ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/8/26
                       ︵2024 ᠣᠨ ᠤ 8 ᠰᠠᠷ᠎ᠠ ᠶᠢᠨ 1 ᠤ ᠡᠳᠦᠷ︶      ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠦᠷᠢᠮ ᠪᠣᠯ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠤᠨ ᠨᠢᠭᠡ ᠮᠥᠨ᠂ ᠦᠷ᠎ᠡ ᠪᠦᠲᠦᠮᠵᠢᠲᠡᠢ ᠵᠠᠬ᠎ᠠ ᠳᠡᠯᠭᠡᠭᠦᠷ ᠪᠠ ᠦᠷ᠎ᠡ ᠪᠦᠲᠦᠮᠵᠢᠲᠡᠢ ᠵᠠᠰᠠᠭ ᠤᠨ ᠣᠷᠳᠣᠨ ᠤ ᠨᠡᠩ ᠰᠠᠶᠢᠨ ᠤᠶᠠᠯᠳᠤᠯ ᠢ ᠠᠬᠢᠭᠤᠯᠬᠤ ᠶᠢᠨ ᠵᠠᠩᠭᠢᠯᠠᠭ᠎ᠠ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠳᠦᠷᠢᠮ ᠢ ᠲᠡᠭᠦᠯᠳᠡᠷᠵᠢᠭᠦᠯᠦᠨ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠬᠤᠷᠢᠭ᠎ᠠ ᠰᠠᠭᠠᠳ ᠢ ᠭᠦᠨᠵᠡᠭᠡᠢ ᠡᠪᠳᠡᠵᠦ᠂ ᠨᠡᠭᠡᠭᠡᠯᠲᠡ ᠲᠠᠢ ᠪᠥᠭᠡᠳ ᠢᠯᠡ ᠲᠣᠳᠣ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ᠂ ᠡᠷᠬᠡ ᠲᠡᠭᠰᠢ ᠪᠠᠷ ᠥᠷᠢᠰᠦᠯᠳᠦᠬᠦ᠂ ᠡᠷᠬᠡ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠬᠦᠴᠦᠨ ᠲᠠᠢ  ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠳᠦᠷᠢᠮ ᠤᠨ ᠰᠢᠰᠲ᠋ᠧᠮ ᠢ ᠴᠣᠭᠴᠠᠯᠠᠨ ᠪᠠᠶᠢᠭᠤᠯᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠦᠨ᠎ᠡ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠲᠣᠭᠲᠠᠭᠠᠭᠰᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠬᠠᠤᠯᠢ ᠶᠣᠰᠣᠭᠠᠷ ᠲᠣᠭᠲᠠᠭᠠᠭᠰᠠᠨ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠲᠦᠷ ᠴᠠᠭ ᠤᠨ ᠴᠢᠨᠠᠷᠲᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠥᠮ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠪᠦᠭᠦ ᠤᠯᠤᠰ ᠤᠨ ᠨᠢᠭᠡᠳᠦᠯᠲᠡᠢ   ᠨᠠᠵᠠᠭᠠᠢ ᠲᠠᠯ᠎ᠠ ᠶᠢᠨ ᠨᠠᠷᠢᠨ ᠳᠠᠩᠰᠠ ᠳᠤ ᠣᠷᠣᠭᠤᠯᠤᠨ᠎ᠠ᠃ ᠱᠠᠭᠠᠷᠳᠠᠯᠭ᠎ᠠ ᠶᠣᠰᠣᠭᠠᠷ ᠨᠠᠶᠢᠷᠠᠭᠤᠯᠤᠨ ᠵᠣᠬᠢᠶᠠᠭᠰᠠᠨ ᠡᠯ᠎ᠡ ᠲᠦᠷᠦᠯ ᠤᠨ ᠪᠦᠭᠦ ᠤᠯᠤᠰ ᠤᠨ ᠳᠡᠰ ᠳᠠᠪᠬᠤᠷᠭ᠎ᠠ ᠶᠢᠨ ᠣᠷᠣᠬᠤ ᠶᠢ ᠵᠥᠪᠰᠢᠶᠡᠷᠡᠬᠦ ᠲᠥᠷᠥᠯ ᠤᠨ ᠨᠠᠷᠢᠨ ᠳᠠᠩᠰᠠ ᠶᠢᠨ ᠭᠠᠷᠴᠠᠭ ᠪᠠ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠪᠡᠯᠡ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ᠂ ᠣᠷᠴᠢᠨ ᠲᠣᠭᠤᠷᠢᠨ ᠤ ᠲᠥᠷᠥ ᠶᠢᠨ ᠪᠣᠳᠣᠯᠭ᠎ᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠵᠡᠷᠭᠡ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠳᠤ ᠬᠤᠯᠪᠣᠭᠳᠠᠭᠰᠠᠨ ᠵᠦᠢᠯᠡᠰ ᠢ ᠪᠦᠭᠦᠨ ᠢ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠳᠤ ᠣᠷᠣᠭᠤᠯᠵᠤ᠂ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠨᠢ ᠨᠠᠷᠢᠨ ᠳᠠᠩᠰᠠ ᠠᠴᠠ ᠭᠠᠳᠠᠨᠠᠬᠢ ᠬᠦᠷᠢᠶ᠎ᠡ ᠴᠠᠷᠠᠭ᠎ᠠ ᠳᠤ ᠬᠠᠤᠯᠢ ᠶᠣᠰᠣᠭᠠᠷ ᠡᠷᠬᠡ ᠲᠡᠭᠰᠢ ᠪᠠᠷ ᠣᠷᠣᠵᠤ ᠪᠣᠯᠣᠨ᠎ᠠ᠃ ᠨᠠᠷᠢᠨ ᠳᠠᠩᠰᠠ ᠠᠴᠠ ᠭᠠᠳᠠᠨ᠎ᠠ ᠲᠣᠭᠲᠠᠭᠠᠯ ᠠᠴᠠ ᠵᠥᠷᠢᠴᠡᠨ ᠣᠷᠣᠬᠤ ᠵᠥᠪᠰᠢᠶᠡᠷᠡᠯ ᠭᠠᠷᠭᠠᠬᠤ᠂  ᠲᠣᠭᠲᠠᠭᠠᠯ ᠠᠴᠠ ᠵᠥᠷᠢᠴᠡᠨ ᠣᠷᠣᠬᠤ ᠵᠥᠪᠰᠢᠶᠡᠷᠡᠯ ᠤᠨ ᠨᠥᠬᠦᠴᠡᠯ ᠨᠡᠮᠡᠬᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠰᠢᠨᠵᠢ ᠴᠢᠨᠠᠷ ᠲᠠᠢ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠥᠪᠡᠰᠦᠪᠡᠨ ᠲᠣᠭᠲᠠᠭᠠᠬᠤ᠂ ᠡᠰᠡᠬᠦᠯ᠎ᠡ ᠣᠨᠴᠠ ᠵᠥᠪᠰᠢᠶᠡᠷᠡᠭᠰᠡᠨ ᠡᠵᠡᠩᠨᠡᠯᠲᠡ᠂ ᠵᠢᠭᠠᠨ ᠲᠣᠭᠲᠠᠭᠠᠭᠰᠠᠨ ᠡᠵᠡᠩᠨᠡᠯᠲᠡ᠂ ᠪᠠᠶᠢᠴᠠᠭᠠᠨ ᠰᠢᠨᠵᠢᠵᠦ ᠭᠡᠷᠡᠴᠢᠯᠡᠬᠦ ᠵᠡᠷᠭᠡ ᠶᠢ ᠬᠡᠷᠡᠭᠵᠢᠭᠦᠯᠬᠦ ᠶᠠᠪᠤᠴᠠ ᠳᠤ ᠲᠣᠭᠲᠠᠭᠠᠯ ᠠᠴᠠ ᠵᠥᠷᠢᠴᠡᠬᠦ   ᠶᠢ ᠵᠥᠪᠰᠢᠶᠡᠷᠡᠬᠦ ᠬᠠᠷᠰᠢ ᠰᠠᠭᠠᠳ ᠭᠠᠷᠭᠠᠬᠤ ᠶᠢ ᠴᠢᠩᠭ᠎ᠠ ᠴᠠᠭᠠᠵᠠᠯᠠᠨ᠎ᠠ᠃ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠳᠤ ᠬᠥᠳᠡᠯᠦᠩᠭᠦᠢ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠵᠦ᠂ ᠨᠠᠷᠢᠨ ᠳᠠᠩᠰᠠ ᠶᠢᠨ ᠵᠦᠢᠯᠡᠰ ᠤᠨ ᠠᠭᠤᠯᠭ᠎ᠠ᠂ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠶᠢ ᠨᠡᠶᠢᠭᠡᠮ ᠳᠤ ᠪᠦᠭᠦ ᠲᠠᠯ᠎ᠠ ᠪᠠᠷ ᠢᠯᠡ ᠪᠣᠯᠭᠠᠨ᠎ᠠ᠃      ᠬᠤᠶᠠᠷ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠳᠦᠷᠢᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠠ᠃ ᠠᠭᠤᠵᠢᠭᠤ ᠣᠷᠣᠭᠤᠯᠵᠤ ᠴᠢᠩᠭ᠎ᠠ ᠬᠠᠮᠢᠶᠠᠷᠬᠤ ᠶᠢ ᠬᠡᠷᠡᠭᠵᠢᠭᠦᠯᠵᠦ᠂ ᠭᠦᠢᠴᠡᠳ ᠥᠷᠢᠰᠦᠯᠳᠦᠬᠦ ᠬᠦᠷᠢᠶᠡᠨ ᠳᠤ ᠣᠷᠣᠬᠤ ᠵᠥᠪᠰᠢᠶᠡᠷᠡᠯ ᠢ ᠴᠢᠯᠦᠭᠡᠲᠡᠢ ᠪᠤᠯᠭᠠᠵᠤ᠂ ᠡᠵᠡᠩᠨᠡᠯᠲᠡ ᠶᠢᠨ ᠭᠤᠣᠯ ᠴᠣᠭᠴᠠ ᠶᠢᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠶᠡᠭᠡ ᠪᠠᠷ ᠪᠠᠭᠠᠰᠬᠠᠨ᠎ᠠ᠃ ᠤᠯᠤᠰ ᠤᠨ ᠠᠮᠤᠷ ᠲᠦᠪᠰᠢᠨ᠂ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ ᠪᠣᠯᠣᠨ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠡᠬᠢ ᠪᠠᠶᠠᠯᠢᠭ ᠤᠨ ᠨᠡᠭᠡᠭᠡᠯᠲᠡ᠂ ᠴᠢᠬᠤᠯᠠ ᠶᠡᠭᠡ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠬᠤ ᠬᠦᠷᠢᠶᠡᠨ ᠳᠤ ᠨᠡᠶᠢᠭᠡᠮ ᠤᠨ ᠦᠷ᠎ᠡ ᠠᠰᠢᠭ ᠪᠣᠯᠣᠨ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠵᠤ᠂ ᠣᠷᠣᠬᠤ ᠵᠥᠪᠰᠢᠶᠡᠷᠡᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠬᠡᠷᠡᠭᠵᠢᠭᠦᠯᠦᠨ᠎ᠡ᠃ ᠡᠵᠡᠩᠨᠡᠯᠲᠡ ᠨᠢ ᠠᠶᠠᠨᠳᠠᠭᠠᠨ ᠭᠠᠭᠴᠠᠭᠠᠷ ᠡᠵᠡᠮᠰᠢᠬᠦ ᠭᠤᠭᠴᠤᠭ᠎ᠠ ᠶᠢᠨ ᠲᠤᠬᠠᠶᠢᠯᠠᠭᠰᠠᠨ ᠠᠵᠢᠯ ᠤᠨ ᠠᠵᠤ ᠠᠬᠤᠶᠢᠯᠠᠯ ᠤᠨ ᠭᠠᠭᠴᠠᠭᠠᠷ ᠡᠵᠡᠮᠰᠢᠬᠦ ᠴᠢᠨᠠᠷᠲᠠᠢ ᠲᠤᠬᠠᠶᠢᠯᠠᠭᠰᠠᠨ ᠠᠵᠢᠯ ᠪᠠ ᠥᠷᠢᠰᠦᠯᠳᠦᠭᠡᠨ ᠤ ᠴᠢᠨᠠᠷᠲᠠᠢ ᠲᠤᠬᠠᠶᠢᠯᠠᠭᠰᠠᠨ ᠠᠵᠢᠯ ᠥᠷᠨᠢᠭᠦᠯᠬᠦ ᠬᠦᠷᠢᠶ᠎ᠡ ᠬᠡᠪᠴᠢᠶ᠎ᠡ ᠳᠤ ᠬᠢᠨᠠᠯᠲᠠ ᠬᠠᠮᠢᠶᠠᠷᠤᠯᠲᠠ ᠬᠢᠵᠦ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠭᠠᠭᠴᠠᠭᠠᠷ ᠡᠵᠡᠮᠰᠢᠬᠦ ᠳᠠᠪᠠᠭᠤᠯᠢᠭ ᠢᠶᠠᠨ ᠠᠰᠢᠭᠯᠠᠨ ᠡᠬᠢᠨ ᠤ ᠪᠠ ᠡᠴᠦᠰ ᠤᠨ ᠬᠡᠯᠬᠢᠶᠡᠨ ᠤ ᠥᠷᠢᠰᠦᠯᠳᠦᠭᠡᠨ ᠤ ᠴᠢᠨᠠᠷᠲᠠᠢ ᠭᠤᠭᠴᠤᠭ᠎ᠠ ᠲᠡᠶᠢᠰᠢ ᠤᠷᠲᠤᠳᠬᠠᠬᠤ ᠪᠤᠶᠤ᠂ ᠡᠬᠢᠨ ᠤ ᠪᠠ ᠡᠴᠦᠰ ᠤᠨ ᠥᠷᠢᠰᠦᠯᠳᠦᠭᠡᠨ ᠤ ᠴᠢᠨᠠᠷᠲᠠᠢ ᠭᠤᠭᠴᠤᠭ᠎ᠠ ᠶᠢᠨ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠰᠡᠷᠭᠡᠶᠢᠯᠡᠨ ᠬᠤᠷᠢᠭᠯᠠᠬᠤ ᠪᠠ ᠠᠷᠢᠯᠭᠠᠨ᠎ᠠ᠃ ᠮᠥᠩᠭᠦᠨ ᠭᠦᠢᠯᠭᠡᠭᠡᠨ ᠤ ᠠᠵᠢᠯ ᠲᠥᠷᠥᠯ ᠤᠨ ᠣᠷᠣᠬᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃  ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ  ᠰᠢᠰᠲ᠋ᠧᠮ ᠢ ᠪᠠᠷᠠᠯᠠᠯᠳᠤ ᠴᠢᠨᠠᠷᠲᠠᠢ ᠪᠠᠷ ᠪᠠᠶᠢᠷᠢᠯᠠᠭᠤᠯᠵᠤ᠂ ᠰᠢᠨ᠎ᠡ ᠴᠢᠨᠠᠷ  ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ᠃      ᠭᠤᠷᠪᠠ᠂ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠪᠠ ᠣᠷᠣᠬᠤ ᠶᠢ ᠵᠥᠪᠰᠢᠶᠡᠷᠡᠬᠦ ᠵᠦᠢᠯᠡᠰ ᠢ ᠵᠦᠢ ᠵᠣᠬᠢᠰᠲᠠᠢ ᠲᠣᠭᠲᠠᠭᠠᠨ᠎ᠠ᠃ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠᠲᠠᠢ ᠬᠦᠷᠢᠶᠡᠨ ᠳᠤ᠂ ᠦᠨᠡᠬᠡᠷ ᠴᠢᠬᠤᠯᠠᠲᠠᠢ ᠪᠣᠯ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠲᠣᠭᠲᠠᠭᠠᠵᠤ ᠪᠣᠯᠣᠨ᠎ᠠ᠂ ᠡᠰᠡᠬᠦᠯ᠎ᠡ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠡᠵᠡᠩᠨᠡᠯᠲᠡ ᠶᠢᠨ ᠭᠤᠣᠯ ᠴᠣᠭᠴᠠ ᠶᠢᠨ ᠬᠢᠷᠢ ᠭᠡᠮ᠂ ᠰᠲ᠋ᠣᠺ ᠤᠨ ᠡᠷᠬᠡ ᠶᠢᠨ ᠬᠠᠷᠢᠴᠠᠯ᠂ ᠡᠵᠡᠩᠨᠡᠯᠲᠡ ᠶᠢᠨ ᠬᠡᠪᠴᠢᠶ᠎ᠡ᠂ ᠡᠵᠡᠩᠨᠡᠯᠲᠡ ᠶᠢᠨ ᠭᠡᠯᠪᠡᠷᠢ᠂ ᠬᠤᠳᠠᠯᠳᠤᠭᠠᠨ ᠤ ᠵᠠᠭᠪᠤᠷ ᠵᠡᠷᠭᠡ ᠶᠢᠨ ᠣᠷᠣᠬᠤ ᠶᠢ ᠵᠥᠪᠰᠢᠶᠡᠷᠡᠬᠦ ᠬᠠᠮᠢᠶᠠᠷᠬᠤ ᠠᠷᠭ᠎ᠠ ᠠᠪᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠵᠦᠢᠯᠡᠰ ᠢ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠵᠥᠪᠰᠢᠶᠡᠷᠡᠬᠦ ᠦᠭᠡᠢ᠂ ᠬᠠᠷᠭᠤᠭᠤᠯᠤᠨ ᠵᠥᠪᠰᠢᠶᠡᠷᠡᠬᠦ ᠦᠭᠡᠢ᠂ ᠬᠤᠯᠪᠣᠭᠳᠠᠯ ᠪᠦᠬᠦᠢ ᠭᠠᠷ ᠭᠦᠢᠴᠡᠳᠬᠡᠯ ᠬᠢᠵᠦ ᠥᠭᠬᠦ ᠦᠭᠡᠢ᠂ ᠬᠠᠤᠯᠢ ᠲᠣᠭᠲᠠᠭᠠᠯ ᠠᠴᠠ ᠵᠥᠷᠢᠴᠡᠨ ᠣᠷᠣᠬᠤ ᠦᠢᠯᠡ ᠠᠵᠢᠯᠯᠠᠭ᠎ᠠ ᠶᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠣᠷᠣᠬᠤ ᠶᠢ ᠵᠥᠪᠰᠢᠶᠡᠷᠡᠬᠦ ᠵᠦᠢᠯᠡᠰ ᠲᠤ ᠣᠷᠣᠨ ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠠᠴᠠ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ᠂ ᠮᠡᠷᠭᠡᠵᠢᠯ ᠤᠨ ᠪᠠᠷᠢᠮᠵᠢᠶ᠎ᠠ᠂ ᠵᠥᠪᠰᠢᠶᠡᠷᠡᠬᠦ ᠱᠠᠭᠠᠷᠳᠠᠯᠭ᠎ᠠ᠂ ᠭᠦᠢᠴᠡᠳᠬᠡᠬᠦ ᠴᠤᠪᠤᠷᠠᠯ᠂ ᠭᠦᠢᠴᠡᠳᠬᠡᠬᠦ ᠴᠠᠭ ᠤᠨ ᠬᠢᠵᠠᠭᠠᠷ ᠢ ᠢᠯᠡ ᠪᠤᠯᠭᠠᠵᠤ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠦᠢᠯᠡᠴᠢᠯᠡᠭᠡᠨ ᠤ ᠳᠦᠷᠢᠮ ᠢ ᠲᠣᠭᠲᠠᠭᠠᠨ᠂ ᠡᠵᠡᠩᠨᠡᠯᠲᠡ ᠶᠢᠨ ᠭᠤᠣᠯ ᠴᠣᠭᠴᠠ ᠠᠴᠠ ᠲᠣᠭᠲᠠᠭᠠᠭᠰᠠᠨ ᠨᠥᠬᠦᠴᠡᠯ ᠪᠠ ᠠᠷᠭ᠎ᠠ ᠮᠠᠶ᠋ᠢᠭ ᠢᠶᠠᠷ ᠲᠣᠭᠲᠠᠭᠠᠯ ᠳᠤ ᠨᠡᠶᠢᠴᠡᠭᠦᠯᠦᠨ ᠣᠷᠣᠭᠤᠯᠤᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠴᠠᠭᠠᠵᠠᠯᠠᠬᠤ ᠪᠤᠶᠤ ᠣᠷᠣᠬᠤ ᠶᠢ ᠵᠥᠪᠰᠢᠶᠡᠷᠡᠬᠦ ᠶᠢ ᠬᠡᠷᠡᠭᠵᠢᠭᠦᠯᠦᠭᠰᠡᠨ ᠦᠭᠡᠢ ᠪᠤᠯᠪᠠᠴᠤ ᠪᠦᠷᠢᠳᠬᠡᠨ ᠳᠠᠩᠰᠠᠯᠠᠭᠤᠯᠤᠭᠰᠠᠨ ᠶᠣᠰᠣᠭᠠᠷ ᠬᠠᠮᠢᠶᠠᠷᠤᠭᠰᠠᠨ ᠵᠦᠢᠯᠡᠰ ᠲᠤ᠂ ᠪᠦᠷᠢᠳᠬᠡᠨ ᠳᠠᠩᠰᠠᠯᠠᠬᠤ ᠨᠡᠷ᠎ᠡ ᠪᠠᠷ ᠭᠡᠯᠪᠡᠷᠢ ᠶᠢ ᠨᠢ ᠥᠭᠡᠷᠡᠲᠦᠭᠦᠯᠦᠨ ᠵᠥᠪᠰᠢᠶᠡᠷᠡᠯ ᠲᠣᠭᠲᠠᠭᠠᠵᠤ ᠪᠤᠯᠬᠤ ᠦᠭᠡᠢ᠃      ᠳᠥᠷᠪᠡ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ ᠲᠣᠬᠢᠷᠠᠭᠤᠯᠤᠯᠲᠠ ᠬᠢᠬᠦ ᠳᠡᠰ ᠳᠠᠷᠠᠭᠠᠯᠠᠯ ᠢ ᠲᠣᠳᠣᠷᠬᠠᠶᠢᠯᠠᠨ᠎ᠠ᠃ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠰᠢᠨ᠎ᠡ ᠪᠠᠷ ᠨᠡᠮᠡᠭᠳᠡᠭᠦᠯᠬᠦ ᠪᠤᠶᠤ ᠲᠣᠬᠢᠷᠠᠭᠤᠯᠤᠯᠲᠠ ᠬᠢᠬᠦ ᠠᠴᠠ ᠡᠮᠦᠨ᠎ᠡ᠂ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ︽ᠬᠡᠨ ᠲᠣᠭᠲᠠᠭᠠᠭᠰᠠᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ ᠴᠢᠬᠤᠯᠠ ᠴᠢᠨᠠᠷ᠂ ᠠᠮᠤᠷ ᠲᠦᠪᠰᠢᠨ ᠴᠢᠨᠠᠷ᠂ ᠬᠦᠴᠦᠨ ᠪᠦᠬᠦᠢ ᠴᠢᠨᠠᠷ ᠢ ᠦᠨᠡᠯᠡᠨ ᠵᠢᠱᠢᠬᠦ ᠶᠢ ᠥᠪᠡᠰᠦᠪᠡᠨ ᠥᠷᠨᠢᠭᠦᠯᠵᠦ᠂ ᠦᠨᠡᠯᠡᠨ ᠵᠢᠱᠢᠬᠦ ᠶᠢ ᠪᠠᠲᠤᠯᠠᠭᠰᠠᠨ ᠤ ᠳᠠᠷᠠᠭ᠎ᠠ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠢ ᠲᠣᠭᠲᠠᠭᠠᠬᠤ ᠪᠤᠶᠤ ᠵᠠᠰᠠᠪᠤᠷᠢ ᠣᠷᠣᠭᠤᠯᠬᠤ ᠪᠠᠷ ᠳᠡᠪᠰᠢᠭᠦᠯᠬᠦ ᠬᠡᠷᠡᠭᠲᠡᠢ᠃ ᠠᠵᠤ ᠠᠬᠤᠢ ᠶᠢᠨ ᠡᠷᠭᠢᠯᠲᠡ ᠳᠤ ᠭᠡᠨᠡᠳᠲᠡ ᠡᠭᠦᠰᠬᠦ ᠬᠦᠨᠳᠦ ᠶᠡᠭᠡ ᠲᠦᠭᠰᠢᠭᠦᠷᠢ ᠤᠴᠠᠷᠠᠭᠤᠯᠵᠤ ᠮᠡᠳᠡᠪᠡᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠲᠦᠷ ᠴᠠᠭ ᠤᠨ ᠴᠢᠨᠠᠷᠲᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠠᠪᠴᠤ ᠪᠣᠯᠣᠨ᠎ᠠ᠃      ᠲᠠᠪᠤ᠂ ᠳᠣᠲᠣᠭᠠᠳᠤ ᠭᠠᠳᠠᠭᠠᠳᠤ ᠪᠡᠯᠡ ᠶᠢᠨ ᠣᠷᠣᠬᠤ   ᠶᠢ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢᠨ ᠬᠠᠮᠵᠢᠯᠴᠠᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ ᠳᠣᠲᠣᠭᠠᠳᠤ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠲᠦᠷᠦ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠵᠦ ᠬᠠᠮᠵᠢᠯᠴᠠᠬᠤ ᠶᠢ ᠴᠢᠩᠭᠠᠳᠬᠠᠵᠤ᠂ ᠤᠳᠤ ᠪᠠᠶᠢᠭ᠎ᠠ ᠡᠵᠡᠩᠨᠡᠯᠲᠡ ᠶᠢᠨ ᠭᠤᠣᠯ ᠴᠣᠭᠴᠠ ᠶᠢᠨ ᠣᠷᠣᠬᠤ ᠵᠥᠪᠰᠢᠶᠡᠷᠡᠯ ᠤᠨ ᠲᠣᠭᠢᠶᠠᠯ ᠢ ᠬᠤᠬᠢᠷᠠᠭᠤᠯᠬᠤ ᠦᠭᠡᠢ ᠪᠠᠶᠢᠬᠤ ᠤᠷᠢᠲᠠᠯ ᠳᠣᠣᠷ᠎ᠠ᠂ ᠠᠷᠠᠳ ᠢᠷᠭᠡᠨ ᠤ ᠬᠠᠷᠠᠭᠠᠯᠵᠠᠯ ᠤᠨ ᠵᠠᠷᠴᠢᠮ ᠢ ᠪᠠᠷᠢᠮᠲᠠᠯᠠᠨ᠎ᠠ᠃ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠴᠢᠯᠦᠭᠡᠲᠡᠢ ᠪᠤᠯᠭᠠᠵᠥ᠂ ᠳᠣᠲᠣᠭᠠᠳᠤ ᠪᠡᠯᠡ ᠶᠢ ᠵᠡᠷᠭᠡ ᠪᠠᠷ ᠴᠢᠯᠦᠭᠡᠲᠡᠢ ᠪᠤᠯᠭᠠᠨ᠎ᠠ; ᠤᠯᠠᠨ ᠤᠯᠤᠰ ᠤᠨ ᠬᠡᠯᠡᠯᠴᠡᠭᠡᠷ ᠪᠠ ᠠᠮᠠᠯᠠᠯᠲᠠ ᠶᠢ ᠵᠥᠷᠢᠴᠡᠬᠦ ᠦᠭᠡᠢ ᠤᠷᠢᠲᠠᠯ ᠳᠣᠣᠷ᠎ᠠ᠂ ᠳᠣᠲᠣᠭᠠᠳᠤ ᠪᠡᠯᠡ ᠳᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠲᠣᠭᠲᠠᠭᠠᠭᠰᠠᠨ ᠪᠠᠶᠢᠪᠠᠯ᠂ ᠭᠠᠳᠠᠭᠠᠳᠤ ᠪᠡᠯᠡ ᠳᠤ ᠵᠡᠷᠭᠡ ᠪᠠᠷ ᠬᠡᠷᠡᠭᠯᠡᠨ᠎ᠡ᠃ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠨᠥᠬᠦᠴᠡᠯ ᠲᠠᠢ ᠭᠠᠵᠠᠷ ᠣᠷᠣᠨ ᠤ ᠨᠡᠩ ᠠᠮᠤᠷ ᠲᠦᠪᠰᠢᠨ᠂ ᠳᠥᠭᠦᠮ ᠳᠥᠲᠡ᠂ ᠥᠨᠳᠥᠷ ᠪᠦᠲᠦᠮᠵᠢᠲᠡᠢ ᠳᠣᠲᠣᠭᠠᠳᠤ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠬᠠᠮᠵᠢᠯᠴᠠᠭᠠᠨ ᠤ ᠵᠠᠭᠪᠤᠷ ᠢ ᠰᠦᠪᠡᠭᠴᠢᠯᠡᠬᠦ ᠶᠢ ᠵᠣᠷᠢᠭᠵᠢᠭᠤᠯᠤᠨ᠎ᠠ᠃      ᠵᠢᠷᠭᠤᠭ᠎ᠠ᠂ ᠦᠢᠯᠡᠴᠢᠯᠡᠭᠡᠨ ᠤ ᠦᠢᠯᠡᠰ ᠤᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠡᠮᠬᠢ ᠵᠢᠷᠤᠮ ᠲᠠᠢ ᠪᠠᠷ ᠠᠭᠤᠵᠢᠭᠤ ᠲᠠᠯᠪᠢᠨ᠎ᠠ᠃ ᠤᠯᠤᠰ ᠤᠨ ᠠᠮᠤᠷ ᠲᠦᠪᠰᠢᠨ᠂ ᠨᠡᠶᠢᠭᠡᠮ ᠤᠨ ᠲᠣᠭᠲᠠᠭᠤᠨ ᠳᠤ ᠬᠤᠯᠪᠣᠭᠳᠠᠬᠤ ᠦᠭᠡᠢ᠂ ᠵᠠᠬ᠎ᠠ ᠳᠡᠯᠭᠡᠭᠦᠷ ᠤᠨ ᠭᠦᠢᠴᠡᠳ ᠥᠷᠢᠰᠦᠯᠳᠦᠭᠡᠨ ᠳᠤ ᠲᠦᠰᠢᠭᠯᠡᠨ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠪᠤᠯᠬᠤ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ ᠬᠦᠷᠢᠶᠡᠨ ᠳᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠠᠯᠬᠤᠮ ᠠᠯᠬᠤᠮ ᠢᠶᠠᠷ ᠬᠦᠴᠦᠨ ᠦᠭᠡᠢ ᠪᠣᠯᠭᠠᠨ᠎ᠠ᠃ ᠠᠷᠠᠳ ᠤᠨ ᠠᠮᠢᠳᠤᠷᠠᠯ ᠤᠨ ᠴᠢᠬᠤᠯᠠ ᠬᠦᠷᠢᠶ᠎ᠡ ᠴᠠᠷᠠᠭ᠎ᠠ ᠳᠤ ᠬᠤᠯᠪᠣᠭᠳᠠᠭᠰᠠᠨ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠵᠡᠷᠭᠡ ᠠᠵᠢᠯ ᠲᠥᠷᠥᠯ ᠳᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠯᠠᠪᠳᠠᠭᠤᠨ ᠢᠶᠠᠷ ᠠᠭᠤᠵᠢᠭᠤ ᠲᠠᠯᠪᠢᠵᠤ᠂ ᠨᠠᠰᠤᠵᠢᠯ᠂ ᠨᠠᠶᠢᠳᠠᠵᠤ ᠰᠠᠭᠠᠲᠠᠭᠤᠯᠤᠨ ᠬᠥᠮᠥᠵᠢᠭᠦᠯᠬᠦ᠂ ᠵᠡᠮᠳᠡᠭᠴᠦᠳ ᠢ ᠲᠤᠰᠠᠯᠠᠬᠤ ᠵᠡᠷᠭᠡ ᠠᠵᠢᠯ ᠲᠥᠷᠥᠯ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠰᠢᠯᠢᠳᠡᠭᠵᠢᠭᠦᠯᠦᠨ᠎ᠡ᠃  ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠵᠦᠢ ᠵᠣᠬᠢᠰ ᠦᠭᠡᠢ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠢᠯᠭᠠᠷᠠᠭᠤᠯᠵᠤ᠂ ᠭᠠᠵᠠᠷ ᠣᠷᠣᠨ ᠠᠯᠤᠰᠯᠠᠨ ᠡᠵᠡᠩᠨᠡᠬᠦ ᠵᠠᠰᠠᠭ ᠵᠠᠬᠢᠷᠭᠠᠨ ᠤ ᠬᠤᠷᠢᠭ᠎ᠠ ᠶᠢ ᠠᠷᠢᠯᠭᠠᠨ᠂ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠠᠵᠢᠯᠯᠠᠭ᠎ᠠ ᠡᠷᠭᠢᠯᠡᠭᠦ ᠬᠢᠷᠢ ᠭᠡᠮ᠂ ᠰᠲ᠋ᠣᠺ ᠤᠨ ᠡᠷᠬᠡ ᠶᠢᠨ ᠬᠠᠷᠢᠴᠠᠯ᠂ ᠳᠠᠩᠰᠠᠯᠠᠭᠤᠯᠤᠭᠰᠠᠨ ᠪᠡᠯᠡ ᠮᠥᠩᠭᠦ᠂ ᠠᠵᠢᠯ ᠡᠷᠬᠢᠯᠡᠭᠰᠡᠳ᠂ ᠡᠵᠡᠩᠨᠡᠯᠲᠡ ᠶᠢᠨ  ᠲᠠᠯᠠᠪᠤᠷ ᠭᠠᠵᠠᠷ᠂ ᠡᠵᠡᠩᠨᠡᠬᠦ ᠬᠡᠪᠴᠢᠶ᠎ᠡ ᠵᠡᠷᠭᠡ ᠱᠠᠭᠠᠷᠳᠠᠯᠭ᠎ᠠ ᠶᠢ ᠠᠭᠤᠵᠢᠭᠤ ᠲᠠᠯᠪᠢᠵᠤ᠂ ᠣᠷᠴᠢᠨ ᠲᠣᠭᠤᠷᠢᠨ ᠤ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠠᠮᠤᠷ ᠢ ᠬᠠᠮᠠᠭᠠᠯᠠᠬᠤ᠂ ᠶᠠᠰᠤ ᠴᠢᠨᠠᠷ ᠤᠨ ᠪᠠᠶᠢᠴᠠᠭᠠᠯᠲᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠬᠦᠷᠢᠶᠡᠨ ᠳᠤ ᠲᠣᠭᠲᠠᠭᠠᠯ ᠠᠴᠠ ᠵᠥᠷᠢᠴᠡᠨ ᠣᠷᠣᠬᠤ ᠵᠥᠪᠰᠢᠶᠡᠷᠡᠯ ᠤᠨ ᠬᠠᠷᠰᠢ ᠰᠠᠭᠠᠳ ᠭᠠᠷᠭᠠᠵᠤ ᠪᠤᠯᠬᠤ ᠦᠭᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠠᠮᠢᠶ᠎ᠠ ᠪᠦᠬᠦᠢ ᠵᠠᠭᠤᠴᠢ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠢᠯᠡ ᠪᠠᠷ ᠭᠦᠢᠴᠡᠳᠬᠡᠬᠦ ᠶᠢ ᠠᠬᠢᠭᠤᠯᠤᠨ᠎ᠠ᠃      ᠳᠣᠯᠤᠭ᠎ᠠ᠂ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠬᠦᠷᠢᠶ᠎ᠡ ᠴᠠᠷᠠᠭ᠎ᠠ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠭᠦᠨ ᠲᠡᠯᠡᠶ᠂ ᠰᠠᠨᠰᠠᠷ ᠤᠨ ᠠᠶᠠᠯᠠᠯ᠂ ᠠᠭᠠᠷ ᠤᠨ ᠠᠶᠠᠯᠠᠯ᠂ ᠠᠮᠢ ᠨᠠᠰᠤᠨ ᠤ ᠡᠷᠡᠭᠦᠯ ᠮᠡᠨᠳᠦ᠂ ᠰᠢᠨ᠎ᠡ ᠭᠡᠯᠪᠡᠷᠢ ᠶᠢᠨ ᠡᠨᠧᠷᠭᠢ᠂ ᠵᠣᠬᠢᠶᠠᠮᠠᠯ ᠣᠶᠤᠨ ᠴᠢᠳᠠᠪᠤᠷᠢ᠂ ᠪᠡᠶ᠎ᠡ ᠪᠠᠨ ᠳᠠᠭᠠᠭᠠᠭᠰᠠᠨ ᠢᠲᠡᠭᠡᠮᠵᠢᠲᠦ ᠪᠣᠳᠣᠯᠭ᠎ᠠ᠂ ᠮᠡᠳᠡᠭᠡ ᠵᠠᠩᠭᠢ ᠶᠢᠨ ᠠᠮᠤᠷ ᠲᠦᠪᠰᠢᠨ᠂ ᠣᠶᠤᠨᠲᠤ ᠵᠢᠮᠲᠦ ᠵᠠᠮ ᠬᠠᠷᠢᠯᠴᠠᠭ᠎ᠠ᠂ ᠣᠲᠣ ᠦᠶ᠎ᠡ ᠶᠢᠨ ᠦᠷ᠎ᠡ ᠶᠢᠨ ᠦᠢᠯᠡᠰ ᠵᠡᠷᠭᠡ ᠰᠢᠨ᠎ᠡ ᠡᠵᠡᠩᠨᠡᠯᠲᠡ ᠶᠢᠨ ᠭᠡᠯᠪᠡᠷᠢ  ᠰᠢᠨ᠎ᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ᠂ ᠠᠬᠤᠢ ᠲᠠᠯᠠᠪᠤᠷ ᠢ ᠨᠡᠭᠡᠭᠡᠬᠦ᠂ ᠵᠠᠬ᠎ᠠ ᠳᠡᠯᠭᠡᠭᠦᠷ ᠢᠶᠠᠷ ᠠᠬᠢᠭᠤᠯᠬᠤ᠂ ᠠᠵᠤ ᠦᠢᠯᠡᠰ ᠢ ᠲᠥᠪᠯᠡᠷᠡᠭᠦᠯᠬᠦ᠂ ᠰᠢᠰᠲ᠋ᠧᠮ ᠢ ᠲᠠᠰ ᠳᠡᠪᠰᠢᠭᠦᠯᠬᠦ ᠵᠠᠷᠴᠢᠮ ᠪᠠ ᠠᠷᠭ᠎ᠠ ᠵᠠᠮ ᠢᠶᠠᠷ ᠬᠦᠷᠢᠶ᠎ᠡ ᠴᠠᠷᠠᠭ᠎ᠠ ᠬᠤᠪᠢᠶᠠᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠵᠢᠭᠦᠯᠬᠦ ᠲᠥᠰᠥᠯ ᠢ ᠲᠣᠭᠲᠠᠭᠠᠵᠤ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠤᠯᠲᠠ ᠶᠢ ᠠᠬᠢᠭᠤᠯᠵᠤ᠂ ᠣᠷᠣᠬᠤ ᠵᠥᠪᠰᠢᠶᠡᠷᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠡᠷᠢᠭᠦᠨ ᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠬᠤ ᠲᠥᠪ ᠪᠠ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠬᠡᠷᠡᠭᠯᠡᠵᠦ᠂ ᠠᠵᠤ ᠦᠢᠯᠡᠰ ᠤᠨ ᠰᠢᠰᠲ᠋ᠧᠮ᠂ ᠰᠢᠨ᠎ᠡ ᠶᠢ ᠡᠭᠦᠳᠬᠦ ᠡᠬᠢ ᠪᠠᠶᠠᠯᠢᠭ᠂ ᠬᠥᠷᠥᠩᠭᠡ ᠶᠢᠨ ᠡᠯᠧᠮᠧᠨ᠋ᠲ᠂ ᠬᠡᠷᠡᠭᠯᠡᠭᠡᠨ ᠤ ᠲᠠᠯᠠᠪᠤᠷ ᠭᠠᠵᠠᠷ᠂ ᠳᠦᠷᠢᠮ ᠲᠥᠷᠥ ᠶᠢᠨ ᠪᠣᠳᠣᠯᠭ᠎ᠠ ᠵᠡᠷᠭᠡ ᠶᠢ ᠰᠢᠯᠤᠭᠤᠳᠬᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ᠃ ᠬᠤᠰᠢᠭᠤᠷᠠᠯ ᠮᠡᠷᠭᠡᠵᠢᠯ ᠤᠨ ᠬᠦᠷᠢᠶ᠎ᠡ ᠴᠠᠷᠠᠭ᠎ᠠ ᠶᠢᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠡᠷᠡᠭᠯᠡᠵᠦ ᠣᠨᠳᠣᠣᠰᠢᠭᠤᠯᠬᠤ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠲᠡᠯᠡᠶ ᠬᠠᠭᠤᠷᠠᠢ ᠠᠭᠠᠷ ᠤᠨ ᠪᠦᠭᠦ ᠣᠷᠣᠨ ᠵᠠᠢ ᠳᠤ ᠣᠶᠤᠨᠴᠢ᠂ ᠬᠥᠮᠥᠨ ᠬᠡᠷᠡᠭᠰᠡᠬᠦ ᠦᠭᠡᠢ ᠰᠢᠰᠲ᠋ᠧᠮ ᠤᠨ ᠬᠡᠷᠡᠭᠯᠡᠯᠲᠡ ᠪᠠ ᠪᠠᠷᠢᠮᠵᠢᠶ᠎ᠠ ᠶᠢᠨ ᠪᠠᠶᠢᠭᠤᠯᠤᠯᠲᠠ ᠶᠢ ᠤᠷᠢᠳ ᠢᠶᠠᠷ ᠠᠬᠢᠭᠤᠯᠤᠨ᠂ ᠪᠣᠬᠢᠷᠳᠤᠯ ᠦᠭᠡᠢ ᠡᠨᠧᠷᠭᠢ ᠵᠡᠷᠭᠡ ᠬᠦᠷᠢᠶ᠎ᠡ ᠴᠠᠷᠠᠭ᠎ᠠ ᠶᠢᠨ ᠣᠷᠣᠬᠤ ᠵᠥᠪᠰᠢᠶᠡᠷᠡᠯ ᠤᠨ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠣᠭᠠᠴᠢᠯᠠᠭᠰᠠᠨ ᠦᠢᠯᠡᠳᠬᠦᠨ ᠤ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠢᠳᠡᠪᠬᠢᠲᠡᠢ ᠪᠠᠷ ᠥᠷᠭᠡᠳᠬᠡᠨ᠎ᠡ᠃ ᠡᠯᠧᠺᠲᠷᠣᠨ ᠮᠡᠳᠡᠭᠡ ᠵᠠᠩᠭᠢ᠂ ᠪᠣᠳᠣᠯᠭ᠎ᠠ ᠶᠢᠨ ᠰᠢᠨᠵᠢᠯᠡᠬᠦ ᠤᠬᠠᠭᠠᠨ᠂ ᠭᠦᠨ ᠳᠠᠯᠠᠢ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ᠂ ᠺᠸᠠᠨ᠋ᠲ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠤᠳᠤ ᠦᠶ᠎ᠡ ᠶᠢᠨ ᠦᠷ᠎ᠡ ᠶᠢᠨ ᠦᠢᠯᠡᠰ ᠵᠡᠷᠭᠡ ᠬᠦᠷᠢᠶ᠎ᠡ ᠶᠢ ᠰᠣᠩᠭᠤᠵᠤ᠂ ᠭᠤᠣᠯᠳᠠᠯᠭ᠎ᠠ ᠲᠠᠢ ᠠᠵᠤ ᠠᠬᠤᠶᠢᠯᠠᠯ᠂ ᠰᠤᠳᠤᠯᠭᠠᠨ ᠤ ᠪᠠᠶᠢᠭᠤᠯᠤᠮᠵᠢ ᠵᠡᠷᠭᠡ ᠶᠢᠨ ᠰᠢᠨ᠎ᠡ ᠶᠢ ᠡᠭᠦᠳᠬᠦ ᠨᠢᠭᠡᠴᠢ ᠪᠠ ᠬᠤᠯᠪᠣᠭᠳᠠᠯ ᠪᠦᠬᠦᠢ ᠣᠷᠣᠨ ᠨᠤᠲᠤᠭ ᠤᠨ ᠬᠤᠯᠪᠣᠭᠳᠠᠯ ᠪᠦᠬᠦᠢ ᠬᠦᠷᠢᠶᠡᠨ ᠤ ᠪᠦᠭᠦ ᠪᠥᠮᠪᠥᠷᠴᠡᠭ ᠤᠨ ᠬᠤᠰᠢᠭᠤᠷᠠᠯ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠵᠢᠯᠴᠠᠬᠤ ᠵᠠᠭᠪᠤᠷ ᠪᠠᠶᠢᠭᠤᠯᠬᠤ ᠶᠢ ᠠᠬᠢᠭᠤᠯᠵᠤ᠂ ᠤᠯᠠᠨ ᠤᠯᠤᠰ ᠤᠨ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠳᠦᠷᠢᠮ ᠪᠠ ᠪᠠᠷᠢᠮᠵᠢᠶ᠎ᠠ ᠲᠣᠭᠲᠠᠭᠠᠬᠤ ᠳᠤ ᠢᠳᠡᠪᠬᠢᠲᠡᠢ ᠣᠷᠣᠯᠴᠠᠵᠤ᠂ ᠭᠤᠣᠯᠳᠠᠯᠭ᠎ᠠ ᠲᠠᠢ ᠬᠦᠷᠢᠶᠡᠨ ᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠳᠥᠭᠦᠮ ᠳᠥᠲᠡ ᠥᠨᠳᠥᠷ ᠪᠦᠲᠦᠮᠵᠢᠲᠡᠢ ᠬᠡᠷᠡᠭᠯᠡᠬᠦ ᠶᠢ ᠠᠬᠢᠭᠤᠯᠤᠨ᠎ᠠ᠃      ᠨᠠᠢᠮᠠ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠲᠤᠷᠰᠢᠯᠲᠠ ᠶᠢ ᠠᠭᠤᠵᠢᠭᠤ ᠲᠠᠯᠪᠢᠬᠤ ᠡᠷᠴᠢᠮ ᠢᠶᠠᠨ ᠨᠡᠮᠡᠭᠳᠡᠭᠦᠯᠦᠨ᠎ᠡ᠃ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠢᠷᠡᠭᠡᠳᠦᠢ ᠶᠢᠨ ᠠᠵᠤ ᠦᠢᠯᠡᠰ ᠤᠨ ᠭᠤᠣᠯᠳᠠᠯᠭ᠎ᠠ ᠲᠠᠢ ᠬᠦᠷᠢᠶ᠎ᠡ ᠪᠠ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ᠂ ᠮᠡᠷᠭᠡᠵᠢᠯ ᠤᠨ ᠪᠠᠷᠢᠮᠵᠢᠶ᠎ᠠ᠂ ᠪᠠᠶᠢᠴᠠᠭᠠᠨ ᠬᠡᠮᠵᠢᠵᠦ ᠭᠡᠷᠡᠴᠢᠯᠡᠬᠦ᠂ ᠲᠤᠭ᠎ᠠ ᠪᠠᠷᠢᠮᠲᠠ ᠶᠢᠨ ᠰᠢᠰᠲ᠋ᠧᠮ ᠢᠶᠠᠷ ᠭᠠᠷᠳᠠᠴᠠ ᠪᠤᠯᠭᠠᠵᠤ᠂ ᠰᠢᠨ᠎ᠡ ᠮᠡᠷᠭᠡᠵᠢᠯ ᠰᠢᠨ᠎ᠡ ᠦᠢᠯᠡᠳᠬᠦᠨ ᠤ ᠬᠡᠷᠡᠭᠯᠡᠯᠲᠡ ᠶᠢ ᠨᠡᠩ ᠰᠠᠶᠢᠲᠤᠷ ᠠᠬᠢᠭᠤᠯᠵᠤ᠂ ᠭᠤᠣᠯᠳᠠᠯᠭ᠎ᠠ ᠲᠠᠢ ᠭᠠᠵᠠᠷ ᠣᠷᠣᠨ ᠢ ᠰᠣᠩᠭᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ ᠲᠤᠷᠰᠢᠯᠲᠠ ᠶᠢᠨ ᠴᠡᠭ  ᠤᠨ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ ᠣᠨᠴᠠᠭᠠᠢ ᠠᠷᠭ᠎ᠠ ᠬᠡᠮᠵᠢᠶ᠎ᠡ ᠶᠢ ᠪᠦᠯᠦᠭ ᠬᠤᠪᠢᠶᠠᠨ ᠲᠣᠭᠲᠠᠭᠠᠬᠤ ᠪᠠ ᠨᠡᠶᠢᠲᠡᠯᠡᠨ᠎ᠡ᠃ ᠨᠢᠭᠡᠨᠲᠡ ᠪᠠᠶᠢᠷᠢᠯᠠᠭᠤᠯᠤᠭᠰᠠᠨ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠣᠨᠴᠠᠭᠠᠶ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠲᠥᠷᠥ ᠶᠢᠨ ᠪᠣᠳᠣᠯᠭ᠎ᠠ ᠶᠢᠨ ᠦᠨᠡᠯᠡᠨ ᠵᠢᠱᠢᠯᠲᠡ ᠶᠢ ᠰᠠᠶᠢᠲᠤᠷ ᠬᠢᠨ᠎ᠡ᠃ ᠬᠡᠷᠡᠭᠵᠢᠭᠦᠯᠦᠭᠰᠡᠨ ᠦᠷ᠎ᠡ ᠪᠦᠲᠦᠮᠵᠢ ᠪᠠᠷ ᠰᠠᠶᠢᠨ ᠭᠠᠵᠠᠷ ᠣᠷᠣᠨ ᠳᠤ᠂ ᠰᠢᠨ᠎ᠡ ᠨᠢᠭᠡ ᠪᠦᠯᠦᠭ ᠣᠨᠴᠠᠭᠠᠶ ᠠᠷᠭ᠎ᠠ ᠬᠡᠮᠵᠢᠶ᠎ᠡ ᠶᠢ ᠠᠪᠴᠤ ᠪᠤᠯᠤᠨ᠎ᠠ᠃ ᠲᠡᠷᠡ ᠬᠡᠪ ᠢᠶᠠᠷ ᠨᠢ ᠳᠡᠯᠭᠡᠷᠡᠭᠦᠯᠬᠦ ᠨᠥᠬᠦᠴᠡᠯ ᠢ ᠪᠦᠷᠢᠯᠳᠦᠭᠦᠯᠦᠭᠰᠡᠨ ᠣᠨᠴᠠᠭᠠᠶ ᠠᠷᠭ᠎ᠠ ᠬᠡᠮᠵᠢᠶ᠎ᠡ ᠶᠢ ᠨᠠᠩ ᠶᠡᠭᠡ ᠬᠡᠪᠴᠢᠶᠡᠨ ᠳᠤ ᠳᠡᠯᠭᠡᠷᠡᠭᠦᠯᠦᠨ ᠬᠡᠷᠡᠭᠯᠡᠵᠦ ᠪᠣᠯᠣᠨ᠎ᠠ᠃      ᠶᠢᠰᠦ᠂ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠦᠷ᠎ᠡ ᠠᠰᠢᠭ ᠢ ᠦᠨᠡᠯᠡᠨ ᠵᠢᠱᠢᠬᠦ ᠶᠢ ᠪᠦᠭᠦ ᠲᠠᠯ᠎ᠠ ᠪᠠᠷ ᠥᠷᠨᠢᠭᠦᠯᠵᠦ᠂ ᠭᠦᠢᠴᠡᠳᠬᠡᠯ ᠲᠤᠭ᠎ᠠ ᠶᠢᠨ ᠰᠢᠰᠲ᠋ᠧᠮ ᠢ ᠰᠢᠯᠢᠳᠡᠭᠵᠢᠭᠦᠯᠦᠨ᠂ ᠭᠤᠷᠪᠠᠳᠠᠭᠢ ᠡᠲᠡᠭᠡᠳ ᠤᠨ ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠶᠢ ᠴᠢᠬᠤᠯᠠᠴᠢᠯᠠᠵᠤ᠂ ᠦᠨᠡᠯᠡᠨ ᠵᠢᠱᠢᠬᠦ ᠶᠠᠪᠤᠴᠠ ᠶᠢᠨ ᠢᠯᠡ ᠲᠣᠳᠣ᠂ ᠦᠨᠡᠯᠡᠨ ᠵᠢᠱᠢᠭᠰᠡᠨ ᠦᠷ᠎ᠡ ᠳ᠋ᠦᠩ ᠤᠨ ᠪᠤᠰᠤᠳᠴᠢ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠨ᠂ ᠣᠷᠣᠨ ᠨᠤᠲᠤᠭ ᠤᠨ ᠬᠢᠨ ᠤ ᠪᠣᠳᠠᠲᠠᠢ ᠲᠠᠢ ᠪᠠᠨ ᠤᠶᠠᠯᠳᠤᠭᠤᠯᠤᠨ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠶᠢ ᠵᠣᠷᠢᠭᠵᠢᠭᠤᠯᠤᠨ᠎ᠠ᠃ ᠣᠷᠣᠨ ᠨᠤᠲᠤᠭ ᠤᠨ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ  ᠳᠦᠷᠢᠮ ᠠᠴᠠ ᠵᠥᠷᠢᠴᠡᠭᠰᠡᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠨᠢᠭᠡ ᠶᠢ ᠣᠯᠵᠤ ᠢᠯᠡᠷᠡᠭᠦᠯᠪᠡᠯ ᠨᠢᠭᠡ ᠶᠢ ᠴᠡᠭᠴᠡᠯᠡᠨ ᠵᠠᠰᠠᠵᠤ᠂ ᠬᠤᠯᠪᠣᠭᠳᠠᠯ ᠪᠦᠬᠦᠢ ᠪᠠᠶᠢᠳᠠᠯ ᠢ ᠪᠦᠭᠦ ᠤᠯᠤᠰ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠪᠣᠯᠣᠨ ᠪᠦᠭᠦ ᠤᠯᠤᠰ ᠤᠨ ᠬᠤᠲᠠ ᠶᠢᠨ ᠢᠲᠡᠭᠡᠮᠵᠢ ᠶᠢᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠬᠤ ᠶᠢᠨ ᠬᠠᠮᠲᠤ ᠨᠡᠶᠢᠭᠡᠮ ᠳᠤ ᠢᠯᠡ ᠵᠠᠷᠯᠠᠨ᠎ᠠ᠃ ᠵᠠᠬ᠎ᠠ ᠳᠡᠯᠭᠡᠭᠦᠷ ᠲᠤ ᠣᠷᠣᠬᠤ   ᠶᠢ ᠵᠥᠪᠰᠢᠶᠡᠷᠡᠬᠦ ᠯᠦᠭᠡ ᠬᠠᠷᠢᠯᠴᠠᠨ ᠲᠣᠬᠢᠷᠠᠯᠴᠠᠭᠰᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠬᠢᠨᠠᠨ ᠬᠠᠮᠢᠶᠠᠷᠤᠭᠰᠠᠨ᠂ ᠠᠵᠤ ᠠᠬᠤᠶᠢᠯᠠᠯ ᠤᠬᠠᠮᠰᠠᠷᠠᠭᠰᠠᠨ᠂ ᠠᠵᠢᠯ ᠲᠥᠷᠥᠯ ᠤᠨ ᠬᠢᠨ ᠥᠪᠡᠷ ᠢ ᠪᠠᠨ ᠱᠠᠭᠠᠷᠳᠠᠭᠰᠠᠨ᠂ ᠨᠡᠶᠢᠭᠡᠮ ᠤᠨ ᠬᠢᠨ ᠬᠢᠨᠠᠯᠲᠠ ᠲᠠᠯᠪᠢᠭᠰᠠᠨ ᠪᠠᠶᠢᠷᠢᠰᠢᠯ ᠢ ᠪᠤᠶ ᠪᠤᠯᠭᠠᠬᠤ ᠶᠢ ᠠᠬᠢᠭᠤᠯᠤᠨ᠎ᠠ᠃      ᠠᠷᠪᠠ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠵᠤ ᠬᠡᠷᠡᠭᠵᠢᠭᠦᠯᠬᠦ᠂ ᠮᠥᠷᠳᠡᠨ ᠦᠨᠡᠯᠡᠬᠦ᠂ ᠳ᠋ᠦᠩᠨᠡᠵᠦ ᠬᠠᠷᠢᠭᠤ ᠲᠤᠰᠬᠠᠬᠤ ᠪᠠᠨ ᠴᠢᠩᠭᠠᠳᠬᠠᠬᠤ ᠬᠡᠷᠡᠭᠲᠡᠢ᠃ ᠴᠢᠬᠤᠯᠠ ᠶᠡᠭᠡ ᠤᠴᠢᠷ ᠶᠠᠪᠤᠳᠠᠯ ᠢ ᠴᠠᠭ ᠲᠤᠬᠠᠢ ᠳᠤᠨᠢ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠵᠢᠭᠠᠪᠤᠷᠢ ᠠᠪᠴᠤ ᠮᠡᠳᠡᠭᠦᠯᠬᠦ ᠬᠡᠷᠡᠭᠲᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号