ᠦᠴᠦᠸᠠᠨ ᠰᠢᠶᠠᠨ ᠬᠤᠷᠢᠨ ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠡᠷᠬᠢᠯᠡᠪᠡ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 28 ᠤ ᠣᠷᠣᠢ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠬᠤᠷᠢᠨ ᠬᠤᠶᠠᠳᠤᠭᠠᠷ ᠬᠤᠭᠤᠴᠠᠭᠠᠨ ᠤ ᠰᠤᠷᠭᠠᠭᠤᠯᠢ ᠶᠢᠨ ᠬᠦᠷᠢᠶᠡᠨ ᠤ ᠰᠣᠶᠣᠯ ᠤᠷᠠᠯᠢᠭ ᠤᠨ ᠨᠠᠶᠢᠷ ᠦᠴᠦᠸᠠᠨ ᠰᠢᠶᠠᠨ ᠤ ᠳ᠋ᠧᠩ ᠭᠤᠸᠠᠩ ᠪᠥᠮᠪᠥᠭᠡᠨ ᠲᠠᠯᠠᠪᠠᠶ ᠳᠤ ᠭᠤᠶᠢᠳᠠ ᠰᠠᠶᠢᠬᠠᠨ ᠶᠠᠪᠤᠭᠳᠠᠪᠠ᠃
     ᠲᠣᠭᠯᠠᠯᠲᠠ ᠨᠢ ︽ᠤᠷᠤᠭᠰᠢᠯᠠᠬᠤ ᠨᠢ︾ ᠭᠡᠬᠦ ᠬᠥᠭᠵᠢᠶᠡᠨᠲᠦ ᠬᠡᠩᠭᠡᠷᠭᠡ ᠶᠢᠨ ᠲᠣᠭᠯᠠᠯᠲᠠ ᠶᠢᠨ ᠳᠤᠮᠳᠠ ᠬᠥᠰᠢᠭᠡ ᠪᠠᠨ ᠰᠡᠬᠦᠵᠦ᠂ ᠳᠠᠷᠠᠭ᠎ᠠ ᠨᠢ ︽ᠭᠡᠷᠡᠯ ᠭᠢᠯᠪᠠᠭ᠎ᠠ ᠪᠠᠨ ᠬᠥᠭᠡᠭᠡᠴᠡᠯᠳᠦᠬᠦ︾᠂ ︽ ᠲᠠᠢ ᠴᠢᠤᠸᠠᠨ ᠪᠠᠭᠠᠴᠤᠳ︾᠂ ︽ᠰᠠᠭᠰᠤᠨ ᠪᠥᠮᠪᠦᠭᠡ ᠶᠢᠨ ᠴᠠᠭ ᠦᠶ᠎ᠡ︾᠂ ︽ᠳᠤᠮᠳᠠᠳᠤ ᠤᠯᠤᠰ ᠤᠨ ᠳᠡᠭᠦᠯᠢᠯᠲᠡ︾᠂ ︽ᠰᠢᠤᠸᠠᠨ ᠼᠤᠤ ᠬᠤᠸᠠ︾᠂ ︽ᠠᠷᠢᠭᠤᠨ ᠬᠠᠶᠢᠷ᠎ᠠ︾ ᠵᠡᠷᠭᠡ ᠥᠪᠡᠷ ᠥᠪᠡᠷ ᠤᠨ ᠣᠨᠴᠠᠯᠢᠭ ᠲᠠᠢ ᠲᠣᠭᠯᠠᠯᠲᠠ ᠵᠠᠯᠭᠠᠭ᠎ᠠ ᠪᠠᠷ ᠶᠠᠪᠤᠭᠳᠠᠪᠠ᠃ ᠪᠠᠭᠰᠢ ᠰᠤᠷᠤᠭᠴᠢᠳ ᠭᠦᠨ ᠵᠤᠵᠠᠭᠠᠨ ᠤᠶᠠᠩᠭᠠᠯᠠᠯ ᠪᠠ ᠠᠮᠢᠳᠤᠯᠢᠭ ᠲᠣᠭᠯᠠᠯᠲᠠ ᠪᠠᠷ ᠡᠬᠡ ᠤᠯᠤᠰ ᠲᠠᠭᠠᠨ ᠬᠠᠶᠢᠷᠠᠲᠠᠢ ᠪᠠᠶᠢᠬᠤ ᠪᠠᠨ ᠶᠠᠷᠢᠵᠤ᠂ ᠰᠡᠳᠬᠢᠯ ᠬᠥᠳᠡᠯᠭᠡᠮ᠎ᠡ ᠳᠠᠭᠤᠤ ᠪᠠ ᠭᠤᠶᠢᠳᠠ ᠰᠠᠶᠢᠬᠠᠨ ᠪᠥᠵᠢᠭ ᠢᠶᠠᠷ ᠴᠤᠭ ᠵᠢᠪᠬᠤᠭ᠎ᠠ ᠪᠠᠳᠠᠷᠠᠩᠭᠤᠢ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠵᠤ᠂ ᠦᠵᠡᠭᠴᠢᠳ ᠲᠠᠶᠢᠰᠠᠨ ᠳᠡᠭᠡᠷᠡᠬᠢ ᠭᠤᠶᠢᠳᠠ ᠰᠠᠶᠢᠬᠠᠨ ᠲᠣᠭᠯᠠᠯᠲᠠ ᠳᠤ ᠭᠦᠨ ᠲᠠᠲᠠᠭᠳᠠᠵᠤ᠂ ᠠᠯᠠᠭ᠎ᠠ ᠲᠠᠰᠢᠨ ᠮᠠᠭᠲᠠᠨ ᠰᠠᠶᠢᠰᠢᠶᠠᠪᠠ᠃ ᠬᠠᠮᠤᠭ ᠰᠡᠭᠦᠯ ᠳᠤ᠂ ᠲᠣᠭᠯᠠᠯᠲᠠ ᠨᠢ ᠪᠠᠭᠰᠢ ᠶᠢᠨ ᠨᠠᠶᠢᠷᠠᠯ ᠳᠠᠭᠤᠤ ︽ᠨᠢᠭᠡ ᠳᠠᠭᠤᠤ︾ ᠶᠢᠨ ᠳᠤᠮᠳᠠ ᠲᠡᠭᠦᠰ ᠠᠮᠵᠢᠯᠲᠠ ᠲᠠᠢ ᠥᠨᠳᠥᠷᠯᠡᠪᠡ᠃
     ᠲᠤᠰ ᠤᠳᠠᠭᠠᠨ ᠤ ᠲᠣᠭᠯᠠᠯᠲᠠ ᠨᠢ ᠪᠥᠵᠢᠭ᠂ ᠬᠥᠭᠵᠢᠮ᠂ ᠳᠠᠭᠤᠤ᠂ ᠤᠷᠠᠨ ᠤᠩᠰᠢᠯᠭ᠎ᠠ᠂ ᠦᠵᠡᠭᠳᠡᠯᠲᠦ ᠵᠦᠴᠦᠭᠡ ᠵᠡᠷᠭᠡ ᠣᠯᠠᠨ ᠵᠦᠢᠯ ᠤᠨ ᠤᠷᠠᠯᠢᠭ ᠤᠨ ᠬᠡᠯᠪᠡᠷᠢ ᠪᠠᠷ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠡᠯᠪᠡᠭ ᠪᠠᠶᠠᠯᠢᠭ ᠦᠷ᠎ᠡ ᠪᠦᠲᠦᠭᠡᠯ ᠢ ᠳᠡᠯᠭᠡᠨ ᠦᠵᠡᠭᠦᠯᠵᠡᠢ᠃ ᠦᠴᠦᠸᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠤᠰ ᠤᠳᠠᠭ᠎ᠠ ᠶᠢᠨ ᠰᠣᠶᠣᠯ ᠤᠷᠠᠯᠢᠭ ᠤᠨ ᠨᠠᠶᠢᠷ ᠢᠶᠠᠷ ᠠᠵᠠ ᠲᠣᠬᠢᠶᠠᠯ ᠪᠣᠯᠭᠠᠵᠤ᠂ ᠲᠤᠷᠰᠢᠯᠭ᠎ᠠ ᠪᠠᠨ ᠳ᠋ᠦᠩᠨᠡᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠴᠢᠨᠠᠷ ᠰᠠᠶᠢᠲᠠᠢ ᠭᠤᠸ᠎ᠠ ᠰᠠᠶᠢᠬᠠᠨ ᠤ ᠬᠥᠮᠦᠵᠢᠯ ᠤᠨ ᠡᠬᠢ ᠪᠠᠶᠠᠯᠢᠭ ᠢ ᠥᠷᠭᠡᠳᠬᠡᠵᠦ᠂ ᠰᠤᠷᠭᠠᠭᠤᠯᠢ ᠶᠢᠨ ᠤᠷᠠᠯᠢᠭ ᠤᠨ ᠰᠤᠷᠭᠠᠨ ᠬᠥᠮᠦᠵᠢᠯ ᠤᠨ ᠪᠦᠲᠦᠴᠡ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠭᠤᠸ᠎ᠠ ᠰᠠᠶᠢᠬᠠᠨ ᠤ ᠬᠥᠮᠦᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠦᠬᠦ ᠶᠠᠪᠤᠴᠠ ᠳᠤ ᠠᠭᠤᠰᠤᠯᠴᠠᠭᠤᠯᠵᠤ᠂ ᠰᠤᠷᠤᠭᠴᠢᠳ ᠤᠨ ᠭᠤᠸ᠎ᠠ ᠰᠠᠶᠢᠬᠠᠨ ᠪᠠ ᠰᠣᠶᠣᠯ ᠢᠷᠭᠡᠨᠰᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠦᠨ᠎ᠡ᠃ ︵ᠰᠤᠷᠪᠤᠯᠵᠢᠯᠠᠬᠴᠢ᠄ ᠴᠧᠩ ᠵᠢᠶᠦ᠋ᠨ ᠴᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号