ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ ᠰᠤᠷᠲᠠᠯ ᠤᠨ ᠪᠠᠶᠢᠭᠤᠯᠤᠯᠲᠠ ᠪᠠᠷ ᠥᠭᠡᠷᠡᠴᠢᠯᠡᠯᠲᠡ ᠶᠢ ᠪᠠᠲᠤᠯᠠᠵᠤ ᠬᠥᠭᠵᠢᠯᠲᠡ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/22
     - ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠭᠤᠴᠠᠯᠭᠠᠲᠠᠨ ︽ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠪᠠ     ᠣᠶᠢᠷ᠎ᠠ ᠳᠤ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ︵ᠳᠣᠷᠣᠭᠰᠢ ︽ᠲᠣᠭᠲᠠᠭᠠᠯ ᠤᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠬᠠᠷᠢᠭᠤᠴᠠᠯᠭᠠᠲᠠᠨ ︽ᠲᠣᠭᠲᠠᠭᠠᠯ ᠤᠳ︾ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠰᠤᠷᠪᠤᠯᠵᠢᠯᠠᠬᠴᠢ ᠶᠢᠨ ᠠᠰᠠᠭᠤᠯᠲᠠ ᠶᠢ ᠬᠠᠷᠢᠭᠤᠯᠵᠠᠢ᠃     ᠠᠰᠠᠭᠤᠯᠲᠠ᠄ ︽ᠲᠣᠭᠲᠠᠭᠠᠯ ᠤᠳ︾ ᠤᠨ ᠨᠡᠶᠢᠲᠡᠯᠡᠭᠳᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠵᠤ ᠥᠭᠭᠦᠨ᠎ᠡ ᠦᠦ︖     ᠬᠠᠷᠢᠭᠤᠯᠲᠠ᠄ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠢᠮᠠᠭᠲᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠤᠯᠭᠠᠵᠤ᠂ ᠦᠨᠳᠦᠰᠦᠨ ᠱᠠᠲᠤ ᠶᠢ ᠬᠠᠯᠠᠮᠵᠢᠯᠠᠨ ᠬᠠᠶᠢᠷᠠᠯᠠᠬᠤ ᠴᠢᠬᠤᠯᠠ ᠠᠷᠭ᠎ᠠ ᠬᠡᠮᠵᠢᠶ᠎ᠡ ᠪᠣᠯᠭᠠᠪᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠵᠤ ᠠᠬᠢᠭᠤᠯᠤᠭᠰᠠᠨ ᠢᠶᠠᠷ᠂ ᠲᠥᠪ ᠤᠨ ᠲᠡᠰ ᠳᠠᠪᠬᠤᠷᠭ᠎ᠠ ᠠᠴᠠ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ︵ᠳᠣᠷᠣᠭᠰᠢ ᠲᠤᠰᠬᠠᠢ ᠠᠵᠢᠯ ᠤᠨ ᠲᠣᠭᠲᠠᠴᠠ ᠭᠡᠵᠦ ᠳᠥᠭᠦᠮᠴᠢᠯᠡᠨ᠎ᠡ︶ ᠶᠢ ᠪᠠᠶᠢᠭᠤᠯᠵᠤ᠂ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ ᠠᠪᠴᠤ᠂ ᠢᠯᠡᠳᠲᠡ ᠦᠷ᠎ᠡ ᠪᠦᠲᠦᠮᠵᠢ ᠣᠯᠵᠠᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠣᠳᠠᠲᠤ ᠠᠵᠢᠯᠯᠠᠭ᠎ᠠ ᠪᠣᠯᠣᠨ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠶᠢᠨ ᠲᠥᠯᠥᠭᠡ᠂ ︽ᠲᠣᠭᠲᠠᠭᠠᠯ ᠤᠳ︾ ᠢ ᠲᠣᠭᠲᠠᠭᠠᠪᠠ᠃     ︽ᠲᠣᠭᠲᠠᠭᠠᠯ ᠤᠳ︾ ᠢ ᠲᠣᠭᠲᠠᠭᠠᠨ ᠨᠡᠶᠢᠲᠡᠯᠡᠵᠦ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠥᠷᠭᠡᠳᠬᠡᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠳᠤ ᠴᠢᠬᠤᠯᠠ ᠳᠦᠷᠢᠮ ᠤᠨ ᠵᠢᠷᠤᠮᠯᠠᠯ ᠬᠠᠩᠭᠠᠬᠤ ᠪᠣᠯ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠨᠢᠭᠡ ᠳᠤ᠂ ᠨᠠᠮ ᠤᠨ ᠲᠥᠪ ᠬᠤᠷᠢᠶ᠎ᠠ ᠶᠢᠨ ᠭᠡᠯᠪᠡᠷᠢ ᠶᠢᠨ ᠦᠵᠡᠯ ᠢ ᠪᠦᠭᠦ ᠲᠠᠯ᠎ᠠ ᠪᠠᠷ ᠴᠢᠩᠭ᠎ᠠ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠡᠷᠡᠰ ᠵᠣᠷᠢᠭ ᠢ ᠭᠦᠢᠴᠡᠳ ᠢᠯᠡᠷᠡᠭᠦᠯᠪᠡ᠃ ᠨᠠᠮ ᠤᠨ ᠲᠥᠪ ᠬᠤᠷᠢᠶᠠᠨ ᠤ ᠬᠢᠨ ᠰᠢᠨ᠎ᠡ ᠴᠠᠭ ᠦᠶ᠎ᠡ ᠰᠢᠨ᠎ᠡ ᠠᠶᠠᠨ ᠢ ᠪᠡᠶᠡᠯᠡᠭᠦᠯᠬᠦ ᠨᠠᠮ ᠤᠨ ᠡᠭᠦᠷᠭᠡ ᠬᠠᠷᠢᠭᠤᠴᠠᠯᠭ᠎ᠠ ᠱᠠᠭᠠᠷᠳᠠᠯᠭ᠎ᠠ ᠳᠤ ᠰᠠᠭᠤᠷᠢᠯᠠᠨ᠂ ᠣᠶᠢᠷ᠎ᠠ ᠶᠢᠨ ᠵᠢᠯ ᠤᠨ ᠲᠤᠷᠰᠢᠬᠢ ᠴᠡᠭᠴᠡᠯᠡᠨ ᠵᠠᠰᠠᠬᠤ ᠠᠵᠢᠯ ᠤᠨ ᠳᠦᠷᠢᠮ ᠲᠣᠭᠲᠠᠭᠠᠯ ᠢ ᠨᠠᠪᠲᠠᠷᠡᠭᠦᠯᠵᠦ᠂ ᠠᠩᠬ᠎ᠠ ᠤᠳᠠᠭ᠎ᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠭᠡᠯᠪᠡᠷᠢ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠦᠷᠢᠮ ᠤᠨ ᠵᠢᠷᠤᠮᠵᠢᠯ ᠢ ᠲᠣᠭᠲᠠᠭᠠᠨ ᠨᠡᠶᠢᠲᠡᠯᠡᠵᠦ᠂ ᠲᠥᠪ ᠤᠨ ᠨᠠᠢᠮᠠᠨ ᠲᠣᠭᠲᠠᠭᠠᠯ ᠤᠨ ᠣᠷᠳᠣ ᠬᠤᠭᠤᠴᠠᠭᠠᠨ ᠤ ᠪᠦᠲᠦᠮᠵᠢᠲᠡᠶ ᠳᠦᠷᠢᠮ ᠲᠣᠭᠲᠠᠭᠠᠯ᠂ ᠬᠠᠲᠠᠭᠤ ᠪᠠᠷᠢᠮᠵᠢᠶ᠎ᠠ ᠶᠢ ᠪᠦᠷᠢᠯᠳᠦᠭᠦᠯᠵᠦ᠂ ᠪᠦᠭᠦ ᠨᠠᠮ ᠪᠦᠭᠦ ᠨᠡᠶᠢᠭᠡᠮ ᠳᠤ ᠴᠥᠬᠦᠷᠡᠰᠢ ᠦᠭᠡᠢ ᠡᠴᠦᠰ  ᠲᠤᠨᠢ ᠲᠤᠯᠲᠠᠯ᠎ᠠ ᠠᠳᠬᠤᠬᠤ ᠢᠯᠡ ᠲᠣᠳᠣ ᠣᠪᠣᠷ ᠢ ᠢᠯᠡᠷᠬᠡᠶᠢᠯᠡᠭᠰᠡᠨ ᠪᠠᠶᠢᠨ᠎ᠠ᠃ ᠬᠤᠶᠠᠷ ᠲᠤ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠦᠨ ᠥᠷᠭᠡᠳᠬᠡᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠪᠡ᠃ ︽ᠲᠣᠭᠲᠠᠭᠠᠯ ᠤᠳ︾ ᠨᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠷ ᠲᠤᠰᠤᠯᠲᠠ ᠪᠤᠯᠭᠠᠵᠤ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠠᠩᠬᠠᠷᠴᠤ ᠪᠠᠶᠢᠭ᠎ᠠ ᠪᠠ ᠬᠦᠰᠡᠯ ᠡᠷᠡᠮᠡᠯᠵᠡᠯ ᠳᠤ ᠬᠠᠷᠢᠭᠤᠯᠲᠠ ᠥᠭᠴᠦ᠂ ︽ᠵᠢᠵᠢᠭ ᠭᠠᠷᠳᠠᠯ︾ ᠳᠤ ᠠᠩᠬᠠᠷᠤᠯ ᠢᠶᠠᠨ ᠲᠥᠪᠯᠡᠷᠡᠭᠦᠯᠦᠨ ︽ᠴᠢᠩᠭ᠎ᠠ ᠬᠢᠵᠠᠭᠠᠷᠯᠠᠯ︾ ᠲᠣᠭᠲᠠᠭᠠᠵᠤ᠂ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠢ ᠨᠠᠷᠢᠯᠢᠭᠵᠢᠭᠤᠯᠤᠨ ᠪᠣᠳᠠᠲᠠᠶᠢᠵᠢᠭᠤᠯᠬᠤ ᠶᠢ ᠴᠢᠬᠤᠯᠠᠴᠢᠯᠠᠵᠤ᠂ ᠴᠢᠨᠠᠷ ᠢ ᠲᠣᠭᠲᠠᠭᠠᠵᠤ ᠬᠡᠮᠵᠢᠶ᠎ᠡ ᠶᠢ ᠲᠣᠭᠲᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠵᠢᠯ ᠤᠨ ᠪᠠᠯᠠᠷᠬᠠᠢ ᠣᠷᠣᠨ ᠵᠠᠢ ᠶᠢ ᠪᠠᠭᠠᠰᠬᠠᠵᠤ᠂ ᠢᠯᠡ ᠲᠣᠳᠣ ᠳᠦᠷᠢᠮ ᠤᠨ ᠵᠢᠷᠤᠮᠵᠢᠯ ᠢ ᠪᠠᠶᠢᠭᠤᠯᠵᠤ᠂ ᠴᠡᠭᠴᠡᠯᠡᠨ ᠵᠠᠰᠠᠬᠤ ᠠᠵᠢᠯ ᠢ ᠳᠦᠷᠢᠮ ᠤᠨ ᠵᠠᠮ ᠳᠡᠭᠡᠷ᠎ᠡ ᠵᠢᠷᠤᠮᠵᠢᠭᠤᠯᠤᠨ ᠠᠵᠢᠯᠯᠠᠭᠤᠯᠬᠤ ᠶᠢ ᠠᠬᠢᠭᠤᠯᠪᠠ᠃ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠠᠷᠭ᠎ᠠ ᠪᠠᠷ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠴᠢᠳᠠᠪᠤᠷᠢ ᠣᠯᠭᠤᠬᠤ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠠᠵᠢᠯ ᠤᠨ ᠤᠳᠤᠷᠢᠳᠤᠮᠵᠢ ᠶᠢ ᠢᠯᠡ ᠲᠣᠳᠣ ᠪᠤᠢ ᠪᠣᠯᠭᠠᠪᠠ᠃ ︽ᠲᠣᠭᠲᠠᠭᠠᠯ ᠤᠳ︾ ᠨᠢ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠ ᠴᠢᠳᠠᠮᠵᠢ ᠣᠯᠭᠤᠬᠤ ᠶᠢ ᠨᠢᠭᠡᠳᠦᠯᠲᠡᠢ ᠲᠥᠯᠥᠪᠵᠢᠭᠦᠯᠬᠦ ᠳᠤ ᠳᠦᠷᠢᠮ ᠤᠨ ᠴᠢᠨᠠᠷᠲᠠᠢ ᠲᠣᠬᠢᠷᠠᠭᠤᠯᠤᠯᠲᠠ ᠬᠢᠵᠦ᠂ ᠨᠠᠮ ᠤᠨ ᠭᠡᠰᠢᠭᠦᠨ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠬᠥᠭᠵᠢᠭᠡᠬᠦ ᠳᠤ ᠠᠰᠢᠭᠲᠠᠢ ᠪᠠᠶᠢᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠳᠤ ᠴᠢᠬᠤᠯᠠ ᠪᠠᠲᠤᠯᠠᠭ᠎ᠠ ᠬᠠᠩᠭᠠᠬᠤ ᠪᠣᠯᠣᠨ᠎ᠠ᠃     ᠠᠰᠠᠭᠤᠯᠲᠠ᠄ ︽ᠲᠣᠭᠲᠠᠭᠠᠯ ᠤᠳ︾ ᠢ ᠲᠣᠭᠲᠠᠭᠠᠭᠰᠠᠨ ᠶᠡᠷᠦᠩᠬᠡᠢ ᠪᠣᠳᠣᠯᠬᠢᠯᠠᠯ ᠨᠢ ᠶᠠᠭᠤ ᠪᠤᠶ︖     ᠬᠠᠷᠢᠭᠤᠯᠲᠠ᠄ ︽ᠲᠣᠭᠲᠠᠭᠠᠯ ᠤᠳ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ ᠪᠠ ᠴᠢᠩᠭ᠎ᠠ ᠱᠠᠭᠠᠷᠳᠠᠯᠭ᠎ᠠ ᠶᠢ ᠤᠯᠠᠮ ᠨᠢᠭᠡ ᠠᠯᠬᠤᠮ ᠢᠯᠡᠷᠡᠭᠦᠯᠬᠦ ᠶᠢ ᠪᠣᠳᠣᠯᠬᠢᠯᠠᠵᠤ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠢᠮᠠᠭᠲᠠ ᠵᠥᠪ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠭᠤᠯᠬᠤ ᠶᠢ ᠦᠨᠡᠨ ᠬᠦ ᠪᠠᠲᠤᠯᠠᠪᠠ᠃ ᠳᠣᠣᠷᠠᠬᠢ ᠬᠡᠳᠦᠨ ᠲᠠᠯ᠎ᠠ ᠶᠢ ᠭᠤᠣᠯᠳᠠᠯᠭ᠎ᠠ ᠲᠠᠢ ᠡᠵᠡᠮᠳᠡᠪᠡ᠄ ᠨᠢᠭᠡ ᠳᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠭᠡᠯᠪᠡᠷᠢ ᠶᠢᠨ ᠦᠵᠡᠯ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠪᠠᠷ ᠳᠠᠮᠵᠢᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠪᠠᠷ ᠭᠤᠣᠯ ᠰᠢᠵᠢᠮ ᠪᠤᠯᠭᠠᠵᠤ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠤᠷᠤᠭᠰᠢᠯᠠᠯᠲᠠ ᠶᠢᠨ ᠴᠢᠭᠯᠡᠯ᠂ ᠳᠦᠷᠢᠮ ᠤᠨ ᠵᠢᠷᠤᠮᠯᠠᠯ ᠢ ᠲᠣᠳᠣᠷᠬᠠᠶᠢᠯᠠᠪᠠ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠴᠢᠬᠤᠯᠠᠴᠢᠯᠠᠵᠤ᠂ ᠣᠳᠣᠬᠠᠨ ᠤ ᠲᠤᠰᠬᠠᠯ ᠴᠢᠩᠭ᠎ᠠ ᠪᠠᠶᠢᠭ᠎ᠠ ᠭᠡᠯᠪᠡᠷᠢ ᠶᠢᠨ ᠦᠵᠡᠯ᠂ ᠨᠣᠶᠠᠨᠴᠢ ᠰᠤᠷᠲᠠᠯ ᠢᠶᠠᠷ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠦᠭᠰᠡᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠯᠲᠦ ᠴᠢᠨᠠᠷᠲᠠᠢ ᠪᠠᠷ ᠴᠢᠩᠭᠠᠳᠬᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠠᠯᠢ ᠤᠯᠠᠨ ᠴᠠᠭᠠᠵᠠᠯᠠᠬᠤ ᠴᠢᠨᠠᠷᠲᠠᠢ᠂ ᠬᠢᠵᠠᠭᠠᠷᠯᠠᠬᠤ ᠴᠢᠨᠠᠷᠲᠠᠢ ᠲᠣᠭᠲᠠᠭᠠᠯ ᠭᠠᠷᠭᠠᠪᠠ᠃ ᠭᠤᠷᠪᠠ ᠳᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠴᠢᠬᠤᠯᠠᠴᠢᠯᠠᠵᠤ᠂ ᠣᠶᠢᠷ᠎ᠠ ᠶᠢᠨ ᠵᠢᠯ ᠤᠨ ᠲᠤᠷᠰᠢᠬᠢ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠳᠤᠮᠳᠠᠬᠢ ᠲᠤᠷᠰᠢᠯᠭ᠎ᠠ ᠠᠷᠭ᠎ᠠ ᠬᠢᠳᠡᠯ ᠢ ᠡᠮᠬᠢᠯᠡᠨ ᠳ᠋ᠦᠩᠨᠡᠵᠦ᠂ ᠦᠢᠯᠡᠳᠦᠯᠭᠡ ᠶᠢᠨ ᠰᠢᠯᠭᠠᠯᠲᠠ᠂ ᠪᠦᠲᠦᠮᠵᠢᠲᠡᠢ ᠲᠤᠷᠰᠢᠯᠭ᠎ᠠ ᠠᠷᠭ᠎ᠠ ᠬᠢᠳᠡᠯ ᠢ ᠪᠠᠬᠢᠵᠢᠭᠦᠯᠵᠦ ᠳᠦᠷᠢᠮ ᠪᠣᠯᠭᠠᠨ ᠵᠢᠷᠤᠮᠵᠢᠭᠤᠯᠬᠤ ᠶᠢᠨ ᠬᠠᠮᠲᠤ ᠬᠦᠴᠢᠷ ᠠᠰᠠᠭᠤᠳᠠᠯ᠂ ᠲᠦᠭᠵᠢᠷᠡᠯ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ ᠰᠢᠨ᠎ᠡ ᠬᠠᠲᠠᠭᠤ ᠠᠷᠭ᠎ᠠ ᠬᠡᠮᠵᠢᠶ᠎ᠡ ᠳᠤᠷᠠᠳᠪᠠ᠃ ᠳᠥᠷᠪᠡ ᠳᠤ᠂ ᠪᠣᠳᠠᠲᠠᠢ ᠶᠢ ᠡᠷᠬᠢᠮᠯᠡᠨ ᠬᠡᠷᠡᠭᠴᠡᠭᠡ ᠲᠠᠢ ᠪᠠᠶᠢᠬᠤ ᠶᠢ ᠴᠢᠬᠤᠯᠠᠴᠢᠯᠠᠵᠤ᠂ ᠳᠦᠷᠢᠮ ᠲᠣᠭᠲᠠᠭᠠᠯ ᠲᠣᠭᠲᠠᠭᠠᠬᠤ ᠲᠠᠯ᠎ᠠ ᠪᠠᠷ ᠤᠷᠳᠤ ᠤᠨᠤᠯ ᠭᠠᠷᠭᠠᠬᠤ ᠦᠭᠡᠢ᠂ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠠᠷᠭ᠎ᠠ ᠬᠡᠮᠵᠢᠶ᠎ᠡ ᠱᠠᠭᠠᠷᠳᠠᠯᠭ᠎ᠠ ᠳᠤᠷᠠᠳᠴᠤ᠂ ᠲᠣᠪᠴᠢ ᠲᠣᠳᠣᠷᠬᠠᠢ᠂ ᠪᠣᠳᠠᠲᠠᠢ ᠪᠠᠶᠢᠵᠤ᠂ ᠣᠶᠢᠯᠠᠭᠠᠬᠤ ᠪᠠ ᠬᠡᠷᠡᠭᠵᠢᠭᠦᠯᠬᠦ ᠳᠤ ᠲᠦᠭᠦᠮ ᠪᠤᠯᠭᠠᠬᠤ ᠶᠢ ᠴᠢᠬᠤᠯᠠᠴᠢᠯᠠᠪᠠ᠃ ᠲᠠᠪᠤ ᠳᠤ᠂ ᠵᠣᠬᠢᠴᠠᠭᠤᠯᠤᠨ ᠬᠠᠮᠵᠢᠯᠴᠠᠬᠤ ᠶᠢ ᠴᠢᠬᠤᠯᠠᠴᠢᠯᠠᠵᠤ᠂ ᠭᠡᠯᠪᠡᠷᠢ ᠶᠢᠨ ᠦᠵᠡᠯ ᠢ ᠴᠡᠭᠴᠡᠯᠡᠨ ᠵᠠᠰᠠᠬᠤ ᠲᠠᠢ ᠨᠢᠭᠲᠠ ᠤᠶᠠᠯᠳᠤᠭᠤᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠬᠠᠷᠠᠭᠠᠯᠵᠠᠭᠰᠠᠨ ᠲᠣᠭᠲᠠᠭᠠᠯ ᠭᠠᠷᠭᠠᠵᠤ᠂ ᠬᠠᠷᠢᠯᠴᠠᠨ ᠠᠪᠴᠠᠯᠳᠤᠭᠤᠯᠬᠤ ᠶᠢᠨ ᠬᠠᠮᠲᠤ ᠤᠳᠤ ᠶᠢᠨ ᠬᠡᠷᠡᠭᠵᠢᠭᠦᠯᠵᠦ ᠪᠠᠶᠢᠭ᠎ᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠲᠠᠢ ᠵᠣᠯᠭᠠᠭᠤᠯᠵᠤ᠂ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠬᠤ ᠴᠢᠨᠠᠷ ᠢ ᠴᠢᠩᠭᠠᠳᠬᠠᠬᠤ ᠶᠢ ᠠᠩᠬᠠᠷᠪᠠ᠃     ᠠᠰᠠᠭᠤᠯᠲᠠ᠄ ︽ᠲᠣᠭᠲᠠᠭᠠᠯ ᠤᠳ︾ ᠤᠨ ᠭᠤᠣᠯ ᠪᠣᠷᠣ ᠲᠥᠯᠥᠪ ᠪᠠ ᠠᠭᠤᠯᠭ᠎ᠠ ᠨᠢ ᠶᠠᠭᠤ ᠪᠤᠶ︖     ᠬᠠᠷᠢᠭᠤᠯᠲᠠ᠄ ︽ᠲᠣᠭᠲᠠᠭᠠᠯ ᠤᠳ︾ ᠨᠢ ᠨᠡᠶᠢᠲᠡ 7 ᠬᠡᠰᠡᠭ᠂ 21 ᠵᠤᠷᠪᠤᠰ ᠪᠣᠳᠠᠲᠠᠢ ᠲᠣᠭᠲᠠᠭᠠᠯ ᠲᠠᠢ᠃ ᠨᠢᠭᠡ ᠳᠤ᠂ ︽ᠪᠢᠴᠢᠭ ᠮᠠᠲ᠋ᠧᠷᠢᠶᠠᠯ ᠢ ᠦᠨᠡᠨ ᠬᠦ ᠴᠣᠮᠬᠠᠳᠬᠠᠵᠤ︾᠂ ᠭᠤᠣᠯᠳᠠᠭᠤ ᠪᠢᠴᠢᠭ ᠮᠠᠲ᠋ᠧᠷᠢᠶᠠᠯ ᠤᠨ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠪᠢᠴᠢᠭ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠭᠦ᠂ ᠦᠨᠡᠯᠡᠨ ᠵᠢᠱᠢᠵᠦ ᠬᠢᠨᠠᠨ ᠪᠠᠶᠢᠴᠠᠭᠠᠬᠤ ᠵᠡᠷᠭᠡ ᠶᠢ ᠲᠣᠭᠲᠠᠭᠠᠪᠠ᠃ ᠬᠤᠶᠠᠷ ᠲᠤ᠂ ︽ᠬᠤᠷᠠᠯ ᠢ ᠴᠢᠩᠭ᠎ᠠ ᠴᠣᠮᠬᠠᠳᠬᠠᠵᠤ︾᠂ ᠭᠤᠣᠯᠳᠠᠭᠤ ᠬᠤᠷᠠᠯ ᠤᠨ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠬᠤ᠂ ᠬᠡᠪᠴᠢᠶ᠎ᠡ ᠬᠡᠮᠵᠢᠶ᠎ᠡ ᠶᠢ ᠬᠢᠵᠠᠭᠠᠷᠯᠠᠬᠤ᠂ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠡᠷᠭᠡ ᠶᠢ ᠲᠣᠭᠲᠠᠭᠠᠪᠠ᠃ ᠭᠤᠷᠪᠠ ᠳᠤ᠂ ︽ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ︾᠂ ᠭᠤᠣᠯᠳᠠᠭᠤ ᠲᠥᠯᠥᠪᠯᠡᠭᠡ ᠪᠣᠯᠣᠨ ᠳᠠᠩᠰᠠᠯᠠᠬᠤ ᠬᠠᠮᠢᠶᠠᠷᠤᠯᠲᠠ ᠶᠢ ᠴᠢᠩᠭᠠᠳᠬᠠᠵᠤ᠂ ᠠᠷᠭ᠎ᠠ ᠭᠡᠯᠪᠡᠷᠢ ᠪᠠᠨ ᠰᠠᠶᠢᠵᠢᠷᠠᠭᠤᠯᠵᠤ᠂ ᠦᠨᠳᠦᠰᠦᠨ ᠱᠠᠲᠤᠨ ᠤ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ ᠰᠢᠯᠭᠠᠨ ᠦᠨᠡᠯᠡᠬᠦ ᠶᠡᠷᠦᠩᠬᠡᠢ ᠬᠡᠮᠵᠢᠶ᠎ᠡ ᠵᠡᠷᠭᠡ ᠶᠢ ᠴᠢᠩᠭ᠎ᠠ ᠡᠵᠡᠮᠳᠡᠨ᠎ᠡ ᠭᠡᠵᠦ ᠲᠣᠭᠲᠠᠭᠠᠪᠠ᠃ ᠳᠥᠷᠪᠡ ᠳᠤ᠂ ︽ᠺᠠᠳ᠋ᠷ ᠢ ᠵᠢᠭᠡᠯᠡᠨ ᠬᠡᠷᠡᠭᠯᠡᠬᠦ ᠶᠢ ᠵᠢᠷᠤᠮᠵᠢᠭᠤᠯᠵᠤ︾᠂ ᠭᠤᠣᠯᠳᠠᠭᠤ ᠰᠢᠶᠠᠨ ᠵᠢᠴᠢ ᠲᠡᠭᠦᠨ ᠠᠴᠠ ᠳᠣᠷᠣᠭᠰᠢᠬᠢ ᠨᠢᠭᠡᠴᠢ ᠠᠴᠠ ᠺᠠᠳ᠋ᠷ ᠢ ᠵᠢᠭᠡᠯᠡᠨ ᠰᠢᠯᠵᠢᠭᠦᠯᠬᠦ ᠦᠭᠡᠢ᠂ ᠬᠤᠳᠠ ᠵᠢᠴᠢ ᠲᠡᠭᠦᠨ ᠠᠴᠠ ᠳᠡᠭᠡᠭᠰᠢᠬᠢ ᠨᠢᠭᠡᠴᠢ ᠠᠴᠠ ᠺᠠᠳ᠋ᠷ ᠢ ᠵᠢᠭᠡᠯᠡᠨ ᠰᠢᠯᠵᠢᠭᠦᠯᠬᠦ ᠶᠢ ᠴᠢᠩᠭ᠎ᠠ ᠬᠢᠵᠠᠭᠠᠷᠯᠠᠬᠤ ᠵᠡᠷᠭᠡ ᠶᠢ ᠲᠣᠭᠲᠠᠭᠠᠪᠠ᠃ ᠲᠠᠪᠤ ᠳᠤ᠂ ︽ᠵᠠᠰᠠᠭ ᠤᠨ ᠶᠠᠪᠤᠳᠠᠯ ᠤᠨ ᠰᠢᠯᠵᠢᠮᠡᠯ ᠢᠨᠲ᠋ᠧᠷ ᠰᠦᠯᠵᠢᠶᠡᠨ ᠤ ᠬᠡᠷᠡᠭᠯᠡᠭᠡᠨ ᠤ ᠫᠷᠣᠭ᠍ᠷᠠᠮ ᠤᠨ ᠬᠠᠮᠢᠶᠠᠷᠤᠯᠲᠠ ᠶᠢ ᠵᠢᠷᠤᠮᠵᠢᠭᠤᠯᠵᠤ︾᠂ ᠭᠤᠣᠯᠳᠠᠭᠤ ᠦᠨᠳᠦᠰᠦᠨ ᠱᠠᠲᠤᠨ ᠳᠤ ᠬᠠᠨᠳᠤᠭᠤᠯᠤᠭᠰᠠᠨ ᠵᠠᠰᠠᠭ ᠤᠨ ᠶᠠᠪᠤᠳᠠᠯ ᠤᠨ ᠬᠡᠷᠡᠭᠯᠡᠭᠡᠨ ᠤ ᠫᠷᠣᠭ᠍ᠷᠠᠮ ᠢ ᠢᠯᠭᠠᠷᠠᠭᠤᠯᠵᠤ ᠡᠮᠬᠢᠯᠡᠨ ᠨᠡᠶᠢᠳᠬᠡᠬᠦ᠂ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢ ᠴᠢᠩᠭᠠᠳᠬᠠᠬᠤ᠂ ᠴᠢᠳᠠᠮᠵᠢ ᠶᠢᠨ ᠣᠨᠳᠣᠣᠰᠢᠬᠤ ᠶᠢ ᠰᠡᠷᠭᠡᠶᠢᠯᠡᠬᠦ ᠵᠡᠷᠭᠡ ᠶᠢ ᠲᠣᠭᠲᠠᠭᠠᠪᠠ᠃ ᠵᠢᠷᠭᠤᠭ᠎ᠠ ᠳᠤ᠂︽ᠦᠨᠳᠦᠰᠦᠨ ᠱᠠᠲᠤᠨ ᠤ ᠡᠷᠬᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠶᠢ ᠵᠢᠷᠤᠮᠵᠢᠭᠤᠯᠵᠤ︾᠂ ᠭᠤᠣᠯᠳᠠᠭᠤ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠤᠨ ᠪᠦᠷᠢᠨᠰᠢᠭᠦᠯᠵᠦ᠂ ᠨᠠᠷᠢᠨ ᠲᠠᠩᠰᠠ ᠠᠴᠠ ᠭᠠᠳᠠᠨᠠᠬᠢ ᠵᠦᠢᠯᠡᠰ ᠢ ᠵᠥᠪᠰᠢᠶᠡᠷᠡᠨ ᠣᠷᠣᠭᠤᠯᠬᠤ ᠳᠦᠷᠢᠮ ᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ᠂ ᠫᠠᠶᠢᠰᠠ ᠡᠯᠭᠦᠬᠦ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠵᠤ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠲᠣᠭᠲᠠᠭᠠᠬᠤ ᠵᠡᠷᠭᠡ ᠶᠢ ᠲᠣᠭᠲᠠᠭᠠᠪᠠ᠃ ᠳᠣᠯᠤᠭ᠎ᠠ ᠳᠤ᠂ ︽ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠪᠠ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠶᠢ ᠵᠢᠷᠤᠮᠵᠢᠭᠤᠯᠵᠤ︾᠂ ᠭᠤᠣᠯᠳᠠᠭᠤ ᠲᠥᠷᠥᠯ ᠵᠦᠢᠯ ᠲᠤᠭ᠎ᠠ ᠬᠡᠮᠵᠢᠶ᠎ᠡ ᠶᠢ ᠴᠣᠮᠬᠠᠳᠬᠠᠬᠤ᠂ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠭᠦ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ᠂ ᠦᠨᠳᠦᠰᠦᠨ ᠱᠠᠲᠤᠨ ᠳᠤ ᠪᠠᠷᠢᠮᠵᠢᠶ᠎ᠠ ᠳᠤ ᠬᠦᠷᠦᠭᠦᠯᠬᠦ ᠠᠵᠢᠯᠯᠠᠭ᠎ᠠ ᠥᠷᠨᠢᠭᠦᠯᠬᠦ ᠦᠭᠡᠢ ᠵᠡᠷᠭᠡ ᠶᠢ ᠲᠣᠭᠲᠠᠭᠠᠪᠠ᠃     ᠠᠰᠠᠭᠤᠯᠲᠠ᠄ ︽ᠲᠣᠭᠲᠠᠭᠠᠯ ᠤᠳ︾ ᠲᠤ  ᠶᠠᠮᠠᠷ  ᠶᠠᠮᠠᠷ  ᠰᠢᠨ᠎ᠡ ᠠᠷᠭ᠎ᠠ  ᠬᠡᠮᠵᠢᠶ᠎ᠡ ᠭᠠᠷᠭᠠᠭᠰᠠᠨ ᠢ ᠲᠠᠨᠢᠯᠴᠠᠭᠤᠯᠤᠭᠠᠳ ᠥᠭᠭᠦᠨ᠎ᠡ ᠦᠦ︖     ᠬᠠᠷᠢᠭᠤᠯᠲᠠ᠄ ︽ᠲᠣᠭᠲᠠᠭᠠᠯ ᠤᠳ︾ ᠲᠤ ᠰᠢᠰᠲ᠋ᠧᠮᠳᠤ ᠦᠵᠡᠯᠲᠡ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠣᠳᠣᠬᠠᠨ ᠳᠤ ᠣᠷᠣᠰᠢᠵᠤ ᠪᠠᠶᠢᠭ᠎ᠠ ᠭᠡᠯᠪᠡᠷᠢ ᠶᠢᠨ ᠦᠵᠡᠯ ᠤᠨ ᠬᠠᠭᠤᠴᠢᠨ ᠠᠰᠠᠭᠤᠳᠠᠯ ᠰᠢᠨ᠎ᠡ ᠪᠠᠶᠢᠳᠠᠯ ᠳᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠳᠦᠷᠢᠮ ᠲᠣᠭᠲᠠᠭᠠᠯ ᠢ ᠴᠢᠩᠭᠠᠳᠬᠠᠬᠤ ᠶᠢᠨ ᠬᠠᠮᠲᠤ᠂ ᠠᠯᠢ ᠣᠯᠠᠨ ᠰᠢᠨ᠎ᠡ ᠪᠣᠳᠠᠲᠠᠢ ᠠᠷᠭ᠎ᠠ ᠬᠡᠮᠵᠢᠶ᠎ᠡ ᠶᠢ ᠴᠢᠭᠯᠡᠭᠦᠯᠦᠯᠲᠦ ᠴᠢᠨᠠᠷᠲᠠᠢ ᠪᠠᠷ ᠳᠤᠷᠠᠳᠴᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠲᠠᠰᠤᠷᠠᠯᠲᠠ ᠦᠭᠡᠢ ᠦᠨᠳᠦᠰᠦᠨ ᠠᠴᠠ ᠨᠢ ᠵᠠᠰᠠᠬᠤ ᠲᠡᠶᠢᠰᠢ ᠭᠦᠨᠵᠡᠭᠡᠶᠢᠷᠡᠭᠦᠯᠬᠦ ᠶᠢ ᠠᠬᠢᠭᠤᠯᠪᠠ᠃ ᠵᠢᠱᠢᠶᠡᠯᠡᠪᠡᠯ᠂ ᠵᠠᠷᠢᠮ ᠭᠠᠵᠠᠷ ᠣᠷᠣᠨ ᠪᠠ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠲᠤᠭᠤᠷᠪᠢᠵᠤ ᠲᠠᠷᠬᠠᠭᠠᠬᠤ ᠭᠤᠭᠴᠤᠭ᠎ᠠ ᠳᠤ ᠦᠨᠡᠯᠡᠯᠲᠡ ᠬᠢᠵᠦ ᠬᠢᠨᠠᠨ ᠪᠠᠶᠢᠴᠠᠭᠠᠭᠰᠠᠨ ᠨᠢ ᠴᠢᠩᠭ᠎ᠠ ᠪᠢᠰᠢ ᠠᠴᠠ ᠪᠣᠯᠵᠤ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠡᠬᠢ ᠡᠭᠦᠰᠦᠯ ᠠᠴᠠ ᠨᠢ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠪᠠᠶᠢᠳᠠᠯ ᠢᠯᠡᠷᠡᠭᠰᠡᠨ ᠵᠡᠷᠭᠡ ᠠᠰᠠᠭᠤᠳᠠᠯ ᠳᠤ ᠴᠢᠭᠯᠡᠭᠦᠯᠦᠨ᠂ ︽ᠣᠷᠣᠨ ᠨᠤᠲᠤᠭ ᠪᠠ ᠰᠠᠯᠠᠭ᠎ᠠ ᠮᠥᠴᠢᠷ ᠤᠨ ᠪᠢᠴᠢᠭ ᠮᠠᠲ᠋ᠧᠷᠢᠶᠠᠯ ᠲᠤᠭᠤᠷᠪᠢᠵᠤ ᠲᠠᠷᠬᠠᠭᠠᠬᠤ ᠳᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠨᠢᠭᠡᠳᠦᠯᠲᠦ ᠴᠢᠨᠠᠷᠲᠠᠢ ᠦᠨᠡᠯᠡᠯᠲᠡ ᠬᠢᠬᠦ ᠬᠡᠷᠡᠭᠲᠡᠢ︾ ᠭᠡᠬᠦ ᠲᠣᠭᠲᠠᠭᠠᠯ ᠭᠠᠷᠭᠠᠵᠤ᠂ ᠣᠷᠣᠨ ᠨᠤᠲᠤᠭ ᠪᠠ ᠰᠠᠯᠠᠭ᠎ᠠ ᠮᠥᠴᠢᠷ ᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠤᠭᠤᠷᠪᠢᠵᠤ ᠲᠠᠷᠬᠠᠭᠠᠬᠤ ᠭᠤᠭᠴᠤᠭ᠎ᠠ ᠳᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠠᠢ ᠨᠢᠭᠡᠳᠦᠯᠲᠦ ᠴᠢᠨᠠᠷᠲᠠᠢ ᠦᠨᠡᠯᠡᠯᠲᠡ ᠬᠢᠵᠦ ᠬᠢᠨᠠᠨ ᠪᠠᠶᠢᠴᠠᠭᠠᠯᠲᠠ ᠬᠢᠬᠦ ᠶᠢ ᠱᠠᠭᠠᠷᠳᠠᠵᠤ᠂ ᠭᠡᠯᠪᠡᠷᠢ  ᠶᠢᠨ ᠦᠵᠡᠯ ᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠳᠠᠯ ᠭᠠᠷᠬᠤ ᠠᠴᠠ ᠵᠠᠶᠢᠯᠠᠰᠬᠢᠪᠡ᠃     ᠠᠰᠠᠭᠤᠯᠲᠠ᠄ ︽ᠲᠣᠭᠲᠠᠭᠠᠯ ᠤᠳ︾ ᠤᠨ  ᠨᠠᠶᠢᠳᠠᠪᠤᠷᠢᠵᠢᠭᠤᠯᠤᠯᠲᠠ ᠶᠢ ᠬᠡᠷᠬᠢᠨ ᠰᠠᠶᠢᠲᠤᠷ ᠠᠳᠬᠤᠬᠤ ᠪᠤᠶ︖     ᠬᠠᠷᠢᠭᠤᠯᠲᠠ᠄ ᠨᠠᠮ ᠤᠨ ᠲᠥᠪ ᠬᠤᠷᠢᠶ᠎ᠠ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠲᠣᠭᠲᠠᠭᠠᠯ ᠤᠳ︾ ᠢ ᠴᠢᠩᠭ᠎ᠠ ᠬᠡᠷᠡᠭᠵᠢᠭᠦᠯᠵᠦ᠂ ︽ᠲᠣᠭᠲᠠᠭᠠᠯ ᠤᠳ︾ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠢᠭᠡ ᠳᠤ᠂ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠨ᠎ᠠ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠭᠡᠯᠪᠡᠷᠢ ᠶᠢᠨ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ︽ᠲᠣᠭᠲᠠᠭᠠᠯ ᠤᠳ︾ ᠢ ᠨᠠᠷᠢᠨ ᠬᠢᠨᠠᠮᠠᠭᠠᠢ ᠰᠤᠷᠤᠯᠴᠠᠵᠤ᠂ ︽ᠲᠣᠭᠲᠠᠭᠠᠯ ᠤᠳ︾ ᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠪᠣᠯᠣᠨ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ︶᠂ ᠺᠠᠳ᠋ᠷ ᠤᠨ ᠳᠡᠭᠡᠳᠦ ᠰᠤᠷᠭᠠᠭᠤᠯᠢ ᠶᠢᠨ ᠪᠣᠯᠪᠠᠰᠤᠷᠠᠯ ᠤᠨ ᠴᠢᠬᠤᠯᠠ ᠠᠭᠤᠯᠭ᠎ᠠ ᠳᠤ ᠣᠷᠣᠭᠤᠯᠬᠤ ᠬᠡᠷᠡᠭᠲᠡᠢ᠃ ᠬᠤᠶᠠᠷ ᠲᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠎ᠠ᠃ ᠤᠳᠤᠷᠢᠳᠬᠤ ᠪᠠᠶᠢᠭᠤᠯᠭ᠎ᠠ ᠪᠠ ᠤᠳᠤᠷᠢᠳᠬᠤ ᠺᠠᠳ᠋ᠷᠴᠤᠳ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠵᠤ᠂ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠬᠤ ᠳᠠᠭᠠᠨ ᠦᠨᠡᠨ ᠠᠴᠠ ᠵᠥᠪ ᠢ ᠡᠷᠢᠵᠦ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ᠂ ︽ᠲᠣᠭᠲᠠᠭᠠᠯ ᠤᠳ︾ ᠤᠨ ᠡᠯ᠎ᠡ ᠵᠦᠢᠯ ᠤᠨ ᠲᠣᠭᠲᠠᠭᠠᠯ ᠢ ᠡᠯ᠎ᠡ ᠱᠤᠭᠤᠮ ᠡᠯ᠎ᠡ ᠬᠦᠷᠢᠶ᠎ᠡ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ᠭᠤᠷᠪᠠ ᠳᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠨ᠎ᠠ᠃ ︽ᠲᠣᠭᠲᠠᠭᠠᠯ ᠤᠳ︾ ᠲᠠᠢ ᠬᠠᠷᠭᠤᠭᠤᠯᠵᠤ ᠪᠠᠶᠢᠭᠠᠳ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠬᠢᠨᠠᠮᠠᠭᠠᠢ ᠪᠠᠶᠢᠴᠠᠭᠠᠨ ᠦᠵᠡᠵᠦ᠂ ᠲᠣᠭᠲᠠᠭᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠲᠤᠰᠬᠠᠯ ᠴᠢᠩᠭ᠎ᠠ ᠪᠠᠶᠢᠭ᠎ᠠ ᠲᠣᠪᠣᠶᠢᠮ᠎ᠠ ᠠᠰᠠᠭᠤᠳᠠᠯ ᠢ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠵᠠᠰᠠᠬᠤ ᠭᠡᠷᠡᠭᠲᠡᠢ᠃ ᠵᠣᠬᠢᠬᠤ ᠨᠡᠶᠢᠲᠡᠯᠢᠭ ᠴᠢᠨᠠᠷᠲᠠᠢ᠂ ᠨᠡᠶᠢᠳᠡᠮ ᠤᠨ ᠴᠢᠨᠠᠷᠲᠠᠢ ᠠᠰᠠᠭᠤᠳᠠᠯ ᠳᠤ ᠬᠦᠴᠦᠨ ᠢᠶᠠᠨ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠪᠠ ᠢᠯᠭᠠᠷᠠᠭᠤᠯᠬᠤ ᠠᠵᠢᠯ ᠢ ᠥᠷᠨᠢᠭᠦᠯᠬᠦ ᠬᠡᠷᠡᠭᠲᠡᠢ᠃ ᠳᠥᠷᠪᠡ ᠳᠤ᠂ ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠲᠤᠰᠬᠠᠢ ᠵᠦᠢᠯ ᠤᠨ ᠠᠵᠢᠯ ᠤᠨ ᠲᠣᠭᠲᠠᠴᠠ ᠳᠤ ᠣᠯᠠᠨ ᠵᠦᠢᠯ ᠤᠨ ᠭᠡᠯᠪᠡᠷᠢ ᠮᠠᠶ᠋ᠢᠭ ᠢ ᠠᠪᠴᠤ᠂ ᠱᠠᠯᠠᠪᠳᠠᠭᠤᠯᠤᠨ ᠪᠠᠶᠢᠴᠠᠭᠠᠬᠤ ᠪᠠᠨ ᠴᠢᠩᠭᠠᠳᠬᠠᠨ᠂ ᠬᠠᠤᠯᠢ ᠲᠣᠭᠲᠠᠭᠠᠯ ᠳᠦᠷᠢᠮ ᠤᠨ ᠬᠠᠲᠠᠭᠤ ᠴᠢᠨᠠᠷ ᠪᠣᠯᠣᠨ ᠬᠢᠵᠠᠭᠠᠷᠯᠠᠬᠤ ᠬᠦᠴᠦᠨ ᠢ ᠴᠢᠩᠭᠠᠷᠠᠭᠤᠯᠵᠤ᠂ ᠨᠡᠶᠢᠲᠡᠯᠢᠭ ᠠᠰᠠᠭᠤᠳᠠᠯ ᠢ ᠢᠯᠡ ᠪᠠᠷ ᠨᠡᠶᠢᠲᠡᠯᠡᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号