ᠪᠥᠬᠦ ᠬᠤᠲᠠ ᠶᠢᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠶᠢᠨ ᠲᠠᠯᠠᠪᠤᠷ ᠤᠨ ᠠᠬᠢᠭᠤᠯᠬᠤ ᠬᠤᠷᠠᠯ ᠦᠴᠦᠸᠠᠨ ᠰᠢᠶᠠᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2024/8/23
      ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠨᠠᠩ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠤᠷᠢᠳᠴᠢᠯᠠᠨ ᠰᠡᠷᠭᠡᠶᠢᠯᠡᠬᠦ᠂ ᠡᠮᠨᠡᠨ ᠵᠠᠰᠠᠬᠤ᠂ ᠡᠷᠡᠭᠦᠯᠵᠢᠭᠦᠯᠬᠦ ᠵᠡᠷᠭᠡ ᠡᠷᠡᠭᠦᠯ ᠮᠡᠨᠳᠦ ᠶᠢᠨ ᠦᠢᠯᠡᠴᠢᠯᠡᠭᠡ ᠭᠥᠷᠳᠡᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ 8 ᠰᠠᠷ᠎ᠠ ᠶᠢᠨ 22 ᠤᠨ ᠡᠳᠦᠷ᠂ 2024 ᠣᠨ ᠳᠤ ᠪᠦᠬᠦ ᠬᠤᠳᠠ ᠶᠢᠨ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠤᠨ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠦᠴᠦᠸᠠᠨ ᠰᠢᠶᠠᠨ ᠳᠤ ᠬᠤᠷᠠᠯᠳᠤᠪᠠ᠃ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠭᠤᠣᠯ ᠬᠠᠷᠢᠭᠤᠴᠠᠯᠭᠠᠲᠠᠨ ᠬᠢᠭᠡᠳ ᠡᠯ᠎ᠡ ᠬᠤᠰᠢᠭᠤ ᠰᠢᠶᠠᠨ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠮᠠᠨ ᠤ ᠰᠢᠶᠠᠨ ᠤ ᠬᠠᠮᠢᠶ᠎ᠠ ᠪᠦᠬᠦᠢ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠠᠷ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ ᠦᠴᠦᠸᠠᠨ ᠰᠢᠶᠠᠨ ᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠬᠠᠮᠢᠶ᠎ᠠ ᠪᠦᠬᠦᠢ ᠠᠵᠢᠯ ᠤᠨ ᠲᠤᠬᠠᠢ ᠲᠠᠨᠢᠯᠴᠠᠭᠤᠯᠪᠠ᠃      ᠣᠶᠢᠯᠠᠭᠠᠭᠰᠠᠨ ᠢᠶᠠᠷ᠂ ᠡᠨᠡ ᠵᠢᠯ ᠠᠴᠠ ᠨᠠᠰᠢ᠂ ᠦᠴᠦᠸᠠᠨ ᠰᠢᠶᠠᠨ ᠭᠤᠷᠪᠠᠨ ᠡᠮᠨᠡᠯᠭᠡ ᠶᠢᠨ ᠬᠠᠮᠲᠤᠷᠠᠭᠰᠠᠨ ᠬᠥᠭᠵᠢᠯᠲᠡ ᠪᠠᠷ ᠭᠤᠣᠯ ᠪᠣᠯᠭᠠᠭᠰᠠᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠠᠵᠢᠯ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠢᠯ ᠤᠨ ᠰᠡᠳᠬᠢᠴᠡ ᠪᠠᠨ ᠰᠢᠨᠡᠴᠢᠯᠡᠵᠦ᠂ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠠᠵᠢᠯ ᠤᠨ ᠪᠣᠳᠠᠲᠠᠢ ᠶᠢ ᠡᠷᠬᠢᠮᠯᠡᠵᠦ᠂ ᠠᠷᠭ᠎ᠠ ᠬᠡᠮᠵᠢᠶ᠎ᠡ ᠶᠢ ᠬᠦᠴᠦᠲᠡᠢ ᠪᠣᠯᠭᠠᠵᠤ᠂ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠺᠠᠷᠲ ᠢᠶᠠᠷ ᠨᠢᠭᠡᠳᠦᠯᠲᠡᠢ ᠲᠥᠯᠥᠪᠯᠡᠨ ᠳ᠋ᠦᠩᠨᠡᠨ ᠪᠤᠳᠤᠬᠤ᠂ ᠡᠭᠦᠳᠡᠨ ᠳᠤᠨᠢ ᠬᠦᠷᠴᠦ ᠡᠮ ᠡᠮᠴᠢᠯᠡᠭᠡ ᠬᠠᠩᠭᠠᠬᠤ ᠨᠢᠭᠡ ᠯᠡ ᠥᠷᠲᠡᠭᠡᠨ ᠤ ᠮᠠᠶ᠋ᠢᠭ ᠤᠨ ᠦᠢᠯᠡᠴᠢᠯᠡᠭᠡ ᠶᠢ ᠦᠨᠡᠨᠬᠦ ᠲᠦᠯᠬᠢᠨ ᠠᠬᠢᠭᠤᠯᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠬᠠᠮᠲᠤ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠬᠦᠴᠢᠷᠳᠡᠯ ᠪᠠ ᠪᠠᠭᠤᠷᠠᠢ ᠲᠠᠯ᠎ᠠ ᠶᠢ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号