︽ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠳᠦᠷᠢᠮ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2024/8/2
     ᠲᠥᠷᠥ ᠶᠢᠨ ᠶᠠᠪᠤᠳᠠᠯ ᠤᠨ ᠬᠤᠷᠢᠶ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ︽ᠴᠡᠷᠢᠭ ᠤᠨ ᠠᠯᠪᠠ  ᠠᠴᠠ ᠬᠠᠯᠠᠭᠳᠠᠭᠰᠠᠳ ᠢ ᠲᠥᠪᠬᠢᠨᠡᠭᠦᠯᠬᠦ ᠳᠦᠷᠢᠮ︾ ( ᠳᠣᠷᠣᠭᠰᠢ ︽ᠳᠦᠷᠢᠮ︾ ᠭᠡᠵᠦ ᠲᠣᠪᠴᠢᠯᠠᠨ᠎ᠠ ) ᠢ ᠲᠦᠷᠦᠭᠦᠬᠡᠨ ᠨᠡᠶᠢᠲᠡᠯᠡᠵᠦ᠂ 2024 ᠣᠨ ᠤ 9 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠳᠦᠷᠢᠮ︾ ᠤᠨ ᠵᠣᠷᠢᠯᠭ᠎ᠠ ᠨᠢ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠢ ᠵᠢᠷᠤᠮᠵᠢᠭᠤᠯᠵᠤ᠂ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠣᠬᠢᠲᠠᠢ ᠲᠥᠪᠬᠢᠨᠡᠭᠦᠯᠵᠦ᠂ ᠴᠡᠷᠢᠭ ᠤᠨ ᠠᠯᠪᠠ  ᠠᠴᠠ ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠴᠡᠷᠢᠭ ᠠᠩᠭᠢ ᠶᠢ ᠨᠡᠶᠢᠭᠡᠮ ᠳᠠᠶᠠᠭᠠᠷ ᠬᠦᠨᠳᠦᠳᠬᠡᠬᠦ ᠠᠵᠢᠯ ᠮᠡᠷᠭᠡᠵᠢᠯ ᠪᠤᠯᠭᠠᠬᠤ ᠶᠠᠪᠤᠳᠠᠯ ᠪᠣᠯᠣᠨ᠎ᠠ᠃  ︽ᠳᠦᠷᠢᠮ︾ ᠨᠢ ᠨᠡᠶᠢᠳᠡ 11 ᠪᠦᠯᠦᠭ 93 ᠵᠦᠢᠯ ᠲᠠᠢ᠂ ᠭᠤᠣᠯᠳᠠᠭᠤ ᠳᠣᠣᠷᠠᠬᠢ ᠠᠭᠤᠯᠭ᠎ᠠ ᠶᠢ ᠲᠣᠭᠲᠠᠭᠠᠪᠠ᠃      ᠨᠢᠭᠡ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠲᠥᠪᠬᠢᠨᠡᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠪᠡ᠃ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠴᠡᠷᠢᠭ ᠠᠩᠭᠢ ᠪᠠ ᠣᠷᠣᠨ ᠨᠤᠲᠤᠭ ᠤᠨ ᠡᠯ᠎ᠡ ᠬᠤᠯᠪᠣᠭᠳᠠᠯ ᠪᠦᠬᠦᠢ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠪᠠ᠃      ᠬᠤᠶᠠᠷ ᠲᠤ᠂ ᠲᠥᠪᠬᠢᠨᠡᠭᠦᠯᠬᠦ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠵᠢᠭᠦᠯᠵᠦ᠂ ᠲᠥᠪᠬᠢᠨᠡᠭᠦᠯᠬᠦ ᠬᠠᠷᠠᠭᠠᠯᠵᠠᠯ ᠢ ᠲᠣᠭᠲᠠᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠨ ᠣᠹᠢᠼᠧᠷ ᠪᠣᠯᠣᠨ ᠴᠡᠷᠢᠭ ᠤᠨ ᠠᠯᠪᠠ ᠠᠴᠠ ᠬᠠᠯᠠᠭᠳᠠᠭᠰᠠᠨ ᠴᠡᠷᠢᠭ ᠤᠨ ᠲᠦᠷᠦᠭᠦᠴᠢ᠂ ᠠᠯᠪᠠᠨ ᠵᠢᠷᠤᠮ ᠤᠨ ᠴᠡᠷᠢᠭ ᠢ ᠲᠥᠪᠬᠢᠨᠡᠭᠦᠯᠬᠦ ᠠᠷᠭ᠎ᠠ ᠮᠠᠶ᠋ᠢᠭ ᠢ ᠲᠣᠳᠣᠷᠬᠠᠶᠢᠯᠠᠵᠤ᠂ ᠡᠯ᠎ᠡ ᠲᠥᠷᠥᠯ ᠤᠨ ᠲᠥᠪᠬᠢᠨᠡᠭᠦᠯᠬᠦ ᠠᠷᠭ᠎ᠠ ᠮᠠᠶ᠋ᠢᠭ ᠤᠨ ᠲᠣᠬᠢᠷᠠᠬᠤ ᠨᠥᠬᠦᠴᠡᠯ ᠪᠣᠯᠣᠨ ᠬᠠᠷᠠᠭᠠᠯᠵᠠᠭᠰᠠᠨ ᠲᠥᠪᠬᠢᠨᠡᠭᠦᠯᠬᠦ ᠣᠯᠭᠤᠮᠵᠢ ᠶᠢ ᠲᠣᠭᠲᠠᠭᠠᠪᠠ᠃      ᠭᠤᠷᠪᠠ ᠳᠤ᠂ ᠰᠢᠯᠵᠢᠭᠦᠯᠦᠨ ᠲᠤᠰᠢᠶᠠᠬᠤ ᠪᠠ ᠭᠥᠯᠢᠶᠡᠨ ᠠᠪᠬᠤ ᠲᠠᠰ ᠳᠠᠷᠠᠭᠠᠯᠠᠯ ᠢ ᠵᠢᠷᠤᠮᠵᠢᠭᠤᠯᠵᠤ᠂ ᠠᠵᠢᠯ ᠤᠨ ᠴᠤᠪᠤᠷᠠᠯ ᠢ ᠨᠠᠷᠢᠯᠢᠭᠵᠢᠭᠤᠯᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠥᠯᠥᠪᠯᠡᠭᠡ ᠶᠢ ᠴᠡᠷᠢᠭ ᠤᠨ ᠠᠯᠪᠠ ᠠᠴᠠ ᠬᠠᠯᠠᠭᠳᠠᠭᠰᠠᠨ ᠣᠹᠢᠼᠧᠷ ᠪᠠ ᠴᠡᠷᠢᠭ ᠤᠨ ᠠᠯᠪᠠ ᠠᠴᠠ ᠬᠠᠯᠠᠭᠳᠠᠭᠰᠠᠨ ᠪᠠᠶᠢᠯᠳᠤᠭᠴᠢ᠂ ᠠᠯᠪᠠᠨ ᠵᠢᠷᠤᠮ ᠤᠨ ᠴᠡᠷᠢᠭ ᠭᠡᠵᠦ ᠲᠥᠷᠥᠯ ᠪᠦᠯᠦᠭ ᠬᠤᠪᠢᠶᠠᠨ ᠪᠠᠭᠤᠯᠭᠠᠨ᠎ᠠ ᠭᠡᠵᠦ ᠲᠣᠳᠣᠷᠬᠠᠢ ᠲᠣᠭᠲᠠᠭᠠᠪᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠢ ᠲᠥᠪᠬᠢᠨᠡᠭᠦᠯᠬᠦ ᠭᠠᠵᠠᠷ ᠢ ᠠᠵᠢᠯ ᠤᠨ ᠬᠡᠷᠡᠭᠴᠡᠭᠡ ᠶᠢ ᠲᠠᠭᠠᠬᠤ᠂ ᠴᠡᠷᠢᠭ ᠤᠨ ᠠᠯᠪᠠ ᠬᠠᠭᠠᠬᠤ ᠬᠤᠪᠢ ᠨᠡᠮᠡᠷᠢ ᠶᠢ ᠢᠯᠡᠷᠡᠭᠦᠯᠬᠦ᠂ ᠭᠡᠷ ᠪᠦᠯᠢ ᠶᠢᠨ ᠠᠮᠢᠳᠤᠷᠠᠯ ᠳᠤ ᠠᠰᠢᠭᠲᠠᠢ ᠪᠠᠶᠢᠯᠭᠠᠬᠤ ᠵᠠᠷᠴᠢᠮ ᠶᠣᠰᠣᠭᠠᠷ ᠲᠣᠭᠲᠠᠭᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠶᠠᠪᠤᠳᠠᠯ ᠤᠨ ᠲᠠᠩᠰᠠ ᠡᠪᠬᠡᠮᠡᠯ ᠢ ᠰᠢᠯᠵᠢᠭᠦᠯᠦᠨ ᠲᠤᠰᠢᠶᠠᠬᠤ ᠶᠠᠪᠤᠴᠠ ᠶᠢ ᠲᠡᠭᠦᠯᠳᠡᠷᠵᠢᠭᠦᠯᠪᠡ᠃      ᠳᠥᠷᠪᠡ ᠳᠤ᠂ ᠠᠵᠢᠯ ᠣᠯᠭᠤᠬᠤ ᠪᠠ ᠦᠢᠯᠡᠰ ᠪᠣᠰᠬᠠᠬᠤ ᠶᠢ ᠵᠣᠷᠢᠭᠵᠢᠭᠤᠯᠵᠤ᠂ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠪᠠ᠃ ᠴᠡᠷᠢᠭ ᠠᠩᠭᠢ ᠪᠠ ᠣᠷᠣᠨ ᠨᠤᠲᠤᠭ ᠤᠨ ᠬᠢᠨ ᠢ ᠴᠡᠷᠢᠭ ᠤᠨ ᠠᠯᠪᠠ ᠠᠴᠠ ᠬᠠᠯᠠᠭᠳᠠᠬᠤ ᠶᠢᠨ ᠡᠮᠦᠨ᠎ᠡ ᠬᠤᠶᠢᠨᠠᠬᠢ ᠤᠷ᠎ᠠ ᠴᠢᠳᠠᠪᠤᠷᠢ ᠶᠢᠨ ᠪᠣᠯᠪᠠᠰᠤᠷᠠᠯ ᠥᠷᠨᠢᠭᠦᠯᠵᠦ᠂ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠦᠢᠯᠡᠰ ᠪᠣᠰᠬᠠᠬᠤ ᠶᠢ ᠲᠡᠳᠬᠦᠨ ᠳᠡᠮᠵᠢᠬᠦ ᠪᠠᠨ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃ ᠴᠡᠷᠢᠭ ᠬᠥᠮᠥᠨ ᠤ ᠴᠡᠷᠢᠭ ᠤᠨ ᠠᠯᠪᠠ ᠠᠴᠠ ᠬᠠᠯᠠᠭᠳᠠᠭᠰᠠᠨ ᠤ ᠳᠠᠷᠠᠭ᠎ᠠ ᠬᠠᠤᠯᠢ ᠶᠣᠰᠣᠭᠠᠷ ᠬᠤᠯᠪᠣᠭᠳᠠᠯ ᠪᠦᠬᠦᠢ ᠬᠠᠷᠠᠭᠠᠯᠵᠠᠯ ᠪᠠᠲᠤᠯᠠᠭ᠎ᠠ ᠭᠦᠷᠳᠡᠭᠦ ᠶᠢ ᠲᠣᠳᠣᠷᠬᠠᠢ ᠲᠣᠭᠲᠠᠭᠠᠪᠠ᠃ ᠴᠡᠷᠢᠭ ᠬᠥᠮᠥᠨ ᠵᠢᠩᠬᠢᠨᠢ ᠠᠯᠪᠠᠨ ᠠᠴᠠ ᠬᠠᠯᠠᠭᠳᠠᠬᠤ ᠦᠶ᠎ᠡ ᠳᠤ᠂ ᠴᠡᠷᠢᠭ ᠠᠩᠭᠢ ᠲᠣᠭᠲᠠᠭᠠᠯ ᠶᠣᠰᠣᠭᠠᠷ ᠴᠡᠷᠢᠭ ᠬᠥᠮᠥᠨ ᠤ ᠳᠠᠭᠠᠳᠬᠠᠯ ᠤᠨ ᠬᠠᠷᠢᠴᠠᠭ᠎ᠠ ᠪᠠ ᠬᠠᠷᠠᠭᠠᠯᠵᠠᠭᠰᠠᠨ ᠪᠡᠯᠡ ᠮᠥᠩᠭᠦ ᠶᠢ ᠰᠢᠯᠵᠢᠭᠦᠯᠦᠨ᠎ᠡ᠂ ᠳᠥᠪᠬᠢᠨᠡᠭᠦᠯᠦᠨ ᠲᠣᠬᠢᠷᠠᠭᠤᠯᠬᠤ ᠭᠠᠵᠠᠷ ᠤᠨ ᠨᠡᠶᠢᠭᠡᠮ ᠤᠨ ᠳᠠᠭᠠᠳᠬᠠᠯ ᠤᠨ ᠭᠠᠷᠳᠠᠨ ᠬᠢᠬᠦ ᠪᠠᠶᠢᠭᠤᠯᠤᠮᠵᠢ ᠬᠠᠷᠠᠭᠠᠯᠵᠠᠭᠰᠠᠨ ᠰᠢᠯᠵᠢᠭᠦᠯᠦᠨ ᠵᠠᠯᠭᠠᠭᠤᠯᠬᠤ ᠭᠠᠷ ᠭᠦᠢᠴᠡᠳᠬᠡᠯ ᠢ ᠴᠠᠭ ᠲᠤᠬᠠᠢ ᠳᠤᠨᠢ ᠬᠢᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号