ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠴᠠᠭᠳᠠᠭᠠᠨ ᠤ ᠶᠠᠪᠤᠳᠠᠯ ᠤᠨ ᠲᠤᠰᠠᠯᠠᠬᠤ ᠠᠵᠢᠯᠲᠠᠨ ᠤ ᠳᠦᠷᠢᠮ︾ ︵ᠳᠣᠷᠣᠭᠰᠢ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠳᠦᠷᠢᠮ︾ ᠭᠡᠵᠦ ᠳᠥᠭᠦᠮᠴᠢᠯᠡᠨ᠎ᠡ︶ ᠳᠤ ᠵᠠᠰᠠᠪᠤᠷᠢ ᠣᠷᠣᠭᠤᠯᠵᠤ᠂ ᠲᠤᠰ ︽ᠳᠦᠷᠢᠮ︾ | ᠢ 2024 ᠣᠨ ᠤ 9 ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠦᠨ᠎ᠡ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ᠨᠡᠶᠢᠳᠡ 7 ᠪᠦᠯᠦᠭ᠂ 47 ᠵᠦᠢᠯ ᠲᠠᠢ᠃ | 2021 ᠣᠨ ᠤ ᠤᠤᠯ ᠤᠨ ︽ᠳᠦᠷᠢᠮ︾ ᠲᠠᠢ ᠠᠳᠠᠯᠢᠳᠬᠠᠪᠠᠯ᠂ 6 ᠵᠦᠢᠯ ᠰᠢᠨ᠎ᠡ ᠪᠠᠷ ᠨᠡᠮᠡᠭᠳᠡᠨ᠂ 20 ᠵᠦᠢᠯ ᠳᠤ | ᠵᠠᠰᠠᠪᠤᠷᠢ ᠣᠷᠣᠭᠤᠯᠵᠤ᠂ 1 ᠵᠦᠢᠯ ᠢ ᠬᠠᠰᠤᠵᠠᠢ᠃ ᠭᠢᠯᠠᠰ ᠴᠡᠭ ᠨᠢ ᠭᠤᠣᠯᠳᠠᠭᠤ 5 ᠲᠠᠯ᠎ᠠ ᠪᠠᠷ ᠢᠯᠡᠷᠡᠵᠦ ᠪᠠᠶᠢᠨ᠎ᠠ᠃ | | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠤᠨ ᠴᠢᠩᠭᠠᠳᠬᠠᠪᠠ᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠳᠥᠷᠪᠡᠳᠦᠭᠡᠷ ᠵᠦᠢᠯ ᠳᠤ ︽ᠲᠤᠰᠠᠯᠠᠬᠤ ᠴᠠᠭᠳᠠᠭ᠎ᠠ ᠶᠢᠨ | ᠬᠠᠮᠢᠶᠠᠷᠤᠯᠲᠠ ᠶᠢᠨ ᠠᠵᠢᠯ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ | ᠭᠤᠣᠯ ᠰᠢᠵᠢᠮ ᠪᠤᠯᠭᠠᠵᠤ᠂ ᠵᠢᠷᠤᠮᠵᠢᠯ ᠲᠠᠢ ᠬᠠᠮᠢᠶᠠᠷᠬᠤ᠂ ᠡᠷᠬᠡ ᠬᠠᠷᠢᠭᠤᠴᠠᠯᠭ᠎ᠠ ᠲᠣᠳᠣᠷᠬᠠᠢ᠂ ᠴᠢᠩᠭ᠎ᠠ ᠬᠢᠨᠠᠯᠲᠠ | ᠲᠠᠯᠪᠢᠬᠤ᠂ ᠵᠣᠬᠢᠰᠲᠠᠢ ᠪᠠᠲᠤᠯᠠᠬᠤ ᠵᠠᠷᠴᠢᠮ ᠢ ᠵᠢᠷᠤᠮᠯᠠᠬᠤ ᠬᠡᠷᠡᠭᠲᠡᠢ︾ ᠭᠡᠵᠦ ᠲᠣᠭᠲᠠᠭᠠᠵᠠᠢ᠃ | ᠬᠥᠮᠥᠨ ᠬᠡᠷᠡᠭᠯᠡᠬᠦ ᠲᠤᠭ᠎ᠠ ᠬᠡᠮᠵᠢᠶ᠎ᠡ ᠶᠢ ᠲᠡᠰ ᠳᠡᠪᠰᠢᠭᠦᠯᠦᠨ ᠬᠠᠮᠢᠶᠠᠷᠴᠠᠢ᠃ | ᠲᠤᠰᠠᠯᠠᠬᠤ ᠴᠠᠭᠳᠠᠭ᠎ᠠ ᠶᠢᠨ ᠡᠩᠨᠡᠭᠡᠨ ᠳᠤ ᠣᠷᠣᠬᠤ ᠪᠠᠷᠢᠮᠵᠢᠶ᠎ᠠ ᠶᠢ ᠥᠨᠳᠥᠷ ᠪᠣᠯᠭᠠᠵᠠᠢ᠃ ᠰᠢᠨ᠎ᠡ ᠪᠠᠷ | ᠵᠠᠰᠠᠪᠤᠷᠢ ᠣᠷᠣᠭᠤᠯᠤᠭᠰᠠᠨ ︽ᠳᠦᠷᠢᠮ︾ ᠳᠤ ︽ᠲᠤᠰᠠᠯᠠᠬᠤ ᠴᠠᠭᠳᠠᠭ᠎ᠠ ᠪᠤᠯᠬᠤ ᠳᠤ ᠵᠠᠪᠠᠯ ᠰᠢᠯᠭᠠᠭᠤᠯᠬᠤ ᠠᠷᠭ᠎ᠠ ᠶᠢ | ᠠᠪᠴᠤ᠂ ᠠᠵᠢᠯᠲᠠᠨ ᠡᠯᠰᠡᠬᠦ ᠪᠠᠷᠢᠮᠵᠢᠶ᠎ᠠ ᠪᠣᠯᠣᠨ ᠵᠢᠷᠤᠮ ᠢ ᠨᠢᠭᠡᠳᠦᠯᠵᠢᠭᠦᠯᠦᠨ᠂ ᠰᠣᠩᠭᠤᠨ ᠠᠪᠴᠤ ᠬᠡᠷᠡᠭᠯᠡᠬᠦ ᠶᠢ | ᠴᠢᠩᠭᠠᠳᠬᠠᠨ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ︾ ᠭᠡᠵᠦ ᠨᠡᠮᠡᠨ ᠲᠣᠭᠲᠠᠭᠠᠵᠠᠢ᠃ | ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠦ ᠪᠠ ᠣᠯᠭᠤᠮᠵᠢ ᠬᠦᠷᠲᠡᠭᠡᠮᠵᠢ ᠶᠢ ᠨᠡᠩ ᠪᠠᠲᠤᠯᠠᠭ᠎ᠠ ᠲᠠᠢ | ᠪᠣᠯᠭᠠᠵᠠᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠳᠤ ︽ᠠᠶᠢᠮᠠᠭ ᠤᠨ ᠵᠠᠬᠢᠷᠭ᠎ᠠ᠂ ᠬᠠᠷᠢᠶᠠᠲᠤ ᠣᠷᠣᠨ | ᠲᠣᠬᠢᠷᠠᠭᠤᠯᠤᠭᠰᠠᠨ ᠬᠤᠳᠠ ᠪᠣᠯᠣᠨ ᠬᠤᠰᠢᠭᠤ ᠰᠢᠶᠠᠨ ᠤ ᠲᠡᠰ ᠤᠨ ᠠᠷᠠᠳ ᠤᠨ ᠵᠠᠰᠠᠭ ᠤᠨ ᠣᠷᠳᠣᠨ ᠲᠤᠰᠠᠯᠠᠬᠤ | ᠴᠠᠭᠳᠠᠭ᠎ᠠ ᠶᠢᠨ ᠴᠠᠯᠢᠩ ᠬᠥᠯᠥᠰᠦ ᠪᠠ ᠣᠯᠭᠤᠮᠵᠢ ᠬᠦᠷᠲᠡᠭᠡᠮᠵᠢ ᠶᠢᠨ ᠳᠦᠷᠢᠮ ᠶᠣᠰᠣᠭᠠᠷ ᠲᠤᠰ ᠭᠠᠵᠠᠷ ᠣᠷᠣᠨ ᠤ | ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠤ ᠳᠤᠮᠳᠠᠴᠢ ᠴᠠᠯᠢᠩ ᠤᠨ ᠲᠦᠪᠰᠢᠨ ᠢᠶᠠᠷ | ᠯᠠᠪᠯᠠᠯᠳᠠ ᠪᠤᠯᠭᠠᠵᠦ᠂ ᠲᠤᠰ ᠭᠠᠵᠠᠷ ᠣᠷᠣᠨ ᠤ ᠲᠤᠰᠠᠯᠠᠬᠤ ᠴᠠᠭᠳᠠᠭ᠎ᠠ ᠶᠢᠨ ᠴᠠᠯᠢᠩ ᠬᠥᠯᠥᠰᠦ ᠶᠢᠨ ᠪᠣᠳᠠᠲᠠᠢ | ᠪᠠᠷᠢᠮᠵᠢᠶ᠎ᠠ ᠶᠢ ᠬᠢᠨᠠᠨ ᠲᠣᠭᠲᠠᠭᠠᠵᠤ᠂ ᠡᠭᠦᠨ ᠤ ᠬᠠᠮᠲᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ᠂ | ᠡᠳ᠋ ᠤᠨ ᠵᠠᠰᠠᠭ ᠤᠨ ᠨᠡᠮᠡᠭᠳᠡᠯ ᠤᠨ ᠪᠠᠶᠢᠳᠠᠯ ᠵᠡᠷᠭᠡ ᠪᠠᠶᠢᠳᠠᠯ ᠢ ᠦᠨᠳᠦᠰᠦᠯᠡᠨ᠂ ᠬᠥᠳᠡᠯᠦᠩᠭᠦᠢ ᠪᠠᠷ ᠲᠣᠬᠢᠷᠠᠭᠤᠯᠬᠤ | ᠲᠣᠭᠲᠠᠴᠠ ᠶᠢ ᠪᠠᠶᠢᠭᠤᠯᠪᠠᠯ ᠵᠣᠬᠢᠨ᠎ᠠ︾ ᠭᠡᠵᠦ ᠲᠣᠭᠲᠠᠭᠠᠵᠠᠢ᠃ | ᠲᠤᠰᠠᠯᠠᠬᠤ ᠴᠠᠭᠳᠠᠭ᠎ᠠ ᠶᠢᠨ ᠲᠤᠰᠢᠶᠠᠯ ᠢᠶᠠᠨ ᠭᠦᠢᠴᠡᠳᠬᠡᠬᠦ ᠶᠢ ᠴᠢᠩᠭ᠎ᠠ ᠵᠢᠷᠤᠮᠵᠢᠭᠤᠯᠵᠠᠢ᠃ ᠪᠣᠳᠠᠲᠤ | ᠪᠠᠶᠢᠳᠠᠯ ᠳᠤ ᠵᠣᠬᠢᠴᠠᠭᠤᠯᠬᠤ ᠶᠢᠨ ᠲᠥᠯᠥᠭᠡ᠂ ᠠᠷᠪᠠᠨ ᠵᠢᠷᠭᠤᠳᠤᠭᠠᠷ ᠵᠦᠢᠯ ᠳᠤ ᠨᠢᠭᠡ ᠵᠦᠢᠯ ᠤᠨ ᠲᠤᠰᠠᠯᠠᠬᠤ | ᠴᠠᠭᠳᠠᠭ᠎ᠠ ᠶᠢᠨ ᠲᠤᠰᠢᠶᠠᠯ ᠬᠠᠷᠢᠭᠤᠴᠠᠯᠭ᠎ᠠ ᠶᠢ ᠨᠡᠮᠡᠨ ᠣᠷᠣᠭᠤᠯᠵᠠᠢ᠄ ︽ᠲᠤᠰᠠᠯᠠᠬᠤ ᠴᠠᠭᠳᠠᠭ᠎ᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠬᠤᠭᠤᠴᠠᠭᠠᠨ ᠳᠤ ᠲᠣᠭᠲᠠᠭᠠᠯ ᠶᠣᠰᠣᠭᠠᠷ ᠴᠠᠭᠳᠠᠭᠠᠨ ᠳᠤ ᠬᠡᠷᠡᠭᠯᠡᠬᠦ ᠮᠠᠰᠢᠨ | ᠲᠡᠷᠭᠡ ᠵᠡᠷᠭᠡ ᠴᠠᠭᠳᠠᠭᠠᠨ ᠳᠤ ᠬᠡᠷᠡᠭᠯᠡᠬᠦ ᠵᠠᠮ ᠬᠠᠷᠢᠯᠴᠠᠭᠠᠨ ᠤ ᠪᠠᠭᠠᠵᠢ ᠶᠢ ᠵᠢᠯᠤᠭᠤᠳᠴᠤ᠂ ᠴᠠᠭᠳᠠᠭᠠᠨ ᠳᠤ ᠬᠡᠷᠡᠭᠯᠡᠬᠦ | ᠮᠠᠰᠢᠨ ᠬᠥᠮᠥᠨ᠂ ᠵᠢᠯᠣᠭᠤᠴᠢ ᠦᠭᠡᠢ ᠨᠢᠰᠬᠡᠯ ᠵᠡᠷᠭᠡ ᠴᠠᠭᠳᠠᠭᠠᠨ ᠳᠤ ᠬᠡᠷᠡᠭᠯᠡᠬᠦ ᠣᠶᠤᠨᠴᠢ ᠲᠥᠬᠦᠭᠡᠷᠦᠮᠵᠢ ᠶᠢ | ᠬᠠᠤᠯᠢ ᠶᠣᠰᠣᠭᠠᠷ ᠡᠵᠡᠮᠳᠡᠵᠦ ᠪᠣᠯᠣᠨ᠎ᠠ︾᠃ | ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠠᠴᠢ ᠬᠤᠯᠪᠣᠭᠳᠠᠯ ᠪᠣᠯᠣᠨ ᠨᠥᠯᠥᠭᠡ ᠲᠤᠰᠬᠠᠯ᠄ | ᠲᠤᠰᠠᠯᠠᠬᠤ ᠴᠠᠭᠳᠠᠭ᠎ᠠ ᠶᠢᠨ ᠡᠩᠨᠡᠭᠡᠨ ᠤ ᠬᠠᠮᠢᠶᠠᠷᠤᠯᠲᠠ ᠶᠢᠨ ᠦᠷ᠎ᠡ ᠪᠦᠳᠦᠮᠵᠢ ᠪᠠ ᠡᠭᠦᠷᠭᠡ ᠴᠢᠳᠠᠪᠬᠢ ᠶᠢ | ᠲᠡᠭᠡᠭᠰᠢᠯᠡᠭᠦᠯᠦᠨ᠎ᠡ᠃ ᠲᠤᠰᠠᠯᠠᠬᠤ ᠴᠠᠭᠳᠠᠭ᠎ᠠ ᠶᠢᠨ ᠬᠠᠤᠯᠢ ᠶᠣᠰᠣᠨ ᠤ ᠡᠷᠬᠡ ᠠᠰᠢᠭ ᠢ ᠨᠡᠩ ᠰᠠᠶᠢᠲᠤᠷ ᠪᠠᠳᠤᠯᠠᠨ᠎ᠠ᠃ | ᠲᠤᠰᠠᠯᠠᠬᠤ ᠴᠠᠭᠳᠠᠭ᠎ᠠ ᠶᠢᠨ ᠡᠩᠨᠡᠭᠡᠨ ᠤ ᠲᠣᠭᠲᠠᠭᠤᠨ ᠪᠠᠶᠢᠳᠠᠯ ᠢ ᠠᠬᠢᠭᠤᠯᠤᠨ᠎ᠠ᠃ | | |