ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ 144 ᠳ᠋ᠦ᠋ᠭᠡᠷ ᠤᠳᠠᠭᠠᠨ ᠤ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠶᠠᠩ ᠰᠢᠩ ᠱᠧᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/8/23
     8 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 144 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠣᠯᠣᠨ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠴᠢᠩᠭᠠᠳᠬᠠᠬᠤ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠤᠪᠧᠢ ᠶᠢᠨ ᠱᠢ ᠶᠠᠨ ᠳ᠋ᠠᠨ ᠵᠢᠶᠠᠩ ᠺᠧᠦ ᠴᠥᠭᠦᠷᠥᠮ ᠤᠨ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢᠳ ᠲᠤ ᠥᠭᠭᠦᠭᠰᠡᠨ ᠬᠠᠷᠢᠭᠤ ᠵᠠᠬᠢᠳᠠᠯ ᠢ ᠤᠯᠠᠮᠵᠢᠯᠠᠨ ᠰᠤᠷᠤᠯᠴᠠᠪᠠ᠃ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠳᠤᠷᠠᠳᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠡᠭᠦᠷᠭᠡᠲᠦ ᠪᠣᠳᠣᠯ ᠢᠶᠠᠨ ᠦᠨᠡᠨᠬᠦ ᠴᠢᠩᠭᠠᠳᠬᠠᠬᠤ ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠪᠠ ᠰᠣᠶᠣᠯ ᠤᠨ ᠥᠪ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠪᠠᠶᠢᠩᠭᠤᠵᠢᠭᠰᠠᠨ ᠲᠣᠣᠷᠵᠢᠭᠤᠯᠤᠭᠰᠠᠨ ᠬᠠᠮᠠᠭᠠᠯᠠᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠲᠣᠭᠤᠷᠢᠨ ᠪᠠᠶᠢᠴᠠᠭᠠᠬᠤ ᠶᠢ ᠪᠠᠶᠢᠩᠭᠤ ᠥᠷᠨᠢᠭᠦᠯᠵᠦ᠂ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠮᠠᠭᠠᠯᠠᠬᠤ ᠪᠠ ᠬᠥᠭᠵᠢᠭᠦᠯᠬᠦ ᠶᠢᠨ ᠬᠠᠷᠢᠴᠠᠭ᠎ᠠ ᠶᠢ ᠰᠠᠶᠢᠲᠤᠷ ᠵᠣᠬᠢᠴᠠᠭᠤᠯᠬᠤ ᠶᠢ ᠴᠢᠬᠤᠯᠠᠴᠢᠯᠠᠵᠤ᠂ ᠰᠣᠶᠣᠯ ᠪᠠ ᠪᠠᠶᠢᠭᠠᠯᠢ ᠶᠢᠨ ᠥᠪ ᠢ ᠬᠠᠮᠠᠭᠠᠯᠠᠵᠤ ᠤᠯᠠᠮᠵᠢᠯᠠᠨ ᠠᠰᠢᠭᠯᠠᠬᠤ ᠶᠢ ︽ᠤᠮᠠᠷᠠᠲᠤ ᠬᠢᠯᠢ ᠶᠢᠨ ᠰᠣᠶᠣᠯ︾ ᠤᠨ ᠪᠦᠲᠦᠭᠡᠨ ᠪᠠᠶᠢᠭᠤᠯᠤᠯᠲᠠ ᠳᠤ ᠪᠦᠲᠦᠮᠵᠢᠲᠡᠶ ᠠᠭᠤᠰᠤᠯᠴᠠᠭᠤᠯᠵᠤ᠂ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠲᠥᠯᠥᠨ ᠵᠢᠯᠤᠭᠤᠳᠴᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠢᠳᠡᠪᠬᠢᠵᠢᠯ ᠢ ᠲᠠᠶᠢᠴᠢᠯᠠᠵᠤ᠂ ᠬᠥᠮᠥᠨ ᠨᠢᠭᠡᠪᠦᠷᠢ ᠶᠢ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠭᠴᠢ᠂ ᠪᠦᠲᠦᠭᠡᠨ ᠪᠠᠶᠢᠭᠤᠯᠤᠭᠴᠢ᠂ ᠠᠰᠢᠭ ᠬᠦᠷᠳᠡᠭᠴᠢ ᠪᠣᠯᠭᠠᠵᠤ᠂ ᠮᠠᠨ ᠤ ᠰᠢᠶᠠᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠪᠣᠯᠣᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠦᠬᠦ ᠬᠤᠳᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠦᠴᠦᠸᠠᠨ ᠤ ᠲᠤᠬᠠᠢ ᠶᠢᠨ ᠲᠠᠯᠠᠪᠠᠢ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠲᠤᠬᠠᠢ ᠶᠢᠨ ᠲᠠᠯᠠᠪᠠᠢ ᠶᠢᠨ ᠬᠤᠷᠠᠯ ᠠᠴᠠ ᠦᠴᠦᠸᠠᠨ ᠰᠢᠶᠠᠨ ᠤ ᠥᠩᠭᠡᠷᠡᠭᠰᠡᠨ ᠨᠢᠭᠡ ᠵᠢᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠦᠷᠭᠦᠯᠵᠢᠯᠡᠨ ᠪᠠᠲᠤᠳᠬᠠᠵᠤ᠂ ᠠᠵᠢᠯ ᠬᠢᠵᠦ ᠦᠢᠯᠡᠰ ᠪᠣᠰᠬᠠᠬᠤ ᠬᠦᠴᠦᠨ ᠢᠶᠠᠨ ᠴᠢᠩᠭᠠᠯᠠᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠣᠯᠣᠨ ᠭᠤᠣᠯ ᠡᠭᠦᠷᠭᠡ ᠶᠢᠨ ᠶᠣᠰᠣᠭᠠᠷ᠂ ᠠᠩᠬᠠᠷᠤᠯ ᠢᠶᠠᠨ ᠲᠥᠪᠯᠡᠷᠡᠭᠦᠯᠦᠨ᠂ ᠬᠠᠷᠠᠯᠲᠠ ᠪᠠᠨ ᠬᠤᠪᠢᠷᠠᠭᠤᠯᠬᠤ ᠦᠭᠡᠢ᠂ ᠵᠣᠷᠢᠭ ᠢᠶᠠᠨ ᠬᠤᠪᠢᠷᠠᠭᠤᠯᠬᠤ ᠦᠭᠡᠢ ᠪᠠᠶᠢᠵᠤ᠂ ︽ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ ᠠᠵᠤ ᠦᠢᠯᠡᠰ ᠢ ᠠᠳᠬᠤᠵᠤ᠂ ᠬᠤᠳᠠᠯᠳᠤᠭᠠᠴᠢᠨ ᠤᠷᠢᠬᠤ ᠶᠢ ᠠᠳᠬᠤᠵᠤ᠂ ᠲᠦᠷᠦᠯ ᠵᠦᠢᠯ ᠢ ᠠᠳᠬᠤᠬᠤ ᠬᠡᠷᠡᠭᠲᠡᠢ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠲᠠᠰᠤᠷᠠᠯᠲᠠ ᠦᠭᠡᠢ ᠠᠬᠢᠭᠤᠯᠵᠤ᠂ ︽ᠬᠥᠬᠡᠬᠤᠲᠠ ᠪᠤᠭᠤᠲᠤ︾ ᠶᠢᠨ ᠨᠢᠭᠡ ᠬᠤᠲᠠᠴᠢᠯᠠᠯᠲᠠ ᠨᠢᠭᠡ ᠴᠣᠭᠴᠠᠵᠢᠭᠰᠠᠨ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠰᠢᠶᠠᠨ ᠤ ᠳᠣᠲᠣᠷᠠᠬᠢ ᠪᠠ ᠡᠷᠬᠢᠨ ᠲᠣᠭᠤᠷᠢᠨ ᠤ ᠭᠠᠵᠠᠷ ᠣᠷᠣᠨ ᠤ ᠦᠵᠡᠮᠵᠢ ᠶᠢᠨ ᠣᠷᠣᠨ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠵᠣᠯᠭᠠᠭᠤᠯᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠣᠷᠣᠨ ᠪᠦᠰᠡ ᠶᠢᠨ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠨ ᠬᠡᠯᠬᠢᠶ᠎ᠡ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦ ᠣᠷᠣᠭᠤᠯᠵᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠯᠲᠡ᠂ ᠠᠵᠤ ᠦᠢᠯᠡᠰᠵᠢᠯᠲᠡ᠂ ᠲᠦᠷᠦᠯ ᠲᠡᠮᠳᠡᠭᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠬᠡᠷᠡᠭᠲᠡᠢ᠃ ᠠᠵᠤ ᠦᠢᠯᠡᠳᠪᠦᠷᠢ ᠶᠢᠨ ᠠᠵᠤ ᠠᠬᠤᠢ ᠳᠤ ᠦᠵᠡᠭᠦᠯᠬᠦ ᠴᠢᠬᠤᠯᠠ ᠲᠤᠯᠭᠠᠭᠤᠷᠢᠯᠠᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠴᠡᠪᠡᠷ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢ ᠲᠦᠷᠭᠡᠳᠬᠡᠵᠦ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠦᠢᠯᠡᠳᠪᠦᠷᠢ ᠶᠢᠨ ᠬᠡᠪᠴᠢᠶ᠎ᠡ ᠪᠣᠯᠣᠨ ᠦᠢᠯᠡᠳᠬᠦᠨ ᠤ ᠶᠡᠷᠦᠩᠬᠡᠢ ᠦᠷᠳᠡᠭ ᠢ ᠲᠣᠭᠲᠠᠭᠤᠨ ᠢᠶᠠᠷ ᠥᠷᠭᠡᠳᠬᠡᠬᠦ ᠬᠡᠷᠡᠭᠲᠡᠢ᠃ ᠲᠠᠷᠠᠭᠠᠴᠢ ᠶᠢᠨ ᠠᠯᠬᠤᠮ ᠳᠤ᠂ ᠦᠷᠭᠦᠯᠵᠢᠯᠡᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠲᠠᠷᠢᠮᠠᠯ᠂ ᠠᠵᠤ ᠦᠢᠯᠡᠳᠪᠦᠷᠢ ᠶᠢᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠰᠣᠶᠣᠯ ᠵᠢᠭᠤᠯᠴᠢᠯᠠᠯ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠴᠢᠳᠠᠪᠤᠷᠢ ᠣᠯᠭᠤᠬᠤ᠂ ᠬᠤᠲᠠ ᠪᠠᠯᠭᠠᠰᠤ ᠪᠠ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠲᠣᠭᠤᠷᠢᠨ ᠳᠤ᠂ ᠨᠢᠭᠡ ᠪᠦᠯᠦᠭ ᠠᠵᠤ ᠦᠢᠯᠡᠰ ᠢᠶᠠᠷ ᠴᠢᠩᠭ᠎ᠠ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠢᠶᠠᠷ ᠰᠠᠶᠢᠨ ᠲᠥᠷᠥᠯ ᠵᠦᠢᠯ ᠢ ᠤᠷᠢᠳᠴᠢᠯᠠᠨ ᠲᠥᠯᠥᠪᠵᠢᠭᠦᠯᠵᠦ᠂ ᠦᠴᠦᠸᠠᠨ ᠤ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠪᠣᠯᠣᠨ ᠪᠤᠰᠤᠳ ᠵᠦᠢᠯᠡᠰ ᠢ ᠰᠤᠳᠤᠯᠪᠠ᠃ ︵ᠰᠣᠷᠪᠤᠯᠵᠢᠯᠠᠬᠴᠢ ᠵᠣᠤ ᠯᠢᠩ ᠾᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号