ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/21
     8 ᠰᠠᠷ᠎ᠠ ᠶᠢᠨ 20 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 25 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠴᠦᠸᠠᠨ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠢ ᠡᠭᠦᠳᠦᠨ ᠪᠠᠶᠢᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢᠨ ᠰᠢᠶᠠᠨ ᠢ ᠡᠭᠦᠳᠦᠨ ᠪᠠᠶᠢᠭᠤᠯᠬᠤ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠪᠣᠳᠠᠲᠠᠢ ᠢᠯᠡᠷᠡᠯ ᠮᠥᠨ᠂ ᠪᠠᠰᠠ ᠴᠤ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠤᠯᠭᠠᠮ᠎ᠠ ᠱᠠᠭᠠᠷᠳᠠᠯᠭ᠎ᠠ ᠮᠥᠨ᠃ ᠡᠯ᠎ᠡ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠳᠲᠡᠷ ᠲᠦᠷᠭᠡᠨ ᠬᠥᠳᠡᠯᠦᠯᠴᠡᠵᠦ᠂ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠠᠷᠢᠮᠵᠢᠶ᠎ᠠ ᠲᠠᠢ ᠬᠠᠷᠭᠤᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠠᠭ ᠤᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠡᠭᠦᠳᠦᠨ ᠪᠠᠶᠢᠭᠤᠯᠬᠤ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ ᠨᠠᠷᠢᠯᠢᠭ ᠣᠨᠣᠴᠠᠲᠠᠢ ᠪᠠᠷ ᠬᠦᠴᠦᠯᠡᠵᠦ᠂ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠡᠭᠦᠳᠦᠨ ᠪᠠᠶᠢᠭᠤᠯᠬᠤ ᠠᠵᠢᠯ ᠢ ᠢᠳᠡᠪᠬᠢᠲᠡᠢ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃ ︵ᠰᠣᠷᠪᠤᠯᠵᠢᠯᠠᠬᠴᠢ ᠯᠢᠦᠢ ᠫᠢᠩ ᠫᠢᠩ  ᠴᠠ ᠪᠦᠧᠸ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号