ᠦᠴᠦᠸᠠᠨ ᠰᠢᠶᠠᠨ ᠠᠯᠪᠠᠨ ᠵᠢᠷᠤᠮ ᠤᠨ ᠴᠢᠰᠤ ᠬᠠᠨᠳᠢᠪᠯᠡᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/22
     ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠡᠮᠴᠢᠯᠡᠭᠡᠨ ᠳᠤ ᠬᠡᠷᠡᠭᠯᠡᠬᠦ ᠴᠢᠰᠤᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠤᠰᠠᠳᠠ᠂ ᠦᠴᠦᠸᠠᠨ ᠰᠢᠶᠠᠨ ᠥᠷᠭᠡᠨ ᠣᠯᠠᠨ ᠺᠠᠲᠷ ᠠᠵᠢᠯᠲᠠᠨ ᠠᠵᠢᠯᠴᠢᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠵᠤ ᠠᠯᠪᠠᠨ ᠵᠢᠷᠤᠮ ᠤᠨ ᠴᠢᠰᠤ ᠬᠠᠨᠳᠢᠪᠯᠡᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠴᠢᠰᠤ ᠬᠠᠨᠳᠢᠪᠯᠡᠬᠤ ᠪᠠᠷ ᠢᠷᠡᠭᠰᠡᠨ ᠺᠠᠳ᠋ᠷ ᠠᠵᠢᠯᠲᠠᠨ ᠠᠵᠢᠯᠴᠢᠨ ᠪᠣᠯᠣᠨ ᠣᠯᠠᠨ ᠲᠦᠮᠡᠨ ᠡᠮᠨᠡᠯᠭᠡ ᠶᠢᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠴᠢᠰᠤ ᠬᠠᠨᠳᠢᠪᠯᠡᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠬᠦᠰᠦᠨᠦᠭ ᠲᠠᠭᠯᠠᠵᠤ ᠲᠡᠮᠳᠡᠭᠯᠡᠬᠦ᠂ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠤ ᠠᠩᠬ᠎ᠠ ᠪᠠᠶᠢᠴᠠᠭᠠᠯᠲᠠ ᠵᠡᠷᠭᠡ ᠶᠢ ᠴᠢᠩᠭ᠎ᠠ ᠬᠢᠵᠦ᠂ ᠴᠢᠰᠤ ᠬᠠᠨᠳᠢᠪᠯᠡᠬᠤ ᠨᠥᠬᠦᠴᠡᠯ ᠳᠤ ᠨᠡᠶᠢᠴᠡᠬᠦ ᠬᠥᠮᠥᠰ ᠴᠢᠰᠤ ᠬᠠᠨᠳᠢᠪᠯᠡᠬᠤ ᠲᠡᠷᠭᠡᠨ ᠳᠤ ᠣᠷᠣᠵᠤ᠂ ᠡᠮᠴᠢ ᠰᠤᠪᠢᠯᠠᠭᠴᠢ ᠶᠢᠨ ᠴᠢᠰᠤ ᠠᠪᠬᠤ ᠶᠢ ᠬᠦᠯᠢᠶᠡᠵᠡᠭᠡᠨ᠎ᠡ᠃     ᠲᠠᠷᠠᠭᠠᠴᠢ ᠶᠢᠨ ᠠᠯᠬᠤᠮ ᠳᠤ᠂ ᠮᠠᠨ ᠤ ᠰᠢᠶᠠᠨ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠨᠡᠩ ᠤᠯᠠᠨ ᠤᠯᠠᠨ ᠲᠦᠮᠡᠨ ᠳᠤ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠮᠡᠳᠡᠯᠭᠡ ᠶᠢ ᠣᠶᠢᠯᠠᠭᠠᠭᠤᠯᠵᠤ᠂ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃  ︵ᠰᠤᠷᠪᠤᠯᠵᠢᠯᠠᠭᠴᠢ᠄ ᠯᠢᠦ ᠪᠠᠢ ᠢᠦᠢ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号