︵2024 ᠣᠨ ᠤ 7 ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠨ ᠨᠢᠭᠡᠳᠦᠭᠡᠷ ᠬᠤᠷᠠᠯ ᠠᠴᠠ ᠪᠠᠲᠤᠯᠠᠪᠠ︶ | | | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠶᠢᠭᠡᠮ ᠤᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠪᠠ ᠢᠲᠡᠭᠡᠮᠵᠢ ᠶᠢᠨ ᠬᠢᠷᠢ | ᠲᠦᠪᠰᠢᠨ ᠢ ᠳᠡᠭᠡᠭᠰᠢᠯᠡᠭᠦᠯᠵᠦ᠂ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠬᠤ | ᠪᠠ ᠵᠢᠷᠤᠮᠵᠢᠭᠤᠯᠵᠤ᠂ ᠨᠡᠶᠢᠭᠡᠮ ᠤᠨ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠨᠡᠶᠢᠭᠡᠮ ᠵᠢᠷᠤᠮ ᠤᠨ ᠭᠤᠣᠯᠯᠠᠬᠤ | ᠥᠷᠲᠡᠭ ᠤᠨ ᠦᠵᠡᠯᠲᠡ ᠶᠢ ᠪᠠᠳᠠᠷᠠᠭᠤᠯᠬᠤ ᠶᠢᠨ ᠲᠥᠯᠥᠭᠡ᠂ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ | ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ | ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠨᠡᠶᠢᠭᠡᠮ ᠤᠨ | ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠥᠷᠨᠢᠭᠦᠯᠵᠦ᠂ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ᠂ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ | ᠴᠡᠭᠡᠷᠯᠡᠭᠦᠯᠬᠦ᠂ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ᠂ ᠢᠲᠡᠭᠡᠮᠵᠢ ᠶᠢᠨ | ᠦᠢᠯᠡᠴᠢᠯᠡᠭᠡᠨ ᠤ ᠠᠵᠢᠯ ᠲᠥᠷᠥᠯ ᠢ ᠵᠢᠷᠤᠮᠵᠢᠭᠤᠯᠬᠤ ᠪᠠ ᠬᠥᠭᠵᠢᠭᠦᠯᠬᠦ ᠵᠡᠷᠭᠡ ᠠᠵᠢᠯᠯᠠᠭ᠎ᠠ ᠳᠤ ᠲᠣᠰ ᠳᠦᠷᠢᠮ | ᠬᠡᠷᠡᠭᠯᠡᠭᠳᠡᠨ᠎ᠡ᠃ | ᠭᠤᠷᠪᠠᠳᠤᠭᠠᠷ ᠵᠦᠢᠯ ᠲᠤᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠭᠡᠳᠡᠭ ᠨᠢ | ᠢᠷᠭᠡᠨ ᠤ ᠬᠡᠷᠡᠭ ᠤᠨ ᠠᠵᠢᠯᠯᠠᠭ᠎ᠠ ᠶᠢᠨ ᠪᠦᠷᠢᠨ ᠴᠢᠳᠠᠪᠤᠷᠢ ᠲᠠᠢ ᠪᠠᠶᠢᠭᠠᠯᠢ ᠬᠥᠮᠥᠨ᠂ ᠬᠠᠤᠯᠢ ᠶᠢᠨ ᠬᠥᠮᠥᠨ ᠪᠠ | ᠬᠠᠤᠯᠢ ᠶᠢᠨ ᠬᠥᠮᠥᠨ ᠪᠤᠰᠤ ᠵᠣᠬᠢᠶᠠᠨ ᠪᠠᠶᠢᠭᠤᠯᠤᠯᠲᠠ ᠵᠡᠷᠭᠡ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ ᠳᠤ | ᠲᠣᠭᠲᠠᠭᠠᠭᠰᠠᠨ ᠡᠭᠦᠷᠭᠡ ᠶᠢ ᠵᠢᠷᠤᠮᠯᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠪᠤᠶᠤ | ᠪᠣᠯᠵᠣᠨ ᠲᠣᠭᠲᠠᠭᠰᠠᠨ ᠡᠭᠦᠷᠭᠡ ᠪᠠᠨ ᠭᠦᠢᠴᠡᠳᠬᠡᠬᠦ ᠪᠠᠶᠢᠳᠠᠯ ᠢ ᠵᠢᠭᠠᠵᠤ ᠪᠤᠢ᠃ | ᠲᠣᠰ ᠳᠦᠷᠢᠮ ᠳᠤ ᠬᠡᠯᠡᠵᠦ ᠪᠠᠶᠢᠭ᠎ᠠ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ | ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ | ᠮᠠᠭᠠᠳᠯᠠᠬᠤ ᠳᠤ ᠬᠡᠷᠡᠭᠯᠡᠵᠦ ᠪᠤᠯᠬᠤ ᠪᠤᠰᠤᠳᠴᠢ ᠲᠤᠭ᠎ᠠ ᠪᠠᠷᠢᠮᠲᠠ ᠪᠠ ᠮᠠᠲ᠋ᠧᠷᠢᠶᠠᠯ ᠢ ᠵᠢᠭᠠᠵᠤ ᠪᠤᠶ᠂ ᠡᠭᠦᠨ ᠳᠤ | ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ | ᠵᠠᠩᠭᠢ ᠪᠠᠭᠲᠠᠨ᠎ᠠ᠃ | ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠭᠡᠳᠡᠭ ᠨᠢ | ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ ᠲᠠᠢ ᠵᠣᠬᠢᠶᠠᠨ ᠪᠠᠶᠢᠭᠤᠯᠤᠯᠲᠠ ᠶᠢᠨ ᠬᠠᠤᠯᠢ | ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ | ᠶᠠᠪᠤᠴᠠ ᠳᠤ ᠪᠤᠶ ᠪᠣᠯᠤᠭᠰᠠᠨ ᠪᠤᠶᠤ ᠣᠯᠣᠭᠰᠠᠨ ᠢᠲᠡᠭᠡᠮᠵᠢ ᠶᠢᠨ ᠭᠤᠣᠯ ᠴᠣᠭᠴᠠ ᠶᠢᠨ ᠨᠡᠶᠢᠭᠡᠮ ᠤᠨ | ᠢᠲᠡᠭᠡᠮᠵᠢ ᠶᠢᠨ ᠪᠠᠶᠢᠳᠠᠯ ᠢ ᠢᠯᠭᠠᠨ ᠲᠠᠨᠢᠬᠤ᠂ ᠵᠠᠳᠠᠯᠬᠤ᠂ ᠮᠠᠭᠠᠳᠯᠠᠵᠤ ᠪᠤᠯᠬᠤ ᠪᠤᠰᠤᠳᠴᠢ ᠲᠤᠭ᠎ᠠ ᠪᠠᠷᠢᠮᠲᠠ ᠪᠠ | ᠮᠠᠲ᠋ᠧᠷᠢᠶᠠᠯ ᠢ ᠵᠢᠭᠠᠵᠤ ᠪᠤᠶ᠃ | ᠲᠣᠰ ᠳᠦᠷᠢᠮ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠭᠡᠳᠡᠭ | ᠨᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ | ᠨᠡᠶᠢᠭᠡᠮᠯᠢᠭ ᠵᠢᠴᠢ ᠪᠤᠰᠤᠳ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠪᠠ ᠵᠣᠬᠢᠶᠠᠨ ᠪᠠᠶᠢᠭᠤᠯᠤᠯᠲᠠ᠂ ᠪᠠᠶᠢᠭᠠᠯᠢ | ᠬᠥᠮᠥᠨ ᠤ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠪᠤᠶ ᠪᠣᠯᠤᠭᠰᠠᠨ ᠪᠤᠶᠤ ᠣᠯᠣᠭᠰᠠᠨ | ᠢᠲᠡᠭᠡᠮᠵᠢ ᠶᠢᠨ ᠮᠡᠳᠡᠭᠡ ᠵᠠᠩᠭᠢ ᠵᠢᠴᠢ ᠢᠯᠡᠷᠬᠡᠶᠢᠯᠡᠬᠦ᠂ ᠥᠪᠡᠰᠦᠪᠡᠨ ᠮᠡᠳᠡᠭᠦᠯᠬᠦ᠂ ᠠᠮᠠᠯᠠᠬᠤ ᠵᠡᠷᠭᠡ ᠭᠡᠯᠪᠡᠷᠢ ᠪᠠᠷ | ᠬᠠᠩᠭᠠᠭᠰᠠᠨ ᠲᠣᠰ ᠪᠡᠶ᠎ᠡ ᠶᠢᠨ ᠮᠡᠳᠡᠭᠡ ᠵᠠᠩᠭᠢ ᠶᠢ ᠵᠢᠭᠠᠵᠤ ᠪᠤᠶ᠃ | ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ | ᠪᠠᠶᠢᠭᠤᠯᠤᠯᠲᠠ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ | ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠪᠠ ᠲᠡᠭᠦᠨ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠶᠣᠰᠣᠭᠠᠷ ᠬᠡᠷᠡᠭᠵᠢᠭᠦᠯᠬᠦ᠂ ᠵᠠᠰᠠᠭ ᠤᠨ | ᠣᠷᠳᠣᠨ ᠠᠴᠠ ᠠᠬᠢᠭᠤᠯᠬᠤ᠂ ᠨᠡᠶᠢᠭᠡᠮ ᠠᠴᠠ ᠬᠠᠮᠲᠤᠪᠠᠷ ᠪᠠᠶᠢᠭᠤᠯᠬᠤ᠂ ᠡᠷᠬᠡ ᠠᠰᠢᠭ ᠢ ᠬᠠᠮᠠᠭᠠᠯᠠᠬᠤ᠂ ᠮᠡᠳᠡᠭᠡ | ᠵᠠᠩᠭᠢ ᠶᠢ ᠬᠠᠮᠲᠤᠪᠠᠷ ᠡᠳ᠋ᠯᠡᠬᠦ᠂ ᠱᠠᠩᠨᠠᠵᠤ ᠲᠣᠷᠭᠠᠬᠤ ᠶᠢ ᠤᠶᠠᠯᠳᠤᠭᠤᠯᠬᠤ ᠵᠠᠷᠴᠢᠮ ᠢ ᠵᠢᠷᠤᠮᠯᠠᠬᠤ ᠬᠡᠷᠡᠭᠲᠡᠢ᠃ | ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ | ᠲᠤᠰ ᠵᠠᠰᠠᠭ ᠵᠠᠬᠢᠷᠭᠠᠨ ᠤ ᠣᠷᠣᠨ ᠤ ᠪᠠᠨ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠲᠦᠯᠬᠢᠨ ᠠᠬᠢᠭᠤᠯᠵᠤ᠂ ᠲᠡᠭᠦᠨ ᠢ ᠤᠯᠤᠰ ᠠᠷᠠᠳ ᠤᠨ ᠠᠵᠤ ᠠᠬᠤᠢ ᠪᠣᠯᠣᠨ | ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠰᠠᠭ ᠤᠨ ᠣᠷᠳᠣᠨ ᠤ ᠬᠠᠷᠢᠭᠤᠴᠠᠯᠭ᠎ᠠ ᠶᠢᠨ | ᠬᠠᠷᠠᠯᠲᠠ ᠶᠢᠨ ᠬᠢᠨᠠᠨ ᠰᠢᠯᠭᠠᠬᠤ ᠲᠣᠭᠲᠠᠯᠴᠠᠭ᠎ᠠ ᠳᠤ ᠣᠷᠣᠭᠤᠯᠵᠤ᠂ ᠬᠡᠷᠡᠭ ᠵᠥᠪᠯᠡᠵᠦ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ᠂ ᠠᠵᠢᠯ ᠤᠨ ᠬᠦᠴᠦᠨ ᠢ ᠪᠠᠲᠤᠯᠠᠵᠤ᠂ ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ | ᠵᠠᠰᠠᠭ ᠤᠨ ᠲᠥᠰᠥᠪ ᠲᠤ ᠣᠷᠣᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠣᠷᠣᠨ ᠪᠦᠰᠡ ᠠᠯᠤᠰᠯᠠᠭᠰᠠᠨ | ᠢᠲᠡᠭᠡᠮᠵᠢ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ᠃ | ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠡᠶᠢᠭᠡᠮ ᠤᠨ ᠢᠲᠡᠭᠡᠮᠵᠢ ᠶᠢᠨ | ᠠᠵᠢᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠨᠡᠶᠢᠭᠡᠮ ᠤᠨ ᠢᠲᠡᠭᠡᠮᠵᠢ ᠶᠢᠨ | ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠬᠠᠮᠢᠶᠠᠷᠬᠤ | ᠠᠵᠢᠯ ᠢ ᠬᠠᠷᠢᠭᠤᠴᠠᠵᠤ᠂ ᠬᠠᠷᠢᠶ᠎ᠠ ᠪᠦᠬᠦᠢ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ | ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ | ᠬᠠᠮᠲᠤᠪᠠᠷ ᠬᠤᠪᠢᠶᠠᠯᠴᠠᠬᠤ᠂ ᠬᠡᠷᠡᠭᠯᠡᠬᠦ᠂ ᠦᠢᠯᠡᠴᠢᠯᠡᠬᠦ ᠵᠢᠴᠢ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ | ᠬᠠᠮᠢᠶᠠᠷᠤᠯᠲᠠ ᠶᠢᠨ ᠠᠵᠢᠯ ᠢ ᠪᠣᠳᠠᠲᠠᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ᠂ ᠠᠷᠠᠳ ᠤᠨ ᠶᠠᠪᠤᠳᠠᠯ᠂ ᠬᠠᠤᠯᠢ ᠴᠠᠭᠠᠵᠠ ᠵᠠᠰᠠᠭ ᠵᠠᠬᠢᠷᠭᠠᠨ᠂ ᠡᠳ᠋ ᠤᠨ ᠵᠠᠰᠠᠭ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ | ᠲᠤᠭ᠎ᠠ ᠪᠠᠷᠢᠮᠲᠠ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠬᠢᠨᠠᠨ ᠪᠠᠶᠢᠴᠠᠭᠠᠬᠤ | ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠡᠷᠭᠡ ᠨᠢ ᠲᠣᠰ ᠲᠣᠰ ᠤᠨ ᠲᠤᠰᠢᠶᠠᠯ | ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠲᠣᠰ ᠠᠵᠢᠯ ᠲᠥᠷᠥᠯ᠂ ᠲᠣᠰ ᠬᠦᠷᠢᠶ᠎ᠡ ᠴᠠᠷᠠᠭᠠᠨ ᠳᠠᠬᠢ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠳᠣᠯᠣᠳᠤᠭᠠᠷ ᠵᠦᠢᠯ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠨᠤᠭᠤᠳ ᠬᠠᠮᠢᠶ᠎ᠠ ᠪᠦᠬᠦᠢ | ᠬᠢᠴᠢᠶᠡᠯ ᠳᠤ ᠪᠠᠨ ᠲᠦᠰᠢᠭᠯᠡᠨ ᠢᠲᠡᠭᠡᠮᠵᠢ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ ᠳᠡᠭᠡᠳᠦ | ᠰᠤᠷᠭᠠᠭᠤᠯᠢ ᠨᠤᠭᠤᠳ ᠨᠡᠶᠢᠭᠡᠮ ᠤᠨ ᠢᠲᠡᠭᠡᠮᠵᠢ ᠶᠢᠨ ᠬᠠᠮᠢᠶ᠎ᠠ ᠪᠦᠬᠦᠢ ᠬᠢᠴᠢᠶᠡᠯ ᠨᠡᠭᠡᠭᠡᠵᠦ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠯᠤᠭ᠎ᠠ ᠶᠢᠨ ᠬᠤᠷᠰᠢᠯᠴᠠᠭ᠎ᠠ ᠪᠠᠨ ᠴᠢᠩᠭᠠᠳᠬᠠᠨ᠂ ᠢᠲᠡᠭᠡᠮᠵᠢ ᠶᠢᠨ ᠦᠢᠯᠡᠴᠢᠯᠡᠭᠡᠨ ᠤ | ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ ᠶᠢ ᠵᠣᠷᠢᠭᠵᠢᠭᠤᠯᠤᠨ᠎ᠠ᠃ | ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ ᠤ | ᠵᠠᠭᠤᠴᠢ ᠨᠤᠭᠤᠳ ᠦᠨᠡᠨᠴᠢ ᠢᠲᠡᠭᠡᠮᠵᠢ ᠶᠢᠨ ᠲᠤᠬᠠᠢ ᠤᠬᠠᠭᠤᠯᠭ᠎ᠠ ᠪᠠᠨ ᠴᠢᠩᠭᠠᠳᠬᠠᠵᠤ᠂ ᠨᠡᠶᠢᠭᠡᠮ ᠤᠨ | ᠢᠲᠡᠭᠡᠮᠵᠢ ᠶᠢᠨ ᠲᠤᠬᠠᠢ ᠮᠡᠳᠡᠯᠭᠡ ᠶᠢ ᠲᠦᠭᠡᠮᠡᠯᠵᠢᠭᠦᠯᠦᠨ᠂ ᠦᠨᠡᠨᠴᠢ ᠢᠲᠡᠭᠡᠮᠵᠢᠲᠡᠢ ᠲᠡᠷᠢᠭᠦᠨ ᠤ ᠨᠡᠶᠢᠲᠡᠯᠢᠭ | ᠵᠢᠱᠢᠶ᠎ᠡ ᠶᠢ ᠮᠠᠭᠲᠠᠨ ᠰᠠᠶᠢᠰᠢᠶᠠᠵᠤ᠂ ᠨᠡᠶᠢᠭᠡᠮ ᠤᠨ ᠦᠨᠡᠨᠴᠢ ᠢᠲᠡᠭᠡᠮᠵᠢ ᠲᠠᠢ ᠪᠠᠶᠢᠬᠤ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠬᠡᠷᠡᠭᠲᠡᠢ᠃ | ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠦᠨᠡᠨᠴᠢ ᠢᠲᠡᠭᠡᠮᠵᠢ ᠶᠢᠨ ᠰᠣᠶᠣᠯ ᠤᠨ | ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠨᠡᠶᠢᠭᠡᠮ ᠨᠡᠶᠢᠲᠡ ᠶᠢᠨ ᠶᠣᠰᠣ ᠮᠣᠷᠠᠯ᠂ ᠠᠵᠢᠯ | ᠮᠡᠷᠭᠡᠵᠢᠯ ᠤᠨ ᠶᠣᠰᠣ ᠮᠣᠷᠠᠯ᠂ ᠭᠡᠷ ᠪᠦᠯᠢ ᠶᠢᠨ ᠰᠠᠶᠢᠬᠠᠨ ᠰᠤᠷᠲᠠᠯ ᠪᠠ ᠬᠤᠪᠢ ᠬᠥᠮᠥᠨ ᠤ ᠶᠣᠰᠣ ᠮᠣᠷᠠᠯ ᠤᠨ | ᠬᠥᠮᠦᠵᠢᠯ ᠢ ᠥᠷᠨᠢᠭᠦᠯᠦᠨ᠂ ᠦᠨᠡᠨᠴᠢ ᠢᠲᠡᠭᠡᠮᠵᠢ ᠶᠢᠨ ᠬᠡᠪ ᠳᠠᠭᠤᠷᠢᠶᠠᠯ ᠢ ᠪᠤᠶ ᠪᠤᠯᠭᠠᠵᠤ᠂ ᠦᠨᠡᠨᠴᠢ ᠢᠲᠡᠭᠡᠮᠵᠢᠲᠡᠢ | ᠪᠠᠶᠢᠬᠤ ᠤᠯᠠᠮᠵᠢᠯᠠᠯᠲᠤ ᠰᠣᠶᠣᠯ ᠪᠠ ᠭᠡᠷ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠨᠤᠭᠤᠳ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ ᠠᠵᠢᠯ ᠳᠤᠮᠳᠠ | ᠢᠯᠡᠷᠬᠡᠢ ᠠᠮᠵᠢᠯᠲᠠ ᠭᠠᠷᠭᠠᠭᠰᠠᠨ ᠨᠢᠭᠡᠴᠢ ᠪᠣᠯᠣᠨ ᠬᠤᠪᠢ ᠬᠥᠮᠥᠨ ᠢ ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠬᠤ ᠬᠡᠷᠡᠭᠲᠡᠢ᠃ | ᠬᠤᠶᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ | ᠠᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ | ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ ᠪᠠ ᠬᠠᠤᠯᠢ ᠴᠠᠭᠠᠵᠠ ᠶᠢᠨ ᠣᠯᠠᠨ ᠨᠡᠶᠢᠲᠡ ᠶᠢᠨ | ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠰᠠᠶᠢᠨ ᠰᠠᠶᠢᠬᠠᠨ ᠨᠡᠶᠢᠭᠡᠮ ᠤᠨ ᠢᠲᠡᠭᠡᠮᠵᠢ ᠶᠢᠨ ᠣᠷᠴᠢᠨ | ᠲᠣᠭᠤᠷᠢᠨ ᠢ ᠪᠤᠶ ᠪᠣᠯᠭᠠᠨ᠎ᠠ᠃ | ᠠᠷᠪᠠᠨ ᠨᠢᠭᠡᠳᠦᠭᠡᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠡᠷᠬᠡ ᠶᠢ ᠬᠢᠵᠠᠭᠠᠷᠯᠠᠬᠤ ᠪᠠ | ᠬᠢᠨᠠᠯᠲᠠ ᠲᠠᠯᠪᠢᠬᠤ ᠲᠣᠭᠲᠠᠴᠠ ᠶᠢ ᠪᠦᠷᠢᠨᠰᠢᠭᠦᠯᠵᠦ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠵᠦ᠂ | ᠦᠨᠡᠨᠴᠢ ᠢᠲᠡᠭᠡᠮᠵᠢᠲᠡᠢ ᠪᠠᠷ ᠵᠠᠰᠠᠭ ᠶᠠᠪᠤᠭᠤᠯᠵᠤ᠂ ᠦᠨᠡᠨᠴᠢ ᠢᠲᠡᠭᠡᠮᠵᠢᠲᠡᠢ ᠪᠠᠷ ᠬᠠᠤᠯᠢ ᠬᠡᠷᠡᠭᠵᠢᠭᠦᠯᠵᠦ᠂ | ᠰᠢᠢᠳᠪᠦᠷᠢᠲᠦ ᠪᠣᠳᠣᠯᠭ᠎ᠠ ᠶᠢᠨ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠰᠢᠢᠳᠪᠦᠷᠢᠲᠦ ᠪᠣᠳᠣᠯᠭ᠎ᠠ ᠶᠢᠨ | ᠰᠢᠨᠵᠢᠯᠡᠬᠦ ᠤᠬᠠᠭᠠᠨᠴᠢᠯᠠᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠢᠲᠡᠭᠡᠯ ᠢᠶᠠᠨ | ᠠᠯᠳᠠᠬᠤ ᠲᠦᠭᠰᠢᠭᠦᠷᠢ ᠶᠢᠨ ᠲᠠᠯᠳᠠ ᠭᠡᠮ ᠢ ᠰᠡᠷᠭᠡᠶᠢᠯᠡᠨ ᠨᠠᠮᠬᠠᠳᠬᠠᠵᠤ᠂ ᠵᠠᠰᠠᠭ ᠤᠨ ᠣᠷᠳᠣᠨ ᠤ ᠤᠯᠠᠨ | ᠨᠡᠶᠢᠲᠡ ᠳᠠᠬᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠤᠮᠳᠠ ᠥᠯᠢᠭᠡᠷ ᠳᠠᠭᠤᠷᠢᠶᠠᠯ ᠪᠤᠯᠬᠤ | ᠦᠢᠯᠡᠳᠦᠯ ᠢᠶᠠᠨ ᠪᠠᠳᠠᠷᠠᠭᠤᠯᠵᠤ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠬᠥᠮᠦᠵᠢᠯ ᠪᠠ ᠢᠲᠡᠭᠡᠮᠵᠢ ᠶᠢᠨ | ᠬᠠᠮᠢᠶᠠᠷᠤᠯᠲᠠ ᠶᠢ ᠴᠢᠩᠭᠠᠳᠬᠠᠨ᠂ ᠠᠯᠪᠠᠨ ᠲᠤᠰᠢᠶᠠᠯᠲᠠᠨ ᠤ ᠦᠨᠡᠨᠴᠢ ᠢᠲᠡᠭᠡᠮᠵᠢ ᠶᠢᠨ ᠲᠠᠩᠰᠠ ᠡᠪᠬᠡᠮᠡᠯ ᠢ | ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ | ᠠᠷᠪᠠᠨ ᠬᠤᠶᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ ᠠᠪᠬᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ | ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠠᠵᠤ ᠠᠬᠤᠶᠢᠯᠠᠯ ᠤᠨ ᠥᠷᠢᠲᠦᠭᠳᠡᠵᠦ ᠪᠠᠶᠢᠭ᠎ᠠ ᠲᠠᠩᠰᠠᠨ ᠵᠣᠭᠤᠰ ᠢ ᠰᠢᠢᠳᠪᠦᠷᠢᠯᠡᠬᠦ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠡᠵᠡᠩᠨᠡᠯᠲᠡ ᠶᠢᠨ ᠭᠤᠣᠯ ᠴᠣᠭᠴᠠ ᠳᠤ | ᠬᠠᠤᠯᠢ ᠶᠣᠰᠣᠭᠠᠷ ᠬᠢᠭᠰᠡᠨ ᠲᠥᠷᠥ ᠶᠢᠨ ᠪᠣᠳᠣᠯᠭ᠎ᠠ ᠶᠢᠨ ᠠᠮᠠᠯᠠᠯᠲᠠ ᠵᠢᠴᠢ ᠬᠠᠤᠯᠢ ᠶᠣᠰᠣᠭᠠᠷ ᠲᠣᠭᠲᠠᠭᠠᠭᠰᠠᠨ ᠡᠯ᠎ᠡ | ᠲᠥᠷᠥᠯ ᠤᠨ ᠭᠡᠷ᠎ᠡ ᠶᠢ ᠭᠦᠢᠴᠡᠳᠬᠡᠬᠦ ᠳᠤ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠳᠤ ᠲᠣᠬᠢᠷᠠᠭᠤᠯᠤᠯᠲᠠ | ᠬᠢᠬᠦ᠂ ᠵᠠᠰᠠᠭ ᠤᠨ ᠣᠷᠳᠣᠨ ᠤ ᠬᠤᠭᠤᠴᠠᠭ᠎ᠠ ᠰᠣᠯᠢᠬᠤ᠂ ᠪᠠᠶᠢᠭᠤᠯᠤᠮᠵᠢ ᠪᠤᠶᠤ ᠡᠭᠦᠷᠭᠡ ᠴᠢᠳᠠᠪᠬᠢ ᠳᠤ | ᠲᠣᠬᠢᠷᠠᠭᠤᠯᠤᠯᠲᠠ ᠬᠢᠬᠦ ᠵᠢᠴᠢ ᠬᠠᠮᠢᠶ᠎ᠠ ᠪᠦᠬᠦᠢ ᠬᠠᠷᠢᠭᠤᠴᠠᠯᠭᠠᠲᠠᠨ ᠢ ᠰᠣᠯᠢᠬᠤ ᠵᠡᠷᠭᠡ ᠪᠠᠷ ᠰᠢᠯᠲᠠᠭ ᠪᠤᠯᠭᠠᠵᠤ | ᠭᠡᠷ᠎ᠡ ᠠᠴᠠ ᠵᠥᠷᠢᠴᠡᠨ ᠭᠡᠷ᠎ᠡ ᠶᠢ ᠡᠪᠳᠡᠵᠦ ᠪᠤᠯᠬᠤ ᠦᠭᠡᠢ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ | ᠰᠢᠭᠦᠬᠦ ᠬᠤᠷᠢᠶᠠᠨ ᠤ ᠬᠦᠴᠦᠨ ᠲᠠᠢ ᠪᠣᠯᠤᠭᠰᠠᠨ ᠲᠣᠭᠲᠠᠭᠠᠯᠲᠠ ᠶᠢ ᠢᠳᠡᠪᠬᠢᠲᠡᠢ ᠭᠦᠢᠴᠡᠳᠬᠡᠬᠦ ᠤᠯᠤᠰ ᠣᠷᠣᠨ ᠤ | ᠠᠰᠢᠭ ᠲᠤᠰᠠ᠂ ᠤᠯᠠᠨ ᠨᠡᠶᠢᠲᠡ ᠶᠢᠨ ᠠᠰᠢᠭ ᠲᠤᠰᠠ ᠪᠤᠶᠤ ᠬᠠᠤᠯᠢ ᠪᠠᠷ ᠲᠣᠭᠲᠠᠭᠠᠭᠰᠠᠨ ᠪᠤᠰᠤᠳ ᠤᠴᠢᠷ | ᠰᠢᠯᠲᠠᠭᠠᠨ ᠠᠴᠠ ᠪᠣᠯᠵᠤ ᠵᠠᠰᠠᠭ ᠤᠨ ᠣᠷᠳᠣᠨ ᠤ ᠲᠦᠷᠦ ᠶᠢᠨ ᠪᠣᠳᠣᠯᠭ᠎ᠠ ᠶᠢᠨ ᠠᠮᠠᠯᠠᠯᠲᠠ ᠪᠤᠶᠤ ᠭᠡᠷ᠎ᠡ ᠶᠢᠨ | ᠪᠣᠯᠵᠣᠯ ᠢ ᠬᠤᠪᠢᠷᠠᠭᠤᠯᠬᠤ ᠴᠢᠬᠤᠯᠠᠲᠠᠢ ᠪᠠᠶᠢᠪᠠᠯ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ | ᠵᠢᠷᠤᠮ ᠤᠨ ᠶᠣᠰᠣᠭᠠᠷ ᠬᠤᠯᠪᠣᠭᠳᠠᠯ ᠪᠦᠬᠦᠢ ᠡᠵᠡᠩᠨᠡᠯᠲᠡ ᠶᠢᠨ ᠭᠤᠣᠯ ᠴᠣᠭᠴᠠ ᠶᠢᠨ ᠡᠳ᠋ ᠬᠥᠷᠥᠩᠭᠡ ᠶᠢᠨ | ᠬᠤᠬᠢᠷᠠᠯ ᠳᠤ ᠨᠥᠬᠦᠪᠦᠷᠢ ᠥᠭᠬᠦ ᠬᠡᠷᠡᠭᠲᠡᠢ᠃ | ᠠᠷᠪᠠᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ ᠢᠲᠡᠭᠡᠯ | ᠠᠯᠳᠠᠭᠰᠠᠨ ᠢ ᠲᠡᠮᠳᠡᠭᠯᠡᠬᠦ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠢᠲᠡᠭᠡᠯ ᠠᠯᠳᠠᠵᠤ ᠭᠡᠷ᠎ᠡ | ᠵᠥᠷᠢᠴᠡᠭᠰᠡᠨ ᠵᠡᠷᠭᠡ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠢ ᠴᠤᠭᠯᠠᠭᠤᠯᠬᠤ ᠶᠢ | ᠬᠠᠷᠢᠭᠤᠴᠠᠬᠤ ᠶᠢᠨ ᠬᠠᠮᠲᠤ᠂ ᠬᠠᠤᠯᠢ ᠲᠣᠭᠲᠠᠭᠠᠯ ᠶᠣᠰᠣᠭᠠᠷ ᠨᠡᠶᠢᠭᠡᠮ ᠳᠤ ᠢᠯᠡ ᠪᠠᠷ ᠨᠡᠶᠢᠲᠡᠯᠡᠨ᠎ᠡ᠃ | ᠥᠪᠡᠷᠲᠡᠭᠡᠨ ᠵᠠᠰᠠᠬᠤ ᠣᠷᠣᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ | ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠤ | ᠠᠬᠤᠶᠢᠯᠠᠯ ᠯᠤᠭ᠎ᠠ ᠲᠣᠭᠲᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠵᠠᠰᠠᠭ ᠤᠨ ᠣᠷᠳᠣᠨ ᠪᠠ | ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭ᠎ᠠ᠂ ᠠᠵᠤ ᠦᠢᠯᠡᠰ ᠢᠶᠠᠷ ᠲᠡᠳᠬᠦᠬᠦ᠂ ᠵᠠᠰᠠᠭ ᠤᠨ ᠣᠷᠳᠣᠨ ᠤ ᠪᠡᠯᠡ | ᠣᠷᠣᠭᠤᠯᠤᠯᠲᠠ ᠵᠡᠷᠭᠡ ᠲᠠᠯ᠎ᠠ ᠳᠤ ᠬᠤᠯᠪᠣᠭᠳᠠᠭᠰᠠᠨ ᠭᠡᠷ᠎ᠡ ᠶᠢ ᠭᠦᠢᠴᠡᠳᠬᠡᠭᠰᠡᠨ ᠮᠡᠳᠡᠭᠡ ᠵᠠᠩᠭᠢ ᠶᠢ ᠴᠤᠭᠯᠠᠭᠤᠯᠤᠨ | ᠬᠠᠮᠲᠤ ᠪᠠᠷ ᠬᠤᠪᠢᠶᠠᠯᠴᠠᠵᠤ᠂ ᠬᠥᠳᠡᠯᠦᠩᠭᠦᠢ ᠪᠠᠷ ᠮᠥᠷᠳᠡᠬᠦ ᠪᠠ ᠵᠠᠳᠠᠯᠤᠨ ᠰᠢᠢᠳᠪᠦᠷᠢᠯᠡᠬᠦ ᠬᠡᠷᠡᠭᠲᠡᠢ᠃ | ᠠᠷᠪᠠᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠠᠴᠠ ᠵᠠᠰᠠᠭ ᠤᠨ ᠶᠠᠪᠤᠳᠠᠯ ᠤᠨ | ᠢᠲᠡᠭᠡᠯ ᠢᠶᠠᠨ ᠠᠯᠳᠠᠭᠰᠠᠳ ᠠᠴᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠲᠣᠭᠲᠠᠭᠠᠨ ᠲᠡᠭᠦᠯᠳᠡᠷᠵᠢᠭᠦᠯᠦᠨ᠎ᠡ᠃ | ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠲᠡᠮᠳᠡᠭᠯᠡᠯ ᠲᠠᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠳᠡᠭᠡᠷ᠎ᠡ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ | ᠬᠠᠤᠯᠢ ᠶᠣᠰᠣᠭᠠᠷ ᠱᠠᠭᠠᠷᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠵᠦ᠂ ᠵᠠᠷᠯᠠᠨ | ᠰᠢᠭᠦᠮᠵᠢᠯᠡᠬᠦ ᠶᠢᠨ ᠬᠠᠮᠲᠤ᠂ ᠵᠠᠰᠠᠭ ᠤᠨ ᠶᠠᠪᠤᠳᠠᠯ ᠤᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠲᠠᠢ ᠵᠠᠰᠠᠭ ᠤᠨ | ᠣᠷᠳᠣᠨ ᠪᠤᠶᠤ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠ ᠰᠢᠭᠤᠳ ᠬᠠᠷᠢᠭᠤᠴᠠᠯᠭᠠᠲᠠᠨ ᠠᠴᠠ ᠬᠠᠤᠯᠢ | ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠳᠣᠣᠷ᠎ᠠ ᠨᠢᠭᠡ ᠱᠠᠲᠤᠨ ᠤ ᠠᠷᠠᠳ ᠤᠨ | ᠵᠠᠰᠠᠭ ᠤᠨ ᠣᠷᠳᠣᠨ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ | ᠬᠢᠨᠠᠯᠲᠠ ᠪᠠᠶᠢᠴᠠᠭᠠᠯᠲᠠ ᠬᠢᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠰᠢᠯᠭᠠᠨ ᠦᠨᠡᠯᠡᠵᠦ᠂ ᠬᠢᠨᠠᠨ | ᠰᠢᠯᠭᠠᠭᠰᠠᠨ ᠦᠷ᠎ᠡ ᠳ᠋ᠦᠩ ᠢ ᠳᠣᠣᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ | ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠴᠢᠬᠤᠯᠠ ᠦᠨᠳᠦᠰᠦᠯᠡᠯ ᠪᠤᠯᠭᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠣᠰ ᠱᠠᠲᠤᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠵᠦ᠂ ᠬᠠᠤᠯᠢ ᠶᠣᠰᠣᠭᠠᠷ ᠬᠢᠨᠠᠯᠲᠠ ᠶᠢ ᠬᠦᠯᠢᠶᠡᠬᠦ | ᠬᠡᠷᠡᠭᠲᠡᠢ᠃ | ᠠᠷᠪᠠᠨ ᠲᠠᠪᠤᠳᠤᠭᠠᠷ ᠵᠦᠢᠯ ᠡᠵᠡᠩᠨᠡᠯᠲᠡ ᠶᠢᠨ ᠭᠤᠣᠯ ᠴᠣᠭᠴᠠ ᠦᠨᠡᠨᠴᠢ ᠢᠲᠡᠭᠡᠮᠵᠢᠲᠡᠢ ᠪᠠᠶᠢᠬᠤ | ᠵᠠᠷᠴᠢᠮ ᠢ ᠵᠢᠷᠤᠮᠯᠠᠨ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠠᠵᠢᠯ ᠲᠦᠷᠦᠯ ᠤᠨ ᠨᠡᠶᠢᠲᠡ ᠶᠢᠨ ᠭᠡᠷ᠎ᠡ ᠶᠢ | ᠵᠢᠷᠤᠮᠯᠠᠵᠤ᠂ ᠠᠮᠠᠯᠠᠯᠲᠠ ᠪᠠᠨ ᠬᠢᠴᠢᠶᠡᠩᠭᠦᠶᠢᠯᠡᠨ ᠵᠢᠷᠤᠮᠯᠠᠵᠤ᠂ ᠭᠤᠣᠯᠴᠢ ᠪᠠᠷ ᠥᠷᠢᠰᠦᠯᠳᠦᠬᠦ ᠬᠡᠷᠡᠭᠲᠡᠢ᠃ | ᠡᠵᠡᠩᠨᠡᠯᠲᠡ ᠶᠢᠨ ᠭᠤᠣᠯ ᠴᠣᠭᠴᠠ ᠶᠢᠨ ᠥᠪᠡᠷ ᠢ ᠪᠠᠨ ᠬᠢᠵᠠᠭᠠᠷᠯᠠᠬᠤ᠂ ᠥᠪᠡᠷ ᠢ ᠪᠠᠨ ᠬᠠᠮᠢᠶᠠᠷᠬᠤ | ᠲᠣᠭᠲᠠᠴᠠ ᠪᠠᠨ ᠲᠡᠭᠦᠯᠳᠡᠷᠵᠢᠭᠦᠯᠬᠦ ᠶᠢ ᠵᠣᠷᠢᠭᠵᠢᠭᠤᠯᠵᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠠᠴᠠ | ᠡᠮᠦᠨ᠎ᠡ ᠨᠡᠶᠢᠭᠡᠮ ᠳᠤ ᠢᠯᠡ ᠪᠠᠷ ᠠᠮᠠᠯᠠᠯᠲᠠ ᠭᠢᠯᠭᠡᠵᠦ᠂ ᠬᠠᠤᠯᠢ ᠠᠴᠠ ᠵᠥᠷᠢᠴᠡᠨ ᠢᠲᠡᠭᠡᠯ ᠢᠶᠠᠨ ᠠᠯᠳᠠᠭᠰᠠᠨ ᠦᠢᠯᠡ | ᠠᠵᠢᠯᠯᠠᠭ᠎ᠠ ᠡᠭᠦᠰᠦᠭᠰᠡᠨ ᠤ ᠳᠠᠷᠠᠭ᠎ᠠ ᠰᠠᠶᠢᠨ ᠳᠤᠷ᠎ᠠ ᠠᠴᠠ ᠪᠠᠨ ᠬᠢᠵᠠᠭᠠᠷᠯᠠᠯ ᠪᠠ ᠵᠠᠯᠬᠠᠭᠠᠨ ᠴᠡᠭᠡᠷᠯᠡᠭᠦᠯᠬᠦ ᠶᠢ | ᠬᠦᠯᠢᠶᠡᠬᠦ ᠶᠢ ᠵᠣᠷᠢᠭᠵᠢᠭᠤᠯᠤᠨ᠎ᠠ᠃ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠵᠤ᠂ | ᠢᠲᠡᠭᠡᠮᠵᠢ ᠪᠠᠷ ᠰᠠᠭᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠤᠨ᠂ | ᠡᠵᠡᠩᠨᠡᠯᠲᠡ ᠶᠢᠨ ᠭᠤᠣᠯ ᠴᠣᠭᠴᠠ ᠶᠢᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ ᠢᠲᠡᠭᠡᠮᠵᠢ ᠶᠢᠨ ᠦᠨᠡᠯᠡᠯᠲᠡ ᠶᠢ | ᠥᠷᠨᠢᠭᠦᠯᠵᠦ᠂ ᠱᠠᠲᠤ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠂ ᠡᠵᠡᠩᠨᠡᠯᠲᠡ ᠶᠢᠨ ᠭᠤᠣᠯ | ᠴᠣᠭᠴᠠ ᠶᠢᠨ ᠢᠲᠡᠭᠡᠮᠵᠢ ᠲᠠᠢ ᠪᠠᠶᠢᠵᠤ ᠠᠮᠠᠯᠠᠯᠲᠠ ᠪᠠᠨ ᠪᠡᠶᠡᠯᠡᠭᠦᠯᠬᠦ ᠶᠢ ᠬᠥᠲᠥᠯᠥᠨ ᠵᠢᠯᠤᠭᠤᠳᠴᠤ᠂ ᠢᠲᠡᠭᠡᠮᠵᠢ ᠶᠢᠨ | ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠬᠤ ᠬᠡᠷᠡᠭᠲᠡᠢ᠃ | ᠠᠷᠪᠠᠨ ᠳᠣᠯᠣᠳᠤᠭᠠᠷ ᠵᠦᠢᠯ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠪᠦᠯᠭᠦᠮ᠂ | ᠨᠡᠶᠢᠭᠡᠮ ᠨᠡᠶᠢᠲᠡ ᠶᠢᠨ ᠬᠢᠨ ᠦᠨᠡᠨᠴᠢ ᠢᠲᠡᠭᠡᠮᠵᠢ ᠶᠢᠨ ᠤᠬᠠᠮᠰᠠᠷ ᠢᠶᠠᠨ ᠳᠡᠭᠡᠭᠰᠢᠯᠡᠭᠦᠯᠭᠦ ᠬᠡᠷᠡᠭᠲᠡᠢ᠃ ᠨᠡᠶᠢᠭᠡᠮ ᠤᠨ | ᠪᠦᠷᠢᠯᠳᠦᠭᠦᠨ ᠨᠦᠭᠦᠳ ᠬᠤᠭᠤᠷᠣᠨᠳᠤ ᠪᠠᠨ ᠦᠨᠡᠨᠴᠢ ᠪᠠᠷ ᠬᠠᠨᠳᠤᠵᠤ᠂ ᠢᠲᠡᠭᠡᠯ ᠢᠶᠠᠷ ᠰᠠᠭᠤᠷᠢ ᠪᠤᠯᠭᠠᠵᠤ᠂ | ᠠᠮᠠᠯᠠᠯᠲᠠ ᠪᠠᠨ ᠪᠠᠲᠤ ᠰᠠᠬᠢᠵᠤ᠂ ᠥᠪᠡᠷ ᠤᠨ ᠰᠠᠶᠢᠨ ᠰᠠᠶᠢᠬᠠᠨ ᠢᠲᠡᠭᠡᠮᠵᠢ ᠪᠠᠨ ᠬᠠᠮᠠᠭᠠᠯᠠᠬᠤ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠤᠪᠢ | ᠬᠥᠮᠥᠨ ᠤ ᠢᠲᠡᠭᠡᠮᠵᠢ ᠶᠢᠨ ᠲᠡᠮᠳᠡᠭᠯᠡᠯ ᠤᠨ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠨᠡᠶᠢᠭᠡᠮ ᠤᠨ | ᠪᠦᠷᠢᠯᠳᠦᠭᠦᠨ ᠢᠲᠡᠭᠡᠮᠵᠢ ᠲᠠᠢ ᠪᠠᠶᠢᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠡᠮ ᠡᠮᠨᠡᠯᠭᠡ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ ᠭᠦᠳᠡᠯᠮᠦᠷᠢ ᠬᠦᠴᠦᠨ ᠬᠡᠷᠡᠭᠯᠡᠬᠦ᠂ ᠰᠤᠷᠭᠠᠨ | ᠬᠥᠮᠦᠵᠢᠯ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠠᠶᠤᠯᠭᠦᠢ | ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠨᠡᠶᠢᠭᠡᠮ ᠤᠨ | ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠵᠢᠯ ᠮᠡᠷᠭᠡᠵᠢᠯ ᠤᠨ ᠢᠲᠡᠭᠡᠮᠵᠢ ᠶᠢᠨ | ᠮᠡᠳᠡᠭᠦᠯᠦᠯᠲᠡ ᠶᠢ ᠳᠡᠯᠭᠡᠷᠡᠭᠦᠯᠦᠨ ᠬᠡᠷᠡᠭᠯᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠬᠢᠭᠡᠳ ᠬᠠᠮᠲᠤ ᠶᠢᠨ | ᠵᠠᠰᠠᠯᠲᠠ ᠶᠢᠨ ᠵᠣᠯᠭᠠᠯᠳᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠂ ᠢᠲᠡᠭᠡᠯ ᠲᠠᠢ ᠪᠠᠶᠢᠬᠤ ᠨᠢ ᠢᠷᠠᠭᠤ | ᠠᠯᠳᠠᠷ ᠲᠠᠢ᠂ ᠢᠲᠡᠭᠡᠯ ᠢᠶᠠᠨ ᠠᠯᠳᠠᠭᠰᠠᠨ ᠨᠢ ᠢᠴᠢᠭᠦᠷᠢᠲᠡᠢ ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠵᠤ᠂ | ᠨᠡᠶᠢᠭᠡᠮ ᠤᠨ ᠪᠣᠯᠪᠠᠰᠤᠨ ᠤ ᠳᠠᠪᠰᠢᠯᠲᠠ ᠶᠢ ᠠᠬᠢᠭᠤᠯᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠬᠠᠤᠯᠢ ᠴᠠᠭᠠᠵᠠ ᠶᠢᠨ ᠪᠠᠶᠢᠭᠤᠯᠭ᠎ᠠ ᠲᠥᠪ ᠭᠤᠣᠯᠴᠢ ᠪᠠ ᠦᠷ᠎ᠡ | ᠠᠰᠢᠭ ᠢ ᠬᠠᠷᠢᠯᠴᠠᠨ ᠨᠢᠭᠡᠳᠦᠭᠦᠯᠬᠦ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢ ᠢᠯᠡ ᠪᠤᠯᠭᠠᠬᠤ ᠶᠢ ᠲᠦᠯᠬᠢᠨ ᠠᠬᠢᠭᠤᠯᠵᠤ᠂ ᠠᠷᠠᠳ ᠤᠨ ᠲᠥᠯᠥᠭᠡ | ᠬᠠᠤᠯᠢ ᠪᠠᠷᠢᠬᠤ ᠶᠢ ᠦᠢᠯᠡᠳᠦᠯᠭᠡᠵᠢᠭᠦᠯᠵᠦ᠂ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ | ᠲᠥᠪ ᠭᠤᠣᠯᠴᠢ ᠪᠠᠷ ᠬᠠᠤᠯᠢ ᠪᠠᠷᠢᠬᠤ ᠶᠢ ᠴᠢᠩᠳᠠᠯᠠᠵᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠬᠠᠤᠯᠢ | ᠴᠠᠭᠠᠵᠠ ᠶᠢᠨ ᠬᠠᠷᠢᠭᠤᠴᠠᠯᠭ᠎ᠠ ᠪᠠ ᠪᠤᠷᠤᠭᠤ ᠰᠢᠢᠳᠪᠦᠷᠢᠯᠡᠭᠰᠡᠨ ᠬᠡᠷᠡᠭ ᠢ ᠨᠡᠬᠡᠮᠵᠢᠯᠡᠬᠦ ᠳᠦᠷᠢᠮ ᠢ | ᠨᠠᠶᠢᠳᠠᠪᠤᠷᠢᠵᠢᠭᠤᠯᠵᠤ᠂ ᠤᠳᠠᠭᠠᠨ ᠲᠠᠩᠨᠠᠭᠠᠳ ᠳᠠᠭᠤᠰᠬᠠᠬᠤ ᠦᠭᠡᠢ᠂ ᠤᠳᠠᠭᠠᠰᠢᠷᠠᠭᠤᠯᠤᠭᠠᠳ ᠰᠢᠢᠳᠪᠦᠷᠢᠯᠡᠬᠦ ᠦᠭᠡᠢ | ᠬᠡᠷᠡᠭ ᠢ ᠰᠡᠷᠭᠡᠶᠢᠯᠡᠨ ᠵᠠᠯᠠᠷᠠᠭᠤᠯᠵᠤ᠂ ᠬᠤᠳᠠᠯ ᠬᠠᠭᠤᠷᠮᠠᠭ ᠵᠠᠷᠭᠤᠯᠳᠤᠬᠤ ᠠᠵᠢᠯᠯᠠᠭ᠎ᠠ ᠶᠢ ᠰᠡᠷᠭᠡᠶᠢᠯᠡᠬᠦ ᠪᠠ ᠵᠠᠯᠬᠠᠭᠠᠨ | ᠰᠢᠢᠳᠬᠡᠬᠦ ᠠᠵᠢᠯ ᠢ ᠴᠢᠩᠭᠠᠳᠬᠠᠵᠤ᠂ ᠠᠷᠠᠳ ᠤᠨ ᠢᠲᠡᠭᠡᠯ ᠢ ᠣᠯᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠳᠠᠬᠢ | ᠢᠲᠡᠭᠡᠭᠦᠯᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ | ᠬᠤᠷᠢᠳᠤᠭᠠᠷ ᠵᠦᠢᠯ ᠰᠢᠭᠦᠨ ᠲᠠᠰᠤᠯᠬᠤ ᠪᠠᠶᠢᠭᠤᠯᠭ᠎ᠠ ᠰᠢᠭᠦᠨ ᠲᠠᠰᠤᠯᠬᠤ ᠡᠭᠦᠷᠭᠡ ᠴᠢᠳᠠᠪᠤᠷᠢ ᠪᠠᠨ | ᠬᠠᠤᠯᠢ ᠶᠣᠰᠣᠭᠠᠷ ᠭᠦᠢᠴᠡᠳᠬᠡᠵᠦ᠂ ᠬᠠᠤᠯᠢ ᠴᠠᠭᠠᠵᠠ ᠶᠢᠨ ᠮᠠᠭᠠᠳᠯᠠᠯᠲᠠ ᠪᠠ ᠲᠠᠰᠤᠯᠤᠯᠲᠠ ᠶᠢᠨ ᠡᠷᠬᠡ ᠪᠠᠨ | ᠵᠥᠪ ᠢᠶᠠᠷ ᠬᠡᠷᠡᠭᠵᠢᠭᠦᠯᠵᠦ᠂ ᠰᠢᠭᠦᠨ ᠲᠠᠰᠤᠯᠤᠯᠲᠠ ᠶᠢᠨ ᠴᠢᠨᠠᠷ ᠴᠢᠨᠰᠠᠭ᠎ᠠ ᠪᠠ ᠦᠷ᠎ᠡ ᠪᠦᠲᠦᠮᠵᠢ ᠶᠢ ᠪᠦᠭᠦ | ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠭᠦᠢᠴᠡᠳᠬᠡᠬᠦ ᠠᠵᠢᠯᠯᠠᠭ᠎ᠠ ᠶᠢ ᠵᠢᠷᠤᠮᠵᠢᠭᠤᠯᠤᠨ᠂ ᠭᠦᠢᠴᠡᠳᠬᠡᠬᠦ ᠡᠷᠴᠢᠮ ᠢ | ᠴᠢᠩᠭᠠᠷᠠᠭᠤᠯᠵᠤ᠂ ᠢᠲᠡᠭᠡᠮᠵᠢ ᠶᠢᠨ ᠲᠠᠯ᠎ᠠ ᠪᠠᠷ ᠬᠠᠮᠲᠤᠷᠠᠨ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠵᠦ᠂ ᠭᠡᠷ᠎ᠡ ᠠᠴᠠ | ᠵᠥᠷᠢᠴᠡᠵᠦ ᠢᠲᠡᠭᠡᠯ ᠠᠯᠳᠠᠭᠰᠠᠨ ᠢ ᠵᠠᠯᠬᠠᠭᠠᠨ ᠰᠢᠢᠳᠬᠡᠵᠦ᠂ ᠦᠨᠡᠨᠴᠢ ᠢᠲᠡᠭᠡᠮᠵᠢᠲᠡᠢ ᠪᠠᠶᠢᠬᠤ ᠶᠢ ᠬᠥᠲᠥᠯᠥᠨ | ᠵᠢᠯᠤᠭᠤᠳᠴᠤ᠂ ᠠᠷᠠᠳ ᠤᠯᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠦᠨᠡᠨᠴᠢ ᠢᠲᠡᠭᠡᠮᠵᠢᠲᠡᠢ | ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ | ᠬᠤᠷᠢᠨ ᠨᠢᠭᠡᠳᠦᠭᠡᠷ ᠵᠦᠢᠯ ᠪᠠᠶᠢᠴᠠᠭᠠᠬᠤ ᠪᠠᠶᠢᠭᠤᠯᠭ᠎ᠠ ᠬᠠᠤᠯᠢ ᠴᠠᠭᠠᠵᠠ ᠶᠢᠨ ᠬᠢᠨᠠᠯᠲᠠ ᠲᠠᠯᠪᠢᠬᠤ | ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠢᠴᠡᠳᠬᠡᠵᠦ᠂ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ | ᠵᠠᠬᠢᠷᠭᠠᠨ ᠤ ᠬᠡᠷᠡᠭ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠪᠠᠶᠢᠴᠠᠭᠠᠬᠤ ᠠᠵᠢᠯ ᠤᠨ ᠬᠠᠤᠯᠢ ᠴᠠᠭᠠᠵᠠ ᠶᠢᠨ | ᠬᠢᠨᠠᠯᠲᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ᠃ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠡᠷᠡᠭᠦᠦ ᠶᠢᠨ ᠬᠡᠷᠡᠭ ᠤᠨ ᠬᠠᠤᠯᠢ ᠪᠠᠷᠢᠬᠤ ᠶᠢ ᠬᠤᠣᠰ ᠴᠢᠭᠯᠡᠯ ᠢᠶᠠᠷ | ᠵᠣᠯᠭᠠᠭᠤᠯᠬᠤ ᠲᠣᠭᠲᠠᠴᠠ ᠶᠢ ᠴᠢᠩᠭᠠᠳᠬᠠᠵᠤ᠂ ᠡᠷᠡᠭᠦᠦ ᠶᠢᠨ ᠬᠡᠷᠡᠭ ᠤᠨ ᠬᠡᠷᠡᠭ ᠪᠣᠯᠭᠠᠨ ᠳᠠᠩᠰᠠᠯᠠᠬᠤ᠂ ᠲᠤᠷᠰᠢᠨ | ᠪᠠᠶᠢᠴᠠᠭᠠᠬᠤ ᠠᠵᠢᠯᠯᠠᠭ᠎ᠠ ᠪᠠ ᠰᠢᠭᠦᠨ ᠲᠠᠰᠤᠯᠬᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠡᠷᠡᠭᠦᠦ ᠶᠢᠨ ᠬᠡᠷᠡᠭ ᠤᠨ ᠠᠷᠭ᠎ᠠ ᠪᠠᠷᠢᠯ ᠢ ᠠᠰᠢᠭᠯᠠᠨ ᠢᠷᠭᠡᠨ ᠤ ᠬᠡᠷᠡᠭ᠂ ᠠᠵᠤ ᠠᠬᠤᠢ ᠶᠢᠨ ᠵᠠᠭᠤᠷᠠᠯᠳᠤᠭᠠᠨ ᠳᠤ | ᠭᠠᠷ ᠲᠦᠷᠦᠭᠦ ᠶᠢ ᠰᠡᠷᠭᠡᠶᠢᠯᠡᠨ ᠵᠠᠯᠠᠷᠠᠭᠤᠯᠵᠤ᠂ ᠦᠨᠡᠨᠴᠢ ᠢᠲᠡᠭᠡᠮᠵᠢᠲᠡᠢ ᠪᠠᠷ ᠵᠠᠷᠭᠤᠯᠳᠤᠬᠤ ᠣᠷᠴᠢᠨ ᠨᠥᠬᠦᠴᠡᠯ ᠢ | ᠪᠤᠢ ᠪᠤᠯᠭᠠᠵᠤ᠂ ᠬᠠᠤᠯᠢ ᠴᠠᠭᠠᠵᠠ ᠶᠢᠨ ᠲᠥᠪ ᠭᠤᠣᠯᠴᠢ ᠪᠠ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ | ᠨᠡᠶᠢᠭᠡᠮ ᠤᠨ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ ᠵᠢᠷᠤᠮᠵᠢᠭᠤᠯᠤᠨ᠎ᠠ᠃ | ᠬᠤᠷᠢᠨ ᠬᠤᠶᠠᠳᠤᠭᠠᠷ ᠵᠦᠢᠯ ᠬᠥᠨᠳᠡᠯᠡᠨ ᠠᠴᠠ ᠲᠠᠰᠤᠯᠬᠤ ᠺᠣᠮᠢᠰ᠂ ᠬᠠᠤᠯᠢᠴᠢ ᠶᠢᠨ ᠬᠡᠷᠡᠭ ᠡᠷᠭᠢᠯᠡᠭᠦ | ᠭᠠᠵᠠᠷ᠂ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ | ᠭᠠᠵᠠᠷ᠂ ᠬᠠᠤᠯᠢ ᠴᠠᠭᠠᠵᠠ ᠶᠢᠨ ᠰᠢᠯᠭᠠᠨ ᠲᠣᠭᠲᠠᠭᠠᠯᠲᠠ ᠶᠢᠨ ᠪᠠᠶᠢᠭᠤᠯᠤᠮᠵᠢ ᠵᠡᠷᠭᠡ ᠨᠢ ᠲᠤᠰ ᠪᠡᠶ᠎ᠡ ᠶᠢᠨ | ᠢᠲᠡᠭᠡᠮᠵᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠬᠠᠤᠯᠢ ᠶᠣᠰᠣᠭᠠᠷ ᠡᠷᠬᠡ ᠲᠡᠭᠰᠢ ᠲᠥᠪ ᠭᠤᠣᠯᠴᠢ ᠪᠠᠷ ᠠᠵᠢᠯ | ᠡᠷᠭᠢᠯᠡᠭᠦ ᠬᠡᠷᠡᠭᠲᠡᠢ᠃ | ᠬᠥᠨᠳᠡᠯᠡᠨ ᠠᠴᠠ ᠲᠠᠰᠤᠯᠤᠭᠴᠢ᠂ ᠬᠠᠤᠯᠢᠴᠢ᠂ ᠠᠯᠪᠠᠨ ᠭᠡᠷᠡᠴᠢᠯᠡᠭᠴᠢ᠂ ᠦᠨᠳᠦᠰᠦᠨ ᠱᠠᠲᠤᠨ ᠤ ᠬᠠᠤᠯᠢ | ᠴᠠᠭᠠᠵᠠ ᠶᠢᠨ ᠦᠢᠯᠡᠴᠢᠯᠡᠭᠡᠨ ᠤ ᠠᠵᠢᠯᠲᠠᠨ᠂ ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠭᠦ ᠠᠵᠢᠯᠲᠠᠨ᠂ ᠬᠠᠤᠯᠢ | ᠴᠠᠭᠠᠵᠠ ᠶᠢᠨ ᠬᠢᠨᠠᠨ ᠲᠣᠭᠲᠠᠭᠠᠯᠲᠠ ᠶᠢᠨ ᠠᠵᠢᠯᠲᠠᠨ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ | ᠬᠢᠴᠢᠶᠡᠩᠭᠦᠶᠢᠯᠡᠨ ᠵᠢᠷᠤᠮᠯᠠᠵᠤ᠂ ᠦᠨᠡᠨᠴᠢ ᠢᠲᠡᠭᠡᠮᠵᠢᠲᠡᠢ ᠵᠢᠷᠤᠮᠵᠢᠯᠲᠠᠢ ᠪᠠᠷ ᠠᠵᠢᠯ ᠡᠷᠭᠢᠯᠡᠭᠦ ᠬᠡᠷᠡᠭᠲᠡᠢ᠃ | ᠭᠤᠷᠪᠠᠳᠤᠭᠠᠷ ᠪᠦᠯᠦᠭ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ | ᠬᠤᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ ᠨᠢ ᠪᠦᠭᠦ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠢᠭᠡᠳᠦᠯᠲᠡᠢ | ᠴᠤᠭᠯᠠᠭᠤᠯᠤᠨ ᠡᠮᠬᠢᠳᠬᠡᠬᠦ ᠪᠠ ᠬᠠᠮᠢᠶᠠᠷᠤᠨ᠎ᠠ᠃ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠪᠠᠶᠢᠭᠤᠯᠤᠭᠰᠠᠨ ᠠᠵᠢᠯ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠰᠢᠰᠲ᠋ᠧᠮ ᠨᠢ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠡᠷᠡᠭᠲᠡᠢ᠃ | ᠬᠤᠷᠢᠨ ᠳᠥᠷᠪᠡᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ | ᠡᠮᠬᠢᠳᠬᠡᠨ ᠴᠤᠭᠯᠠᠭᠤᠯᠬᠤ᠂ ᠬᠠᠳᠠᠭᠠᠯᠠᠬᠤ᠂ ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ ᠬᠠᠶᠢᠨ ᠯᠠᠪᠯᠠᠬᠤ ᠪᠠ | ᠬᠡᠷᠡᠭᠯᠡᠬᠦ ᠵᠡᠷᠭᠡ ᠠᠵᠢᠯᠯᠠᠭ᠎ᠠ ᠳᠤ᠂ ᠬᠠᠤᠯᠢ ᠳᠤ ᠨᠡᠶᠢᠴᠡᠬᠦ᠂ ᠵᠦᠢ ᠶᠣᠰᠣᠨ ᠤ᠂ ᠴᠢᠬᠤᠯᠠᠲᠠᠢ᠂ ᠪᠣᠯᠭᠤᠮᠵᠢᠲᠠᠢ ᠪᠠᠶᠢᠬᠤ | ᠵᠠᠷᠴᠢᠮ ᠢ ᠵᠢᠷᠤᠮᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ ᠳᠠᠬᠢ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠠᠮᠤᠷ | ᠲᠦᠪᠰᠢᠨ᠂ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠡᠷᠭᠡ ᠲᠣᠭᠲᠠᠭᠠᠯ ᠢ ᠴᠢᠩᠭ᠎ᠠ ᠬᠡᠷᠡᠭᠵᠢᠭᠦᠯᠬᠦ | ᠬᠡᠷᠡᠭᠲᠡᠢ᠃ | ᠬᠤᠷᠢᠨ ᠲᠠᠪᠤᠳᠤᠭᠠᠷ ᠵᠦᠢᠯ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ᠂ | ᠨᠡᠶᠢᠲᠡᠯᠡᠬᠦ᠂ ᠬᠡᠷᠡᠭᠯᠡᠬᠦ ᠵᠢᠴᠢ ᠬᠠᠮᠢᠶᠠᠷᠬᠤ ᠪᠠ ᠦᠢᠯᠡᠴᠢᠯᠡᠬᠦ ᠠᠵᠢᠯᠯᠠᠭ᠎ᠠ ᠳᠤ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠳᠦᠷᠢᠮ︾ | ᠪᠣᠯᠣᠨ ᠪᠤᠰᠤᠳ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠲᠣᠭᠲᠠᠭᠠᠯ ᠬᠡᠷᠡᠭᠯᠡᠭᠳᠡᠨ᠎ᠡ᠃ | ᠬᠤᠷᠢᠨ ᠵᠢᠷᠭᠤᠳᠤᠭᠠᠷ ᠵᠦᠢᠯ ᠤᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ | ᠴᠤᠭᠯᠠᠭᠤᠯᠬᠤ ᠨᠢᠭᠡᠴᠢ ᠨᠦᠭᠦᠳ ᠤᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ | ᠴᠤᠭᠯᠠᠭᠤᠯᠵᠤ᠂ ᠢᠲᠡᠭᠡᠮᠵᠢ ᠶᠢᠨ ᠲᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠶᠢᠨ ᠪᠣᠯᠵᠣᠨ | ᠲᠣᠭᠲᠠᠭᠰᠠᠨ ᠶᠣᠰᠣᠭᠠᠷ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠳᠤ ᠣᠯᠠᠨ ᠨᠡᠶᠢᠲᠡ ᠶᠢᠨ | ᠪᠤᠰᠤ ᠢᠲᠡᠭᠡᠮᠵᠢ ᠶᠢᠨ ᠮᠡᠳᠡᠭᠡ ᠵᠠᠩᠭᠢ ᠬᠠᠩᠭᠠᠬᠤ ᠶᠢ ᠵᠣᠷᠢᠭᠵᠢᠭᠤᠯᠤᠨ᠎ᠠ᠃ ᠣᠯᠠᠨ ᠨᠡᠶᠢᠲᠡ ᠶᠢᠨ ᠪᠤᠰᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠬᠤ ᠨᠢᠭᠡᠴᠢ ᠨᠢ ᠬᠠᠩᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ | ᠬᠠᠷᠢᠭᠤᠴᠠᠬᠤ ᠬᠡᠷᠡᠭᠲᠡᠢ᠃ | ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠪᠤᠯᠭᠠᠬᠤ᠂ ᠬᠠᠮᠲᠤᠪᠠᠷ | ᠬᠤᠪᠢᠶᠠᠯᠴᠠᠬᠤ᠂ ᠬᠠᠶᠢᠨ ᠯᠠᠪᠯᠠᠬᠤ ᠶᠢ ᠬᠠᠤᠯᠢ ᠶᠣᠰᠣᠭᠠᠷ ᠢᠯᠡ ᠪᠤᠯᠭᠠᠬᠤ᠂ ᠢᠲᠡᠭᠡᠮᠵᠢ ᠶᠢᠨ ᠭᠤᠣᠯ ᠴᠣᠭᠴᠠ ᠨᠢ | ᠰᠠᠨᠠᠭᠠᠴᠢᠯᠠᠭ᠎ᠠ ᠠᠴᠠ ᠪᠠᠨ ᠢᠯᠡ ᠪᠤᠯᠭᠠᠬᠤ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠬᠠᠤᠯᠢ | ᠶᠣᠰᠣᠭᠠᠷ ᠬᠠᠩᠭᠠᠬᠤ ᠪᠤᠶᠤ ᠪᠣᠯᠵᠣᠨ ᠲᠣᠭᠲᠠᠭᠰᠠᠨ ᠪᠤᠰᠤᠳ ᠠᠷᠭ᠎ᠠ ᠮᠠᠶ᠋ᠢᠭ ᠢᠶᠠᠷ ᠶᠠᠪᠤᠭᠳᠠᠭᠤᠯᠵᠤ ᠪᠣᠯᠣᠨ᠎ᠠ᠃ | ᠬᠤᠷᠢᠨ ᠳᠣᠯᠣᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠯᠡᠷᠬᠡᠶᠢᠯᠡᠬᠦ᠂ ᠪᠡᠶ᠎ᠡ ᠪᠠᠨ | ᠳᠠᠭᠠᠭᠠᠵᠤ ᠮᠡᠳᠡᠭᠦᠯᠬᠦ᠂ ᠨᠡᠶᠢᠭᠡᠮ ᠳᠤ ᠠᠮᠠᠯᠠᠯᠲᠠ ᠬᠢᠬᠦ ᠵᠡᠷᠭᠡ ᠭᠡᠯᠪᠡᠷᠢ ᠪᠠᠷ ᠨᠡᠶᠢᠭᠡᠮ ᠤᠨ ᠢᠲᠡᠭᠡᠮᠵᠢ ᠶᠢᠨ ᠮᠡᠳᠡᠭᠡ | ᠵᠠᠩᠭᠢ ᠶᠢᠨ ᠲᠠᠪᠴᠠᠩ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠨ ᠤ ᠨᠡᠶᠢᠭᠡᠮᠯᠢᠭ ᠵᠡᠷᠭᠡ ᠳᠤ ᠲᠣᠰ ᠪᠡᠶ᠎ᠡ ᠶᠢᠨ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠪᠠᠨ | ᠬᠠᠩᠭᠠᠬᠤ ᠶᠢᠨ ᠬᠠᠮᠲᠤ᠂ ᠬᠠᠩᠭᠠᠭᠰᠠᠨ ᠮᠡᠳᠡᠭᠡ ᠵᠠᠩᠭᠢ ᠶᠢᠨ ᠬᠠᠤᠯᠢ ᠶᠣᠰᠣᠴᠢ ᠴᠢᠨᠠᠷ᠂ ᠦᠨᠡᠨ ᠪᠣᠳᠠᠲᠤ ᠴᠢᠨᠠᠷ᠂ | ᠣᠨᠣᠪᠴᠢᠲᠤ ᠴᠢᠨᠠᠷ᠂ ᠪᠦᠷᠢᠨ ᠪᠦᠲᠦᠨ ᠴᠢᠨᠠᠷ ᠲᠤ ᠬᠠᠷᠢᠭᠤᠴᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯ ᠲᠥᠷᠥᠯ ᠤᠨ ᠨᠡᠶᠢᠭᠡᠮᠯᠢᠭ | ᠬᠤᠳᠠᠯᠳᠤᠭᠠᠨ ᠤ ᠨᠡᠶᠢᠭᠡᠮᠯᠢᠭ ᠵᠢᠴᠢ ᠪᠤᠰᠤᠳ ᠬᠠᠤᠯᠢ ᠶᠢᠨ ᠬᠥᠮᠥᠨ ᠪᠠ ᠬᠠᠤᠯᠢ ᠶᠢᠨ ᠬᠥᠮᠥᠨ ᠪᠤᠰᠤ ᠵᠣᠬᠢᠶᠠᠨ | ᠪᠠᠶᠢᠭᠤᠯᠤᠯᠲᠠ ᠯᠤᠭ᠎ᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠯᠠᠨ | ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠪᠠ ᠣᠯᠠᠨ ᠨᠡᠶᠢᠲᠡ ᠶᠢᠨ ᠪᠤᠰᠤ ᠢᠲᠡᠭᠡᠮᠵᠢ ᠶᠢᠨ ᠮᠡᠳᠡᠭᠡ ᠵᠠᠩᠭᠢ ᠶᠢ | ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠬᠢᠭᠡᠳ | ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠰᠠᠭᠤᠷᠢ ᠳ᠋ᠠᠶᠢᠲ᠋ᠠ ᠬᠥᠮᠥᠷᠭᠡ ᠵᠡᠷᠭᠡ ᠬᠠᠮᠢᠶ᠎ᠠ ᠪᠦᠬᠦᠢ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠨᠢ ᠳ᠋ᠠᠶᠢᠲ᠋ᠠ ᠶᠢ ᠬᠠᠮᠲᠤᠪᠠᠷ ᠬᠤᠪᠢᠶᠠᠯᠴᠠᠬᠤ ᠶᠢ ᠴᠢᠩᠭᠠᠳᠬᠠᠵᠤ᠂ | ᠨᠡᠶᠢᠭᠡᠮ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ | ᠳᠥᠷᠪᠡᠳᠦᠭᠡᠷ ᠪᠦᠯᠦᠭ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ | ᠬᠤᠷᠢ ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ | ᠪᠠᠶᠢᠭᠤᠯᠵᠤ᠂ ᠢᠲᠡᠭᠡᠮᠵᠢ ᠲᠠᠢ ᠪᠠᠶᠢᠬᠤ ᠦᠢᠯᠡ ᠠᠵᠢᠯᠯᠠᠭ᠎ᠠ ᠶᠢ ᠰᠠᠨᠠᠭᠠᠴᠢᠯᠠᠬᠤ ᠪᠠ ᠰᠠᠶᠢᠰᠢᠶᠠᠵᠤ᠂ ᠢᠲᠡᠭᠡᠯ | ᠠᠯᠳᠠᠭᠰᠠᠨ ᠦᠢᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠪᠠ ᠬᠢᠵᠠᠭᠠᠷᠯᠠᠬᠤ ᠬᠡᠷᠡᠭᠲᠡᠢ᠃ | ᠭᠤᠴᠢᠳᠤᠭᠠᠷ ᠵᠦᠢᠯ ᠢᠲᠡᠭᠡᠮᠵᠢ ᠲᠠᠢ ᠪᠠᠷ ᠤᠷᠮᠠᠰᠢᠭᠤᠯᠬᠤ ᠡᠲᠡᠭᠡᠳ ᠢ ᠦᠨᠡᠯᠡᠨ ᠲᠣᠭᠲᠠᠭᠠᠬᠤ ᠠᠷᠭ᠎ᠠ ᠶᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠬᠤ ᠶᠢᠨ ᠬᠠᠮᠲᠤ | ᠨᠡᠶᠢᠭᠡᠮ ᠳᠤ ᠨᠡᠶᠢᠲᠡᠯᠡᠨ᠎ᠡ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠦᠨᠡᠯᠡᠨ ᠲᠣᠭᠲᠠᠭᠠᠬᠤ ᠠᠷᠭ᠎ᠠ ᠶᠢᠨ ᠶᠣᠰᠣᠭᠠᠷ ᠢᠲᠡᠭᠡᠮᠵᠢ ᠲᠠᠢ ᠪᠠᠷ ᠤᠷᠮᠠᠰᠢᠭᠤᠯᠬᠤ | ᠡᠲᠡᠭᠡᠳ ᠢ ᠨᠤᠲᠠᠯᠠᠨ ᠲᠣᠭᠲᠠᠭᠠᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠨᠡᠶᠢᠭᠡᠮ ᠳᠤ ᠨᠡᠶᠢᠲᠡᠯᠡᠨ᠎ᠡ᠃ | ᠭᠤᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ | ᠪᠦᠬᠦᠢ ᠵᠣᠬᠢᠶᠠᠨ ᠪᠠᠶᠢᠭᠤᠯᠤᠯᠲᠠ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠣᠲᠣᠷ᠎ᠠ | ᠢᠲᠡᠭᠡᠮᠵᠢ ᠲᠠᠢ ᠪᠠᠷ ᠤᠷᠮᠠᠰᠢᠭᠤᠯᠤᠬᠳᠠᠬᠤ ᠡᠲᠡᠭᠡᠳ ᠲᠤ ᠤᠷᠮᠠᠰᠢᠭᠤᠯᠤᠨ ᠵᠣᠷᠢᠭᠵᠢᠭᠤᠯᠬᠤ ᠠᠷᠭ᠎ᠠ ᠬᠡᠮᠵᠢᠶ᠎ᠡ | ᠠᠪᠴᠤ ᠪᠣᠯᠣᠨ᠎ᠠ᠃ | ᠭᠤᠴᠢᠨ ᠬᠤᠶᠠᠳᠤᠭᠠᠷ ᠵᠦᠢᠯ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠳᠤ | ᠨᠠᠷᠢᠨ ᠬᠠᠭᠤᠳᠠᠰᠤ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ | ᠪᠠ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠬᠠᠮᠢᠶ᠎ᠠ ᠪᠦᠬᠦᠢ ᠢᠲᠡᠭᠡᠮᠵᠢ ᠶᠢᠨ ᠭᠤᠣᠯ | ᠴᠣᠭᠴᠠ ᠳᠤ ᠲᠣᠳᠣᠷᠬᠠᠢ ᠬᠠᠭᠤᠳᠠᠰᠤᠨ ᠳᠤ ᠵᠢᠭᠰᠠᠭᠠᠭᠰᠠᠨ ᠬᠤᠬᠢᠷᠠᠯ ᠢ ᠪᠠᠭᠠᠰᠬᠠᠬᠤ ᠪᠤᠶᠤ ᠡᠭᠦᠷᠭᠡ ᠶᠢ | ᠨᠡᠮᠡᠭᠳᠡᠭᠦᠯᠬᠦ ᠢᠲᠡᠭᠡᠯ ᠢᠶᠠᠨ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠴᠠ ᠳᠠᠪᠠᠭᠤᠯᠤᠨ | ᠬᠡᠷᠡᠭᠵᠢᠭᠦᠯᠵᠦ ᠪᠤᠯᠬᠤ ᠦᠭᠡᠢ︔ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠰᠢᠨᠵᠢ ᠴᠢᠨᠠᠷ᠂ ᠦᠢᠯᠡ ᠪᠠᠶᠢᠳᠠᠯ ᠪᠠ | ᠨᠡᠶᠢᠭᠡᠮ ᠤᠨ ᠨᠥᠯᠥᠭᠡ ᠶᠢ ᠦᠨᠳᠦᠰᠦᠯᠡᠨ᠂ ᠢᠲᠡᠭᠡᠯ ᠢᠶᠠᠨ ᠠᠯᠳᠠᠭᠰᠠᠨ ᠭᠤᠣᠯ ᠴᠣᠭᠴᠠ ᠳᠤ ᠬᠦᠨᠳᠦ ᠬᠥᠩᠭᠡᠨ ᠢ | ᠵᠣᠬᠢᠰᠲᠠᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ | ᠵᠣᠬᠢᠶᠠᠨ ᠪᠠᠶᠢᠭᠤᠯᠤᠯᠲᠠ ᠠᠴᠠ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠬᠤ ᠳᠤ᠂ | ᠬᠠᠤᠯᠢ ᠳᠤ ᠨᠡᠶᠢᠴᠡᠬᠦ᠂ ᠪᠤᠰᠤᠳᠴᠢ᠂ ᠬᠢᠨᠠᠭᠤᠷ ᠪᠣᠯᠭᠤᠮᠵᠢᠲᠠᠢ᠂ ᠬᠤᠯᠪᠣᠭᠳᠠᠭᠤᠯᠬᠤ ᠵᠠᠷᠴᠢᠮ ᠢ ᠵᠢᠷᠤᠮᠯᠠᠨ᠂ ᠳᠣᠣᠷ᠎ᠠ | ᠵᠢᠭᠰᠠᠭᠠᠭᠰᠠᠨ ᠪᠢᠴᠢᠭ ᠬᠠᠷ᠎ᠠ ᠪᠠᠷ ᠦᠨᠳᠦᠰᠦᠯᠡᠯ ᠪᠤᠯᠭᠠᠬᠤ ᠬᠡᠷᠡᠭᠲᠡᠢ᠄ ︵ᠨᠢᠭᠡ︶ ᠬᠦᠴᠦᠨ ᠲᠠᠢ ᠪᠣᠯᠤᠭᠰᠠᠨ ᠬᠠᠤᠯᠢ | ᠴᠠᠭᠠᠵᠠ ᠶᠢᠨ ᠲᠠᠰᠤᠯᠤᠨ ᠲᠣᠭᠲᠠᠭᠠᠯᠲᠠ ᠶᠢᠨ ᠪᠢᠴᠢᠭ ᠬᠠᠷ᠎ᠠ ᠪᠠ ᠬᠥᠨᠳᠡᠯᠡᠨ ᠠᠴᠠ ᠲᠠᠰᠤᠯᠤᠬᠰᠠᠨ ᠪᠢᠴᠢᠭ ᠬᠠᠷ᠎ᠠ︔ | ︵ᠬᠤᠶᠠᠷ︶ ᠬᠦᠴᠦᠨ ᠲᠠᠢ ᠪᠣᠯᠤᠭᠰᠠᠨ ᠵᠠᠰᠠᠭ ᠵᠠᠬᠢᠷᠭᠠᠨ ᠤ ᠰᠢᠢᠳᠬᠡᠯ ᠪᠠ ᠵᠠᠰᠠᠭ ᠵᠠᠬᠢᠷᠭᠠᠨ ᠤ ᠲᠣᠭᠲᠠᠭᠠᠯᠲᠠ ᠵᠡᠷᠭᠡ | ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠲᠣᠭᠲᠠᠭᠠᠯ ᠤᠨ ᠪᠢᠴᠢᠭ ᠬᠠᠷ᠎ᠠ︔ ︵ᠭᠤᠷᠪᠠ︶ ᠬᠠᠤᠯᠢ ᠴᠠᠭᠠᠵᠠ᠂ | ᠬᠠᠤᠯᠢ ᠲᠣᠭᠲᠠᠭᠠᠯ ᠪᠤᠶᠤ ᠤᠯᠤᠰ ᠠᠴᠠ ᠲᠣᠭᠲᠠᠭᠠᠭᠰᠠᠨ ᠢᠲᠡᠭᠡᠯ ᠢᠶᠠᠨ ᠠᠯᠳᠠᠭᠰᠠᠨ ᠥᠢᠯᠡ ᠠᠵᠢᠯᠯᠠᠭ᠎ᠠ ᠶᠢ | ᠨᠤᠲᠠᠯᠠᠨ ᠲᠣᠭᠲᠠᠭᠠᠬᠤ ᠦᠨᠳᠦᠰᠦᠯᠡᠯ ᠪᠤᠯᠭᠠᠵᠤ ᠪᠤᠯᠬᠤ ᠪᠤᠰᠤᠳ ᠪᠢᠴᠢᠭ ᠬᠠᠷ᠎ᠠ᠃ | ᠭᠤᠴᠢᠨ ᠳᠥᠷᠪᠡᠳᠦᠭᠡᠷ ᠵᠦᠢᠯ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠶᠢ ᠨᠢ ᠢᠲᠡᠭᠡᠯ ᠢᠶᠠᠨ | ᠠᠯᠳᠠᠭᠰᠠᠨ ᠮᠡᠳᠡᠭᠡ ᠵᠠᠩᠭᠢ ᠶᠢᠨ ᠲᠡᠮᠳᠡᠭᠯᠡᠯ ᠳᠤ ᠣᠷᠣᠭᠤᠯᠤᠭᠰᠠᠨ ᠪᠠᠶᠢᠪᠠᠯ᠂ ᠢᠲᠡᠭᠡᠮᠵᠢ ᠶᠢᠨ ᠭᠤᠣᠯ ᠴᠣᠭᠴᠠ ᠶᠢᠨ | ᠨᠤᠲᠠᠯᠠᠨ ᠲᠣᠭᠲᠠᠭᠠᠭᠰᠠᠨ ᠰᠢᠨᠵᠢ ᠴᠢᠨᠠᠷ᠂ ᠰᠢᠯᠲᠠᠭᠠᠨ᠂ ᠦᠨᠳᠦᠰᠦᠯᠡᠯ᠂ ᠰᠢᠯᠵᠢᠭᠦᠯᠦᠨ ᠭᠠᠷᠭᠠᠬᠤ ᠨᠥᠬᠦᠴᠡᠯ ᠪᠣᠯᠣᠨ | ᠲᠡᠳᠬᠦᠬᠦ ᠠᠷᠭ᠎ᠠ ᠵᠠᠮ ᠢ ᠬᠡᠯᠡᠵᠦ ᠥᠭᠬᠦ ᠬᠡᠷᠡᠭᠲᠡᠢ᠃ ᠢᠲᠡᠭᠡᠯ ᠠᠯᠳᠠᠭᠰᠠᠨ ᠢᠲᠡᠭᠡᠮᠵᠢ ᠶᠢᠨ ᠭᠤᠣᠯ ᠴᠣᠭᠴᠠ ᠳᠤ | ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠪᠠᠷ ᠲᠣᠭᠲᠠᠭᠠᠭᠰᠠᠨ ᠪᠠᠶᠢᠪᠠᠯ᠂ ᠪᠠᠰᠠ ᠵᠠᠯᠬᠠᠭᠠᠨ ᠴᠡᠭᠡᠷᠯᠡᠭᠦᠯᠬᠦ | ᠠᠷᠭ᠎ᠠ ᠬᠡᠮᠵᠢᠶ᠎ᠡ ᠶᠢ ᠬᠦᠴᠦᠨ ᠦᠭᠡᠢ ᠪᠤᠯᠭᠠᠬᠤ ᠨᠥᠬᠦᠴᠡᠯ ᠢ ᠬᠡᠯᠡᠵᠦ ᠥᠭᠬᠦ ᠬᠡᠷᠡᠭᠲᠡᠢ᠃ | ᠭᠤᠴᠢᠨ ᠲᠠᠪᠤᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠢᠶᠠᠨ | ᠠᠯᠳᠠᠭᠰᠠᠨ ᠭᠤᠣᠯ ᠴᠣᠭᠴᠠ ᠶᠢᠨ ᠨᠡᠷᠡᠰ ᠲᠤ ᠵᠢᠭᠰᠠᠭᠠᠨ ᠣᠷᠣᠭᠤᠯᠬᠤ ᠳᠤ᠂ ᠬᠠᠤᠯᠢ ᠴᠠᠭᠠᠵᠠ᠂ ᠬᠠᠤᠯᠢ ᠲᠣᠭᠲᠠᠭᠠᠯ | ᠪᠣᠯᠣᠨ ᠤᠯᠤᠰ ᠠᠴᠠ ᠲᠣᠭᠲᠠᠭᠠᠭᠰᠠᠨ ᠦᠨᠳᠦᠰᠦᠯᠡᠯ ᠪᠣᠯᠣᠨ ᠨᠤᠲᠠᠯᠠᠨ ᠲᠣᠭᠲᠠᠭᠠᠬᠤ ᠶᠢᠨ ᠪᠠᠷᠢᠮᠵᠢᠶ᠎ᠠ ᠶᠢ | ᠬᠡᠷᠡᠭᠵᠢᠭᠦᠯᠬᠦ ᠶᠢᠨ ᠬᠠᠮᠲᠤ ᠳᠣᠣᠷᠠᠬᠢ ᠮᠡᠲᠦ ᠥᠢᠯᠡ ᠠᠵᠢᠯᠯᠠᠭ᠎ᠠ ᠪᠠᠷ ᠬᠢᠵᠠᠭᠠᠷᠯᠠᠬᠤ ᠬᠡᠷᠡᠭᠲᠡᠢ᠄ | ︵ᠨᠢᠭᠡ︶ ᠠᠷᠠᠳ ᠤᠯᠡᠠ ᠤ ᠪᠡᠶ᠎ᠡ ᠶᠢᠨ ᠡᠷᠡᠭᠦᠯ ᠮᠡᠡᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠦᠨᠳᠦ | ᠨᠣᠴᠢᠲᠠᠢ ᠬᠤᠣᠷ ᠬᠥᠨᠥᠭᠡᠯ ᠤᠴᠠᠷᠠᠭᠤᠯᠤᠭᠰᠠᠨ ᠤᠢᠢᠯᠠ ᠠᠵᠢᠯᠯᠠᠭ᠎ᠠ︔ | ︵ᠬᠤᠶᠠᠷ︶ ᠵᠠᠬ᠎ᠠ ᠳᠡᠯᠭᠡᠭᠦᠷ ᠤᠨ ᠭᠤᠣᠯᠴᠢ ᠥᠷᠢᠰᠦᠯᠳᠦᠭᠡᠨ ᠤ ᠡᠮᠬᠢ ᠵᠢᠷᠤᠮ ᠪᠠ ᠨᠡᠶᠢᠭᠡᠮ ᠤᠨ ᠬᠡᠪ ᠤᠨ | ᠡᠮᠬᠢ ᠵᠢᠷᠤᠮ ᠢ ᠬᠦᠨᠳᠦ ᠨᠣᠴᠢᠲᠠᠢ ᠡᠪᠳᠡᠭᠰᠡᠨ ᠦᠢᠯᠡ ᠠᠵᠢᠯᠯᠠᠭ᠎ᠠ︔ | ︵ᠭᠤᠷᠪᠠ︶ ᠬᠠᠤᠯᠢ ᠪᠠᠷ ᠲᠣᠭᠲᠠᠭᠠᠭᠰᠠᠨ ᠡᠭᠦᠷᠭᠡ ᠪᠠᠨ ᠭᠦᠢᠴᠡᠳᠬᠡᠬᠦ ᠶᠢ ᠲᠡᠪᠴᠢᠵᠦ᠂ ᠬᠠᠤᠯᠢ ᠴᠠᠭᠠᠵᠠ ᠶᠢᠨ | ᠪᠠᠶᠢᠭᠤᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠤᠯᠠᠨ ᠨᠡᠶᠢᠲᠡ ᠳᠠᠬᠢ ᠢᠲᠡᠭᠡᠭᠦᠯᠬᠦ ᠬᠦᠴᠦᠨ ᠢ ᠬᠦᠨᠳᠦ | ᠨᠣᠴᠢᠲᠠᠢ ᠨᠥᠯᠥᠭᠡᠯᠡᠭᠰᠡᠨ ᠦᠢᠯᠡ ᠠᠵᠢᠯᠯᠠᠭ᠎ᠠ︔ | ︵ᠳᠥᠷᠪᠡ︶ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠰᠢᠭ ᠲᠤᠰᠠ ᠳᠤ ᠬᠤᠣᠷ ᠬᠥᠨᠥᠭᠡᠯ ᠤᠴᠠᠷᠠᠭᠤᠯᠤᠭᠰᠠᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠲᠥᠬᠦᠭᠡᠷᠦᠮᠵᠢ ᠶᠢ ᠡᠪᠳᠡᠭᠰᠡᠨ ᠵᠡᠷᠭᠡ ᠦᠢᠯᠡ ᠠᠵᠢᠯᠯᠠᠭ᠎ᠠ︔ | ︵ᠲᠠᠪᠤ︶ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠣᠨ ᠤᠯᠤᠰ ᠠᠴᠠ ᠲᠣᠭᠲᠠᠭᠠᠭᠰᠠᠨ ᠪᠤᠰᠤᠳ ᠬᠦᠨᠳᠦ | ᠨᠣᠴᠢᠲᠠᠢ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ᠃ | ᠭᠤᠴᠢᠨ ᠵᠢᠷᠭᠤᠳᠤᠭᠠᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠣᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ | ᠵᠣᠬᠢᠶᠠᠨ ᠪᠠᠶᠢᠭᠤᠯᠤᠯᠲᠠ ᠠᠴᠠ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠶᠢ ᠨᠤᠲᠠᠯᠠᠨ | ᠲᠣᠭᠲᠠᠭᠠᠬᠤ ᠲᠣᠭᠲᠠᠭᠠᠯ ᠭᠠᠷᠭᠠᠬᠤ ᠠᠴᠠ ᠡᠮᠦᠨ᠎ᠡ᠂ ᠢᠲᠡᠭᠡᠮᠵᠢ ᠶᠢᠨ ᠭᠤᠣᠯ ᠴᠣᠭᠴᠠ ᠶᠢᠨ ᠲᠣᠭᠲᠠᠭᠠᠭᠰᠠᠨ ᠤᠴᠢᠷ | ᠰᠢᠯᠲᠠᠭᠠᠨ᠂ ᠦᠨᠳᠦᠰᠦᠯᠡᠯ ᠪᠣᠯᠣᠨ ᠬᠠᠤᠯᠢ ᠶᠣᠰᠣᠭᠠᠷ ᠡᠳ᠋ᠯᠡᠬᠦ ᠡᠷᠬᠡ ᠶᠢ ᠬᠡᠯᠡᠵᠦ ᠥᠭᠬᠦ ᠬᠡᠷᠡᠭᠲᠡᠢ᠃ ᠢᠲᠡᠭᠡᠮᠵᠢ ᠶᠢᠨ | ᠭᠤᠣᠯ ᠴᠣᠭᠴᠠ ᠣᠨᠳᠣᠣ ᠰᠠᠨᠠᠯ ᠳᠤᠷᠠᠳᠤᠭᠰᠠᠨ ᠪᠠᠶᠢᠪᠠᠯ᠂ ᠬᠢᠨᠠᠨ ᠬᠠᠷᠭᠤᠭᠤᠯᠬᠤ ᠶᠢᠨ ᠬᠠᠮᠲᠤ ᠲᠣᠭᠲᠠᠭᠠᠭᠰᠠᠨ | ᠴᠠᠭ ᠬᠤᠭᠤᠴᠠᠭᠠᠨ ᠳᠣᠲᠣᠷ᠎ᠠ ᠬᠠᠷᠢᠭᠤ ᠲᠤᠰᠬᠠᠬᠤ ᠬᠡᠷᠡᠭᠲᠡᠢ᠃ | ᠢᠲᠡᠭᠡᠮᠵᠢ ᠶᠢᠨ ᠭᠤᠣᠯ ᠴᠣᠭᠴᠠ ᠶᠢ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ | ᠨᠡᠷᠡᠰ ᠲᠤ ᠵᠢᠭᠰᠠᠭᠠᠨ ᠣᠷᠣᠭᠤᠯᠬᠤ ᠳᠤ ᠨᠤᠲᠠᠯᠠᠨ ᠲᠣᠭᠲᠠᠭᠠᠭᠰᠠᠨ ᠲᠣᠭᠲᠠᠭᠠᠯ ᠤᠨ ᠪᠢᠴᠢᠭ ᠬᠠᠷ᠎ᠠ ᠭᠠᠷᠭᠠᠵᠤ᠂ | ᠤᠴᠢᠷ ᠰᠢᠯᠲᠠᠭᠠᠨ᠂ ᠦᠨᠳᠦᠰᠦᠯᠡᠯ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢᠨ | ᠰᠠᠨᠠᠭᠤᠯᠤᠮᠵᠢ᠂ ᠰᠢᠯᠵᠢᠭᠦᠯᠦᠨ ᠭᠠᠷᠭᠠᠬᠤ ᠨᠥᠬᠦᠴᠡᠯ ᠪᠠ ᠲᠠᠰ ᠳᠠᠷᠠᠭᠠᠯᠠᠯ ᠵᠢᠴᠢ ᠲᠡᠳᠬᠦᠬᠦ ᠠᠷᠭ᠎ᠠ ᠬᠡᠮᠵᠢᠶ᠎ᠡ ᠶᠢ | ᠲᠣᠳᠣᠷᠬᠠᠶᠢᠯᠠᠵᠤ᠂ ᠢᠲᠡᠭᠡᠮᠵᠢ ᠶᠢᠨ ᠭᠤᠣᠯ ᠴᠣᠭᠴᠠ ᠳᠤ ᠬᠠᠤᠯᠢ ᠶᠣᠰᠣᠭᠠᠷ ᠬᠦᠷᠭᠡᠬᠦ ᠶᠢᠨ ᠬᠠᠮᠲᠤ ᠨᠤᠲᠠᠯᠠᠨ | ᠲᠣᠭᠲᠠᠭᠠᠭᠰᠠᠨ ᠬᠦᠨᠳᠦ ᠨᠣᠴᠢᠲᠠᠢ ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠢ ᠥᠪᠡᠷᠲᠡᠭᠡᠨ ᠵᠠᠰᠠᠬᠤ | ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠴᠠᠭ ᠲᠤᠬᠠᠢ ᠳᠤ ᠨᠢ ᠨᠡᠶᠢᠭᠡᠮ ᠳᠤ | ᠨᠡᠶᠢᠲᠡᠯᠡᠬᠦ ᠬᠡᠷᠡᠭᠲᠡᠢ᠃ | ᠨᠤᠲᠠᠯᠠᠨ ᠲᠣᠭᠲᠠᠭᠠᠬᠤ ᠪᠠᠷᠢᠮᠵᠢᠶ᠎ᠠ ᠪᠠ ᠨᠤᠲᠠᠯᠠᠨ ᠲᠣᠭᠲᠠᠭᠠᠬᠤ ᠵᠢᠷᠤᠮ ᠶᠣᠰᠣᠭᠠᠷ ᠬᠦᠨᠳᠦ ᠨᠣᠴᠢᠲᠠᠢ | ᠢᠲᠡᠭᠡᠯ ᠠᠯᠳᠠᠭᠰᠠᠨ ᠭᠤᠣᠯ ᠴᠣᠭᠴᠠ ᠶᠢᠨ ᠨᠡᠷᠡᠰ ᠢ ᠳᠤᠷ᠎ᠠ ᠪᠠᠷ ᠢᠶᠠᠨ ᠥᠯᠥ ᠨᠤᠲᠠᠯᠠᠨ ᠲᠣᠭᠲᠠᠭᠠᠬᠤ ᠶᠢ | ᠴᠠᠭᠠᠵᠠᠯᠠᠨ᠎ᠠ᠃ | ᠭᠤᠴᠢᠨ ᠳᠣᠯᠣᠳᠤᠭᠠᠷ ᠵᠦᠢᠯ ᠬᠠᠤᠯᠢ ᠶᠢᠨ ᠬᠥᠮᠥᠨ᠂ ᠬᠠᠤᠯᠢ ᠶᠢᠨ ᠬᠥᠮᠥᠨ ᠪᠤᠰᠤ ᠵᠣᠬᠢᠶᠠᠨ | ᠪᠠᠶᠢᠭᠤᠯᠤᠯᠲᠠ ᠵᠡᠷᠭᠡ ᠨᠢ ᠬᠦᠨᠳᠦ ᠨᠣᠴᠢᠲᠠᠢ ᠢᠲᠡᠭᠡᠯ ᠢᠶᠠᠨ ᠠᠯᠳᠠᠭᠰᠠᠨ ᠭᠤᠣᠯ ᠴᠣᠭᠴᠠ ᠪᠠᠷ ᠨᠤᠲᠠᠯᠠᠨ | ᠲᠣᠭᠲᠠᠭᠠᠭᠰᠠᠨ ᠪᠠᠶᠢᠪᠠᠯ᠂ ᠤᠯᠤᠰ ᠤᠨ ᠲᠣᠭᠲᠠᠭᠠᠯ ᠶᠣᠰᠣᠭᠠᠷ ᠲᠡᠭᠦᠨ ᠤ ᠬᠠᠤᠯᠢ ᠪᠠᠷ ᠲᠣᠭᠲᠠᠭᠠᠭᠰᠠᠨ | ᠲᠥᠯᠥᠭᠡᠯᠡᠭᠴᠢ᠂ ᠭᠤᠣᠯ ᠬᠠᠷᠢᠭᠤᠴᠠᠯᠭᠠᠲᠠᠨ᠂ ᠪᠣᠳᠠᠲᠠᠢ ᠡᠵᠡᠮᠳᠡᠭᠴᠢ ᠶᠢ ᠢᠲᠡᠭᠡᠯ ᠠᠯᠳᠠᠭᠰᠠᠨ ᠲᠡᠮᠳᠡᠭᠯᠡᠯ ᠳᠤ | ᠣᠷᠣᠭᠤᠯᠬᠤ ᠬᠡᠷᠡᠭᠲᠡᠢ᠃ | ᠲᠠᠪᠤᠳᠤᠭᠠᠷ ᠪᠦᠯᠦᠭ ᠢᠲᠡᠭᠡᠮᠵᠢ ᠶᠢᠨ ᠭᠤᠣᠯ ᠴᠣᠭᠴᠠ ᠶᠢᠨ ᠡᠷᠬᠡ ᠠᠰᠢᠭ ᠢ ᠬᠠᠮᠠᠭᠠᠯᠠᠬᠤ | ᠭᠤᠴᠢᠨ ᠨᠠᠢᠮᠠᠳᠤᠭᠠᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠲᠤᠰ ᠪᠡᠶ᠎ᠡ ᠶᠢᠨ ᠢᠲᠡᠭᠡᠮᠵᠢ ᠶᠢᠨ | ᠮᠡᠳᠡᠭᠡ ᠵᠠᠩᠭᠢ ᠪᠠᠨ ᠪᠠᠶᠢᠴᠠᠭᠠᠨ ᠯᠠᠪᠯᠠᠬᠤ ᠪᠠ ᠪᠠᠭᠤᠯᠭᠠᠨ ᠠᠪᠬᠤ ᠡᠷᠬᠡ ᠲᠠᠢ᠂ ᠲᠡᠭᠦᠨ ᠲᠠᠢ ᠬᠤᠯᠪᠣᠭᠳᠠᠬᠤ | ᠢᠲᠡᠭᠡᠮᠵᠢ ᠶᠢᠨ ᠮᠡᠳᠡᠭᠡ ᠵᠠᠩᠭᠢ ᠶᠢ ᠴᠤᠭᠯᠠᠭᠤᠯᠤᠭᠰᠠᠨ᠂ ᠴᠤᠭᠯᠠᠭᠤᠯᠤᠨ ᠡᠮᠬᠢᠳᠬᠡᠭᠰᠡᠨ᠂ ᠪᠣᠯᠪᠠᠰᠤᠷᠠᠭᠤᠯᠤᠭᠰᠠᠨ ᠪᠠ | ᠬᠠᠮᠲᠤ ᠪᠠᠷ ᠬᠤᠪᠢᠶᠠᠯᠴᠠᠭᠰᠠᠨ ᠪᠠᠶᠢᠳᠠᠯ ᠵᠢᠴᠢ ᠲᠡᠭᠦᠨ ᠤ ᠢᠲᠡᠭᠡᠮᠵᠢ ᠶᠢᠨ ᠮᠡᠳᠡᠭᠦᠯᠦᠯᠲᠡ ᠳᠤ ᠲᠣᠳᠣᠷᠬᠠᠢ | ᠲᠡᠮᠳᠡᠭᠯᠡᠭᠰᠡᠨ ᠮᠡᠳᠡᠭᠡ ᠵᠠᠩᠭᠢ ᠶᠢᠨ ᠢᠷᠡᠯᠲᠡ ᠪᠠ ᠬᠤᠪᠢᠷᠠᠯᠲᠠ ᠶᠢᠨ ᠤᠴᠢᠷ ᠰᠢᠯᠲᠠᠭᠠᠨ ᠢ ᠮᠡᠳᠡᠬᠦ ᠡᠷᠬᠡ ᠲᠠᠢ᠃ | ᠭᠤᠴᠢ ᠶᠢᠰᠦᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠶᠢᠨ ᠵᠠᠷᠯᠠᠨ ᠨᠡᠶᠢᠲᠡᠯᠡᠭᠰᠡᠨ ᠪᠤᠶᠤ ᠲᠡᠮᠳᠡᠭᠯᠡᠭᠰᠡᠨ ᠤᠯᠠᠨ ᠨᠡᠶᠢᠲᠡ ᠶᠢᠨ | ᠢᠲᠡᠭᠡᠮᠵᠢ ᠶᠢᠨ ᠮᠡᠳᠡᠭᠡ ᠵᠠᠩᠭᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠵᠤ ᠪᠠᠶᠢᠨ᠎ᠠ ᠭᠡᠵᠦ | ᠦᠵᠡᠪᠡᠯ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠨᠤᠲᠠᠯᠠᠨ ᠲᠣᠭᠲᠠᠭᠠᠭᠰᠠᠨ ᠨᠢᠭᠡᠴᠢ ᠪᠤᠶᠤ ᠲᠡᠭᠦᠨ ᠤ | ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡᠯᠡᠨ ᠲᠡᠮᠳᠡᠭᠯᠡᠭᠰᠡᠨ ᠢᠲᠡᠭᠡᠮᠵᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠳᠤ ᠣᠨᠳᠣᠣ ᠰᠠᠨᠠᠯ ᠲᠠᠢ ᠪᠠᠶᠢᠬᠤ ᠭᠤᠶᠤᠴᠢᠯᠠᠯ ᠭᠠᠷᠭᠠᠵᠤ ᠪᠣᠯᠣᠨ᠎ᠠ᠄ | ︵ᠨᠢᠭᠡ︶ ᠪᠣᠳᠠᠲᠤ ᠪᠠᠶᠢᠳᠠᠯ ᠲᠠᠢ ᠨᠡᠶᠢᠴᠡᠬᠦ ᠦᠭᠡᠢ᠂ ᠪᠤᠷᠤᠭᠤᠳᠠᠭᠰᠠᠨ ᠪᠤᠶᠤ ᠣᠷᠬᠢᠭᠳᠠᠭᠤᠯᠤᠭᠰᠠᠨ | ᠪᠠᠶᠢᠳᠠᠯ ᠲᠠᠢ ᠪᠠᠶᠢᠬᠤ︔ | ︵ᠬᠤᠶᠠᠷ︶ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠪᠤᠶᠤ ᠪᠤᠰᠤᠳ ᠬᠠᠤᠯᠢ ᠶᠣᠰᠣᠨ ᠤ | ᠡᠷᠬᠡ ᠠᠰᠢᠭ ᠲᠤ ᠨᠢ ᠬᠠᠯᠳᠠᠬᠰᠠᠨ︔ | ︵ᠭᠤᠷᠪᠠ︶ ᠵᠠᠷᠯᠠᠨ ᠨᠡᠶᠢᠲᠡᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠮᠥᠨ ᠵᠠᠷᠯᠠᠨ ᠨᠡᠶᠢᠲᠡᠯᠡᠭᠰᠡᠨ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠨᠡᠶᠢᠲᠡᠯᠡᠵᠦ ᠪᠤᠯᠬᠤ ᠦᠭᠡᠢ | ᠪᠤᠰᠤᠳ ᠮᠡᠳᠡᠭᠡ ᠵᠠᠩᠭᠢ᠃ | ᠳᠥᠴᠢᠳᠦᠭᠡᠷ ᠵᠦᠢᠯ ᠢᠲᠡᠭᠡᠮᠵᠢ ᠶᠢᠨ ᠭᠤᠣᠯ ᠴᠣᠭᠴᠠ ᠨᠢ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ | ᠰᠡᠷᠭᠦᠭᠡᠬᠦ ᠡᠷᠬᠡ ᠶᠢ ᠬᠠᠤᠯᠢ ᠶᠣᠰᠣᠭᠠᠷ ᠡᠳ᠋ᠯᠡᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠤᠯᠤᠰ ᠠᠴᠠ | ᠲᠣᠭᠲᠠᠭᠠᠭᠰᠠᠨ ᠵᠠᠰᠠᠨ ᠰᠡᠷᠭᠦᠭᠡᠵᠦ ᠪᠤᠯᠬᠤ ᠦᠭᠡᠢ ᠪᠠᠶᠢᠳᠠᠯ ᠢ ᠭᠠᠷᠭᠠᠪᠠᠯ᠂ ᠬᠤᠯᠪᠣᠭᠳᠠᠯ ᠪᠦᠬᠦᠢ ᠨᠥᠬᠦᠴᠡᠯ ᠢ | ᠬᠠᠩᠭᠠᠭᠰᠠᠨ ᠢᠲᠡᠭᠡᠮᠵᠢ ᠶᠢᠨ ᠭᠤᠣᠯ ᠴᠣᠭᠴᠠ ᠨᠢ ᠴᠥᠮ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠨ | ᠰᠡᠷᠭᠦᠭᠡᠬᠦ ᠪᠠᠷ ᠭᠤᠶᠤᠴᠢᠯᠠᠬᠤ ᠡᠷᠬᠡ ᠲᠠᠢ᠃ | ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠣᠯᠠᠨ | ᠨᠡᠶᠢᠲᠡ ᠶᠢᠨ ᠬᠡᠷᠡᠭ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠤᠷᠢ ᠲᠠᠢ ᠵᠣᠬᠢᠶᠠᠨ ᠪᠠᠶᠢᠭᠤᠯᠤᠯᠲᠠ ᠨᠢ ᠢᠲᠡᠭᠡᠮᠵᠢ ᠶᠢ | ᠰᠡᠷᠭᠦᠭᠡᠬᠦ ᠬᠠᠮᠵᠢᠯᠴᠠᠬᠤ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠰᠡᠷᠭᠦᠭᠡᠭᠰᠡᠨ ᠦᠷ᠎ᠡ | ᠳ᠋ᠦᠩ ᠢ ᠴᠠᠭ ᠲᠤᠬᠠᠢ ᠳᠤ ᠨᠢ ᠵᠡᠷᠭᠡ ᠪᠠᠷ ᠰᠢᠨᠡᠳᠬᠡᠬᠦ ᠬᠡᠷᠡᠭᠲᠡᠢ᠃ ᠢᠲᠡᠭᠡᠮᠵᠢ ᠶᠢᠨ ᠰᠡᠷᠭᠦᠭᠡᠯᠲᠡ ᠶᠢ | ᠪᠡᠶᠡᠯᠡᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠨᠢᠭᠡᠴᠢ ᠨᠢ ᠢᠲᠡᠭᠡᠮᠵᠢ ᠶᠢᠨ ᠭᠤᠣᠯ ᠴᠣᠭᠴᠠ ᠶᠢ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠪᠠᠨ ᠵᠣᠭᠰᠤᠭᠠᠬᠤ ᠬᠡᠷᠡᠭᠲᠡᠢ᠃ | ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠶᠠᠮᠠᠷ ᠨᠢᠭᠡᠨ ᠭᠡᠯᠪᠡᠷᠢ ᠪᠠᠷ ᠢᠲᠡᠭᠡᠮᠵᠢ ᠶᠢᠨ | ᠰᠡᠷᠭᠦᠭᠡᠯᠲᠡ ᠶᠢ ᠭᠤᠶᠤᠴᠢᠯᠠᠭᠰᠠᠨ ᠭᠤᠣᠯ ᠴᠣᠭᠴᠠ ᠠᠴᠠ ᠶᠠᠮᠠᠷ ᠴᠤ ᠰᠦᠢᠳᠬᠡᠯ ᠬᠤᠷᠢᠶᠠᠵᠤ ᠪᠤᠯᠬᠤ ᠦᠭᠡᠢ᠃ | ᠢᠲᠡᠭᠡᠮᠵᠢ ᠶᠢᠨ ᠮᠡᠳᠡᠭᠡ ᠵᠠᠩᠭᠢ ᠶᠢ ᠰᠡᠷᠭᠦᠭᠡᠬᠦ ᠪᠣᠳᠠᠲᠠᠢ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ | ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠳᠥᠴᠢᠨ ᠨᠢᠭᠡᠳᠦᠭᠡᠷ ᠵᠦᠢᠯ ᠲᠥᠷᠥ ᠶᠢᠨ ᠪᠠᠶᠢᠭᠤᠯᠭ᠎ᠠ ᠵᠢᠴᠢ ᠬᠠᠤᠯᠢ ᠴᠠᠭᠠᠵᠠ᠂ ᠬᠠᠤᠯᠢ | ᠲᠣᠭᠲᠠᠭᠠᠯ ᠠᠴᠠ ᠡᠷᠬᠡ ᠣᠯᠭᠤᠭᠰᠠᠨ ᠤᠯᠠᠨ ᠨᠡᠶᠢᠲᠡ ᠶᠢᠨ ᠠᠵᠢᠯ ᠶᠠᠪᠤᠳᠠᠯ ᠢ ᠬᠠᠮᠢᠶᠠᠷᠬᠤ ᠡᠭᠦᠷᠭᠡ ᠴᠢᠳᠠᠪᠬᠢ | ᠪᠦᠬᠦᠢ ᠵᠣᠬᠢᠶᠠᠨ ᠪᠠᠶᠢᠭᠤᠯᠤᠯᠲᠠ ᠨᠤᠭᠤᠳ ᠳᠣᠣᠷ᠎ᠠ ᠵᠢᠭᠰᠠᠭᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ | ᠦᠭᠡᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠄ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢᠨ ᠠᠶᠤᠯ ᠦᠭᠡᠢ ᠶᠢᠨ ᠬᠠᠮᠢᠶᠠᠷᠤᠯᠲᠠ ᠶᠢᠨ ᠲᠣᠭᠲᠠᠴᠠ ᠪᠣᠯᠣᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠬᠤ ᠭᠡᠷᠡᠭᠲᠡᠢ︔ | ︵ᠬᠤᠶᠠᠷ︶ ᠢᠲᠡᠭᠡᠮᠵᠢ ᠶᠢᠨ ᠮᠡᠳᠡᠭᠡ ᠵᠠᠩᠭᠢ ᠶᠢ ᠬᠠᠶᠢᠨ ᠯᠠᠪᠯᠠᠬᠤ ᠳᠦᠷᠢᠮ ᠤᠨ ᠵᠢᠷᠤᠮᠵᠢᠯ ᠢ ᠪᠠᠶᠢᠭᠤᠯᠬᠤ | ᠭᠡᠷᠡᠭᠲᠡᠢ︔ | ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠠᠮᠢᠶᠠᠷᠬᠤ ᠨᠢᠭᠤᠴᠠ ᠶᠢ ᠬᠠᠮᠠᠭᠠᠯᠠᠬᠤ ᠶᠢ ᠬᠢᠨᠠᠨ | ᠪᠠᠶᠢᠴᠠᠭᠠᠬᠤ ᠳᠦᠷᠢᠮ ᠢ ᠪᠠᠶᠢᠭᠤᠯᠬᠤ ᠭᠡᠷᠡᠭᠲᠡᠢ︔ | ︵ᠳᠥᠷᠪᠡ︶ ᠠᠶᠤᠯᠭᠦᠢ ᠡᠵᠡᠮᠳᠡᠵᠦ ᠪᠤᠯᠬᠤ ᠮᠡᠷᠭᠡᠵᠢᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠬᠤ | ᠭᠡᠷᠡᠭᠳᠠᠢ︔ | ︵ᠲᠠᠪᠤ︶ ᠮᠡᠳᠡᠭᠡ ᠵᠠᠩᠭᠢ ᠶᠢᠨ ᠠᠮᠤᠷ ᠲᠦᠪᠰᠢᠨ ᠤ ᠲᠤᠬᠠᠢ ᠤᠯᠤᠰ ᠤᠨ ᠬᠤᠯᠪᠣᠭᠳᠠᠯ ᠪᠦᠬᠦᠢ ᠪᠤᠰᠤᠳ | ᠲᠣᠭᠲᠠᠭᠠᠯ ᠢ ᠵᠢᠷᠤᠮᠯᠠᠬᠤ ᠬᠡᠷᠡᠭᠲᠡᠢ᠃ | ᠳᠥᠴᠢᠨ ᠬᠤᠶᠠᠳᠤᠭᠠᠷ ᠵᠦᠢᠯ ᠶᠠᠮᠠᠷᠪᠠ ᠵᠣᠬᠢᠶᠠᠨ ᠪᠠᠶᠢᠭᠤᠯᠤᠯᠲᠠ ᠪᠠ ᠬᠤᠪᠢ ᠬᠥᠮᠥᠨ ᠳᠣᠣᠷᠠᠬᠢ | ᠦᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠢᠲᠡᠭᠡᠮᠵᠢ ᠶᠢᠨ ᠮᠡᠳᠡᠭᠡ ᠵᠠᠩᠭᠢ ᠶᠢ ᠬᠠᠤᠯᠢ ᠪᠤᠰᠤ ᠪᠠᠷ ᠬᠠᠩᠭᠠᠬᠤ᠂ ᠣᠯᠬᠤ᠂ ᠴᠤᠭᠯᠠᠭᠤᠯᠬᠤ᠂ | ᠴᠤᠭᠯᠠᠭᠤᠯᠤᠨ ᠡᠮᠬᠢᠳᠬᠡᠬᠦ᠂ ᠬᠠᠶᠢᠨ ᠯᠠᠪᠯᠠᠬᠤ᠂ ᠬᠠᠳᠠᠭᠠᠯᠠᠬᠤ᠂ ᠬᠡᠷᠡᠭᠯᠡᠬᠦ᠂ ᠬᠠᠮᠲᠤᠪᠠᠷ ᠬᠤᠪᠢᠶᠠᠯᠴᠠᠬᠤ᠂ ᠢᠯᠡ ᠪᠤᠯᠭᠠᠬᠤ᠂ | ᠪᠤᠯᠪᠠᠰᠤᠷᠠᠭᠤᠯᠬᠤ᠂ ᠳᠠᠮᠵᠢᠭᠤᠯᠬᠤ ᠵᠢᠴᠢ ᠬᠠᠳᠠᠭᠠᠯᠠᠬᠤ︔ | ︵ᠬᠤᠶᠠᠷ︶ ᠢᠲᠡᠭᠡᠮᠵᠢ ᠶᠢᠨ ᠭᠤᠣᠯ ᠴᠣᠭᠴᠠ ᠯᠤᠭ᠎ᠠ ᠪᠣᠯᠵᠣᠨ ᠲᠣᠭᠲᠠᠭᠰᠠᠨ ᠬᠡᠪᠴᠢᠶᠡᠨ ᠠᠴᠠ | ᠬᠡᠲᠦᠷᠡᠭᠦᠯᠦᠨ ᠢᠲᠡᠭᠡᠮᠵᠢ ᠶᠢᠨ ᠮᠡᠳᠡᠭᠡ ᠵᠠᠩᠭᠢ ᠶᠢ ᠭᠡᠷᠡᠭᠯᠡᠭᠦ︔ | ︵ᠭᠤᠷᠪᠠ︶ ᠢᠲᠡᠭᠡᠮᠵᠢ ᠶᠢᠨ ᠮᠡᠳᠡᠭᠡ ᠵᠠᠩᠭᠢ ᠶᠢ ᠬᠤᠯᠠᠭᠠᠶᠢᠯᠠᠵᠤ᠂ ᠥᠭᠡᠷᠡᠲᠦᠭᠦᠯᠵᠦ᠂ ᠬᠤᠳᠠᠯ ᠢᠶᠠᠷ ᠵᠣᠬᠢᠶᠠᠵᠤ᠂ | ᠲᠣᠭᠲᠠᠭᠠᠯ ᠠᠴᠠ ᠵᠥᠷᠢᠴᠡᠨ ᠬᠠᠰᠤᠵᠤ ᠬᠠᠶᠠᠬᠤ︔ | ︵ᠳᠥᠷᠪᠡ︶ ᠡᠷᠬᠡ ᠣᠯᠭᠤᠭᠰᠠᠨ ᠦᠭᠡᠢ ᠪᠠᠷ ᠢᠯᠡ ᠪᠤᠯᠭᠠᠬᠰᠠᠨ ᠢᠲᠡᠭᠡᠮᠵᠢ ᠶᠢᠨ ᠮᠡᠳᠡᠭᠡ ᠵᠠᠩᠭᠢ ᠶᠢ | ᠵᠠᠳᠠᠷᠠᠭᠤᠯᠬᠤ︔ | ︵ᠲᠠᠪᠤ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠥᠨ ᠤ ᠨᠢᠭᠤᠴᠠ ᠳᠤ | ᠬᠤᠯᠪᠣᠭᠳᠠᠭᠰᠠᠨ ᠢᠲᠡᠭᠡᠮᠵᠢ ᠶᠢᠨ ᠮᠡᠳᠡᠭᠡ ᠵᠠᠩᠭᠢ ᠶᠢ ᠵᠠᠳᠠᠷᠠᠭᠤᠯᠬᠤ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠦᠢᠯᠡ ᠠᠵᠢᠯᠯᠠᠭ᠎ᠠ᠃ | ᠵᠢᠷᠭᠤᠳᠤᠭᠠᠷ ᠪᠦᠯᠦᠭ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠢ ᠵᠢᠷᠤᠮᠵᠢᠭᠤᠯᠬᠤ ᠪᠠ | ᠬᠥᠭᠵᠢᠭᠦᠯᠬᠦ | ᠳᠥᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠨᠤᠭᠤᠳ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠭᠵᠢᠯᠲᠡ ᠶᠢ ᠲᠡᠮᠵᠢᠵᠤ᠂ | ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠶᠢ ᠪᠣᠶᠢᠵᠢᠭᠤᠯᠬᠤ ᠶᠢ ᠴᠢᠩᠭᠠᠳᠬᠠᠨ᠂ ᠢᠲᠡᠭᠡᠮᠵᠢ ᠶᠢᠨ | ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠲᠡᠮᠵᠢᠵᠤ᠂ ᠬᠥᠲᠥᠯᠥᠨ ᠵᠢᠯᠤᠭᠤᠳᠬᠤ ᠬᠡᠷᠡᠭᠲᠡᠢ᠃ | ᠳᠥᠴᠢᠨ ᠳᠥᠷᠪᠡᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ | ᠵᠠᠩᠭᠢ ᠶᠢᠨ ᠨᠡᠶᠢᠭᠡᠮ ᠳᠤ ᠨᠡᠭᠡᠭᠡᠯᠲᠡ ᠲᠠᠢ ᠪᠤᠯᠭᠠᠬᠤ ᠶᠢ ᠡᠮᠬᠢ ᠵᠢᠷᠤᠮ ᠲᠠᠢ ᠪᠠᠷ ᠥᠷᠭᠡᠳᠬᠡᠵᠦ᠂ ᠢᠲᠡᠭᠡᠮᠵᠢ ᠶᠢᠨ | ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ᠃ | ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠳᠤ ᠬᠢᠨᠠᠯᠲᠠ ᠲᠠᠯᠪᠢᠵᠤ ᠬᠠᠮᠢᠶᠠᠷᠬᠤ ᠪᠠᠨ ᠴᠢᠩᠭᠠᠳᠬᠠᠵᠤ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠶᠢᠨ ᠢᠲᠡᠭᠡᠮᠵᠢ ᠶᠢᠨ ᠠᠮᠠᠯᠠᠯᠲᠠ ᠶᠢᠨ ᠳᠦᠷᠢᠮ ᠢ ᠲᠣᠭᠲᠠᠭᠠᠨ᠂ ᠢᠲᠡᠭᠡᠮᠵᠢ ᠶᠢᠨ | ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠤᠨ ᠢᠲᠡᠭᠡᠮᠵᠢ ᠶᠢ ᠲᠡᠮᠳᠡᠭᠯᠡᠬᠦ | ᠲᠣᠭᠲᠠᠯᠴᠠᠭ᠎ᠠ ᠶᠢ ᠪᠦᠷᠢᠨᠰᠢᠭᠦᠯᠦᠨ᠎ᠡ᠃ | ᠳᠥᠴᠢᠨ ᠲᠠᠪᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ | ᠠᠵᠢᠯᠯᠠᠭᠰᠠᠳ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠥᠷᠨᠢᠭᠦᠯᠬᠦ ᠳᠤ᠂ ᠬᠠᠤᠯᠢ ᠴᠠᠭᠠᠵᠠ᠂ ᠬᠠᠤᠯᠢ | ᠲᠣᠭᠲᠠᠭᠠᠯ ᠤᠨ ᠲᠣᠭᠲᠠᠭᠠᠯ ᠵᠢᠴᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ | ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠯ ᠳᠤ ᠨᠡᠶᠢᠴᠡᠭᠰᠡᠨ ᠪᠠᠶᠢᠬᠤ ᠬᠡᠷᠡᠭᠲᠡᠢ᠂ ᠳᠣᠣᠷᠠᠬᠢ | ᠥᠢᠯᠡ ᠠᠵᠢᠯᠯᠠᠭ᠎ᠠ ᠶᠢ ᠬᠢᠵᠦ ᠪᠤᠯᠬᠤ ᠦᠭᠡᠢ᠄ | ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠳᠡᠰ ᠢ ᠠᠮᠠᠯᠠᠵᠤ ᠥᠭᠬᠦ | ᠵᠡᠷᠭᠡ ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢ ᠳᠠᠭᠠᠭᠠᠨ ᠠᠪᠬᠤ︔ | ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠤ︔ | ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦ︔ | ︵ᠳᠥᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠥᠢᠯᠡ ᠠᠵᠢᠯᠯᠠᠭ᠎ᠠ᠃ | ᠳᠥᠴᠢᠨ ᠵᠢᠷᠭᠤᠳᠤᠭᠠᠷ ᠵᠦᠢᠯ ᠢᠲᠡᠭᠡᠮᠵᠢ ᠶᠢᠨ ᠦᠢᠯᠡᠴᠢᠯᠡᠭᠡᠨ ᠤ ᠠᠵᠢᠯ ᠲᠦᠷᠦᠯ ᠤᠨ ᠵᠣᠬᠢᠶᠠᠨ | ᠪᠠᠶᠢᠭᠤᠯᠤᠯᠲᠠ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠬᠠᠮᠢᠶᠠᠷᠤᠯᠲᠠ ᠪᠠᠨ ᠴᠢᠩᠭᠠᠳᠬᠠᠵᠤ᠂ | ᠬᠠᠮᠢᠶᠠᠷᠤᠯᠲᠠ ᠶᠢᠨ ᠵᠢᠷᠤᠮᠵᠢᠯ ᠲᠣᠭᠲᠠᠭᠠᠨ᠂ ᠤᠬᠠᠭᠤᠯᠭ᠎ᠠ ᠪᠣᠯᠪᠠᠰᠤᠷᠠᠯ ᠪᠠ ᠠᠵᠢᠯ ᠲᠦᠷᠦᠯ ᠤᠨ ᠮᠡᠳᠡᠭᠡ ᠵᠠᠩᠭᠢ | ᠨᠡᠶᠢᠲᠡᠯᠡᠬᠦ ᠵᠡᠷᠭᠡ ᠠᠵᠢᠯᠯᠠᠭ᠎ᠠ ᠶᠢ ᠥᠷᠨᠢᠭᠦᠯᠵᠦ᠂ ᠠᠵᠢᠯ ᠲᠦᠷᠦᠯ ᠤᠨ ᠦᠢᠯᠡᠴᠢᠯᠡᠭᠡᠨ ᠤ ᠴᠢᠳᠠᠪᠤᠷᠢ ᠪᠠ ᠤᠯᠠᠨ | ᠨᠡᠶᠢᠲᠡ ᠳᠤ ᠢᠲᠡᠭᠡᠭᠦᠯᠬᠦ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ᠃ | ᠳᠣᠯᠣᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠳᠥᠴᠢᠨ ᠳᠣᠯᠣᠳᠤᠭᠠᠷ ᠵᠦᠢᠯ ᠲᠤᠰ ᠳᠦᠷᠢᠮ ᠤᠨ ᠲᠣᠭᠲᠠᠭᠠᠯ ᠠᠴᠠ ᠵᠥᠷᠢᠴᠡᠭᠰᠡᠨ ᠥᠢᠯᠡ | ᠠᠵᠢᠯᠯᠠᠭ᠎ᠠ ᠶᠢ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠪᠣᠳᠠᠲᠠᠢ | ᠰᠢᠢᠳᠬᠡᠨ ᠲᠣᠷᠭᠠᠬᠤ ᠲᠣᠭᠲᠠᠭᠠᠯ ᠲᠠᠢ ᠪᠣᠯ᠂ ᠲᠡᠷᠡ ᠲᠣᠭᠲᠠᠭᠠᠯ ᠢ ᠵᠢᠷᠤᠮᠯᠠᠨ᠎ᠠ᠃ | ᠳᠥᠴᠢᠨ ᠨᠠᠢᠮᠠᠳᠤᠭᠠᠷ ᠵᠦᠢᠯ ᠲᠤᠰ ᠳᠦᠷᠢᠮ ᠤᠨ ᠳᠥᠴᠢᠨ ᠲᠠᠪᠤᠳᠤᠭᠠᠷ ᠵᠦᠢᠯ ᠤᠨ ᠲᠣᠭᠲᠠᠭᠠᠯ ᠠᠴᠠ | ᠵᠥᠷᠢᠴᠡᠵᠦ᠂ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠬᠢᠭᠡᠳ ᠲᠡᠭᠦᠨ ᠤ ᠠᠵᠢᠯᠯᠠᠭᠰᠠᠳ ᠳᠣᠣᠷᠠᠬᠢ | ᠥᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠣᠨ ᠤ ᠬᠥᠭᠵᠢᠭᠦᠯᠦᠯᠲᠡ᠂ ᠥᠭᠡᠷᠡᠴᠢᠯᠡᠯᠲᠡ ᠶᠢᠨ ᠰᠠᠯᠠᠭ᠎ᠠ ᠮᠥᠴᠢᠷ ᠠᠴᠠ ᠬᠠᠤᠯᠢ ᠪᠤᠰᠤ | ᠣᠯᠵᠠᠪᠤᠷᠢ ᠶᠢ ᠨᠢ ᠬᠤᠷᠢᠶᠠᠨ ᠠᠪᠴᠤ᠂ ᠨᠢᠭᠡᠴᠢ ᠶᠢ 2 ᠲᠦᠮᠡᠨ ᠲᠥᠭᠦᠷᠢᠭ ᠠᠴᠠ ᠳᠡᠭᠡᠭᠰᠢ 20 ᠲᠦᠮᠡᠨ | ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠬᠤᠪᠢ ᠬᠥᠮᠥᠨ ᠢ 1 ᠲᠦᠮᠡᠨ ᠲᠥᠭᠦᠷᠢᠭ ᠠᠴᠠ ᠳᠡᠭᠡᠭᠰᠢ | 5 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠨ᠎ᠠ᠃ ᠢᠲᠡᠭᠡᠮᠵᠢ ᠶᠢᠨ ᠭᠤᠣᠯ ᠴᠣᠭᠴᠠ ᠶᠢᠨ ᠬᠠᠤᠯᠢ | ᠶᠣᠰᠣᠨ ᠤ ᠡᠷᠬᠡ ᠠᠰᠢᠭ ᠲᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ ᠬᠡᠷᠡᠭ ᠤᠨ | ᠬᠠᠷᠢᠭᠤᠴᠠᠯᠭ᠎ᠠ ᠡᠭᠦᠷᠭᠡᠯᠡᠨ᠎ᠡ᠃ ᠶᠠᠯ᠎ᠠ ᠳᠤ ᠭᠦᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠤᠳᠠᠯ ᠬᠠᠭᠤᠷᠮᠠᠭ ᠢᠶᠠᠷ ᠤᠬᠠᠭᠤᠯᠬᠤ᠂ ᠨᠤᠲᠠᠯᠠᠨ ᠲᠣᠭᠲᠠᠭᠠᠬᠤ ᠵᠡᠷᠭᠡ ᠲᠡᠰ ᠢ ᠠᠮᠠᠯᠠᠬᠤ ᠵᠡᠷᠭᠡ | ᠠᠷᠭ᠎ᠠ ᠮᠠᠶ᠋ᠢᠭ ᠢᠶᠠᠷ ᠲᠤᠬᠠᠶᠢᠯᠠᠭᠰᠠᠨ ᠠᠵᠢᠯ ᠢ ᠳᠠᠭᠠᠭᠠᠨ ᠠᠪᠤᠬᠰᠠᠨ︔ | ︵ᠬᠤᠶᠠᠷ︶ ᠮᠠᠭᠤ ᠰᠠᠨᠠᠭ᠎ᠠ ᠡᠪᠦᠷᠯᠡᠨ ᠢᠲᠡᠭᠡᠮᠵᠢ ᠶᠢᠨ ᠭᠤᠣᠯ ᠴᠣᠭᠴᠠ ᠳᠤ ᠲᠡᠰ ᠲᠣᠬᠲᠠᠭᠠᠬᠰᠠᠨ︔ | ︵ᠭᠤᠷᠪᠠ︶ ᠬᠤᠳᠠᠯ ᠬᠠᠭᠤᠷᠮᠠᠭ ᠢᠲᠡᠭᠡᠮᠵᠢ ᠶᠢᠨ ᠨᠤᠲᠠᠯᠠᠯᠲᠠ ᠶᠢᠨ ᠮᠡᠳᠡᠭᠦᠯᠦᠯᠲᠡ ᠭᠠᠷᠭᠠᠵᠤ ᠥᠭᠭᠦᠭᠰᠡᠨ᠃ | ᠳᠥᠴᠢ ᠶᠢᠰᠦᠳᠦᠭᠡᠷ ᠵᠦᠢᠯ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢᠨ | ᠠᠵᠢᠯ ᠤᠨ ᠳᠤᠮᠳᠠ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ | ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠠᠴᠠ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ | ᠪᠠᠶᠢᠭ᠎ᠠ ᠭᠤᠣᠯᠯᠠᠨ ᠬᠠᠮᠢᠶᠠᠷᠤᠭᠴᠢ ᠪᠠ ᠪᠤᠰᠤᠳ ᠰᠢᠭᠤᠳ ᠬᠠᠷᠢᠭᠤᠴᠠᠯᠭᠠᠲᠠᠨ ᠳᠤ ᠬᠠᠤᠯᠢ ᠶᠣᠰᠣᠭᠠᠷ ᠰᠢᠢᠳᠬᠡᠯ | ᠥᠭᠭᠦᠨ᠎ᠡ᠃ ᠶᠠᠯ᠎ᠠ ᠳᠤ ᠭᠦᠷᠥᠭᠰᠡᠨ ᠪᠣᠯ᠂ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ | ᠨᠡᠬᠡᠮᠵᠢᠯᠡᠨ᠎ᠡ᠃ | ᠨᠠᠢᠮᠠᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠲᠠᠪᠢᠳᠤᠭᠠᠷ ᠵᠦᠢᠯ ᠮᠡᠳᠡᠭᠡ ᠵᠠᠩᠭᠢ ᠴᠤᠭᠯᠠᠭᠤᠯᠬᠤ ᠠᠵᠤ ᠦᠢᠯᠡᠰ ᠤᠨ ᠬᠢᠨᠠᠯᠲᠠ ᠬᠠᠮᠢᠶᠠᠷᠤᠯᠲᠠ ᠶᠢ | ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠭᠦᠢᠴᠡᠳᠬᠡᠨ᠎ᠡ᠃ | ᠲᠠᠪᠢᠨ ᠨᠢᠭᠡᠳᠦᠭᠡᠷ ᠵᠦᠢᠯ ᠲᠤᠰ ᠳᠦᠷᠢᠮ ᠢ 2024 ᠣᠨ ᠤ 9 ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠡ᠃ | | | |