ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠵᠤ ᠣᠶᠢᠷ᠎ᠠ ᠶᠢᠨ ᠬᠤᠭᠤᠴᠠᠭᠠᠨ ᠤ ᠪᠥᠬᠦ ᠰᠢᠶᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠶᠠᠩ ᠰᠢᠩ ᠱᠧᠩ ᠬᠤᠷᠠᠯ ᠡᠷᠭᠢᠯᠡᠪᠡ
ᠨᠡᠶᠢᠲᠡᠯᠡᠭᠰᠡᠨ ᠴᠠᠭ᠄
2024/8/30
      8 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 145 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠵᠢᠴᠢ ︽ᠭᠤᠷᠪᠠ ᠶᠢ ᠪᠠᠲᠤᠯᠠᠬᠤ︾ ᠠᠵᠢᠯ ᠢ ᠰᠤᠳᠤᠯᠵᠤ᠂ ︽ᠪᠠᠭᠰᠢ ᠶᠢᠨ ᠪᠠᠶᠠᠷ ᠤᠨ ᠡᠳᠦᠷ ᠤᠨ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠥᠬᠢᠭᠦᠯᠦᠨ ᠱᠠᠩᠨᠠᠬᠤ ᠲᠤᠬᠠᠢ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠬᠤᠯᠪᠣᠭᠳᠠᠯ ᠪᠦᠬᠦᠢ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠴᠢᠩᠭ᠎ᠠ ᠬᠡᠷᠡᠭᠵᠢᠭᠦᠯᠵᠦ᠂ ︽ᠠᠷᠪᠢᠯᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠵᠠᠷᠤᠯᠭ᠎ᠠ ᠶᠢᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠬᠡᠷᠡᠭ ᠶᠠᠪᠤᠳᠠᠯ ᠪᠣᠯᠣᠨ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠭᠤᠣᠯᠳᠠᠯᠭ᠎ᠠ ᠲᠠᠢ ᠪᠠᠲᠤᠯᠠᠵᠤ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠬᠦ ᠰᠢᠶᠠᠨ ᠤ ᠭᠤᠣᠯ ᠠᠵᠢᠯ ᠲᠠᠢ ᠨᠢᠭᠲᠠ ᠤᠶᠠᠯᠳᠤᠭᠤᠯᠤᠨ᠂ ᠵᠢᠯ ᠤᠨ ᠡᠬᠢᠨ ᠤ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠤᠯᠤᠰ ᠤᠨ ᠵᠢᠭᠡᠯᠡᠯᠭᠡ ᠪᠣᠯᠣᠨ ᠳᠡᠭᠡᠳᠦ ᠱᠠᠲᠤᠨ ᠤ ᠲᠤᠰᠬᠠᠢ ᠵᠦᠢᠯ ᠤᠨ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠡᠯ᠎ᠡ ᠲᠦᠷᠦᠯ ᠤᠨ ᠪᠡᠯᠡ ᠮᠥᠩᠭᠦ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠠᠷ ᠰᠠᠶᠢᠲᠤᠷ ᠬᠡᠷᠡᠭᠯᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠬᠥᠷᠥᠩᠭᠡ ᠶᠢ ᠲᠠᠲᠠᠵᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠪᠡᠯᠡ ᠣᠷᠣᠭᠤᠯᠵᠤ᠂ ᠪᠦᠬᠦ ᠰᠢᠶᠠᠨ ᠤ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠲᠠᠰᠤᠷᠠᠯᠲᠠ ᠦᠭᠡᠢ ᠥᠷᠭᠡᠳᠬᠡᠵᠦ᠂ ᠡᠳ᠋ ᠤᠨ ᠵᠠᠰᠠᠭ ᠤᠨ ᠭᠠᠶᠢᠯᠢ ᠲᠠᠲᠠᠪᠤᠷᠢ ᠶᠢ ᠲᠣᠭᠲᠠᠭᠤᠨ ᠢᠶᠠᠷ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠮᠠᠨ ᠤ ᠰᠢᠶᠠᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠬᠠᠮᠲᠤᠷᠠᠨ ᠰᠤᠷᠭᠠᠭᠤᠯᠢ ᠡᠷᠬᠢᠯᠡᠭᠰᠡᠨ ᠠᠴᠠ ᠨᠠᠭᠠᠰᠢ᠂ ᠵᠢᠭᠠᠨ ᠰᠤᠷᠭᠠᠯᠲᠠ ᠶᠢᠨ ᠶᠠᠰᠤ ᠴᠢᠨᠠᠷ ᠢᠯᠡᠳᠲᠡ ᠰᠠᠶᠢᠵᠢᠷᠠᠵᠤ᠂ ᠰᠤᠷᠭᠠᠨ ᠬᠥᠮᠦᠵᠢᠯ ᠤᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ ᠬᠠᠮᠲᠤᠷᠠᠨ ᠰᠤᠷᠭᠠᠭᠤᠯᠢ ᠡᠷᠭᠢᠯᠡᠬᠦ ᠵᠠᠭᠪᠤᠷ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠣᠨ ᠳᠡᠭᠡᠳᠦ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠭᠦᠢᠴᠡᠳ ᠨᠤᠲᠠᠯᠠᠯᠲᠠ ᠶᠢ ᠣᠯᠵᠤ᠂ ᠨᠡᠶᠢᠭᠡᠮ ᠤᠨ ᠡᠯ᠎ᠡ ᠡᠲᠡᠭᠡᠳ ᠪᠣᠯᠣᠨ ᠰᠣᠷᠣᠭᠴᠢ ᠶᠢᠨ ᠭᠡᠷ ᠤᠨ ᠠᠬᠠᠮᠠᠳ ᠤᠨ ᠨᠡᠶᠢᠳᠡᠮ ᠵᠥᠪᠰᠢᠶᠡᠷᠡᠯ ᠢ ᠣᠯᠣᠭᠰᠠᠨ ᠪᠠᠶᠢᠨ᠎ᠠ᠃ ᠪᠠᠭᠰᠢ ᠶᠢᠨ ᠪᠠᠶᠠᠷ ᠤᠨ ᠡᠳᠦᠷ ᠲᠡᠷᠢᠭᠦᠨ ᠤ ᠬᠠᠮᠲᠤ ᠪᠠ ᠬᠤᠪᠢ ᠬᠥᠮᠥᠨ ᠢ ᠬᠥᠬᠢᠭᠦᠯᠦᠨ ᠱᠠᠩᠨᠠᠬᠤ ᠪᠠᠷ ᠳᠠᠮᠵᠢᠭᠤᠯᠤᠨ ᠪᠦᠬᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠯᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠶᠢᠨ ᠬᠠᠮᠲᠤ ᠥᠷᠭᠡᠨ ᠤᠯᠠᠨ ᠪᠠᠭᠰᠢ ᠪᠠ ᠰᠤᠷᠭᠠᠨ ᠬᠥᠮᠦᠵᠢᠯ ᠤᠨ ᠠᠵᠢᠯᠲᠠᠳ ᠤᠨ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ᠂ ᠣᠮᠤᠭ ᠵᠣᠷᠢᠭ ᠪᠠᠳᠠᠷᠠᠩᠭᠤᠢ ᠬᠦᠴᠦᠯᠡᠨ ᠴᠢᠷᠮᠠᠶᠢᠬᠤ ᠶᠢ ᠵᠣᠷᠢᠭᠵᠢᠭᠤᠯᠵᠤ᠂ ᠬᠠᠮᠲᠤᠷᠠᠨ ᠰᠤᠷᠭᠠᠭᠤᠯᠢ ᠡᠷᠬᠢᠯᠡᠬᠦ ᠢᠲᠡᠭᠡᠯ ᠵᠣᠷᠢᠭ ᠢᠶᠠᠨ ᠦᠷᠭᠦᠯᠵᠢᠯᠡᠨ ᠪᠠᠲᠤᠳᠬᠠᠵᠤ᠂ ᠰᠤᠷᠭᠠᠭᠤᠯᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠬᠠᠷᠠᠯᠲᠠ ᠲᠡᠰᠢ ᠲᠠᠰᠤᠷᠠᠯᠲᠠ ᠦᠭᠡᠢ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠣᠷᠪᠤᠯᠵᠢᠯᠠᠬᠴᠢ ᠵᠣᠤ ᠯᠢᠩ ᠾᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号