ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2024 ᠣᠨ ᠤ 12 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠂ ᠬᠤᠷᠠᠯ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠭᠦᠨ ᠨᠠᠷ ᠰᠤᠷᠤᠯᠴᠠᠭᠰᠠᠨ ᠣᠶᠢᠯᠠᠭᠠᠯᠲᠠ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ ᠮᠥᠨ᠂ ᠪᠠᠰᠠ ᠴᠤ ᠦᠨᠳᠦᠰᠦᠲᠡᠨ ᠤ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠮᠠᠨ ᠤ ᠰᠢᠶᠠᠨ ᠤ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠡᠷᠡᠭᠲᠡᠢ᠃ ᠪᠦᠬᠦ ᠰᠢᠶᠠᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠭᠤᠶᠢᠪᠢᠰᠢ ᠦᠭᠡᠢ ᠪᠠᠷᠢᠮᠲᠠᠯᠠᠵᠤ᠂ ︽ᠢᠯᠡ ᠲᠣᠳᠣ ᠪᠦᠲᠦᠮᠵᠢᠲᠡᠢ︾ ᠪᠠᠶᠢᠬᠤ ᠶᠢᠨ ᠲᠣᠭᠤᠷᠢᠨ ᠳᠤ᠂ ᠤᠨᠤᠯ ᠤᠨ ᠰᠤᠷᠤᠯᠴᠠᠯᠭ᠎ᠠ ᠪᠣᠯᠣᠨ ᠦᠢᠯᠡᠳᠦᠯᠭᠡ ᠶᠢᠨ ᠰᠦᠪᠡᠭᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠲᠠᠢ ᠬᠠᠷᠢᠯᠴᠠᠨ ᠠᠭᠤᠰᠤᠯᠴᠠᠭᠤᠯᠵᠤ᠂ ᠡᠯ᠎ᠡ ᠵᠦᠢᠯ ᠤᠨ ᠡᠳᠦᠷ ᠲᠤᠳᠤᠮ ᠤᠨ ᠠᠵᠢᠯ ᠳᠤ ᠨᠠᠷᠢᠨ ᠨᠢᠮᠪᠠᠢ ᠠᠭᠤᠰᠤᠯᠴᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠦᠴᠦᠸᠠᠨ ᠤ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃  ︵ᠰᠣᠷᠪᠤᠯᠵᠢᠯᠠᠬᠴᠢ ᠵᠣᠤ ᠯᠢᠩ ᠾᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号