ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠰᠢᠶᠠᠨ ᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2024/8/23
     8 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ 2024 ᠣᠨ ᠤ ᠳᠣᠣᠷ᠎ᠠ ᠬᠠᠭᠠᠰ ᠵᠢᠯ ᠵᠢᠴᠢ 2025 ᠣᠨ ᠤ ᠪᠠᠶᠢᠭᠤᠯᠬᠤ ᠪᠠᠷ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠠᠵᠤ ᠦᠢᠯᠡᠰ ᠬᠥᠭᠵᠢᠪᠡᠯ ᠰᠢᠶᠠᠨ ᠤ ᠬᠡᠪᠴᠢᠶ᠎ᠡ ᠶᠢ ᠮᠠᠨᠳᠤᠭᠤᠯᠤᠨ᠎ᠠ᠂ ᠲᠦᠷᠦᠯ ᠵᠦᠢᠯ ᠪᠣᠯ ᠠᠵᠤ ᠦᠢᠯᠡᠰ ᠤᠨ ᠬᠥᠭᠵᠢᠯᠲᠡ ᠶᠢ ᠲᠤᠯᠭᠠᠭᠤᠷᠢᠯᠠᠬᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠴᠢᠬᠤᠯᠠ ᠬᠥᠳᠡᠯᠭᠡᠭᠦᠷ ᠪᠣᠯᠣᠨ᠎ᠠ᠃ ᠡᠯ᠎ᠡ ᠲᠦᠷᠦᠭᠦᠯᠡᠨ ᠬᠠᠷᠢᠭᠤᠴᠠᠬᠤ ᠤᠳᠤᠷᠢᠳᠤᠯᠭ᠎ᠠ ᠪᠣᠯᠣᠨ ᠬᠠᠮᠢᠶ᠎ᠠ ᠪᠦᠬᠦᠢ ᠰᠢᠶᠠᠩ ᠪᠠᠯᠭᠠᠰᠤ᠂ ᠰᠠᠯᠠᠭ᠎ᠠ ᠮᠥᠴᠢᠷ ᠤᠳ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠡᠳᠬᠢᠯ ᠲᠠᠯᠪᠢᠨ ᠬᠦᠴᠦᠯᠡᠨ ᠠᠬᠢᠭᠤᠯᠬᠤ ᠬᠡᠷᠡᠭᠲᠡᠢ᠃ ᠲᠥᠷᠥᠯ ᠵᠦᠢᠯ ᠢ ᠳᠠᠩᠰᠠᠯᠠᠬᠤ᠂ ᠲᠥᠯᠥᠪᠵᠢᠭᠦᠯᠦᠨ ᠵᠢᠷᠤᠬᠤ᠂ ᠭᠠᠵᠠᠷ ᠰᠢᠷᠣᠢ ᠶᠢ ᠮᠡᠳᠡᠭᠦᠯᠦᠨ ᠵᠥᠪᠰᠢᠶᠡᠷᠡᠭᠦᠯᠬᠦ ᠵᠡᠷᠭᠡ ᠡᠮᠦᠨᠡᠬᠢ ᠬᠤᠭᠤᠴᠠᠭᠠᠨ ᠤ ᠭᠠᠷᠳᠠᠮ ᠭᠦᠢᠴᠡᠳᠬᠡᠬᠦ ᠴᠢᠬᠤᠯᠠᠲᠠᠢ ᠲᠥᠷᠥᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠨ᠂ ᠳᠡᠭᠡᠳᠦ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠭᠦᠢᠴᠡᠳ ᠪᠥᠭᠡᠳ ᠨᠠᠷᠢᠯᠢᠭ ᠬᠢᠵᠦ᠂ ᠲᠥᠷᠥᠯ ᠵᠦᠢᠯ ᠢ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠦᠲᠦᠭᠡᠨ ᠪᠠᠶᠢᠭᠤᠯᠤᠯᠲᠠ ᠶᠢ ᠶᠠᠭ ᠠᠬᠢᠭᠤᠯᠵᠤ ᠪᠠᠶᠢᠭ᠎ᠠ ᠲᠥᠷᠥᠯ ᠵᠦᠢᠯ ᠳᠤ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠶ ᠵᠣᠯᠭᠠᠭᠤᠯᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠭᠤᠣᠯᠳᠠᠯᠭ᠎ᠠ ᠲᠠᠢ ᠲᠥᠷᠥᠯ ᠵᠦᠢᠯ ᠤᠨ ᠠᠯᠢ ᠲᠦᠷᠭᠡᠨ ᠢᠶᠠᠷ ᠦᠢᠯᠡᠳᠪᠦᠷᠢᠯᠡᠯ ᠤᠨ ᠪᠠᠷᠢᠮᠵᠢᠶ᠎ᠠ ᠳᠤ ᠬᠦᠷᠴᠦ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠬᠠᠮᠢᠶ᠎ᠠ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ︵ᠰᠣᠷᠪᠤᠯᠵᠢᠯᠠᠬᠴᠢ ᠵᠣᠤ ᠯᠢᠩ ᠾᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号