠯᠢᠭ ᠪᠣᠯᠣᠨ ᠭᠦᠨ ᠵᠤᠵᠠᠭᠠᠨ ᠰᠣᠶᠣᠯ ᠤᠨ ᠰᠠᠭᠤᠷᠢ ᠳᠤ ᠲᠦᠰᠢᠭᠯᠡᠨ᠂ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠬᠠᠷᠠᠯᠲᠠ ᠲᠣᠳᠣᠷᠬᠠᠢ᠂ ᠬᠤᠪᠢᠰᠬᠠᠯᠲᠤ ᠵᠢᠭᠤᠯᠴᠢᠯᠠᠯ ᠢ ᠥᠭᠡᠷᠡᠴᠢᠯᠡᠨ ᠳᠡᠭᠡᠭᠰᠢᠯᠡᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠮᠠᠷᠠᠲᠤ ᠸᠧᠢ ᠤᠯᠤᠰ ᠤᠨ ᠰᠣᠶᠣᠯ᠂ ᠬᠤᠪᠢᠰᠬᠠᠯᠲᠤ ᠰᠣᠶᠣᠯ ᠢᠶᠠᠷ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠰᠣᠳᠣᠨ ᠵᠢᠭᠤᠯᠴᠢᠯᠠᠯ ᠤᠨ ᠲᠦᠷᠦᠯ ᠲᠡᠮᠳᠡᠭ ᠢ ᠲᠠᠰᠤᠷᠠᠯᠲᠠ ᠦᠭᠡᠢ ᠡᠭᠦᠳᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠥᠷᠥᠯ ᠵᠦᠢᠯ ᠤᠨ ᠪᠠᠷᠢᠯᠭ᠎ᠠ ᠶᠢᠨ ᠠᠬᠢᠴᠠ ᠶᠢ ᠴᠢᠩᠭ᠎ᠠ ᠳᠠᠭᠠᠵᠤ᠂ ᠴᠠᠭ ᠤᠨ ᠬᠦᠰᠦᠨᠦᠭᠲᠦ ᠶᠢ ᠵᠢᠭᠰᠠᠭᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠵᠢᠭᠰᠠᠭᠠᠵᠤ᠂ ᠵᠢᠷᠤᠭ ᠡᠯᠭᠦᠨ ᠪᠠᠶᠢᠯᠳᠤᠵᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠬᠦ ᠬᠡᠷᠡᠭᠲᠡᠢ᠃ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠬᠦᠭᠡᠷᠦᠮᠵᠢ ᠶᠢ ᠵᠦᠢ ᠵᠣᠬᠢᠰᠲᠠᠢ ᠪᠠᠶᠢᠷᠢᠰᠢᠭᠤᠯᠵᠤ᠂ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠮᠠᠨ ᠤ ᠰᠢᠶᠠᠨ ᠤ ᠡᠯ᠎ᠡ ᠵᠦᠢᠯ ᠤᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠡᠯ᠎ᠡ ᠲᠥᠷᠥᠯ ᠤᠨ ᠦᠵᠡᠮᠵᠢ ᠶᠢᠨ ᠣᠷᠣᠨ ᠤ ᠲᠠᠰ ᠳᠡᠪᠰᠢᠬᠦ ᠶᠢ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃  ︵ᠰᠣᠷᠪᠤᠯᠵᠢᠯᠠᠬᠴᠢ ᠵᠧᠦ ᠶᠠᠨ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号