1.5 ᠳ᠋ᠦᠡᠭᠰᠢᠭᠤᠷ ᠬᠥᠮᠥᠨ ᠬᠤᠲᠠ ᠳᠤ ᠡᠷᠦᠭᠡ ᠠᠮᠠ ᠶᠢᠨ ᠳᠠᠩᠰᠠ ᠪᠠᠨ ᠰᠢᠯᠵᠢᠭᠦᠯᠪᠡ
ᠨᠡᠶᠢᠲᠡᠯᠡᠭᠰᠡᠨ ᠴᠠᠭ᠄
2024/8/27
     27 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠰᠣᠨᠢᠨ ᠮᠡᠳᠡᠭᠡᠨ ᠤ ᠠᠯᠪᠠᠨ ᠭᠡᠷ ︽ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ︾ ᠰᠢᠷᠢᠰ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠡ᠃      ᠳᠣᠲᠣᠭᠠᠳᠤ ᠶᠢ ᠬᠠᠮᠠᠭᠠᠯᠠᠬᠤ ᠶᠠᠮᠤᠨ ᠤ ᠨᠡᠶᠢᠲᠡᠯᠡᠭᠰᠡᠨ ᠬᠠᠮᠤᠭ ᠤᠨ ᠰᠢᠨ᠎ᠡ ᠪᠦᠷᠢᠳᠬᠡᠯ ᠠᠴᠠ ᠦᠵᠡᠪᠡᠯ᠂ 2014 ᠣᠨ ᠠᠴᠠ ᠨᠠᠭᠠᠰᠢ ᠨᠡᠶᠢᠲᠡ 1.5 ᠳ᠋ᠦᠩᠰᠢᠭᠤᠷ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠲᠣᠭᠲᠠᠭᠤᠨ ᠪᠥᠭᠡᠳ ᠡᠮᠬᠢ ᠵᠢᠷᠤᠮ ᠲᠠᠢ ᠪᠠᠷ ᠬᠤᠲᠠ ᠳᠤ ᠡᠷᠦᠭᠡ ᠠᠮᠠ ᠣᠷᠣᠵᠤ᠂ ᠪᠦᠭᠦ ᠤᠯᠤᠰ ᠤᠨ ᠡᠷᠦᠭᠡ ᠠᠮᠠ ᠶᠢᠨ ᠲᠠᠩᠰᠠ ᠲᠠᠢ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ 2014 ᠣᠨ ᠳᠤ 35.9% ᠪᠠᠶᠢᠭᠰᠠᠨ ᠠᠴᠠ ᠪᠠᠨ 2023 ᠣᠨ ᠳᠤ 48.3% ᠪᠣᠯᠵᠤ ᠳᠡᠭᠡᠭᠰᠢᠯᠡᠵᠡᠢ᠃      ᠳᠣᠲᠣᠭᠠᠳᠤ ᠶᠢ ᠬᠠᠮᠠᠭᠠᠯᠠᠬᠤ ᠶᠠᠮᠤᠨ ᠪᠠᠶᠢᠩᠭᠤ ᠰᠠᠭᠤᠭ᠎ᠠ ᠭᠠᠵᠠᠷ ᠲᠤ ᠡᠷᠦᠭᠡ ᠠᠮᠠ ᠶᠢᠨ ᠲᠠᠩᠰᠠ ᠤᠷᠤᠭᠤᠯᠬᠤ ᠳᠦᠷᠢᠮ ᠢ ᠲᠦᠷᠭᠡᠪᠴᠢᠯᠡᠨ ᠬᠡᠷᠡᠭᠵᠢᠭᠦᠯᠵᠦ᠂ ᠥᠨᠳᠥᠷ ᠳᠠᠪᠲᠠᠮᠵᠢᠲᠤ ᠡᠷᠦᠭᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠢ ᠳᠥᠭᠦᠮᠴᠢᠯᠡᠬᠦ ᠠᠷᠭ᠎ᠠ ᠬᠡᠮᠵᠢᠶ᠎ᠡ ᠶᠢ ᠭᠦᠨᠵᠡᠭᠡᠢ ᠬᠡᠷᠡᠭᠵᠢᠭᠦᠯᠵᠦ᠂ ᠪᠦᠭᠦ ᠤᠯᠤᠰ ᠤᠨ ᠨᠢᠭᠡᠳᠦᠯᠲᠡᠢ ᠬᠥᠮᠥᠨ ᠠᠮᠠ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠬᠤ ᠶᠢ ᠢᠳᠡᠪᠬᠢᠲᠡᠢ  ᠪᠠᠷ ᠬᠠᠶᠢᠨ ᠰᠦᠪᠡᠭᠴᠢᠯᠡᠪᠡ᠃      ᠲᠠᠷᠠᠭᠠᠴᠢ ᠪᠠᠷ᠂ ᠳᠣᠲᠣᠭᠠᠳᠤ ᠶᠢ ᠬᠠᠮᠠᠭᠠᠯᠠᠬᠤ ᠶᠠᠮᠤᠨ ᠬᠤᠲᠠ ᠶᠢᠨ ᠲᠣᠭᠤᠷᠢᠭ ᠤᠨ ᠪᠠᠶᠢᠩᠭᠤ ᠰᠠᠭᠤᠭ᠎ᠠ ᠬᠥᠮᠥᠨ ᠠᠮᠠ 300 ᠲᠦᠮᠡ ᠠᠴᠠ ᠳᠣᠷᠣᠭᠰᠢᠬᠢ ᠬᠤᠲᠠ ᠳᠤ ᠡᠷᠦᠭᠡ ᠠᠮᠠ ᠣᠷᠣᠬᠤ ᠬᠢᠵᠠᠭᠠᠷᠯᠠᠯ ᠢ ᠬᠦᠴᠦᠨ ᠦᠭᠡᠢ ᠪᠤᠯᠭᠠᠬᠤ ᠱᠠᠭᠠᠷᠳᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠨᠥᠬᠦᠵᠦ ᠰᠣᠯᠢᠬᠤ ᠠᠪᠬᠤ ᠵᠡᠷᠭᠡ ᠥᠨᠳᠥᠷ ᠳᠠᠪᠲᠠᠮᠵᠢᠲᠤ ᠡᠷᠦᠭᠡ ᠠᠮᠠ ᠶᠢᠨ ᠶᠠᠪᠤᠳᠠᠯ ᠤᠨ ᠵᠦᠢᠯᠡᠰ ᠢ ︽ᠪᠦᠭᠦ ᠶᠠᠪᠤᠴᠠ ᠶᠢ ᠰᠦᠯᠵᠢᠶ᠎ᠡ ᠪᠠᠷ ᠭᠦᠢᠴᠡᠳᠬᠡᠬᠦ︾ ᠶᠢ ᠯᠠᠪᠳᠠᠭᠤᠨ ᠢᠶᠠᠷ ᠠᠬᠢᠭᠤᠯᠵᠤ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠤᠨ ᠴᠢᠳᠠᠮᠵᠢ ᠶᠢ ᠵᠣᠯᠭᠠᠭᠤᠯᠤᠨ ᠨᠢᠭᠡᠳᠬᠡᠬᠦ ᠶᠢ ᠲᠦᠷᠭᠡᠳᠬᠡᠨ ᠠᠬᠢᠭᠤᠯᠵᠤ᠂ ᠲᠠᠷᠢᠶᠠᠯᠠᠩ ᠠᠴᠠ ᠰᠢᠯᠵᠢᠭᠰᠡᠨ ᠬᠥᠮᠥᠨ ᠠᠮᠠ ᠶᠢ ᠬᠤᠲᠠ ᠶᠢᠨ ᠠᠷᠠᠳ ᠪᠤᠯᠭᠠᠬᠤ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ ᠠᠬᠢᠭᠤᠯᠵᠤ᠂ ᠬᠤᠲᠠ ᠬᠥᠳᠡᠭᠡ ᠶᠢᠨ ᠠᠭᠤᠰᠤᠯᠳᠤᠨ ᠬᠥᠭᠵᠢᠬᠦ ᠳᠤ ᠨᠠᠩ ᠰᠠᠶᠢᠨ ᠬᠦᠴᠦᠨ ᠨᠡᠮᠡᠷᠢᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号