ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/2
     7 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠮᠠᠨ ᠤ ᠰᠢᠶᠠᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠶᠢᠨ ᠪᠠᠶᠢᠭᠤᠯᠤᠯᠲᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠢᠮᠠᠭᠲᠠ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ᠂ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠠᠶᠢᠭᠤᠯᠬᠤ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠦᠢᠯ ᠵᠤᠷᠪᠤᠰ ᠳᠠᠷᠠᠭᠠᠯᠠᠨ ᠬᠠᠷᠭᠤᠭᠤᠯᠵᠤ᠂ ᠯᠠᠪᠳᠠᠭᠤᠨ ᠪᠠᠲᠤᠲᠠᠢ ᠬᠦᠴᠦᠲᠡᠢ ᠠᠬᠢᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠵᠡᠷᠭᠡ ᠠᠵᠢᠯ ᠢ ᠴᠥᠮ ᠭᠤᠣᠯ ᠱᠤᠭᠤᠮ ᠤᠨ ᠲᠣᠭᠤᠷᠢᠨ ᠳᠤ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠤᠶᠠᠯᠳᠤᠯ ᠤᠨ ᠴᠡᠭ᠂ ᠬᠦᠴᠦᠯᠡᠬᠦ ᠴᠡᠭ ᠢᠶᠠᠨ ᠰᠠᠶᠢᠲᠤᠷ ᠡᠷᠢᠵᠦ᠂ ᠠᠰᠠᠭᠤᠳᠠᠯ ᠢ ᠪᠣᠳᠣᠯᠬᠢᠯᠠᠬᠤ᠂ ᠤᠴᠢᠷ ᠶᠠᠪᠤᠳᠠᠯ ᠰᠢᠢᠳᠪᠦᠷᠢᠯᠡᠬᠦ᠂ ᠠᠵᠢᠯ ᠢᠶᠠᠨ ᠰᠠᠶᠢᠲᠤᠷ ᠬᠢᠬᠦ ᠳᠤ ᠴᠥᠮ ᠭᠤᠣᠯ ᠱᠤᠭᠤᠮ ᠤᠨ ᠱᠠᠭᠠᠷᠳᠠᠯᠭ᠎ᠠ ᠶᠢ ᠭᠦᠨᠵᠡᠭᠡᠢ ᠪᠣᠳᠣᠯᠬᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠮᠠᠨ ᠤ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠨᠴᠠᠯᠢᠭᠲᠤ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠰᠢᠶᠠᠨ ᠤ ᠬᠡᠪᠴᠢᠶᠡᠨ ᠤ ᠣᠨᠴᠠᠯᠢᠭᠲᠤ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠠᠵᠤ ᠦᠢᠯᠡᠰ ᠢ ᠲᠡᠳᠬᠦᠬᠦ᠂ ᠮᠡᠷᠭᠡᠵᠢᠯ ᠢ ᠰᠤᠳᠤᠯᠤᠨ ᠨᠡᠭᠡᠭᠡᠬᠦ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠤᠨ ᠪᠠᠶᠢᠭᠤᠯᠵᠤ᠂ ᠠᠵᠤ ᠠᠬᠤᠶᠢᠯᠠᠯ ᠤᠨ ᠪᠠᠶᠢᠴᠠᠭᠠᠨ ᠣᠶᠢᠯᠠᠭᠠᠬᠤ ᠬᠡᠪᠴᠢᠶ᠎ᠡ ᠶᠢ ᠨᠡᠮᠡᠭᠳᠡᠭᠦᠯᠵᠦ᠂ ᠰᠢᠪᠧᠢ᠂ ᠴᠤᠸᠠᠨ ᠪᠦᠦ ᠵᠡᠷᠭᠡ ᠲᠤᠰᠬᠠᠢ ᠠᠰᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠣᠯᠣᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠳᠤ ᠭᠤᠣᠯᠳᠠᠯᠭ᠎ᠠ ᠲᠠᠢ ᠪᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠤᠨ ᠨᠥᠭᠡᠴᠡᠯᠡᠬᠦ ᠶᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠤᠨᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠵᠢᠴᠢ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠᠨ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠠᠪᠲᠠᠨ ᠪᠣᠯᠪᠠᠰᠤᠷᠠᠭᠤᠯᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃      ᠬᠤᠷᠠᠯ ᠠᠴᠠ ᠮᠠᠨ ᠤ ᠰᠢᠶᠠᠨ ᠤ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠤᠨ ᠡᠵᠡᠩᠨᠡᠬᠦ ᠲᠦᠷᠦᠯ ᠵᠦᠢᠯ᠂ ᠬᠥᠬᠡ ᠡᠷᠭᠢ ᠪᠠᠯᠭᠠᠰᠤᠨ ᠤ ᠪᠠᠶᠢᠰᠢᠩ ᠭᠡᠷ ᠤᠨ ᠲᠣᠭᠤᠷᠢᠭ ᠢ ᠥᠭᠡᠷᠡᠴᠢᠯᠡᠨ ᠪᠠᠶᠢᠭᠤᠯᠤᠭᠰᠠᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠤᠰᠤ ᠬᠠᠩᠭᠠᠬᠤ ᠤᠰᠤ ᠵᠠᠯᠠᠬᠤ ᠶᠢ ᠨᠢᠭᠡ ᠴᠣᠭᠴᠠᠵᠢᠭᠤᠯᠬᠤ ᠲᠦᠷᠦᠯ ᠵᠦᠢᠯ ᠪᠣᠯ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠴᠢᠬᠤᠯᠠ ᠢᠨᠵᠧᠨᠧᠷᠢᠩ ᠪᠣᠯᠣᠨ᠎ᠠ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠨᠥᠬᠦᠪᠦᠷᠢᠯᠡᠬᠦ᠂ ᠠᠷᠠᠳ ᠤᠯᠠᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠪᠠ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠶᠡᠷᠦᠩᠬᠡᠶᠢᠯᠡᠨ ᠨᠢᠭᠡᠳᠦᠯᠲᠡᠢ ᠲᠥᠯᠥᠪᠵᠢᠭᠦᠯᠵᠦ᠂ ᠪᠣᠳᠠᠲᠠᠢ ᠲᠠᠢ ᠪᠠᠨ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ ᠶᠢᠨ ᠬᠠᠮᠲᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠢᠷᠡᠬᠦ ᠵᠢᠯ ᠳᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃ ︵ᠰᠣᠷᠪᠤᠯᠵᠢᠯᠠᠬᠴᠢ ᠴᠧᠩ ᠵᠢᠶᠦ᠋ᠨ ᠴᠢᠩ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号