︵2024 ᠣᠨ ᠤ 8 ᠰᠠᠷ᠎ᠠ ᠶᠢᠨ 6 ᠤ ᠡᠳᠦᠷ︶ | | | ᠪᠠᠭᠰᠢ ᠪᠣᠯ ᠰᠤᠷᠭᠠᠨ ᠬᠥᠮᠦᠵᠢᠯ ᠢ ᠪᠠᠶᠢᠭᠤᠯᠬᠤ ᠶᠢᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ | ᠡᠬᠢ ᠰᠤᠷᠪᠤᠯᠵᠢ ᠮᠥᠨ᠂ ᠤᠯᠤᠰ ᠢᠶᠠᠨ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠰᠤᠷᠭᠠᠨ ᠬᠥᠮᠦᠵᠢᠯ ᠢ | ᠬᠦᠴᠦᠷᠬᠡᠭᠵᠢᠭᠦᠯᠵᠦ᠂ ᠰᠤᠷᠭᠠᠨ ᠬᠥᠮᠦᠵᠢᠯ ᠢ ᠬᠦᠴᠦᠷᠬᠡᠭᠵᠢᠭᠦᠯᠬᠦ ᠳᠤ ᠡᠷᠬᠡᠪᠰᠢ ᠤᠷᠢᠳ ᠢᠶᠠᠷ ᠪᠠᠭᠰᠢ ᠶᠢ | ᠬᠦᠴᠦᠷᠬᠡᠭᠵᠢᠭᠦᠯᠬᠦ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠢᠨ᠎ᠡ | ᠴᠠᠭ ᠦᠶ᠎ᠡ ᠶᠢᠨ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ | ᠠᠮᠢᠰᠬᠤᠯ ᠢ ᠤᠯᠠᠮ ᠨᠢᠭᠡ ᠠᠯᠬᠤᠮ ᠪᠤᠢ ᠪᠤᠯᠭᠠᠬᠤ ᠶᠢᠨ ᠲᠥᠯᠥᠭᠡ᠂ ᠤᠳᠤ ᠳᠣᠣᠷᠠᠬᠢ ᠮᠡᠲᠦ ᠰᠠᠨᠠᠯ ᠳᠤᠷᠠᠳᠤᠶ᠎ᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ | ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠤᠷᠭᠠᠨ ᠬᠥᠮᠦᠵᠢᠯ ᠤᠨ ᠦᠢᠯᠡᠰ ᠲᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠵᠤ᠂ | ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠪᠠᠭᠰᠢ ᠶᠢᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠶᠢᠨ ᠬᠠᠮᠤᠭ ᠤᠨ ᠴᠢᠬᠤᠯᠠ ᠰᠠᠭᠤᠷᠢ ᠠᠵᠢᠯ ᠪᠣᠯᠭᠠᠨ ᠠᠳᠬᠤᠵᠤ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠪᠠᠭᠰᠢ ᠶᠢᠨ ᠪᠢᠴᠢᠭ ᠵᠢᠭᠠᠵᠤ ᠬᠥᠮᠥᠨ ᠬᠥᠮᠥᠵᠢᠭᠦᠯᠬᠦ | ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠵᠦ᠂ ᠪᠠᠭᠰᠢ ᠶᠢᠨ ᠡᠩᠨᠡᠭᠡᠨ ᠤ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠲᠣᠪᠣᠶᠢᠮ᠎ᠠ | ᠳᠤᠲᠠᠭᠤᠳᠠᠯ ᠢ ᠲᠦᠷᠭᠡᠨ ᠨᠥᠬᠦᠪᠦᠷᠢᠯᠡᠵᠦ᠂ ᠥᠨᠳᠥᠷ ᠬᠡᠪ ᠪᠣᠯᠪᠠᠰᠤᠷᠠᠯ ᠲᠠᠢ ᠪᠠᠭᠰᠢ ᠶᠢ ᠬᠥᠮᠥᠵᠢᠭᠦᠯᠵᠦ | ᠬᠠᠩᠭᠠᠬᠤ ᠶᠢ ᠴᠢᠩᠭᠠᠳᠬᠠᠵᠤ᠂ ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠪᠠᠭᠰᠢ ᠶᠢᠨ ᠮᠣᠷᠠᠯ ᠡᠷᠬᠢᠮ ᠳᠡᠭᠡᠳᠦ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠪᠦᠲᠦᠴᠡ ᠵᠣᠬᠢᠰᠲᠠᠢ᠂ | ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡ | ᠶᠢ ᠪᠤᠢ ᠪᠤᠯᠭᠠᠵᠤ᠂ ᠰᠤᠷᠭᠠᠨ ᠬᠥᠮᠦᠵᠢᠯ ᠤᠨ ᠣᠳᠣᠬᠢᠴᠢᠯᠠᠯᠲᠠ ᠶᠢ ᠲᠦᠷᠭᠡᠳᠬᠡᠬᠦ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ | ᠰᠠᠶᠢᠲᠤᠷ ᠡᠷᠭᠢᠯᠡᠭᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠃ | ᠠᠵᠢᠯ ᠤᠨ ᠳᠤᠮᠳᠠ ᠪᠠᠨ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ | ᠪᠠᠭᠰᠢ ᠶᠢᠨ ᠡᠩᠨᠡᠭᠡ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠥᠷᠭᠡᠨ ᠤᠯᠠᠨ ᠪᠠᠭᠰᠢ ᠶᠢᠨ ᠰᠡᠳᠬᠢᠯ | ᠵᠢᠷᠦᠬᠡᠨ ᠳᠡᠭᠡᠨ ᠬᠠᠮᠲᠤ ᠨᠡᠶᠢᠲᠡ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ | ᠪᠢᠰᠢᠷᠡᠯ ᠢᠶᠠᠨ ᠪᠠᠲᠤᠳᠬᠠᠵᠤ᠂ ᠦᠭᠡ ᠶᠠᠷᠢᠶ᠎ᠠ ᠪᠠᠷ ᠢᠶᠠᠨ ᠬᠡᠪ ᠳᠠᠭᠤᠷᠢᠶᠠᠯ ᠪᠤᠯᠬᠤ᠂ ᠦᠢᠯᠡ ᠠᠵᠢᠯᠯᠠᠭ᠎ᠠ ᠪᠠᠷ ᠢᠶᠠᠨ | ᠦᠯᠢᠭᠡᠷ ᠳᠠᠭᠤᠷᠢᠶᠠᠯ ᠪᠤᠯᠬᠤ ᠶᠣᠰᠣ ᠰᠤᠷᠲᠠᠬᠤᠨ ᠤᠶᠤᠨ ᠰᠡᠳᠬᠢᠯᠭᠡ ᠪᠠᠨ ᠬᠥᠮᠥᠵᠢᠭᠦᠯᠬᠦ᠂ ᠤᠶᠤᠨ ᠤᠬᠠᠭᠠᠨ ᠢ | ᠨᠢ ᠰᠡᠬᠡᠭᠡᠷᠡᠭᠦᠯᠦᠨ ᠰᠡᠳᠬᠢᠯ ᠢ ᠨᠢ ᠤᠮᠳᠠᠯᠠᠬᠤ᠂ ᠠᠪᠢᠶᠠᠰ ᠴᠢᠳᠠᠪᠤᠷᠢ ᠳᠤᠨᠢ ᠲᠣᠬᠢᠷᠠᠭᠤᠯᠤᠨ ᠵᠢᠭᠠᠨ ᠰᠤᠷᠭᠠᠬᠤ | ᠬᠥᠮᠥᠨ ᠢ ᠬᠥᠮᠥᠵᠢᠭᠦᠯᠬᠦ ᠤᠶᠤᠨ ᠤᠬᠠᠭᠠᠨ ᠢᠶᠠᠨ ᠪᠤᠯᠪᠠᠰᠤᠷᠠᠭᠤᠯᠵᠤ᠂ ᠰᠢᠷᠭᠠᠭᠤ ᠰᠤᠷᠤᠯᠴᠠᠨ ᠪᠠᠲᠤᠲᠠᠢ | ᠦᠢᠯᠡᠳᠦᠯᠭᠡᠵᠢᠭᠦᠯᠬᠦ᠂ ᠦᠨᠡᠨ ᠠᠴᠠ ᠵᠥᠪ ᠢ ᠡᠷᠢᠨ ᠰᠢᠨ᠎ᠡ ᠶᠢ ᠡᠭᠦᠳᠬᠦ ᠬᠢᠴᠢᠶᠡᠩᠭᠦᠶᠢᠯᠡᠨ ᠬᠢᠬᠦ ᠣᠪᠣᠷ ᠢ | ᠪᠠᠷᠢᠮᠲᠠᠯᠠᠵᠤ᠂ ᠪᠠᠶᠠᠷ ᠭᠦᠷ ᠲᠠᠢ ᠪᠠᠷ ᠵᠢᠭᠠᠨ ᠰᠤᠷᠭᠠᠵᠤ ᠰᠤᠷᠤᠬᠴᠢ ᠪᠠᠨ ᠬᠠᠶᠢᠷᠠᠯᠠᠬᠤ᠂ ᠳᠤᠷᠠᠲᠠᠶ᠎ᠠ ᠬᠤᠪᠢ ᠨᠡᠮᠡᠷᠢ | ᠦᠵᠡᠭᠦᠯᠭᠦ ᠡᠨᠡᠷᠢᠩᠭᠦᠢ ᠰᠡᠳᠬᠢᠯ ᠢᠶᠠᠨ ᠰᠢᠷᠭᠠᠭᠤ ᠳᠠᠪᠲᠠᠵᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ | ᠪᠠᠭᠲᠠᠭᠠᠬᠤ᠂ ᠰᠣᠶᠣᠯ ᠢᠶᠠᠷ ᠬᠥᠮᠥᠨ ᠢ ᠰᠡᠬᠡᠭᠡᠷᠡᠭᠦᠯᠬᠦ ᠠᠤᠭ᠎ᠠ ᠶᠡᠭᠡ ᠬᠦᠰᠡᠯᠡᠩ ᠬᠥᠭᠡᠭᠡᠴᠡᠯᠳᠦᠯ ᠢ ᠪᠤᠢ ᠪᠤᠯᠭᠠᠵᠤ᠂ | ᠪᠠᠭᠰᠢ ᠶᠢᠨ ᠡᠩᠨᠡᠭᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠦᠢᠯᠡᠳᠦᠯᠭᠡᠵᠢᠭᠦᠯᠬᠦ ᠶᠢ ᠬᠥᠲᠥᠯᠥᠨ | ᠵᠢᠯᠤᠭᠤᠳᠬᠤ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠬᠥᠮᠥᠵᠢᠭᠦᠯᠦᠨ ᠪᠤᠯᠪᠠᠰᠤᠷᠠᠭᠤᠯᠬᠤ ᠶᠢ | ᠪᠠᠷᠢᠮᠲᠠᠯᠠᠵᠤ᠂ ᠪᠠᠭᠰᠢ ᠶᠢᠨ ᠬᠥᠮᠦᠵᠢᠯ᠂ ᠬᠥᠭᠵᠢᠯᠲᠡ ᠳᠤ ᠠᠭᠤᠰᠤᠯᠴᠠᠭᠤᠯᠵᠤ᠂ ᠡᠳᠦᠷ ᠲᠤᠲᠤᠮ ᠤᠮᠳᠠᠯᠠᠬᠤ᠂ | ᠲᠥᠷᠥᠯ ᠵᠦᠢᠯ ᠢᠶᠠᠷ ᠴᠢᠳᠠᠪᠤᠷᠢ ᠣᠯᠭᠤᠬᠤ᠂ ᠲᠠᠪᠴᠠᠩ ᠢᠶᠠᠷ ᠲᠤᠯᠭᠠᠭᠤᠷᠢᠯᠠᠬᠤ ᠪᠠᠭᠰᠢ ᠶᠢᠨ ᠬᠥᠭᠵᠢᠯᠲᠡ ᠶᠢᠨ | ᠰᠠᠶᠢᠨ ᠰᠠᠶᠢᠬᠠᠨ ᠠᠮᠢ ᠠᠬᠤᠢ ᠶᠢ ᠪᠠᠶᠢᠭᠤᠯᠬᠤ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ | ᠪᠠᠳᠠᠷᠠᠭᠤᠯᠤᠨ ᠦᠢᠯᠡᠳᠦᠯᠭᠡᠵᠢᠭᠦᠯᠬᠦ ᠶᠢ ᠪᠠᠷᠢᠮᠲᠠᠯᠠᠵᠤ᠂ ᠪᠠᠭᠰᠢ ᠶᠢᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ᠂ | ᠰᠢᠨᠵᠢᠯᠡᠬᠦ ᠤᠬᠠᠭᠠᠨ ᠤ ᠰᠤᠳᠤᠯᠭᠠᠨ᠂ ᠨᠡᠶᠢᠭᠡᠮ ᠤᠨ ᠦᠢᠯᠡᠳᠦᠯᠭᠡ ᠵᠡᠷᠭᠡ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠦᠢᠯᠡᠳᠦᠯᠭᠡᠵᠢᠭᠦᠯᠬᠦ ᠭᠤᠣᠯ ᠵᠢᠭᠰᠠᠭᠠᠯ ᠢ ᠪᠠᠲᠤ ᠴᠣᠭᠴᠠᠯᠠᠬᠤ | ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠪᠠᠷ ᠬᠥᠲᠥᠯᠥᠨ ᠳᠠᠭᠠᠭᠤᠯᠵᠤ ᠤᠷᠮᠠᠰᠢᠭᠤᠯᠤᠨ | ᠵᠣᠷᠢᠭᠵᠢᠭᠤᠯᠬᠤ ᠶᠢ ᠪᠠᠷᠢᠮᠲᠠᠯᠠᠵᠤ᠂ ᠪᠠᠭᠰᠢ ᠶᠢᠨ ᠪᠠᠷᠢᠮᠵᠢᠶ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ | ᠪᠠᠭᠰᠢ ᠶᠢᠨ ᠬᠠᠮᠢᠶᠠᠷᠤᠯᠲᠠ ᠦᠨᠡᠯᠡᠯᠲᠡ ᠶᠢᠨ ᠪᠦᠭᠦ ᠶᠠᠪᠤᠴᠠ ᠳᠤ ᠣᠷᠣᠭᠤᠯᠵᠤ᠂ ᠥᠷᠭᠡᠨ ᠤᠯᠠᠨ ᠪᠠᠭᠰᠢ ᠶᠢᠨ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠪᠣᠯᠭᠠᠨ | ᠬᠤᠪᠢᠷᠠᠭᠤᠯᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ | 3 ᠠᠴᠠ 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ | ᠢᠳᠡᠪᠬᠢᠲᠡᠢ ᠦᠷ᠎ᠡ ᠪᠦᠲᠦᠮᠵᠢ ᠣᠯᠵᠤ᠂ ᠪᠠᠭᠰᠢ ᠶᠢᠨ ᠶᠣᠰᠣ ᠰᠤᠷᠲᠠᠬᠤᠨ ᠢᠶᠠᠷ ᠪᠡᠶ᠎ᠡ ᠪᠠᠨ ᠵᠠᠰᠠᠬᠤ᠂ ᠦᠢᠯᠡᠰ ᠢᠶᠠᠨ | ᠳᠡᠭᠡᠳᠦᠯᠡᠵᠦ ᠰᠤᠷᠭᠠᠭᠤᠯᠢ ᠡᠷᠭᠢᠯᠡᠭᠦ᠂ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ᠲᠠᠯ᠎ᠠ ᠪᠠᠷ ᠰᠢᠨ᠎ᠡ ᠳᠦᠷᠰᠦ | ᠪᠠᠶᠢᠳᠠᠯ ᠢᠯᠡᠷᠡᠵᠦ᠂ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠠᠭᠤᠷ | ᠠᠮᠢᠰᠬᠤᠯ ᠢ ᠨᠡᠩ ᠥᠳᠬᠡᠨ ᠵᠤᠵᠠᠭᠠᠨ ᠪᠣᠯᠭᠠᠨ᠎ᠠ᠃ 2035 ᠣᠨ ᠪᠤᠯᠬᠤ ᠳᠤ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠨᠢ ᠥᠷᠭᠡᠨ ᠣᠯᠠᠨ ᠪᠠᠭᠰᠢ ᠶᠢᠨ ᠤᠬᠠᠮᠰᠠᠷᠲᠤ ᠬᠥᠭᠡᠭᠡᠴᠡᠯᠳᠦᠯ ᠪᠣᠯᠵᠤ᠂ ᠪᠠᠭᠰᠢ ᠶᠢᠨ ᠡᠩᠨᠡᠭᠡ ᠶᠢ ᠵᠠᠰᠠᠬᠤ | ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠪᠡᠶᠡᠯᠡᠭᠦᠯᠵᠦ᠂ ᠲᠣᠭᠠᠴᠢᠯᠠᠯᠲᠠ ᠪᠠᠷ ᠪᠠᠭᠰᠢ ᠶᠢᠨ | ᠬᠥᠭᠵᠢᠯᠲᠡ ᠳᠤ ᠡᠨᠧᠷᠭᠢ ᠣᠯᠭᠤᠬᠤ ᠶᠢ ᠬᠡᠪ ᠤᠨ ᠪᠠᠶᠢᠳᠠᠯ ᠪᠤᠯᠭᠠᠵᠤ᠂ ᠪᠠᠭᠰᠢ ᠶᠢᠨ ᠪᠠᠶᠢᠷᠢ ᠰᠠᠭᠤᠷᠢ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠪᠠᠭᠰᠢ ᠨᠢ ᠨᠡᠶᠢᠭᠡᠮ ᠳᠤ ᠬᠠᠮᠤᠭ ᠠᠴᠠ ᠬᠦᠨᠳᠦᠳᠬᠡᠭᠳᠡᠬᠦ ᠪᠠ ᠬᠥᠮᠥᠰ ᠤᠨ | ᠪᠠᠭ᠋ᠠᠷᠬᠠᠯ ᠢ ᠬᠠᠮᠤᠭ ᠠᠴᠠ ᠢᠯᠡᠭᠦᠦ ᠣᠯᠬᠤ ᠠᠵᠢᠯ ᠮᠡᠷᠭᠡᠵᠢᠯ ᠤᠨ ᠨᠢᠭᠡ ᠪᠣᠯᠵᠤ᠂ ᠰᠢᠯᠢᠳᠡᠭ ᠴᠢᠳᠠᠪᠤᠷᠢᠲᠠᠨ | ᠥᠷᠢᠰᠦᠯᠳᠦᠵᠦ ᠪᠠᠶᠢᠭᠠᠳ ᠪᠠᠭᠰᠢᠯᠠᠵᠤ᠂ ᠰᠢᠯᠢᠳᠡᠭ ᠪᠠᠭᠰᠢ ᠲᠠᠰᠤᠷᠠᠯᠲᠠ ᠦᠭᠡᠢ ᠴᠣᠯᠭᠤᠷᠠᠨ ᠭᠠᠷᠬᠤ ᠰᠠᠶᠢᠨ | ᠰᠠᠶᠢᠬᠠᠨ ᠪᠠᠶᠢᠳᠠᠯ ᠢ ᠪᠤᠶ ᠪᠣᠯᠭᠠᠨ᠎ᠠ᠃ | ᠬᠤᠶᠠᠷ᠂ ᠪᠠᠭᠰᠢ ᠶᠢᠨ ᠡᠩᠨᠡᠭᠡᠨ ᠤ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠴᠢᠩᠭᠠᠳᠬᠠᠨ᠎ᠠ | ︵ᠨᠢᠭᠡ︶ ᠬᠦᠰᠡᠯᠡᠩ ᠢᠲᠡᠭᠡᠯ ᠪᠢᠰᠢᠷᠡᠯ ᠤᠨ ᠬᠥᠮᠦᠵᠢᠯ ᠢ ᠴᠢᠩᠭᠠᠳᠬᠠᠨ᠎ᠠ᠃ ᠪᠠᠭᠰᠢ ᠨᠠᠷ ᠲᠣᠭᠲᠠᠭᠰᠠᠨ | ᠬᠤᠭᠤᠴᠠᠭ᠎ᠠ ᠲᠠᠢ ᠪᠠᠷ ᠤᠨᠤᠯ ᠰᠤᠷᠤᠯᠴᠠᠬᠤ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠨ᠎ᠠ᠃ ᠨᠠᠮ ᠤᠨ | ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠰᠠᠶᠢᠲᠤᠷ ᠠᠳᠬᠤᠨ᠎ᠠ᠃ ᠡᠯ᠎ᠡ | ᠱᠠᠲᠤᠨ ᠤ ᠡᠯ᠎ᠡ ᠲᠥᠷᠥᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ᠵᠡᠷᠭᠡ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠪᠠᠭᠰᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠡᠭᠡᠯᠵᠢᠯᠡᠭᠰᠡᠨ | ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠥᠷᠨᠢᠭᠦᠯᠵᠦ᠂ ᠥᠷᠭᠡᠨ ᠣᠯᠠᠨ ᠪᠠᠭᠰᠢ ᠶᠢᠨ ᠳᠤᠮᠳᠠᠳᠤ ᠤᠯᠤᠰ ᠤᠨ | ᠡᠪ ᠬᠠᠮᠲᠤ ᠨᠠᠮ ᠪᠣᠯᠣᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠲᠤᠬᠠᠢ ᠤᠯᠤᠰ | ᠲᠥᠷᠥ ᠶᠢᠨ ᠬᠠᠮᠲᠤ ᠶᠢᠨ ᠲᠠᠨᠢᠯᠲᠠ᠂ ᠦᠵᠡᠯ ᠰᠠᠨᠠᠭᠠᠨ ᠤ ᠬᠠᠮᠲᠤ ᠶᠢᠨ ᠲᠠᠨᠢᠯᠲᠠ᠂ ᠣᠨᠣᠯ ᠤᠨ ᠬᠠᠮᠲᠤ ᠶᠢᠨ ᠲᠠᠨᠢᠯᠲᠠ᠂ | ᠬᠠᠶᠢᠷ᠎ᠠ ᠰᠡᠳᠬᠢᠯᠭᠡ ᠶᠢᠨ ᠬᠠᠮᠲᠤ ᠶᠢᠨ ᠲᠠᠨᠢᠯᠲᠠ ᠶᠢ ᠨᠡᠮᠡᠭᠳᠡᠭᠦᠯᠦᠨ᠎ᠡ᠃ | ︵ᠬᠤᠶᠠᠷ︶ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ | ᠪᠤᠯᠭᠠᠬᠤ ᠶᠢ ᠴᠢᠩᠭᠠᠳᠬᠠᠨ᠎ᠠ᠃ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠬᠤ ᠡᠷᠬᠡ ᠶᠢ ᠪᠠᠲᠤ ᠡᠵᠡᠮᠳᠡᠨ᠎ᠡ᠃ ᠪᠠᠭᠰᠢ ᠶᠢᠨ | ᠨᠠᠮ ᠤᠨ ᠡᠭᠦᠷ ᠤᠨ ᠱᠦᠵᠢ ᠶᠢ ᠰᠢᠯᠢᠳᠡᠭ ᠢ ᠨᠢ ᠰᠣᠩᠭᠤᠨ ᠳᠣᠷᠪᠢᠲᠠᠢ ᠶᠢ ᠨᠢ ᠲᠣᠬᠢᠷᠠᠭᠤᠯᠵᠤ᠂ ᠪᠠᠭᠰᠢ ᠶᠢᠨ | ᠨᠠᠮ ᠤᠨ ᠡᠭᠦᠷ ᠤᠨ ᠱᠦᠵᠢ ᠶᠢᠨ ︽ᠬᠤᠣᠰ ᠳᠠᠭᠠᠭᠤᠯᠤᠭᠴᠢ︾ ᠶᠢ ᠬᠥᠮᠥᠵᠢᠭᠦᠯᠬᠦ ᠶᠢ ᠴᠢᠩᠭᠠᠳᠬᠠᠵᠤ᠂ ᠪᠠᠭᠰᠢ᠂ | ᠪᠠᠭᠰᠢ ᠶᠢᠨ ᠰᠤᠷᠭᠠᠭᠤᠯᠢ ᠶᠢᠨ ᠰᠤᠷᠤᠬᠴᠢᠳ ᠤᠨ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠠ | ᠨᠠᠮ ᠤᠨ ᠭᠡᠰᠢᠭᠦᠨ ᠪᠠᠭᠰᠢ ᠶᠢᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠳᠡᠭᠡᠳᠦ ᠲᠡᠰ | ᠳᠠᠪᠬᠤᠷᠭ᠎ᠠ ᠶᠢᠨ ᠴᠢᠳᠠᠪᠤᠷᠢᠲᠠᠨ᠂ ᠰᠢᠯᠢᠳᠡᠭ ᠵᠠᠯᠠᠭᠤ ᠪᠠᠭᠰᠢ᠂ ᠪᠠᠭᠠᠴᠤᠳ ᠤᠨ ᠬᠤᠰᠢᠭᠤᠴᠢ ᠠᠩᠭᠢ ᠶᠢᠨ | ᠬᠠᠪᠰᠤᠷᠤᠨ ᠵᠢᠯᠣᠭᠤᠳᠤᠭᠴᠢ ᠪᠠ ᠭᠠᠳᠠᠭᠠᠳᠤ ᠳᠤ ᠰᠤᠷᠤᠯᠴᠠᠭᠠᠳ ᠤᠯᠤᠰ ᠲᠠᠭᠠᠨ ᠪᠤᠴᠠᠵᠤ ᠢᠷᠡᠭᠰᠡᠨ ᠪᠠᠭᠰᠢ ᠶᠢᠨ | ᠳᠣᠲᠣᠷ᠎ᠠ ᠠᠴᠠ ᠨᠠᠮ ᠤᠨ ᠭᠡᠰᠢᠭᠦᠨ ᠡᠯᠰᠡᠬᠦ ᠠᠵᠢᠯ ᠢ ᠰᠠᠶᠢᠲᠤᠷ ᠬᠢᠬᠦ ᠶᠢ ᠠᠩᠬᠠᠷᠴᠤ᠂︽ᠭᠤᠷᠪᠠᠨ ᠬᠤᠷᠠᠯ ᠨᠢᠭᠡ | ᠬᠢᠴᠢᠶᠡᠯ︾ ᠵᠡᠷᠭᠡ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠢ ᠰᠠᠶᠢᠲᠤᠷ | ᠨᠠᠶᠢᠳᠠᠪᠤᠷᠢᠵᠢᠭᠤᠯᠵᠤ᠂ ᠪᠠᠭᠰᠢ ᠨᠠᠷ ᠢ ᠨᠠᠮ ᠤᠨ ᠲᠣᠭᠤᠷᠢᠨ ᠳᠤ ᠨᠢᠭᠲᠠ ᠪᠦᠯᠬᠦᠮᠳᠡᠭᠦᠯᠦᠨ᠎ᠡ᠃ ᠨᠠᠮ ᠤᠨ | ᠪᠠᠶᠢᠭᠤᠯᠤᠯᠲᠠ ᠪᠠᠷ ᠣᠯᠠᠨ ᠲᠦᠮᠡᠨ ᠤ ᠪᠠᠶᠢᠭᠤᠯᠤᠯᠲᠠ ᠶᠢ ᠳᠠᠶᠢᠴᠢᠯᠠᠬᠤ ᠶᠢ ᠪᠠᠷᠢᠮᠲᠠᠯᠠᠵᠤ᠂ ᠵᠠᠯᠠᠭᠤ ᠪᠠᠭᠰᠢ ᠶᠢᠨ | ᠦᠵᠡᠯ ᠰᠠᠨᠠᠭ᠎ᠠ ᠤᠯᠤᠰ ᠲᠥᠷᠥ ᠶᠢᠨ ᠵᠢᠯᠣᠭᠤᠳᠤᠯᠭ᠎ᠠ ᠶᠢ ᠴᠢᠩᠭᠠᠳᠬᠠᠨ᠎ᠠ᠃ | ᠭᠤᠷᠪᠠ᠂ ᠡᠷᠬᠢᠮ ᠳᠡᠭᠡᠳᠦ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠬᠥᠮᠥᠵᠢᠭᠦᠯᠦᠨ᠎ᠡ | ︵ᠭᠤᠷᠪᠠ︶ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠨ᠎ᠠ᠃ ᠦᠵᠡᠯ | ᠰᠠᠨᠠᠭ᠎ᠠ ᠤᠯᠤᠰ ᠲᠥᠷᠥ ᠪᠠ ᠪᠠᠭᠰᠢ ᠶᠢᠨ ᠮᠣᠷᠠᠯ ᠤᠨ ᠱᠠᠭᠠᠷᠳᠠᠯᠭ᠎ᠠ ᠶᠢ ᠪᠠᠭᠰᠢ ᠶᠢ ᠤᠷᠢᠨ ᠬᠡᠷᠡᠭᠯᠡᠬᠦ ᠭᠡᠷ᠎ᠡ ᠳᠤ | ᠣᠷᠣᠭᠤᠯᠵᠤ᠂ ᠪᠠᠭᠰᠢ ᠶᠢ ᠤᠷᠢᠨ ᠬᠡᠷᠡᠭᠯᠡᠬᠦ ᠠᠵᠢᠯ ᠤᠨ ᠳᠤᠮᠳᠠ ᠴᠢᠩᠭ᠎ᠠ ᠰᠢᠯᠭᠠᠨ ᠪᠠᠶᠢᠴᠠᠭᠠᠵᠤ ᠴᠢᠩᠭ᠎ᠠ | ᠠᠳᠬᠤᠨ᠎ᠠ᠃ ᠪᠠᠭᠰᠢ ᠶᠢᠨ ᠮᠣᠷᠠᠯ ᠤᠨ ᠢᠯᠡᠷᠡᠯ ᠢ ᠪᠠᠭᠰᠢ ᠶᠢᠨ ᠬᠢᠷᠢ ᠭᠡᠮ ᠳᠤ ᠣᠷᠣᠭᠤᠯᠬᠤ ᠶᠢ ᠵᠥᠪᠰᠢᠶᠡᠷᠡᠬᠦ᠂ | ᠤᠷᠢᠵᠤ ᠡᠯᠰᠡᠬᠦ ᠣᠷᠣᠭᠤᠯᠤᠨ ᠠᠪᠴᠢᠷᠠᠬᠤ᠂ ᠮᠡᠷᠭᠡᠵᠢᠯ ᠤᠨ ᠴᠣᠯᠠ ᠲᠣᠭᠲᠠᠭᠠᠵᠤ ᠤᠷᠢᠬᠤ᠂ ᠵᠢᠯᠣᠭᠤᠳᠤᠭᠴᠢ | ᠪᠠᠭᠰᠢ ᠶᠢ ᠰᠢᠯᠢᠨ ᠰᠣᠩᠭᠤᠬᠤ᠂ ᠰᠢᠯᠢᠳᠡᠭ ᠢ ᠰᠢᠯᠭᠠᠷᠠᠭᠤᠯᠵᠤ ᠱᠠᠩᠨᠠᠨ ᠬᠥᠬᠢᠭᠦᠯᠬᠦ᠂ ᠲᠥᠷᠥᠯ ᠵᠦᠢᠯ ᠭᠤᠶᠤᠴᠢᠯᠠᠨ | ᠮᠡᠳᠡᠭᠦᠯᠬᠦ ᠵᠡᠷᠭᠡ ᠶᠢᠨ ᠲᠡᠷᠢᠭᠦᠨ ᠴᠢᠬᠤᠯᠠ ᠱᠠᠭᠠᠷᠳᠠᠯᠭ᠎ᠠ ᠪᠣᠯᠭᠠᠨ᠎ᠠ᠃ ᠡᠯ᠎ᠡ ᠱᠠᠲᠤᠨ ᠤ ᠬᠢᠨ ᠠᠵᠢᠯᠲᠠᠨ ᠤ ᠶᠠᠪᠤᠳᠠᠯ | ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ᠂ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢ ᠰᠤᠷᠭᠠᠭᠤᠯᠢ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ | ᠲᠤᠰᠢᠶᠠᠯ ᠤᠨ ᠮᠡᠳᠡᠭᠦᠯᠦᠯᠲᠡ ᠶᠢ ᠦᠨᠡᠯᠡᠨ ᠰᠢᠯᠭᠠᠬᠤ᠂ ᠤᠳᠤᠷᠢᠳᠬᠤ ᠪᠠᠭ ᠪᠠ ᠤᠳᠤᠷᠢᠳᠬᠤ ᠠᠵᠢᠯᠲᠠᠨ ᠢ ᠰᠢᠯᠭᠠᠨ | ᠬᠢᠨᠠᠬᠤ ᠵᠢᠴᠢ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠡᠭᠦᠷᠭᠡ ᠶᠢᠨ ᠨᠠᠷᠢᠨ ᠲᠠᠩᠰᠠᠨ ᠳᠤ ᠣᠷᠣᠭᠤᠯᠵᠤ᠂ | ᠰᠤᠷᠭᠠᠨ ᠬᠥᠮᠦᠵᠢᠯ ᠤᠨ ᠱᠠᠯᠠᠪᠳᠠᠭᠤᠯᠤᠨ ᠵᠢᠯᠤᠭᠤᠳᠬᠤ᠂ ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠢ | ᠰᠢᠯᠭᠠᠷᠠᠭᠤᠯᠬᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢ ᠦᠨᠡᠯᠡᠨ ᠵᠢᠱᠢᠬᠦ᠂ ᠡᠷᠳᠡᠮ ᠤᠨ ᠴᠣᠯᠠ ᠶᠢᠨ ᠡᠷᠬᠡ | ᠣᠯᠭᠤᠯᠲᠠ ᠶᠢ ᠬᠢᠨᠠᠨ ᠬᠠᠷᠭᠤᠭᠤᠯᠬᠤ᠂ ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠢ ᠦᠨᠡᠯᠡᠨ ᠵᠢᠱᠢᠬᠦ ᠵᠡᠷᠭᠡ | ᠯᠦᠭᠡ ᠬᠤᠯᠪᠣᠭᠳᠠᠭᠤᠯᠤᠨ᠎ᠠ᠃ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠪᠠᠭᠰᠢ ᠶᠢᠨ ᠮᠣᠷᠠᠯ ᠪᠠᠭᠰᠢ ᠶᠢᠨ | ᠰᠤᠷᠲᠠᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠢ | ᠭᠦᠢᠴᠡᠳᠬᠡᠵᠦ᠂ ᠶᠡᠭᠡ ᠳᠡᠭᠡᠳᠦ ᠰᠤᠷᠭᠠᠭᠤᠯᠢ ︵ᠰᠠᠯᠪᠤᠷᠢ︶ ᠶᠢᠨ ᠭᠤᠣᠯ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ᠎ᠠ᠃ | ︵ᠳᠥᠷᠪᠡ︶ ᠪᠠᠭᠰᠢ ᠶᠢᠨ ᠥᠪᠡᠷ ᠢ ᠪᠠᠨ ᠱᠠᠭᠠᠷᠳᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠬᠥᠲᠥᠯᠥᠨ | ᠵᠢᠯᠣᠭᠤᠳᠤᠨ᠎ᠠ᠃ ᠥᠷᠭᠡᠨ ᠣᠯᠠᠨ ᠪᠠᠭᠰᠢ ᠶᠢ ᠬᠥᠲᠥᠯᠥᠨ ᠵᠢᠯᠤᠭᠤᠳᠴᠤ ᠪᠠᠶᠢᠭᠠᠳ ᠰᠤᠷᠭᠠᠨ ᠬᠥᠮᠥᠵᠢᠯᠲᠡᠨ ᠤ | ᠵᠣᠷᠢᠭ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠦᠨᠳᠦᠰᠦᠨ ᠬᠠᠤᠯᠢ ᠪᠠ ᠬᠠᠤᠯᠢ ᠴᠠᠭᠠᠵᠠ ᠬᠠᠤᠯᠢ | ᠲᠣᠭᠲᠠᠭᠠᠯ ᠢ ᠵᠢᠱᠢᠶᠡᠴᠢ ᠪᠠᠷ ᠵᠢᠷᠤᠮᠯᠠᠨ ᠰᠠᠬᠢᠵᠤ᠂ ᠪᠠᠭᠰᠢ ᠶᠢᠨ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠵᠦ᠂ ᠨᠠᠮ ᠤᠨ ᠲᠥᠪ ᠬᠤᠷᠢᠶᠠᠨ ᠤ ᠡᠷᠬᠡ ᠰᠦᠷ᠂ ᠤᠯᠤᠰ ᠤᠨ ᠠᠰᠢᠭ ᠲᠤᠰᠠ ᠶᠢ ᠬᠤᠬᠢᠷᠠᠭᠤᠯᠬᠤ | ᠦᠭᠡ ᠶᠠᠷᠢᠶ᠎ᠠ ᠦᠶᠯᠡ ᠠᠵᠢᠯᠯᠠᠭ᠎ᠠ ᠶᠢ ᠡᠷᠡᠰ ᠡᠰᠡᠷᠭᠦᠴᠡᠨ ᠬᠤᠷᠢᠬᠯᠠᠨ᠎ᠠ; ᠰᠢᠨ᠎ᠡ ᠴᠠᠭ ᠦᠶ᠎ᠡ ᠶᠢᠨ ᠪᠠᠭᠰᠢ ᠶᠢᠨ | ᠠᠵᠢᠯ ᠮᠡᠷᠭᠡᠵᠢᠯ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠵᠢᠱᠢᠶᠡᠴᠢ ᠪᠠᠷ ᠵᠢᠷᠤᠮᠯᠠᠨ ᠰᠠᠬᠢᠵᠤ᠂ ᠪᠠᠭᠰᠢ ᠶᠢᠨ | ᠠᠵᠢᠯ ᠮᠡᠷᠭᠡᠵᠢᠯ ᠤᠨ ᠨᠡᠷ᠎ᠡ ᠬᠦᠨᠳᠦ ᠶᠢ ᠤᠬᠠᠮᠰᠠᠷ ᠠᠴᠠ ᠪᠠᠨ ᠬᠠᠮᠠᠭᠠᠯᠠᠨ᠎ᠠ; ᠨᠡᠶᠢᠭᠡᠮ ᠨᠡᠶᠢᠲᠡ ᠶᠢᠨ ᠶᠣᠰᠣ | ᠮᠣᠷᠠᠯ ᠢ ᠵᠢᠱᠢᠶᠡᠴᠢ ᠪᠠᠷ ᠵᠢᠷᠤᠮᠯᠠᠨ ᠰᠠᠬᠢᠵᠤ᠂ ᠳᠦᠷᠢ ᠲᠥᠷᠬᠦ ᠨᠢ ᠡᠪᠯᠢᠭ᠂ ᠦᠭᠡ ᠶᠠᠷᠢᠶ᠎ᠠ ᠦᠢᠯᠡ ᠠᠵᠢᠯᠯᠠᠭ᠎ᠠ ᠶᠢ | ᠨᠢ ᠲᠥᠪᠯᠡᠭᠦᠨ ᠴᠢᠬᠡᠴᠢ ᠪᠣᠯᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠪᠣᠯᠣᠨ | ᠰᠢᠯᠢᠳᠡᠭ ᠵᠢᠭᠠᠨ ᠰᠤᠷᠭᠠᠬᠤ ᠰᠤᠷᠲᠠᠯ ᠡᠷᠳᠡᠮ ᠰᠢᠨᠵᠢᠯᠡᠭᠡᠨ ᠤ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠵᠤ᠂ | ᠡᠷᠳᠡᠮ ᠰᠢᠨᠵᠢᠯᠡᠭᠡᠨ ᠤ ᠲᠠᠯ᠎ᠠ ᠪᠠᠷ ᠲᠥᠪ ᠪᠤᠰᠤ ᠪᠠᠶᠢᠬᠤ ᠶᠢ ᠡᠷᠡᠰ ᠬᠤᠷᠢᠭᠯᠠᠵᠤ᠂ ᠰᠤᠷᠲᠠᠯ ᠴᠢᠬᠡᠴᠢ ᠣᠪᠣᠷ ᠲᠥᠪ | ᠡᠷᠳᠡᠮ ᠰᠢᠨᠵᠢᠯᠡᠭᠡᠨ ᠤ ᠠᠮᠢ ᠠᠬᠤᠢ ᠶᠢ ᠪᠤᠢ ᠪᠣᠯᠭᠠᠨ᠎ᠠ᠃ ᠨᠡᠶᠢᠲᠡᠯᠢᠭ ᠬᠡᠷᠡᠭ ᠤᠨ ᠵᠢᠱᠢᠶ᠎ᠡ ᠪᠠᠷ ᠳᠠᠮᠵᠢᠭᠤᠯᠤᠨ | ᠰᠡᠷᠡᠮᠵᠢᠯᠡᠭᠦᠯᠦᠯ ᠬᠥᠮᠦᠵᠢᠯ ᠢ ᠴᠢᠩᠭᠠᠳᠬᠠᠨ᠎ᠠ᠃ | ︵ᠲᠠᠪᠤ︶ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠢ ᠴᠢᠩᠭᠠᠳᠬᠠᠨ᠎ᠠ᠃ ᠶᠡᠷᠦᠩᠬᠡᠢ ᠱᠦᠵᠢ | ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠢ ᠴᠢᠬᠤᠯᠠ ᠥᠭᠦᠯᠡᠯᠲᠡ ᠶᠢ ᠰᠤᠷᠤᠯᠴᠠᠨ ᠲᠤᠭᠤᠰᠢᠯᠠᠭᠤᠯᠬᠤ ᠶᠢ | ᠪᠠᠭᠰᠢ ᠬᠥᠮᠥᠵᠢᠭᠦᠯᠬᠦ ᠶᠢᠨ ᠵᠠᠪᠠᠯ ᠰᠤᠷᠬᠤ ᠬᠢᠴᠢᠶᠡᠯ ᠪᠤᠯᠭᠠᠵᠤ᠂ ᠪᠠᠭᠰᠢ ᠶᠢᠨ ᠰᠤᠷᠭᠠᠨ ᠬᠥᠮᠦᠵᠢᠯ ᠪᠠ | ᠪᠣᠯᠪᠠᠰᠤᠷᠠᠯ ᠤᠨ ᠴᠢᠬᠤᠯᠠ ᠡᠭᠦᠷᠭᠡ ᠪᠤᠯᠭᠠᠵᠤ᠂ ᠥᠷᠭᠡᠨ ᠣᠯᠠᠨ ᠪᠠᠭᠰᠢ ᠨᠠᠷ ᠲᠤ ᠲᠡᠭᠦᠨ ᠤ ᠭᠦᠨ ᠭᠦᠨᠵᠡᠭᠡᠢ | ᠠᠭᠤᠯᠤᠭᠳᠠᠬᠤᠨ ᠢ ᠡᠵᠡᠮᠰᠢᠭᠦᠯᠵᠦ᠂ ᠮᠡᠳᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠦᠨ᠎ᠡ᠃ ᠪᠠᠭᠰᠢ ᠶᠢᠨ ᠮᠣᠷᠠᠯ | ᠪᠠᠭᠰᠢ ᠶᠢᠨ ᠰᠤᠷᠲᠠᠯ ᠪᠠ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠭᠰᠢ ᠶᠢᠨ ᠰᠤᠷᠭᠠᠨ ᠬᠥᠮᠦᠵᠢᠯ ᠤᠨ | ᠬᠢᠴᠢᠶᠡᠯ ᠪᠠ ᠪᠠᠭᠰᠢ ᠶᠢ ᠬᠥᠮᠥᠵᠢᠭᠦᠯᠦᠨ ᠪᠤᠯᠪᠠᠰᠤᠷᠠᠭᠤᠯᠬᠤ ᠪᠦᠭᠦ ᠶᠠᠪᠤᠴᠠ ᠳᠤ ᠠᠭᠤᠰᠤᠯᠴᠠᠭᠤᠯᠤᠨ᠎ᠠ᠃ ᠰᠤᠷᠭᠠᠨ | ᠬᠥᠮᠥᠵᠢᠯᠲᠡᠨ ᠤ ᠵᠣᠷᠢᠭ ᠰᠠᠨᠠᠭᠠᠨ ᠤ ᠬᠢᠴᠢᠶᠡᠯ ᠤᠨ ᠵᠢᠭᠠᠬᠤ ᠮᠠᠲ᠋ᠧᠷᠢᠶᠠᠯ ᠤᠨ ᠡᠬᠢ ᠪᠠᠶᠠᠯᠢᠭ ᠢ ᠨᠡᠭᠡᠭᠡᠨ | ᠬᠥᠭᠵᠢᠭᠦᠯᠦᠨ᠎ᠡ᠃ ᠤᠯᠤᠰ ᠤᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ | ᠲᠠᠪᠴᠠᠩ ᠢ ᠰᠠᠶᠢᠲᠤᠷ ᠠᠰᠢᠭᠯᠠᠵᠤ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠪᠠ ᠰᠤᠷᠭᠠᠨ ᠬᠥᠮᠥᠵᠢᠯᠲᠡᠨ ᠤ | ᠵᠣᠷᠢᠭ ᠰᠠᠨᠠᠭᠠᠨ ᠤ ᠲᠤᠰᠬᠠᠢ ᠰᠡᠳᠦᠪᠲᠦ ᠰᠤᠳᠤᠯᠤᠨ ᠰᠤᠷᠤᠯᠴᠠᠯᠭ᠎ᠠ ᠶᠢ ᠥᠷᠨᠢᠭᠦᠯᠦᠨ᠎ᠡ᠃ ᠪᠠᠭᠰᠢ ᠨᠠᠷ ᠢ | ᠲᠥᠯᠥᠪᠯᠡᠭᠡ ᠲᠠᠢ ᠪᠠᠷ ᠵᠣᠬᠢᠶᠠᠨ ᠪᠠᠶᠢᠭᠤᠯᠤᠨ ᠬᠤᠪᠢᠰᠬᠠᠯᠲᠤ ᠤᠯᠠᠮᠵᠢᠯᠠᠯ ᠤᠨ ᠬᠥᠮᠦᠵᠢᠯ᠂ ᠤᠯᠤᠰ ᠤᠨ ᠪᠠᠶᠢᠳᠠᠯ | ᠨᠡᠶᠢᠭᠡᠮ ᠤᠨ ᠪᠠᠶᠢᠳᠠᠯ ᠤᠨ ᠪᠠᠶᠢᠴᠠᠭᠠᠯᠲᠠ᠂ ᠨᠡᠶᠢᠭᠡᠮ ᠤᠨ ᠦᠢᠯᠡᠳᠦᠯᠭᠡ ᠶᠢᠨ ᠪᠣᠯᠪᠠᠰᠤᠷᠠᠯ ᠳᠤ ᠣᠷᠣᠯᠴᠠᠭᠤᠯᠵᠤ᠂ | ᠪᠠᠭᠰᠢ ᠨᠠᠷ ᠢ ᠬᠥᠲᠥᠯᠥᠨ ᠵᠢᠯᠤᠭᠤᠳᠴᠤ ᠪᠠᠶᠢᠭᠠᠳ ᠤᠨᠤᠯ ᠪᠠ ᠦᠢᠯᠡᠳᠦᠯᠭᠡ ᠶᠢᠨ ᠳᠤᠮᠳᠠ ᠡᠷᠬᠢᠮ ᠳᠡᠭᠡᠳᠦ | ᠪᠠᠭᠰᠢ ᠶᠢᠨ ᠮᠣᠷᠠᠯ ᠪᠠ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠬᠥᠮᠥᠵᠢᠭᠦᠯᠦᠨ᠎ᠡ᠃ | ︵ᠵᠢᠷᠭᠤᠭ᠎ᠠ︶ ᠪᠠᠭᠰᠢ ᠶᠢᠨ ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ︽ᠤᠬᠲᠤ | ᠠᠭᠤᠴᠢᠯᠠᠬᠤ ᠦᠭᠡᠢ︾ ᠪᠠᠶᠢᠬᠤ ᠶᠢ ᠪᠠᠷᠢᠮᠲᠠᠯᠠᠨ᠎ᠠ᠃ ᠪᠠᠭᠰᠢ ᠶᠢᠨ ᠮᠣᠷᠠᠯ ᠤᠨ ᠲᠣᠭᠲᠠᠭᠠᠯ ᠠᠴᠠ ᠵᠥᠷᠢᠴᠡᠭᠰᠡᠨ | ᠦᠶᠯᠡ ᠠᠵᠢᠯᠯᠠᠭ᠎ᠠ ᠶᠢ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠪᠠᠶᠢᠴᠠᠭᠠᠨ | ᠰᠢᠢᠳᠪᠦᠷᠢᠯᠡᠵᠦ᠂ ᠣᠯᠠᠨ ᠲᠦᠮᠡᠨ ᠤ ᠲᠤᠰᠬᠠᠯ ᠢᠶᠠᠷ ᠴᠢᠩᠭ᠎ᠠ᠂ ᠨᠡᠶᠢᠭᠡᠮ ᠤᠨ ᠨᠥᠯᠥᠭᠡ ᠪᠠᠷ ᠮᠠᠭᠤ ᠪᠠᠭᠰᠢ ᠶᠢᠨ | ᠮᠣᠷᠠᠯ ᠤᠨ ᠲᠣᠭᠲᠠᠭᠠᠯ ᠠᠴᠠ ᠵᠥᠷᠢᠴᠡᠭᠰᠡᠨ ᠬᠦᠨᠳᠦ ᠨᠣᠴᠢᠲᠠᠢ ᠦᠶᠯᠡ ᠠᠵᠢᠯᠯᠠᠭ᠎ᠠ ᠳᠤ ᠴᠢᠩᠭ᠎ᠠ ᠪᠥᠭᠡᠳ | ᠬᠦᠨᠳᠦ ᠪᠠᠷ ᠰᠢᠢᠳᠬᠡᠯ ᠥᠭᠭᠦᠨ᠎ᠡ᠃ ᠪᠠᠭᠰᠢ ᠠᠵᠢᠯᠲᠠᠨ ᠤ ᠣᠷᠣᠬᠤ ᠵᠥᠪᠰᠢᠶᠡᠷᠡᠯ ᠢ ᠪᠠᠶᠢᠴᠠᠭᠠᠨ ᠯᠠᠪᠯᠠᠬᠤ ᠪᠠ | ᠠᠵᠢᠯ ᠡᠷᠭᠢᠯᠡᠭᠦ ᠶᠢ ᠴᠠᠭᠠᠵᠠᠯᠠᠬᠤ ᠳᠦᠷᠢᠮ ᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠡᠯ᠎ᠡ ᠶᠡᠭᠡ ᠳᠡᠭᠡᠳᠦ | ᠰᠤᠷᠭᠠᠭᠤᠯᠢ ᠶᠢᠨ ᠬᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠰᠤᠷᠭᠠᠨ ᠬᠥᠮᠦᠵᠢᠯ ᠤᠨ | ᠰᠢᠰᠲ᠋ᠧᠮ ᠤᠨ ᠲᠣᠭᠤᠷᠢᠨ ᠪᠠᠶᠢᠴᠠᠭᠠᠯᠲᠠ ᠪᠠ ᠱᠠᠯᠠᠪᠳᠠᠭᠤᠯᠤᠨ ᠪᠠᠶᠢᠴᠠᠭᠠᠯᠲᠠ ᠶᠢᠨ ᠴᠢᠬᠤᠯᠠ ᠠᠭᠤᠯᠭ᠎ᠠ ᠪᠤᠯᠭᠠᠬᠤ | ᠬᠡᠷᠡᠭᠲᠡᠢ᠃ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠬᠦ᠂ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠶᠢᠬᠤ ᠶᠢ | ᠪᠠᠷᠢᠮᠲᠠᠯᠠᠵᠤ᠂ ᠬᠠᠮᠢᠶ᠎ᠠ ᠪᠦᠬᠦᠢ ᠨᠢᠭᠡᠴᠢ ᠪᠣᠯᠣᠨ ᠬᠠᠷᠢᠭᠤᠴᠠᠯᠭᠠᠲᠠᠨ ᠤ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠬᠦᠨᠳᠦ ᠨᠣᠴᠢᠲᠠᠢ | ᠦᠷ᠎ᠡ ᠳ᠋ᠦᠩ ᠪᠤᠶᠤ ᠮᠠᠭᠤ ᠨᠥᠯᠥᠭᠡ ᠭᠠᠷᠭᠠᠭᠰᠠᠨ ᠪᠠᠶᠢᠪᠠᠯ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠳᠥᠷᠪᠡ᠂ ᠪᠠᠭᠰᠢ ᠶᠢᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠎ᠡ | ︵ᠳᠣᠯᠤᠭ᠎ᠠ︶ ᠳᠤᠮᠳᠠᠳᠤ ᠤᠯᠤᠰ ᠤᠨ ᠣᠨᠴᠠᠯᠢᠭ ᠪᠦᠬᠦᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ | ᠪᠦᠷᠢᠨᠰᠢᠭᠦᠯᠦᠨ᠎ᠡ᠃ ᠪᠠᠭᠰᠢ ᠶᠢᠨ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠳᠡᠮᠵᠢᠵᠦ᠂ ᠪᠠᠭᠰᠢ ᠶᠢᠨ ᠰᠤᠷᠭᠠᠨ ᠬᠥᠮᠦᠵᠢᠯ ᠤᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠠᠭᠰᠢ ᠶᠢᠨ | ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠰᠤᠷᠭᠠᠨ ᠬᠥᠮᠦᠵᠢᠯ ᠤᠨ ᠨᠢᠭᠡᠳᠦᠭᠡᠷ ᠡᠭᠦᠷᠭᠡ ᠬᠠᠷᠢᠭᠤᠴᠠᠯᠭ᠎ᠠ ᠶᠢ | ᠪᠠᠷᠢᠮᠲᠠᠯᠠᠵᠤ᠂ ᠶᠠᠮᠤᠨ ᠤ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ | ᠪᠠᠭᠰᠢ ᠶᠢᠨ ᠶᠡᠭᠡ ᠳᠡᠭᠡᠳᠦ ᠰᠤᠷᠭᠠᠭᠤᠯᠢ ᠶᠢᠨ︽ᠬᠤᠣᠰ ᠲᠡᠷᠢᠭᠦᠨ︾ ᠤ ᠪᠠᠶᠢᠭᠤᠯᠤᠯᠲᠠ ᠶᠢ ᠶᠡᠭᠡ ᠪᠠᠷ ᠳᠡᠮᠵᠢᠨ᠎ᠡ᠃ | ᠤᠯᠤᠰ ᠤᠨ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢ ᠬᠥᠮᠥᠵᠢᠭᠦᠯᠬᠦ ᠲᠥᠯᠥᠪᠯᠡᠭᠡ ᠪᠠᠷ | ᠵᠢᠯᠣᠭᠤᠳᠤᠮᠵᠢ ᠪᠤᠯᠭᠠᠵᠤ᠂ ︽ᠬᠤᠣᠰ ᠲᠡᠷᠢᠭᠦᠨ︾ ᠤ ᠪᠠᠶᠢᠭᠤᠯᠤᠯᠲᠠ ᠶᠢᠨ ᠶᠡᠭᠡ ᠳᠡᠭᠡᠳᠦ ᠰᠤᠷᠭᠠᠭᠤᠯᠢ ᠪᠠᠷ | ᠲᠥᠯᠥᠭᠡᠯᠡᠭᠦᠯᠦᠭᠰᠡᠨ ᠥᠨᠳᠥᠷ ᠲᠦᠪᠰᠢᠨ ᠪᠦᠬᠦᠢ ᠶᠡᠭᠡ ᠳᠡᠭᠡᠳᠦ ᠰᠤᠷᠭᠠᠭᠤᠯᠢ ᠶᠢᠨ ᠳᠤᠮᠳᠠᠳᠤ ᠪᠠᠭ᠎ᠠ | ᠰᠤᠷᠭᠠᠭᠤᠯᠢ ᠳᠤ ᠠᠰᠫᠢᠷᠠᠨᠲ ᠤᠨ ᠲᠠᠰ ᠳᠠᠪᠬᠤᠷᠭ᠎ᠠ ᠶᠢᠨ ᠰᠢᠯᠢᠳᠡᠭ ᠪᠠᠭᠰᠢ ᠬᠥᠮᠥᠵᠢᠭᠦᠯᠵᠦ ᠥᠭᠬᠦ ᠶᠢ ᠳᠡᠮᠵᠢᠨ᠎ᠡ᠃ | ᠪᠠᠭᠰᠢ ᠶᠢᠨ ᠰᠤᠷᠭᠠᠨ ᠬᠥᠮᠦᠵᠢᠯ ᠤᠨ ᠬᠠᠮᠵᠢᠯᠴᠠᠨ ᠴᠢᠨᠠᠷ ᠢ ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠦᠨ᠎ᠡ᠃ | ᠪᠠᠭᠰᠢ ᠶᠢᠨ ᠮᠡᠷᠭᠡᠵᠢᠯ ᠤᠨ ᠣᠶᠤᠲᠠᠳ ᠢ ᠠᠯᠪᠠᠨ ᠤ ᠰᠦᠢᠳᠬᠡᠯ ᠢᠶᠠᠷ ᠰᠤᠷᠭᠠᠨ ᠬᠥᠮᠥᠵᠢᠭᠦᠯᠬᠦ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠦᠨ᠎ᠡ᠃ ᠳᠤᠮᠳᠠ ᠪᠠᠷᠠᠭᠤᠨ ᠣᠷᠣᠨ ᠤ ᠬᠥᠭᠵᠢᠭᠡᠳᠦᠢ ᠭᠠᠵᠠᠷ ᠣᠷᠣᠨ ᠤ ᠰᠢᠯᠢᠳᠡᠭ | ᠪᠠᠭᠰᠢ ᠶᠢ ᠬᠠᠨᠳᠤᠯᠭ᠎ᠠ ᠲᠠᠢ ᠪᠠᠷ ᠬᠥᠮᠥᠵᠢᠭᠦᠯᠬᠦ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠦᠨ᠎ᠡ᠃ ᠪᠠᠭᠰᠢ ᠶᠢᠨ ᠶᠡᠭᠡ | ᠳᠡᠭᠡᠳᠦ ᠰᠤᠷᠭᠠᠭᠤᠯᠢ ᠶᠢᠨ ᠦᠨᠡᠯᠡᠨ ᠵᠢᠱᠢᠬᠦ ᠭᠦᠢᠴᠡᠳᠬᠡᠯ ᠲᠤᠭ᠎ᠠ ᠶᠢ ᠰᠢᠯᠢᠳᠡᠭᠵᠢᠭᠦᠯᠵᠦ᠂ ᠪᠠᠭᠰᠢ ᠶᠢᠨ ᠲᠥᠷᠥᠯ ᠤᠨ | ᠲᠤᠰᠬᠠᠢ ᠮᠡᠷᠭᠡᠵᠢᠯ ᠤᠨ ᠭᠡᠷᠡᠴᠢᠯᠡᠯ ᠢ ᠥᠭᠡᠷᠡᠴᠢᠯᠡᠵᠦ᠂ ᠪᠠᠭᠰᠢ ᠶᠢᠨ ᠲᠤᠰᠬᠠᠢ ᠮᠡᠷᠭᠡᠵᠢᠯ ᠤᠨ ᠰᠣᠷᠣᠬᠴᠢ ᠡᠯᠰᠡᠬᠦ ᠳᠤ | ᠤᠷᠢᠳᠴᠢᠯᠠᠨ ᠪᠦᠯᠦᠭ ᠤᠳᠠᠭ᠎ᠠ ᠪᠠᠷ ᠡᠯᠰᠡᠬᠦ ᠶᠢ ᠳᠡᠮᠵᠢᠵᠦ᠂ ᠬᠥᠮᠥᠵᠢᠭᠦᠯᠬᠦ ᠵᠠᠭᠪᠤᠷ ᠤᠨ ᠥᠭᠡᠷᠡᠴᠢᠯᠡᠯᠲᠡ ᠶᠢ | ᠠᠬᠢᠭᠤᠯᠤᠨ᠎ᠠ᠃ ᠪᠠᠭᠰᠢ ᠶᠢᠨ ᠶᠡᠭᠡ ᠳᠡᠭᠡᠳᠦ ᠰᠤᠷᠭᠠᠭᠤᠯᠢ ᠨᠤᠭᠤᠳ ᠲᠤ ᠲᠣᠭᠠᠨ ᠤ ᠤᠬᠠᠭᠠᠨ᠂ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ᠂ ᠢᠨᠵᠧᠨᠧᠷᠢᠩ ᠤᠨ ᠲᠥᠷᠥᠯ ᠤᠨ ᠰᠤᠷᠭᠠᠨ ᠬᠥᠮᠦᠵᠢᠯ ᠤᠨ ᠲᠥᠪ ᠢ ᠨᠡᠶᠢᠳᠡᠮ ᠪᠠᠶᠢᠭᠤᠯᠵᠤ᠂ | ᠪᠠᠭᠰᠢ ᠶᠢᠨ ᠰᠤᠷᠭᠠᠭᠤᠯᠢ ᠶᠢᠨ ᠰᠤᠷᠤᠬᠴᠢᠳ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠡᠦᠬᠡ ᠶᠢᠨ | ᠰᠤᠷᠭᠠᠨ ᠬᠥᠮᠦᠵᠢᠯ ᠢ ᠴᠢᠩᠭᠠᠳᠬᠠᠨ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠯᠠᠮᠵᠢᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠠᠭᠰᠢ ᠶᠢᠨ ᠲᠥᠷᠥᠯ ᠤᠨ ᠲᠤᠰᠬᠠᠢ ᠮᠡᠷᠭᠡᠵᠢᠯ ᠤᠨ ᠠᠰᠫᠢᠷᠠᠨᠲ ᠤᠨ ᠡᠷᠳᠡᠮ ᠤᠨ ᠴᠣᠯᠠ ᠶᠢᠨ | ᠡᠷᠬᠡ ᠣᠯᠭᠤᠯᠲᠠ ᠶᠢ ᠬᠢᠨᠠᠨ ᠬᠠᠷᠭᠤᠭᠤᠯᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠬᠥᠮᠥᠵᠢᠭᠦᠯᠬᠦ | ᠦᠨᠳᠦᠰᠦᠨ ᠨᠥᠬᠦᠴᠡᠯ ᠪᠠ ᠦᠢᠯᠡᠳᠦᠯᠭᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠴᠢᠳᠠᠪᠤᠷᠢᠲᠠᠨ ᠤ ᠰᠤᠷᠭᠠᠨ ᠬᠥᠮᠦᠵᠢᠯ ᠤᠨ ᠪᠠᠭᠰᠢ ᠬᠥᠮᠥᠵᠢᠭᠦᠯᠬᠦ ᠶᠢ ᠴᠢᠩᠭᠠᠳᠬᠠᠨ᠎ᠠ᠃ ᠲᠤᠲᠠᠭᠳᠠᠵᠤ ᠪᠠᠶᠢᠭ᠎ᠠ | ᠬᠦᠷᠢᠶᠡᠨ ᠳᠠᠬᠢ ᠪᠠᠭᠰᠢ ᠶᠢ ᠬᠥᠮᠥᠵᠢᠭᠦᠯᠬᠦ ᠶᠢ ᠴᠢᠩᠭᠠᠳᠬᠠᠨ᠎ᠠ᠃ | ︵ᠨᠠᠢᠮᠠ︶ ᠪᠠᠭᠰᠢ ᠶᠢᠨ ᠬᠢᠴᠢᠶᠡᠯ ᠲᠥᠷᠥᠯ ᠤᠨ ᠴᠢᠳᠠᠪᠤᠷᠢ ᠪᠠ ᠬᠢᠴᠢᠶᠡᠯ ᠲᠥᠷᠥᠯ ᠤᠨ ᠬᠡᠪ ᠪᠣᠯᠪᠠᠰᠤᠷᠠᠯ ᠢ | ᠳᠡᠭᠡᠭᠰᠢᠯᠡᠭᠦᠯᠦᠨ᠎ᠡ᠃ ᠰᠢᠨᠵᠢᠯᠡᠭᠡᠨ ᠤ ᠴᠢᠳᠠᠪᠤᠷᠢ ᠪᠠ ᠰᠢᠨᠵᠢᠯᠡᠭᠡᠨ ᠤ ᠬᠡᠪ ᠪᠣᠯᠪᠠᠰᠤᠷᠠᠯ ᠢ ᠪᠠᠭᠰᠢ ᠶᠢᠨ ᠪᠢᠴᠢᠭ | ᠵᠢᠭᠠᠵᠤ ᠬᠥᠮᠥᠨ ᠬᠥᠮᠥᠵᠢᠭᠦᠯᠬᠦ ᠶᠢᠨ ᠰᠠᠭᠤᠷᠢ ᠪᠤᠯᠭᠠᠵᠤ᠂ ᠪᠠᠭᠰᠢ ᠶᠢᠨ ᠬᠥᠭᠵᠢᠯᠲᠡ ᠶᠢᠨ ᠪᠦᠭᠦ ᠶᠠᠪᠤᠴᠠ ᠳᠤ | ᠲᠤᠭᠤᠰᠢᠯᠠᠭᠤᠯᠤᠨ᠎ᠠ᠃ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠶᠢᠨ ᠬᠢᠴᠢᠶᠡᠯ ᠤᠨ | ᠪᠠᠶᠢᠷᠢᠯᠠᠭᠤᠯᠤᠯᠲᠠ ᠪᠠᠨ ᠰᠢᠯᠢᠳᠡᠭᠵᠢᠭᠦᠯᠵᠦ᠂ ᠬᠢᠴᠢᠶᠡᠯ ᠤᠨ ᠠᠭᠤᠯᠭ᠎ᠠ ᠪᠠᠨ ᠨᠠᠷᠢᠯᠢᠭ ᠰᠣᠩᠭᠤᠬᠤ ᠶᠢ ᠠᠬᠢᠭᠤᠯᠵᠤ᠂ | ᠪᠠᠭᠰᠢ ᠶᠢᠨ ᠮᠡᠷᠭᠡᠵᠢᠯ ᠤᠨ ᠣᠶᠤᠲᠠᠳ ᠤᠨ ᠪᠠᠲᠤ ᠪᠠᠬᠢ ᠰᠢᠨᠵᠢᠯᠡᠭᠡᠨ ᠤ ᠰᠠᠯᠠᠭᠠᠨ ᠤ ᠰᠠᠭᠤᠷᠢ ᠶᠢ ᠪᠠᠬᠢᠵᠢᠭᠦᠯᠦᠨ᠎ᠡ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠯ ᠳᠤ ᠬᠢᠴᠢᠶᠡᠯ ᠲᠥᠷᠥᠯ ᠤᠨ ᠬᠡᠪ ᠪᠣᠯᠪᠠᠰᠤᠷᠠᠯ ᠤᠨ | ᠳᠡᠭᠡᠭᠰᠢᠯᠡᠯᠲᠡ ᠶᠢ ᠴᠢᠩᠭᠠᠳᠬᠠᠵᠤ᠂ ᠪᠠᠭᠰᠢ ᠶᠢᠨ ᠬᠢᠴᠢᠶᠡᠯ ᠲᠥᠷᠥᠯ ᠤᠨ ᠮᠡᠳᠡᠯᠭᠡ ᠪᠠᠨ ᠰᠢᠨᠡᠳᠬᠡᠬᠦ᠂ ᠬᠢᠴᠢᠶᠡᠯ | ᠲᠥᠷᠥᠯ ᠤᠨ ᠬᠥᠭᠵᠢᠯᠲᠡ ᠶᠢ ᠳᠠᠭᠠᠬᠤ ᠶᠢ ᠠᠬᠢᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠭᠡᠨ ᠤ | ᠳᠠᠭᠠᠭᠤᠯᠤᠭᠴᠢ ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ᠰᠠᠭᠤᠷᠢ ᠰᠤᠷᠭᠠᠨ ᠬᠥᠮᠦᠵᠢᠯ ᠤᠨ ᠰᠢᠨᠵᠢᠯᠡᠭᠡᠨ ᠤ | ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠬᠥᠲᠥᠯᠥᠨ ᠳᠠᠭᠠᠭᠤᠯᠬᠤ ᠨᠢᠭᠡ ᠪᠦᠯᠦᠭ ᠭᠤᠣᠯᠯᠠᠭᠴᠢ ᠬᠦᠴᠦᠨ ᠢ | ᠬᠥᠮᠥᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ ᠬᠢᠴᠢᠶᠡᠯ ᠲᠥᠷᠥᠯ ᠤᠨ ᠴᠢᠳᠠᠪᠤᠷᠢ ᠪᠠ ᠬᠢᠴᠢᠶᠡᠯ | ᠲᠥᠷᠥᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠶᠢ ᠬᠢᠴᠢᠶᠡᠯ ᠲᠥᠷᠥᠯ ᠤᠨ ᠪᠠᠶᠢᠭᠤᠯᠤᠯᠲᠠ ᠶᠢᠨ ᠴᠢᠬᠤᠯᠠ | ᠠᠭᠤᠯᠭ᠎ᠠ ᠪᠤᠯᠭᠠᠵᠤ᠂ ᠪᠠᠭᠰᠢ ᠶᠢᠨ ᠬᠢᠴᠢᠶᠡᠯ ᠲᠥᠷᠥᠯ ᠤᠨ ᠬᠤᠰᠢᠭᠤᠴᠢ ᠡᠩᠨᠡᠭᠡᠨ ᠳᠤ ᠵᠣᠭᠰᠣᠨ ᠵᠢᠭᠠᠨ | ᠰᠤᠷᠭᠠᠯᠲᠠ᠂ ᠡᠷᠳᠡᠮ ᠰᠢᠨᠵᠢᠯᠡᠭᠡ ᠥᠷᠨᠢᠭᠦᠯᠬᠦ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠵᠠᠭᠪᠤᠷ ᠠᠷᠭ᠎ᠠ ᠶᠢᠨ | ᠰᠢᠨ᠎ᠡ ᠶᠢ ᠡᠭᠦᠳᠦᠨ᠎ᠡ᠃ ᠰᠠᠭᠤᠷᠢ ᠰᠢᠨᠵᠢᠯᠡᠭᠡᠨ᠂ ᠰᠢᠨ᠎ᠡ ᠪᠠᠷ ᠮᠠᠨᠳᠤᠭᠰᠠᠨ ᠰᠢᠨᠵᠢᠯᠡᠭᠡᠨ᠂ ᠰᠣᠯᠪᠢᠴᠠᠯ ᠰᠢᠨᠵᠢᠯᠡᠭᠡᠨ ᠤ | ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠶᠡᠭᠡ ᠳᠡᠭᠡᠳᠦ ᠰᠤᠷᠭᠠᠭᠤᠯᠢ ᠶᠢᠨ ᠪᠠᠭᠰᠢ ᠨᠠᠷ ᠤᠨ ᠰᠢᠨᠵᠢᠯᠡᠭᠡᠨ | ᠠᠯᠤᠰᠯᠠᠨ ᠰᠤᠷᠤᠯᠴᠠᠬᠤ ᠪᠠ ᠰᠤᠳᠤᠯᠬᠤ ᠶᠢ ᠳᠡᠮᠵᠢᠵᠦ᠂ ᠰᠢᠨᠵᠢᠯᠡᠭᠡᠨ ᠤ ᠳᠠᠭᠠᠭᠤᠯᠤᠭᠴᠢ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠲᠥᠯᠥᠨ ᠳᠠᠭᠠᠭᠤᠯᠵᠤ ᠳᠠᠶᠢᠴᠢᠯᠠᠬᠤ ᠦᠢᠯᠡᠳᠦᠯ ᠢ ᠨᠢ | ᠪᠠᠳᠠᠷᠠᠭᠤᠯᠤᠨ᠎ᠠ᠃ | ︵ᠶᠢᠰᠦ︶ ᠪᠠᠭᠰᠢ ᠶᠢᠨ ᠪᠢᠴᠢᠭ ᠵᠢᠭᠠᠵᠤ ᠬᠥᠮᠥᠨ ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠳᠡᠭᠡᠳᠦ | ᠳᠡᠰ ᠳᠠᠪᠬᠤᠷᠭ᠎ᠠ ᠶᠢᠨ ᠪᠠᠭᠰᠢ ᠶᠢᠨ ᠬᠥᠮᠦᠵᠢᠯ ᠢ ᠴᠢᠩᠭᠠᠷᠠᠭᠤᠯᠤᠨ᠂ ᠬᠡᠦᠬᠡᠳ ᠤᠨ ᠴᠡᠴᠡᠷᠯᠢᠭ᠂ ᠪᠠᠭ᠎ᠠ | ᠰᠤᠷᠭᠠᠭᠤᠯᠢ ᠳᠤ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠳᠡᠰ ᠳᠠᠪᠬᠤᠷᠭ᠎ᠠ ᠶᠢᠨ ᠪᠠᠭᠰᠢ ᠶᠢ | ᠭᠤᠣᠯᠳᠠᠯᠭ᠎ᠠ ᠲᠠᠢ ᠬᠥᠮᠥᠵᠢᠭᠦᠯᠵᠦ᠂ ᠳᠤᠮᠳᠠᠳᠤ ᠰᠤᠷᠭᠠᠭᠤᠯᠢ ᠶᠢᠨ ᠪᠠᠭᠰᠢ ᠶᠢ ᠬᠥᠮᠥᠵᠢᠭᠦᠯᠬᠦ ᠳᠤ ᠠᠰᠫᠢᠷᠠᠨᠲ ᠤᠨ | ᠳᠡᠰ ᠳᠠᠪᠬᠤᠷᠭ᠎ᠠ ᠪᠠᠷ ᠭᠤᠣᠯ ᠪᠤᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠪᠠᠭᠰᠢ ᠶᠢᠨ ᠰᠤᠷᠤᠯᠭ᠎ᠠ ᠶᠢᠨ | ᠨᠠᠮᠲᠠᠷ ᠢ ᠳᠡᠭᠡᠭᠰᠢᠯᠡᠭᠦᠯᠭᠦ ᠲᠥᠯᠥᠪᠯᠡᠭᠡ ᠶᠢ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠨᠠᠷᠠᠲᠤ ᠪᠠᠭᠰᠢ | ᠨᠡᠷᠡᠲᠦ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ ᠤᠯᠤᠰ ᠤᠨ ᠲᠠᠰ ᠤᠨ ᠪᠣᠯᠪᠠᠰᠤᠷᠠᠯ ᠤᠨ ᠲᠥᠯᠥᠪᠯᠡᠭᠡ ᠶᠢ ᠲᠡᠭᠦᠯᠳᠡᠷᠵᠢᠭᠦᠯᠦᠨ ᠬᠡᠷᠡᠭᠵᠢᠭᠦᠯᠵᠦ᠂ | ᠪᠠᠭᠰᠢ ᠶᠢᠨ ᠪᠦᠭᠦ ᠠᠵᠢᠯᠲᠠᠨ ᠤ ᠪᠣᠯᠪᠠᠰᠤᠷᠠᠯ ᠤᠨ ᠳᠦᠷᠢᠮ ᠪᠠ ᠰᠢᠰᠲ᠋ᠧᠮ ᠢ ᠲᠡᠭᠦᠯᠳᠡᠷᠵᠢᠭᠦᠯᠦᠨ᠂ ᠬᠥᠳᠡᠭᠡ | ᠲᠣᠰᠬᠤᠨ ᠤ ᠪᠠᠭᠰᠢ ᠶᠢᠨ ᠪᠣᠯᠪᠠᠰᠤᠷᠠᠯ ᠢ ᠴᠢᠩᠭᠠᠳᠬᠠᠵᠤ᠂ ᠬᠥᠳᠡᠭᠡ ᠲᠣᠰᠬᠤᠨ ᠤ ᠪᠠᠭᠰᠢ ᠶᠢᠨ ᠴᠢᠳᠠᠪᠤᠷᠢ ᠪᠠ ᠬᠡᠪ | ᠴᠢᠨᠠᠷ ᠢ ᠳᠡᠭᠡᠭᠰᠢᠯᠡᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠢᠨᠵᠢᠯᠡᠬᠦ ᠤᠬᠠᠭᠠᠨ ᠤ ᠬᠡᠪ | ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠥᠨᠳᠥᠷ ᠬᠢᠷᠢ ᠬᠡᠮᠵᠢᠶ᠎ᠡ ᠲᠠᠢ ᠶᠡᠭᠡ ᠰᠤᠷᠭᠠᠭᠤᠯᠢ ᠬᠢᠭᠡᠳ ᠳᠡᠭᠡᠳᠦ | ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠠᠵᠤ ᠠᠬᠤᠶᠢᠯᠠᠯ ᠬᠠᠮᠲᠤᠷᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠪᠠᠭᠰᠢ ᠶᠢ ᠨᠢᠭᠡ ᠴᠣᠭᠴᠠᠵᠢᠭᠤᠯᠤᠨ ᠬᠥᠮᠥᠵᠢᠭᠦᠯᠵᠦ ᠪᠤᠯᠪᠠᠰᠤᠷᠠᠭᠤᠯᠬᠤ ᠠᠵᠢᠯ ᠥᠷᠨᠢᠭᠦᠯᠬᠦ ᠶᠢ | ᠳᠡᠮᠵᠢᠵᠦ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠶᠢᠨ ᠬᠡᠪ ᠴᠢᠨᠠᠷ ᠢ ᠳᠡᠭᠡᠭᠰᠢᠯᠡᠭᠦᠯᠭᠦ | ᠲᠥᠯᠥᠪᠯᠡᠭᠡ ᠶᠢ ᠰᠢᠯᠢᠳᠡᠭᠵᠢᠭᠦᠯᠦᠨ ᠬᠡᠷᠡᠭᠵᠢᠭᠦᠯᠦᠨ᠎ᠡ᠃ ᠶᠡᠭᠡ ᠳᠡᠭᠡᠳᠦ ᠰᠤᠷᠭᠠᠭᠤᠯᠢ ᠶᠢᠨ ᠫᠤᠰᠲ ᠳ᠋ᠣᠺᠲ᠋ᠣᠷ ᠢ | ᠪᠠᠭᠰᠢ ᠶᠢᠨ ᠴᠢᠬᠤᠯᠠ ᠢᠷᠡᠯᠲᠡ ᠪᠤᠯᠭᠠᠬᠤ ᠶᠢ ᠠᠬᠢᠭᠤᠯᠤᠨ᠎ᠠ᠃ ᠶᠡᠭᠡ ᠳᠡᠭᠡᠳᠦ ᠰᠤᠷᠭᠠᠭᠤᠯᠢ ᠶᠢᠨ ᠪᠠᠭᠰᠢ ᠶᠢᠨ | ᠬᠥᠭᠵᠢᠯᠲᠡ ᠶᠢ ᠳᠡᠮᠵᠢᠬᠦ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠲᠣᠭᠠᠴᠢᠯᠠᠯᠲᠠ ᠪᠠᠷ ᠪᠠᠭᠰᠢ ᠶᠢᠨ | ᠬᠥᠭᠵᠢᠯᠲᠡ ᠳᠤ ᠡᠨᠧᠷᠭᠢ ᠣᠯᠭᠤᠬᠤ ᠠᠵᠢᠯᠯᠠᠭ᠎ᠠ ᠶᠢ ᠬᠡᠷᠡᠭᠵᠢᠭᠦᠯᠵᠦ᠂ ᠪᠠᠭᠰᠢ ᠶᠢᠨ ᠰᠢᠨ᠎ᠡ ᠮᠡᠷᠭᠡᠵᠢᠯ ᠤᠨ | ᠬᠤᠪᠢᠰᠤᠯᠲᠠ ᠶᠢ ᠢᠳᠡᠪᠬᠢᠲᠡᠢ ᠠᠷᠭᠠᠴᠠᠬᠤ ᠶᠢ ᠠᠬᠢᠭᠤᠯᠵᠤ᠂ ᠢᠷᠡᠭᠡᠳᠦᠢ ᠳᠤ ᠬᠠᠨᠳᠤᠭᠤᠯᠤᠨ ᠴᠢᠳᠠᠪᠤᠷᠢᠲᠠᠨ | ᠬᠥᠮᠥᠵᠢᠭᠦᠯᠦᠨ᠎ᠡ᠃ | ︵ᠠᠷᠪᠠ︶ ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ | ᠤᠯᠤᠰ ᠤᠨ ᠪᠠᠭᠰᠢ ᠶᠢᠨ ᠬᠢᠷᠢ ᠭᠡᠮ ᠤᠨ ᠳᠦᠷᠢᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠠᠵᠢᠯ | ᠲᠥᠷᠥᠯ ᠤᠨ ᠣᠨᠴᠠᠯᠢᠭ ᠲᠤ ᠨᠡᠶᠢᠴᠡᠭᠰᠡᠨ ᠪᠠᠭᠰᠢ ᠡᠯᠰᠡᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠪᠠᠭᠰᠢ | ᠡᠯᠰᠡᠬᠦ ᠪᠣᠭᠤᠮᠲᠠ ᠶᠢ ᠴᠢᠩᠭ᠎ᠠ ᠠᠳᠬᠤᠨ᠎ᠠ᠃ ᠮᠡᠷᠭᠡᠵᠢᠯ ᠤᠨ ᠴᠣᠯᠠ ᠶᠢᠨ ᠳᠦᠷᠢᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠪᠠᠭᠰᠢ ᠶᠢᠨ ᠠᠵᠢᠯ ᠤᠨ ᠪᠠᠶᠢᠷᠢ ᠶᠢᠨ ᠪᠦᠲᠦᠴᠡ ᠶᠢᠨ ᠬᠠᠷᠢᠴᠠᠯ ᠢ ᠰᠢᠯᠢᠳᠡᠭᠵᠢᠭᠦᠯᠦᠨ᠎ᠡ᠃ | ᠮᠡᠷᠭᠡᠵᠢᠯ ᠤᠨ ᠴᠣᠯᠠ ᠲᠣᠭᠲᠠᠭᠠᠬᠤ ᠤᠷᠢᠬᠤ ᠶᠢ ᠬᠥᠳᠡᠭᠡ ᠲᠣᠰᠬᠤᠨ ᠤ ᠪᠠᠭᠰᠢ ᠲᠡᠶᠢᠰᠢ ᠬᠡᠯᠪᠡᠶᠢᠯᠭᠡᠨ᠎ᠡ᠃ ᠪᠠᠭ᠎ᠠ | ᠠᠩᠭᠢᠴᠢᠯᠠᠭᠰᠠᠨ᠂ ᠥᠪᠡᠷᠮᠢᠴᠡᠵᠢᠭᠦᠯᠦᠭᠰᠡᠨ ᠵᠢᠭᠠᠨ ᠰᠤᠷᠭᠠᠯᠲᠠ ᠶᠢᠨ ᠬᠡᠷᠡᠭᠴᠡᠭᠡ ᠳᠤ ᠵᠣᠬᠢᠴᠠᠭᠤᠯᠵᠤ᠂ ᠪᠠᠭᠰᠢ ᠶᠢᠨ | ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ ᠰᠢᠨᠵᠢᠯᠡᠬᠦ ᠤᠬᠠᠭᠠᠨ ᠪᠠ ᠪᠡᠶ᠎ᠡ ᠶᠢᠨ ᠲᠠᠮᠢᠷ ᠭᠤᠸ᠎ᠠ | ᠰᠠᠶᠢᠬᠠᠨ ᠤ ᠬᠥᠮᠦᠵᠢᠯ ᠵᠡᠷᠭᠡ ᠲᠤᠲᠠᠭᠳᠠᠵᠤ ᠪᠠᠶᠢᠭ᠎ᠠ ᠪᠠᠭᠤᠷᠠᠢ ᠰᠢᠨᠵᠢᠯᠡᠭᠡᠨ ᠤ ᠪᠠᠭᠰᠢ ᠶᠢᠨ ᠲᠣᠬᠢᠷᠠᠭᠤᠯᠤᠯᠲᠠ ᠶᠢ | ᠴᠢᠩᠭᠠᠳᠬᠠᠵᠤ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠪᠠ ᠬᠠᠪᠰᠤᠷᠤᠨ ᠵᠢᠯᠣᠭᠤᠳᠤᠭᠴᠢ ᠶᠢᠨ | ᠡᠩᠨᠡᠭᠡ ᠶᠢᠨ ᠲᠣᠬᠢᠷᠠᠭᠤᠯᠤᠯᠲᠠ ᠶᠢ ᠴᠢᠩᠭᠠᠳᠬᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ | ᠪᠠᠭᠰᠢ ᠶᠢᠨ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ᠬᠠᠮᠢᠶᠠᠷᠤᠯᠲᠠ ᠶᠢᠨ ᠲᠣᠭᠲᠠᠴᠠ ᠶᠢ | ᠰᠢᠯᠢᠳᠡᠭᠵᠢᠭᠦᠯᠦᠨ᠎ᠡ᠃ ᠰᠤᠷᠭᠠᠨ ᠬᠥᠮᠦᠵᠢᠯ ᠤᠨ ᠴᠢᠳᠠᠪᠤᠷᠢᠲᠠᠨ ᠤ︽ᠪᠦᠯᠭᠦᠮ ᠪᠠᠶᠢᠭᠤᠯᠬᠤ ᠮᠠᠶ᠋ᠢᠭ︾ ᠤᠨ ᠬᠠᠪᠰᠤᠷᠤᠨ | ᠲᠡᠳᠬᠦᠬᠦ ᠲᠥᠯᠥᠪᠯᠡᠭᠡ᠂ ᠤᠯᠤᠰ ᠤᠨ ᠠᠬᠠᠮᠠᠳ ᠪᠠᠭᠰᠢ ᠶᠢᠨ ᠠᠵᠢᠯᠯᠠᠭᠠᠨ ᠤ ᠲᠥᠯᠥᠪᠯᠡᠭᠡ᠂ ᠬᠥᠳᠡᠭᠡ ᠲᠣᠰᠬᠤᠨ ᠤ | ᠲᠡᠷᠢᠭᠦᠨ ᠪᠠᠭᠰᠢ ᠶᠢᠨ ᠠᠵᠢᠯ ᠤᠨ ᠪᠠᠶᠢᠷᠢ ᠶᠢᠨ ᠲᠥᠯᠥᠪᠯᠡᠭᠡ ᠵᠡᠷᠭᠡ ᠶᠢ ᠭᠦᠨᠵᠡᠭᠡᠢ ᠬᠡᠷᠡᠭᠵᠢᠭᠦᠯᠦᠨ᠎ᠡ᠃ ᠶᠡᠭᠡ ᠳᠡᠭᠡᠳᠦ | ᠰᠤᠷᠭᠠᠭᠤᠯᠢ ᠶᠢᠨ ᠠᠵᠤ ᠦᠢᠯᠡᠰ ᠤᠨ ᠲᠤᠰᠢᠶᠠᠯ ᠬᠠᠪᠰᠤᠷᠭᠠᠭᠰᠠᠨ ᠪᠠᠭᠰᠢ ᠶᠢᠨ ᠬᠠᠮᠢᠶᠠᠷᠤᠯᠲᠠ ᠪᠠ ᠪᠠᠭᠰᠢ ᠠᠵᠤ | ᠠᠬᠤᠶᠢᠯᠠᠯ ᠤᠨ ᠦᠢᠯᠡᠳᠦᠯᠭᠡ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ | ︵ᠠᠷᠪᠠᠨ ᠨᠢᠭᠡ︶ ᠰᠤᠷᠭᠠᠨ ᠬᠥᠮᠥᠵᠢᠯᠲᠡᠨ ᠤ ᠥᠰᠦᠨ ᠪᠣᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ | ᠪᠤᠶ ᠪᠣᠯᠭᠠᠨ᠎ᠠ᠃ ᠰᠤᠷᠭᠠᠨ ᠬᠥᠮᠥᠵᠢᠯᠲᠡᠨ ᠰᠤᠷᠭᠠᠭᠤᠯᠢ ᠡᠷᠭᠢᠯᠡᠭᠦ ᠶᠢ ᠰᠠᠨᠠᠭᠠᠴᠢᠯᠠᠨ᠂ ᠰᠤᠷᠭᠠᠭᠤᠯᠢ ᠶᠢᠨ ᠰᠤᠷᠭᠠᠭᠤᠯᠢ | ᠡᠷᠭᠢᠯᠡᠭᠦ ᠡᠵᠡᠨ ᠮᠡᠳᠡᠬᠦ ᠡᠷᠬᠡ ᠶᠢ ᠨᠠᠶᠢᠳᠠᠪᠤᠷᠢᠵᠢᠭᠤᠯᠵᠤ᠂ ᠪᠠᠭᠰᠢ ᠪᠣᠯᠣᠨ ᠰᠤᠷᠭᠠᠭᠤᠯᠢ ᠶᠢᠨ ᠵᠠᠬᠢᠷᠤᠯ ᠤᠨ ᠰᠤᠷᠭᠠᠨ | ᠬᠥᠮᠦᠵᠢᠯ ᠤᠨ ᠦᠵᠡᠯ ᠰᠠᠨᠠᠭ᠎ᠠ᠂ ᠰᠤᠷᠭᠠᠨ ᠬᠥᠮᠦᠵᠢᠯ ᠤᠨ ᠵᠠᠭᠪᠤᠷ᠂ ᠰᠤᠷᠭᠠᠨ ᠬᠥᠮᠦᠵᠢᠯ ᠤᠨ ᠠᠷᠭ᠎ᠠ ᠶᠢᠨ ᠰᠢᠨ᠎ᠡ ᠶᠢ | ᠡᠭᠦᠳᠬᠦ ᠶᠢ ᠵᠣᠷᠢᠭᠵᠢᠭᠤᠯᠤᠨ ᠳᠡᠮᠵᠢᠵᠦ᠂ ᠵᠢᠭᠠᠨ ᠰᠤᠷᠭᠠᠬᠤ ᠣᠨᠴᠠᠯᠢᠭ ᠪᠣᠯᠣᠨ ᠰᠤᠷᠭᠠᠭᠤᠯᠢ ᠡᠷᠭᠢᠯᠡᠭᠦ ᠬᠡᠪ | ᠨᠠᠮᠪᠠ ᠶᠢ ᠪᠤᠶ ᠪᠣᠯᠭᠠᠨ᠎ᠠ᠃ ᠪᠠᠭᠰᠢ ᠶᠢᠨ ᠦᠨᠡᠯᠡᠯᠲᠡ ᠶᠢᠨ ᠥᠭᠡᠷᠡᠴᠢᠯᠡᠯᠲᠡ ᠶᠢ ᠠᠬᠢᠭᠤᠯᠵᠤ᠂ ᠰᠤᠷᠭᠠᠨ ᠬᠥᠮᠦᠵᠢᠯ | ᠵᠢᠭᠠᠨ ᠰᠤᠷᠭᠠᠯᠲᠠ ᠶᠢᠨ ᠪᠣᠳᠠᠲᠤ ᠠᠮᠵᠢᠯᠲᠠ ᠶᠢ ᠲᠣᠪᠤᠶᠢᠯᠭᠠᠨ᠂ ᠴᠢᠳᠠᠪᠤᠷᠢ᠂ ᠪᠣᠳᠠᠲᠤ ᠠᠮᠵᠢᠯᠲᠠ ᠪᠠ ᠬᠤᠪᠢ | ᠨᠡᠮᠡᠷᠢ ᠪᠠᠷ ᠪᠠᠭᠰᠢ ᠶᠢ ᠦᠨᠡᠯᠡᠬᠦ ᠶᠢ ᠴᠢᠬᠤᠯᠠᠴᠢᠯᠠᠵᠤ᠂ ᠰᠢᠯᠭᠠᠯᠲᠠ ᠶᠢᠨ ᠬᠤᠪᠢ ᠶᠢ ᠯᠠ ᠬᠥᠭᠡᠭᠡᠴᠡᠯᠳᠦᠬᠦ᠂ | ᠰᠤᠷᠭᠠᠭᠤᠯᠢ ᠳᠡᠪᠰᠢᠬᠦ ᠨᠤᠷᠮ᠎ᠠ ᠶᠢ ᠯᠡ ᠬᠥᠭᠡᠭᠡᠴᠡᠯᠳᠦᠬᠦ᠂ ᠦᠨᠡᠮᠯᠡᠯ ᠢ ᠯᠡ ᠬᠥᠭᠡᠭᠡᠴᠡᠯᠳᠦᠬᠦ᠂ ᠥᠭᠦᠯᠡᠯ ᠢ ᠯᠡ | ᠬᠥᠭᠡᠭᠡᠴᠡᠯᠳᠦᠬᠦ᠂ ᠢᠷᠠᠭᠤ ᠠᠯᠳᠠᠷ ᠢ ᠯᠠ ᠬᠥᠭᠡᠭᠡᠴᠡᠯᠳᠦᠬᠦ ᠵᠡᠷᠭᠡ ᠦᠵᠡᠭᠳᠡᠯ ᠢ ᠡᠷᠡᠰ ᠲᠡᠪᠴᠢᠵᠦ᠂ ᠬᠥᠭᠵᠢᠯᠲᠡ ᠶᠢᠨ | ᠴᠢᠨᠠᠷᠲᠠᠢ ᠦᠨᠡᠯᠡᠯᠲᠡ ᠶᠢ ᠠᠬᠢᠭᠤᠯᠤᠨ᠎ᠠ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠪᠠ | ᠴᠢᠬᠤᠯᠠ ᠶᠡᠭᠡ ᠴᠢᠳᠠᠪᠤᠷᠢᠲᠠᠨ ᠤ ᠢᠨᠵᠧᠨᠧᠷᠢᠩ ᠤᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠳᠡᠭᠡᠳᠦ | ᠲᠡᠰ ᠤᠨ ᠴᠢᠳᠠᠪᠤᠷᠢᠲᠠᠨ ᠢ ᠰᠢᠯᠢᠨ ᠰᠣᠩᠭᠤᠬᠤ ᠪᠠ ᠬᠥᠮᠥᠵᠢᠭᠦᠯᠬᠦ ᠳᠤ ᠪᠢᠴᠢᠭ ᠵᠢᠭᠠᠵᠤ ᠬᠥᠮᠥᠨ ᠬᠥᠮᠥᠵᠢᠭᠦᠯᠬᠦ | ᠤᠳᠤᠷᠢᠳᠤᠮᠵᠢ ᠶᠢ ᠲᠤᠪᠤᠶᠢᠯᠭᠠᠵᠤ᠂ ᠰᠢᠨᠵᠢᠯᠡᠬᠦ ᠤᠬᠠᠭᠠᠨᠲᠠᠨ ᠢ ᠰᠤᠷᠭᠠᠨ ᠬᠥᠮᠥᠵᠢᠯᠲᠡᠨ ᠪᠤᠯᠭᠠᠵᠤ᠂ ᠰᠢᠨᠵᠢᠯᠡᠬᠦ | ᠤᠬᠠᠭᠠᠨᠲᠠᠨ ᠤ ᠴᠢᠳᠠᠪᠤᠷᠢᠲᠠᠨ ᠬᠥᠮᠥᠵᠢᠭᠦᠯᠬᠦ ᠳᠤᠮᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ᠂ ᠤᠷᠠᠨ ᠲᠠᠷᠬᠠᠨ ᠤ | ᠵᠣᠷᠢᠭ ᠰᠠᠨᠠᠭ᠎ᠠ ᠵᠡᠷᠭᠡ ᠶᠢ ᠬᠠᠷᠢᠯᠴᠠᠨ ᠠᠭᠤᠰᠤᠯᠴᠠᠭᠤᠯᠵᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ ᠶᠠᠰᠤ | ᠴᠢᠨᠠᠷ ᠢ ᠳᠡᠭᠡᠭᠰᠢᠯᠡᠭᠦᠯᠦᠨ᠎ᠡ᠃ | ᠲᠠᠪᠤ᠂ ᠪᠠᠭᠰᠢ ᠶᠢᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ | ︵ᠠᠷᠪᠠᠨ ᠬᠤᠶᠠᠷ︶ ᠡᠯ᠎ᠡ ᠱᠠᠲᠤᠨ ᠤ ᠡᠯ᠎ᠡ ᠲᠥᠷᠥᠯ ᠤᠨ ᠪᠠᠭᠰᠢ ᠶᠢᠨ ᠬᠦᠷᠲᠡᠭᠡᠮᠵᠢ ᠣᠯᠭᠤᠮᠵᠢ ᠶᠢ | ᠪᠠᠲᠤᠯᠠᠬᠤ ᠡᠷᠴᠢᠮ ᠢ ᠴᠢᠩᠭᠠᠷᠠᠭᠤᠯᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠴᠠᠯᠢᠩ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠪᠠᠭᠰᠢ ᠶᠢᠨ ᠳᠤᠮᠳᠠᠴᠢ ᠴᠠᠯᠢᠩ ᠤᠨ ᠣᠷᠣᠯᠭ᠎ᠠ ᠶᠢᠨ ᠬᠡᠮᠵᠢᠶ᠎ᠡ ᠶᠢ ᠲᠤᠬᠠᠢ ᠶᠢᠨ ᠭᠠᠵᠠᠷ ᠤᠨ | ᠠᠯᠪᠠᠲᠠᠨ ᠤ ᠳᠤᠮᠳᠠᠴᠢ ᠴᠠᠯᠢᠩ ᠤᠨ ᠣᠷᠣᠯᠭ᠎ᠠ ᠶᠢᠨ ᠬᠡᠮᠵᠢᠶᠡᠨ ᠤ ᠦᠷ᠎ᠡ ᠪᠦᠲᠦᠭᠡᠯ ᠠᠴᠠ ᠳᠣᠣᠷ᠎ᠠ ᠪᠠᠶᠢᠯᠭᠠᠬᠤ | ᠦᠭᠡᠢ ᠪᠠᠶᠢᠬᠤ ᠶᠢ ᠪᠠᠬᠢᠵᠢᠭᠦᠯᠦᠨ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠪᠠᠭᠰᠢ ᠶᠢᠨ ᠴᠠᠯᠢᠩ ᠣᠯᠭᠤᠮᠵᠢ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ ᠴᠠᠯᠢᠩ᠂ ᠨᠡᠶᠢᠭᠡᠮ ᠤᠨ ᠳᠠᠭᠠᠳᠬᠠᠯ ᠵᠡᠷᠭᠡ | ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠠᠭᠰᠢᠯᠠᠭᠰᠠᠨ ᠵᠢᠯ ᠤᠨ ᠨᠡᠮᠡᠭᠦᠷᠢ | ᠮᠥᠩᠭᠦ ᠶᠢᠨ ᠪᠠᠷᠢᠮᠵᠢᠶ᠎ᠠ ᠶᠢ ᠰᠤᠳᠤᠯᠤᠨ ᠳᠡᠭᠡᠭᠰᠢᠯᠡᠭᠦᠯᠦᠨ᠎ᠡ᠃ ᠬᠥᠳᠡᠭᠡ ᠲᠣᠰᠬᠤᠨ ᠤ ᠪᠠᠭᠰᠢ ᠶᠢᠨ ᠠᠮᠢᠳᠤᠷᠠᠯ ᠤᠨ | ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠎ᠠ᠃ ᠪᠠᠭᠰᠢ ᠶᠢᠨ ᠪᠣᠯᠪᠠᠰᠤᠷᠠᠯ ᠤᠨ | ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠪᠠᠭᠰᠢ ᠶᠢᠨ ᠬᠢᠴᠢᠶᠡᠯ ᠤᠨ ᠳᠠᠷᠠᠭᠠᠬᠢ | ᠦᠢᠯᠡᠴᠢᠯᠡᠭᠡᠨ ᠤ ᠠᠵᠢᠯ ᠤᠨ ᠵᠦᠢ ᠵᠣᠬᠢᠰᠲᠠᠢ ᠬᠠᠷᠠᠭᠠᠯᠵᠠᠯ ᠢ ᠪᠠᠲᠤᠯᠠᠨ᠎ᠠ᠃ ᠬᠥᠳᠡᠭᠡ ᠲᠣᠰᠬᠤᠨ ᠤ ᠪᠠᠭᠰᠢ ᠶᠢᠨ | ᠡᠷᠭᠢᠯᠲᠡ ᠶᠢᠨ ᠪᠠᠶᠢᠷᠢ ᠶᠢᠨ ᠭᠡᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ︵ᠠᠷᠪᠠᠨ ᠭᠤᠷᠪᠠ︶ ᠪᠠᠭᠰᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠪᠠᠭᠰᠢ ᠶᠢᠨ ᠰᠤᠷᠭᠠᠨ | ᠬᠥᠮᠦᠵᠢᠯ ᠤᠨ ᠵᠠᠯᠬᠠᠭᠠᠨ ᠴᠡᠭᠡᠷᠯᠡᠭᠦᠯᠬᠦ ᠡᠷᠬᠡ ᠶᠢ ᠬᠠᠮᠠᠭᠠᠯᠠᠵᠤ᠂ ᠪᠠᠭᠰᠢ ᠶᠢ ᠢᠳᠡᠪᠬᠢᠲᠡᠢ ᠬᠠᠮᠢᠶᠠᠷᠤᠨ | ᠬᠥᠮᠥᠵᠢᠭᠦᠯᠬᠦ ᠶᠢ ᠳᠡᠮᠵᠢᠨ᠎ᠡ᠃ ᠰᠤᠷᠭᠠᠭᠤᠯᠢ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠭᠰᠢ ᠨᠠᠷ ᠤᠨ | ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠠᠤᠯᠢ ᠶᠣᠰᠣᠭᠠᠷ ᠪᠠᠲᠤᠯᠠᠨ᠎ᠠ᠃ | ᠪᠠᠭᠰᠢ ᠶᠢ ᠭᠤᠲᠤᠭᠠᠬᠤ᠂ ᠭᠦᠳᠬᠡᠬᠦ᠂ ᠮᠠᠭᠤ ᠰᠠᠨᠠᠭ᠎ᠠ ᠲᠠᠢ ᠪᠠᠷ ᠬᠥᠭᠡᠷᠭᠡᠳᠡᠬᠦ ᠵᠡᠷᠭᠡ ᠦᠭᠡ ᠶᠠᠷᠢᠶ᠎ᠠ ᠦᠢᠯᠡ | ᠠᠵᠢᠯᠯᠠᠭ᠎ᠠ ᠶᠢ ᠬᠠᠤᠯᠢ ᠶᠣᠰᠣᠭᠠᠷ ᠵᠠᠯᠬᠠᠭᠠᠨ ᠰᠢᠢᠳᠬᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ | ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠰᠤᠷᠭᠠᠭᠤᠯᠢ ᠪᠣᠯᠣᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ | ᠬᠢᠨ ᠪᠠᠭᠰᠢ ᠨᠠᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢ ᠳᠡᠮᠵᠢᠨ᠎ᠡ᠃ ᠪᠠᠭᠰᠢ ᠶᠢᠨ | ᠳᠠᠷᠤᠭᠠᠰᠤ ᠶᠢ ᠶᠡᠭᠡ ᠪᠠᠷ ᠬᠥᠩᠭᠡᠷᠡᠭᠦᠯᠵᠦ᠂ ᠨᠡᠶᠢᠭᠡᠮ ᠤᠨ ᠬᠡᠷᠡᠭ ᠶᠠᠪᠤᠳᠠᠯ ᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠶᠢ ᠨᠢᠭᠡᠳᠦᠯᠲᠡᠢ ᠲᠥᠯᠥᠪᠯᠡᠨ ᠵᠢᠷᠤᠮᠵᠢᠭᠤᠯᠵᠤ᠂ ᠱᠠᠯᠠᠪᠳᠠᠭᠤᠯᠤᠨ ᠪᠠᠶᠢᠴᠠᠭᠠᠬᠤ ᠬᠢᠨᠠᠨ ᠪᠠᠶᠢᠴᠠᠭᠠᠬᠤ | ᠠᠳᠠᠯᠢᠳᠬᠠᠨ ᠰᠢᠯᠭᠠᠷᠠᠭᠤᠯᠬᠤ ᠬᠢᠨᠠᠨ ᠰᠢᠯᠭᠠᠬᠤ ᠵᠦᠢᠯᠡᠰ ᠢ ᠴᠣᠮᠬᠠᠳᠬᠠᠵᠤ᠂ ᠳᠤᠮᠳᠠᠳᠤ ᠪᠠᠭ᠎ᠠ ᠰᠤᠷᠭᠠᠭᠤᠯᠢ᠂ ᠶᠡᠭᠡ | ᠳᠡᠭᠡᠳᠦ ᠰᠤᠷᠭᠠᠭᠤᠯᠢ ᠶᠢᠨ ᠪᠠᠭᠰᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ ᠤ ᠳᠠᠷᠤᠭᠠᠰᠤ ᠶᠢ | ᠬᠥᠩᠭᠡᠷᠡᠭᠦᠯᠵᠦ ᠬᠦᠯᠢᠶᠡᠰᠦ ᠶᠢ ᠰᠤᠯᠠᠷᠠᠭᠤᠯᠵᠤ᠂ ᠪᠠᠭᠰᠢ ᠶᠢᠨ ᠭᠤᠣᠯ ᠬᠠᠷᠢᠭᠤᠴᠠᠯᠭ᠎ᠠ ᠡᠭᠦᠷᠭᠡᠯᠡᠵᠦ ᠭᠤᠣᠯ ᠠᠵᠢᠯ | ᠬᠢᠬᠦ ᠶᠢ ᠭᠦᠢᠴᠡᠳ ᠪᠠᠲᠤᠯᠠᠨ᠎ᠠ᠃ | ᠵᠢᠷᠭᠤᠭ᠎ᠠ᠂ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ | ᠪᠠᠳᠠᠷᠠᠭᠤᠯᠤᠨ᠎ᠠ | ︵ᠠᠷᠪᠠᠨ ᠳᠥᠷᠪᠡ︶ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠣᠶᠣᠯ ᠢ | ᠵᠤᠵᠠᠭᠠᠳᠬᠠᠨ᠎ᠠ᠃ ᠪᠠᠭᠰᠢ ᠶᠢᠨ ᠪᠠᠶᠢᠷᠢ ᠰᠠᠭᠤᠷᠢ ᠶᠢ ᠳᠡᠭᠡᠭᠰᠢᠯᠡᠭᠦᠯᠵᠦ᠂ ᠰᠢᠯᠢᠳᠡᠭ ᠴᠢᠳᠠᠪᠤᠷᠢᠲᠠᠨ ᠤ ᠬᠠᠯᠠᠭᠤᠨ | ᠰᠡᠳᠬᠢᠯᠭᠡ ᠪᠠᠷ ᠪᠠᠭᠰᠢᠯᠠᠵᠤ᠂ ᠨᠠᠷᠢᠨ ᠨᠢᠮᠪᠠᠢ ᠪᠠᠭᠰᠢᠯᠠᠵᠤ᠂ ᠤᠷᠳᠤ ᠬᠤᠭᠤᠴᠠᠭ᠎ᠠ ᠪᠠᠷ ᠪᠠᠭᠰᠢᠯᠠᠵᠤ᠂ ᠨᠠᠰᠤᠨ | ᠲᠤᠷᠰᠢᠲᠠ ᠪᠠᠭᠰᠢᠯᠠᠬᠤ ᠶᠢ ᠳᠡᠮᠵᠢᠬᠦ ᠪᠠ ᠲᠠᠳᠠᠨ ᠠᠪᠴᠢᠷᠠᠨ᠎ᠠ᠃ ᠪᠦᠭᠦ ᠨᠡᠶᠢᠭᠡᠮ ᠢᠶᠠᠷ ᠢᠶᠠᠨ ᠪᠠᠭᠰᠢ ᠶᠢ ᠬᠦᠨᠳᠦᠳᠬᠡᠬᠦ | ᠰᠣᠶᠣᠯ ᠢ ᠪᠣᠶᠢᠵᠢᠭᠤᠯᠵᠤ᠂ ᠪᠠᠭᠰᠢ ᠶᠢᠨ ᠶᠣᠰᠣ ᠰᠤᠷᠲᠠᠬᠤᠨ ᠨᠡᠷ᠎ᠡ ᠬᠦᠨᠳᠦ ᠶᠢ ᠳᠡᠭᠡᠭᠰᠢᠯᠡᠭᠦᠯᠭᠦ᠂ ᠪᠠᠭᠰᠢ ᠶᠢ | ᠬᠦᠨᠳᠦᠳᠬᠡᠬᠦ ᠬᠥᠮᠦᠵᠢᠯ ᠢ ᠴᠢᠬᠤᠯᠠᠴᠢᠯᠠᠬᠤ᠂ ᠪᠠᠭᠰᠢ ᠶᠢ ᠬᠦᠨᠳᠦᠳᠬᠡᠬᠦ ᠠᠵᠢᠯᠯᠠᠭ᠎ᠠ ᠥᠷᠨᠢᠭᠦᠯᠬᠦ ᠶᠢ ᠠᠬᠢᠭᠤᠯᠵᠤ᠂ | ᠪᠠᠭᠰᠢ ᠶᠢ ᠬᠦᠨᠳᠦᠳᠬᠡᠬᠦ ᠰᠣᠶᠣᠯ ᠢ ᠰᠤᠷᠤᠬᠴᠢᠳ ᠤᠨ ᠡᠳᠦᠷ ᠲᠤᠲᠤᠮ ᠤᠨ ᠦᠭᠡ ᠶᠠᠷᠢᠶ᠎ᠠ ᠦᠢᠯᠡ | ᠠᠵᠢᠯᠯᠠᠭ᠎ᠠ ᠳᠤ ᠠᠭᠤᠰᠬᠠᠨ᠎ᠠ᠃︽ᠤᠯᠠᠮᠵᠢᠯᠠᠬᠤ ᠬᠠᠪᠰᠤᠷᠬᠤ ᠳᠠᠭᠠᠭᠤᠯᠬᠤ︾ᠤᠯᠠᠮᠵᠢᠯᠠᠯ ᠢ ᠪᠠᠳᠠᠷᠠᠭᠤᠯᠵᠤ᠂ ᠪᠠᠭᠰᠢ ᠶᠢᠨ | ᠠᠵᠢᠯ ᠤᠨ ᠭᠠᠷᠤᠭ᠎ᠠ ᠠᠪᠬᠤ᠂ ᠵᠡᠷᠭᠡ ᠳᠡᠪᠰᠢᠬᠦ᠂ ᠢᠷᠠᠭᠤ ᠠᠯᠳᠠᠷᠲᠠᠢ ᠪᠠᠷ ᠠᠵᠢᠯ ᠠᠴᠠ ᠪᠠᠨ ᠠᠮᠠᠷᠠᠬᠤ ᠵᠡᠷᠭᠡ | ᠠᠵᠢᠯᠯᠠᠭ᠎ᠠ ᠪᠠᠷ ᠳᠠᠮᠵᠢᠭᠤᠯᠤᠨ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠤᠮᠳᠠᠯᠠᠨ ᠤᠯᠠᠮᠵᠢᠯᠠᠨ᠎ᠠ᠃ | ᠪᠠᠶᠢᠭᠠᠯᠢ ᠬᠥᠮᠥᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠣᠯᠠᠨ ᠵᠦᠢᠯ ᠤᠨ ᠠᠷᠭ᠎ᠠ | ᠮᠠᠶ᠋ᠢᠭ ᠢᠶᠠᠷ ᠪᠠᠭᠰᠢ ᠶᠢ ᠬᠦᠨᠳᠦᠳᠬᠡᠨ ᠰᠤᠷᠭᠠᠨ ᠬᠥᠮᠦᠵᠢᠯ ᠢ ᠴᠢᠬᠤᠯᠠᠴᠢᠯᠠᠬᠤ ᠶᠢ ᠳᠡᠮᠵᠢᠵᠦ᠂ ᠨᠡᠶᠢᠭᠡᠮ ᠤᠨ ᠰᠠᠶᠢᠨ | ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃ | ︵ᠠᠷᠪᠠᠨ ᠲᠠᠪᠤ︶ ᠪᠠᠭᠰᠢ ᠶᠢᠨ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ ᠡᠷᠴᠢᠮ ᠢ ᠴᠢᠩᠭᠠᠷᠠᠭᠤᠯᠤᠨ᠎ᠠ᠃ | ᠰᠢᠯᠢᠳᠡᠭ ᠪᠠᠭᠰᠢ ᠶᠢ ᠤᠷᠮᠠᠰᠢᠭᠤᠯᠵᠤ ᠱᠠᠩᠨᠠᠬᠤ ᠶᠢ ᠴᠢᠩᠭᠠᠳᠬᠠᠵᠤ᠂ ᠬᠤᠯᠪᠣᠭᠳᠠᠯ ᠪᠦᠬᠦᠢ ᠳᠦᠷᠢᠮ ᠢ | ᠲᠡᠭᠦᠯᠳᠡᠷᠵᠢᠭᠦᠯᠦᠨ᠎ᠡ᠃ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠠᠭᠰᠢ ᠶᠢᠨ ᠬᠠᠮᠲᠤ ᠨᠡᠶᠢᠲᠡ ᠪᠠ ᠬᠤᠪᠢ | ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠵᠦ᠂ ᠱᠠᠩᠨᠠᠨ ᠬᠥᠬᠢᠭᠦᠯᠬᠦ ᠶᠢ | ᠬᠥᠳᠡᠭᠡ ᠲᠣᠰᠬᠤᠨ ᠤ ᠪᠠᠭᠰᠢ ᠲᠡᠶᠢᠰᠢ ᠬᠡᠯᠪᠡᠶᠢᠯᠭᠡᠨ᠎ᠡ᠃ | ︵ᠠᠷᠪᠠᠨ ᠵᠢᠷᠭᠤᠭ᠎ᠠ︶ ᠪᠠᠭᠰᠢ ᠶᠢᠨ ᠤᠬᠠᠭᠤᠯᠭ᠎ᠠ ᠶᠢᠨ ᠠᠵᠢᠯ ᠢ ᠰᠢᠨ᠎ᠡ ᠶᠢ ᠡᠭᠦᠳᠦᠨ ᠥᠷᠨᠢᠭᠦᠯᠦᠨ᠎ᠡ᠃ | ᠰᠢᠯᠢᠳᠡᠭ ᠪᠠᠭᠰᠢ ᠶᠢᠨ ᠨᠡᠶᠢᠲᠡᠯᠢᠭ ᠵᠢᠱᠢᠶ᠎ᠡ ᠶᠢ ᠤᠬᠠᠭᠤᠯᠤᠨ᠎ᠠ᠃ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ | ᠰᠤᠳᠤᠯᠭᠠᠨ ᠢ ᠵᠣᠷᠢᠭᠵᠢᠭᠤᠯᠤᠨ ᠳᠡᠮᠵᠢᠵᠦ᠂ ᠨᠢᠭᠡ ᠪᠦᠯᠦᠭ ᠴᠢᠨᠠᠷ ᠰᠠᠶᠢᠲᠠᠢ ᠡᠷᠳᠡᠮ ᠰᠢᠨᠵᠢᠯᠡᠭᠡᠨ ᠤ ᠦᠷ᠎ᠡ | ᠪᠦᠲᠦᠭᠡᠯ ᠢ ᠪᠤᠶ ᠪᠣᠯᠭᠠᠨ᠎ᠠ᠃ ᠰᠤᠷᠭᠠᠨ ᠬᠥᠮᠦᠵᠢᠯ᠂ ᠪᠠᠭᠰᠢ ᠶᠢᠨ ᠤᠳᠬ᠎ᠠ ᠤᠷᠠᠯᠢᠭ ᠤᠨ ᠪᠦᠲᠦᠭᠡᠯ ᠤᠨ ᠵᠣᠬᠢᠶᠠᠨ | ᠪᠦᠲᠦᠭᠡᠯᠭᠡ ᠶᠢ ᠴᠢᠩᠭᠠᠳᠬᠠᠵᠤ᠂ ᠰᠢᠯᠢᠳᠡᠭ ᠪᠠᠭᠰᠢ ᠶᠢ ᠮᠠᠭᠲᠠᠨ ᠳᠠᠭᠤᠯᠠᠭᠰᠠᠨ᠂ ᠰᠤᠷᠭᠠᠨ ᠬᠥᠮᠥᠵᠢᠯᠲᠡᠨ ᠤ ᠵᠣᠷᠢᠭ | ᠰᠠᠨᠠᠭ᠎ᠠ ᠶᠢ ᠪᠠᠳᠠᠷᠠᠭᠤᠯᠤᠭᠰᠠᠨ ᠨᠡᠩ ᠤᠯᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠭᠠᠷᠭᠠᠨ᠎ᠠ᠃ ᠰᠢᠨ᠎ᠡ | ᠵᠠᠭᠤᠴᠢᠯᠠᠭᠤᠷ ᠵᠡᠷᠭᠡ ᠠᠷᠭ᠎ᠠ ᠵᠠᠮ ᠢ ᠰᠠᠶᠢᠲᠤᠷ ᠬᠡᠷᠡᠭᠯᠡᠵᠦ᠂ ᠪᠠᠭᠰᠢ ᠶᠢᠨ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠢ | ᠥᠷᠭᠡᠳᠬᠡᠨ᠎ᠡ᠃ ᠮᠦᠽᠧᠢ᠂ ᠦᠵᠡᠰᠭᠦᠯᠡᠩ ᠤᠨ ᠣᠷᠳᠣᠨ ᠪᠠ ᠰᠣᠶᠣᠯ ᠤᠨ ᠣᠷᠳᠣᠨ ᠵᠡᠷᠭᠡ ᠳᠤ ᠲᠦᠰᠢᠭᠯᠡᠨ᠂ | ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠭᠤᠣᠯ ᠰᠡᠳᠦᠪᠲᠦ ᠦᠵᠡᠰᠭᠦᠯᠡᠩ ᠢ ᠥᠷᠨᠢᠭᠦᠯᠦᠨ᠎ᠡ᠃ ᠪᠠᠭᠰᠢ ᠶᠢᠨ | ᠬᠤᠯᠪᠣᠭᠳᠠᠯ ᠪᠦᠬᠦᠢ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠪᠠ ᠬᠢᠨᠠᠯᠲᠠ ᠶᠢ ᠴᠢᠩᠭᠠᠳᠬᠠᠵᠤ᠂ | ᠮᠠᠭᠤ ᠶᠢ ᠨᠢ ᠮᠠᠭᠤᠰᠢᠶᠠᠵᠤ ᠰᠠᠶᠢᠨ ᠢ ᠨᠢ ᠰᠠᠶᠢᠰᠢᠶᠠᠵᠤ᠂ ᠲᠥᠪ ᠰᠤᠷᠲᠠᠯ ᠢ ᠪᠠᠳᠠᠷᠠᠭᠤᠯᠤᠨ᠎ᠠ᠃ | ︵ᠠᠷᠪᠠᠨ ᠲᠤᠯᠤᠭ᠎ᠠ︶ ᠳᠤᠮᠳᠠᠳᠤ ᠤᠯᠤᠰ ᠤᠨ ᠰᠤᠷᠭᠠᠨ ᠬᠥᠮᠥᠵᠢᠯᠲᠡᠨ ᠤ ᠦᠯᠢᠭᠡᠷ ᠢ ᠰᠠᠶᠢᠲᠤᠷ ᠶᠠᠷᠢᠨ᠎ᠠ᠃ | ᠰᠤᠷᠤᠯᠴᠠᠬᠤ ᠰᠤᠷᠲᠠᠯ ᠢ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠵᠡᠷᠭᠡ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ | ᠰᠤᠷᠭᠠᠨ ᠬᠥᠮᠥᠵᠢᠯᠲᠡᠨ ᠤ ᠦᠵᠡᠯ ᠰᠠᠨᠠᠭ᠎ᠠ ᠶᠢ ᠤᠯᠠᠮᠵᠢᠯᠠᠨ᠂ ᠰᠤᠷᠭᠠᠨ ᠬᠥᠮᠥᠵᠢᠯᠲᠡᠨ ᠤ ᠳᠦᠷᠢ ᠲᠥᠷᠬᠦ ᠶᠢ | ᠢᠯᠡᠷᠡᠭᠦᠯᠦᠨ᠎ᠡ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠶᠠᠪᠤᠳᠠᠯ ᠢ ᠤᠯᠠᠨ ᠤᠯᠤᠰ ᠤᠨ | ᠤᠯᠠᠮᠵᠢᠯᠠᠨ ᠳᠡᠯᠭᠡᠷᠡᠭᠦᠯᠬᠦ ᠦᠭᠡ ᠶᠠᠷᠢᠶᠠᠨ ᠤ ᠰᠢᠰᠲ᠋ᠧᠮ ᠳᠤ ᠣᠷᠣᠭᠤᠯᠵᠤ᠂ ᠤᠯᠠᠨ ᠤᠯᠤᠰ ᠤᠨ ᠰᠣᠯᠢᠯᠴᠠᠭ᠎ᠠ | ᠬᠠᠮᠲᠤᠷᠠᠯᠴᠠᠭᠠᠨ ᠤ ᠲᠠᠪᠴᠠᠩ ᠢ ᠪᠠᠶᠢᠭᠤᠯᠤᠨ᠂ ᠳᠤᠮᠳᠠᠳᠤ ᠤᠯᠤᠰ ᠤᠨ ᠰᠤᠷᠭᠠᠨ ᠬᠥᠮᠥᠵᠢᠯᠲᠡᠨ ᠤ ᠦᠯᠢᠭᠡᠷ ᠢ | ᠰᠠᠶᠢᠲᠤᠷ ᠶᠠᠷᠢᠵᠤ᠂ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠳᠠᠭᠤᠨ ᠢ ᠤᠯᠠᠮᠵᠢᠯᠠᠨ᠂ ᠳᠤᠮᠳᠠᠳᠤ | ᠤᠯᠤᠰ ᠤᠨ ᠰᠤᠷᠭᠠᠨ ᠬᠥᠮᠦᠵᠢᠯ ᠤᠨ ᠤᠶᠤᠨ ᠤᠬᠠᠭᠠᠨ ᠢ ᠨᠡᠮᠡᠷᠢᠯᠡᠨ᠎ᠡ᠃ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠰ ᠰᠠᠨᠠᠯ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ | ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠨᠤᠭᠤᠳ | ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠤᠷᠭᠠᠭᠤᠯᠢ ᠶᠢᠨ | ᠬᠥᠭᠵᠢᠯᠲᠡ ᠶᠢᠨ ᠵᠠᠩᠭᠢᠯᠠᠭ᠎ᠠ ᠶᠢᠨ ᠰᠠᠭᠤᠷᠢ ᠴᠢᠨᠠᠷᠲᠠᠢ ᠠᠵᠢᠯ ᠪᠤᠯᠭᠠᠵᠤ᠂ ᠠᠵᠢᠯ ᠤᠨ ᠲᠣᠭᠲᠠᠴᠠ ᠪᠠᠨ | ᠪᠦᠷᠢᠨᠰᠢᠭᠦᠯᠦᠨ᠂ ᠠᠵᠢᠯ ᠤᠨ ᠪᠠᠲᠤᠯᠠᠭ᠎ᠠ ᠪᠠᠨ ᠴᠢᠩᠭᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ | ᠺᠠᠳ᠋ᠷᠴᠤᠳ ᠰᠤᠷᠭᠠᠭᠤᠯᠢ ᠳᠤ ᠭᠦᠨᠵᠡᠭᠡᠶᠢᠷᠡᠨ ᠪᠠᠭᠰᠢ ᠶᠢᠨ ᠪᠠᠶᠢᠳᠠᠯ ᠢ ᠣᠶᠢᠯᠠᠭᠠᠵᠤ᠂ ᠥᠷᠭᠡᠨ ᠤᠯᠠᠨ ᠪᠠᠭᠰᠢ | ᠨᠠᠷ ᠲᠤ ᠪᠣᠳᠠᠲᠤ ᠶᠠᠪᠤᠳᠠᠯ ᠬᠢᠵᠦ ᠥᠭᠭᠦᠨ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ | | |