ᠣᠶᠢᠷ᠎ᠠ ᠳᠤ ᠨᠠᠮ ᠤᠨ ᠲᠥᠪ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ 12 ᠰᠠᠯᠠᠭ᠎ᠠ ᠮᠥᠴᠢᠷ ︽2024 | ᠣᠨ ᠤ ︿ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ﹀ ᠶᠢᠨ ᠠᠵᠢᠯᠯᠠᠭ᠎ᠠ ᠶᠢ | ᠵᠣᠬᠢᠶᠠᠨ ᠪᠠᠶᠢᠭᠤᠯᠵᠤ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ︽ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠬᠠᠤᠯᠢ ᠶᠣᠰᠣᠭᠠᠷ ᠥᠷᠨᠢᠭᠦᠯᠵᠦ ᠪᠦᠭᠦ ᠠᠷᠠᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ︾ ᠪᠠᠷ ᠭᠤᠣᠯ ᠰᠡᠳᠦᠪ ᠪᠤᠯᠭᠠᠵᠤ᠂ 9 ᠰᠠᠷ᠎ᠠ ᠳᠤ ︽ᠪᠦᠭᠦ | ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠠᠷ᠎ᠠ︾ ᠶᠢᠨ ᠠᠵᠢᠯᠯᠠᠭ᠎ᠠ ᠶᠢ ᠲᠥᠪᠯᠡᠷᠡᠭᠦᠯᠦᠨ | ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠮᠡᠳᠡᠭᠳᠡᠯ︾ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ | ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ | ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ | ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠤᠨ ᠶᠡᠷᠦᠩᠬᠡᠢ ᠠᠮᠤᠷ ᠲᠦᠪᠰᠢᠨ ᠤ | ᠦᠵᠡᠯᠲᠡ ᠶᠢ ᠲᠤᠭᠤᠰᠢᠯᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠶᠢᠵᠢᠭᠤᠯᠤᠨ | ᠦᠢᠯᠡᠳᠦᠯᠭᠡᠵᠢᠭᠦᠯᠵᠦ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠬᠠᠤᠯᠢ ᠶᠣᠰᠣᠭᠠᠷ ᠥᠷᠨᠢᠭᠦᠯᠵᠦ | ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ︾ ᠪᠠᠷ ᠭᠤᠣᠯ | ᠰᠡᠳᠦᠪ ᠪᠤᠯᠭᠠᠵᠤ᠂ ᠨᠡᠶᠢᠭᠡᠮ ᠳᠠᠶᠠᠭᠠᠷ ᠲᠤ ᠠᠭᠤᠯᠭ᠎ᠠ ᠪᠠᠷ ᠪᠠᠶᠠᠯᠢᠭ᠂ ᠭᠡᠯᠪᠡᠷᠢ ᠨᠢ ᠣᠯᠠᠨ ᠶᠠᠩᠵᠤ ᠶᠢᠨ᠂ ᠢᠯᠡ | ᠲᠣᠳᠣ ᠣᠨᠴᠠᠯᠢᠭ ᠲᠠᠢ ᠣᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠢ ᠬᠥᠮᠥᠵᠢᠭᠦᠯᠦᠨ | ᠵᠢᠯᠤᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠪᠠ ᠰᠠᠨᠠᠭᠠᠰᠢᠷᠠᠬᠤ ᠤᠬᠠᠮᠰᠠᠷ ᠢ ᠨᠢ | ᠴᠢᠩᠭᠠᠳᠬᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ | ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ᠂ ᠤᠯᠤᠰ ᠤᠨ ᠪᠠᠲᠤᠯᠠᠨ | ᠬᠠᠮᠠᠭᠠᠯᠠᠯᠲᠠ ᠶᠢ ᠬᠠᠮᠠᠭᠠᠯᠠᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢ ᠨᠢ | ᠴᠢᠩᠭᠠᠳᠬᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ | ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ | ᠬᠦᠴᠦᠷᠬᠡᠭ ᠶᠡᠭᠡ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ︽ᠮᠡᠳᠡᠭᠳᠡᠯ︾ ᠳᠤ ᠨᠡᠶᠢᠲᠡ 7 ᠵᠦᠢᠯ ᠤᠨ ᠠᠵᠢᠯᠯᠠᠭ᠎ᠠ ᠶᠢᠨ ᠲᠣᠬᠢᠷᠠᠭᠤᠯᠤᠯᠲᠠ ᠬᠢᠪᠡ᠃ ᠨᠢᠭᠡ ᠳᠤ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠶᠢ ᠲᠦᠭᠡᠮᠡᠯᠵᠢᠭᠦᠯᠬᠦ ᠤᠬᠠᠭᠤᠯᠭ᠎ᠠ ᠶᠢᠨ | ᠠᠵᠢᠯᠯᠠᠭ᠎ᠠ ᠶᠢ ᠥᠷᠨᠢᠭᠦᠯᠦᠨ᠎ᠡ᠃ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠰᠤᠷᠤᠯᠴᠠᠨ | ᠤᠬᠠᠭᠤᠯᠵᠤ ᠲᠤᠭᠤᠰᠢᠯᠠᠭᠤᠯᠬᠤ ᠶᠢ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠡᠳᠡᠭᠡᠯᠡᠯ | ᠰᠢᠭᠦᠮᠵᠢ ᠶᠢ ᠵᠣᠬᠢᠶᠠᠨ ᠪᠠᠶᠢᠭᠤᠯᠵᠤ ᠨᠡᠶᠢᠲᠡᠯᠡᠬᠦ᠂ ᠤᠬᠠᠭᠤᠯᠤᠨ ᠲᠠᠶᠢᠯᠪᠤᠷᠢᠯᠠᠬᠤ ᠵᠣᠬᠢᠶᠠᠯ ᠨᠡᠶᠢᠲᠡᠯᠡᠬᠦ᠂ ᠲᠤᠰᠬᠠᠢ | ᠰᠡᠳᠦᠪᠲᠦ ᠫᠷᠣᠭ᠍ᠷᠠᠮ ᠵᠣᠬᠢᠶᠠᠬᠤ᠂ ᠦᠨᠳᠦᠰᠦᠨ ᠱᠠᠲᠤᠨ ᠳᠤ ᠤᠬᠠᠭᠤᠯᠤᠨ ᠲᠠᠶᠢᠯᠪᠤᠷᠢᠯᠠᠬᠤ ᠵᠡᠷᠭᠡ ᠭᠡᠯᠪᠡᠷᠢ ᠪᠠᠷ | ᠳᠠᠮᠵᠢᠭᠤᠯᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠴᠠᠭᠠᠵᠠ ᠶᠢᠨ ᠤᠬᠠᠭᠤᠯᠭ᠎ᠠ ᠶᠢ | ᠰᠠᠶᠢᠲᠤᠷ ᠬᠢᠨ᠎ᠡ᠃ ᠬᠤᠶᠠᠷ ᠲᠤ ᠳᠤᠷᠠᠰᠤᠨ ᠰᠠᠨᠠᠭᠠᠯᠵᠠᠬᠤ ᠠᠵᠢᠯᠯᠠᠭ᠎ᠠ ᠶᠢ ᠥᠷᠨᠢᠭᠦᠯᠦᠨ᠎ᠡ᠃ 9 ᠰᠠᠷ᠎ᠠ ᠶᠢᠨ 3 ᠤ | ᠡᠳᠦᠷ ᠤᠨ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠭᠰᠡᠨ ᠳᠠᠶᠢᠨ ᠤ ᠢᠯᠠᠯᠲᠠ ᠶᠢᠨ | ᠳᠤᠷᠠᠰᠬᠠᠯ ᠤᠨ ᠡᠳᠦᠷ᠂ 9 ᠰᠠᠷ᠎ᠠ ᠶᠢᠨ 18 ᠤ ᠡᠳᠦᠷ ᠤᠨ ︽9 · 18︾ ᠤ ᠬᠡᠷᠡᠭ ᠬᠤᠪᠢᠰᠤᠯ ᠭᠠᠷᠤᠭᠰᠠᠨ ᠡᠳᠦᠷ᠂ | 9 ᠰᠠᠷ᠎ᠠ ᠶᠢᠨ 30 ᠤ ᠡᠳᠦᠷ ᠤᠨ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠪᠠ ᠪᠦᠭᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠡᠳᠦᠷ ᠵᠡᠷᠭᠡ ᠴᠢᠬᠤᠯᠠ ᠴᠠᠭ ᠬᠤᠭᠤᠴᠠᠭ᠎ᠠ ᠶᠢ ᠭᠦᠢᠴᠡᠳ | ᠠᠰᠢᠭᠯᠠᠨ᠂ ᠰᠦᠷ ᠵᠢᠪᠬᠤᠯᠠᠩᠲᠤ ᠴᠢᠨᠠᠷ ᠢᠶᠠᠷ ᠴᠢᠩᠭ᠎ᠠ᠂ ᠶᠣᠰᠣᠯᠠᠯᠲᠤ ᠴᠢᠨᠠᠷ ᠢᠶᠠᠷ ᠴᠢᠩᠭ᠎ᠠ ᠨᠡᠶᠢᠲᠡ ᠶᠢᠨ | ᠲᠠᠭᠢᠯᠭ᠎ᠠ ᠶᠢᠨ ᠶᠣᠰᠣᠯᠠᠯ ᠪᠠ ᠵᠢᠩ ᠴᠣᠬᠢᠵᠤ ᠰᠡᠷᠡᠮᠵᠢ ᠶᠢᠨ ᠳᠣᠬᠢᠶ᠎ᠠ ᠳᠤᠤᠭᠠᠷᠭᠠᠬᠤ ᠶᠣᠰᠣᠯᠠᠯ ᠢ ᠵᠣᠬᠢᠶᠠᠨ | ᠪᠠᠶᠢᠭᠤᠯᠵᠤ ᠶᠠᠪᠤᠭᠳᠠᠭᠤᠯᠤᠨ᠎ᠠ᠃ ᠭᠤᠷᠪᠠ ᠳᠤ ᠵᠠᠯᠠᠭᠤᠴᠤᠳ ᠪᠠᠭᠠᠴᠤᠳ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ︽ᠤᠯᠤᠰ ᠤᠨ ᠪᠠᠲᠤᠯᠠᠨ ᠬᠠᠮᠠᠭᠠᠯᠠᠯᠲᠠ ᠶᠢᠨ | ᠨᠡᠶᠢᠲᠡ ᠶᠢᠨ ᠬᠢᠴᠢᠶᠡᠯ︾ ᠤᠨ ᠲᠤᠰᠬᠠᠢ ᠰᠡᠳᠦᠪᠲᠦ ᠫᠷᠣᠭ᠍ᠷᠠᠮ ᠢ ᠦᠢᠯᠡᠳᠴᠦ ᠨᠠᠪᠲᠠᠷᠡᠭᠦᠯᠵᠦ᠂ ᠴᠡᠷᠢᠭ ᠠᠩᠭᠢ ᠪᠠ | ᠶᠡᠭᠡ ᠳᠤᠮᠳᠠᠳᠤ ᠪᠠᠭ᠎ᠠ ᠰᠤᠷᠭᠠᠭᠤᠯᠢ ᠬᠠᠪᠰᠤᠷᠤᠯᠴᠠᠵᠤ ᠬᠠᠮᠲᠤ ᠪᠠᠷ ᠪᠠᠶᠢᠭᠤᠯᠬᠤ ᠶᠢ ᠵᠣᠷᠢᠭᠵᠢᠭᠤᠯᠤᠨ᠂ ︽ᠭᠠᠯ | ᠵᠠᠯᠠᠭᠤ ᠨᠠᠰᠤ ᠪᠠᠨ ᠤᠯᠤᠰ ᠤᠨ ᠪᠠᠲᠤᠯᠠᠨ ᠬᠠᠮᠠᠭᠠᠯᠠᠯᠲᠠ ᠳᠤ ᠵᠣᠷᠢᠭᠤᠯᠤᠨ᠎ᠠ︾ ᠭᠡᠬᠦ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠭᠤᠣᠯ ᠰᠡᠳᠦᠪᠲᠦ ᠡᠪᠯᠡᠯ ᠤᠨ ᠡᠳᠦᠷ ᠪᠠ ᠲᠥᠪ ᠤᠨ ᠠᠵᠤ ᠠᠬᠤᠶᠢᠯᠠᠯ ᠤᠨ | ︽ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠭᠤᠯᠢ ᠶᠢᠨ ᠬᠦᠷᠢᠶᠡᠨ ᠤ ᠠᠶᠠᠯᠠᠯ︾ ᠤᠨ | ᠠᠵᠢᠯᠯᠠᠭ᠎ᠠ ᠶᠢ ᠥᠷᠨᠢᠭᠦᠯᠦᠨ᠎ᠡ᠃ ᠨᠠᠮᠤᠷ ᠤᠨ ᠤᠯᠠᠷᠢᠯ ᠤᠨ ᠰᠤᠷᠭᠠᠭᠤᠯᠢ ᠡᠬᠢᠯᠡᠬᠦ᠂ ᠰᠢᠨ᠎ᠡ ᠰᠤᠷᠤᠬᠴᠢ | ᠰᠤᠷᠭᠠᠭᠤᠯᠢ ᠳᠤ ᠣᠷᠣᠬᠤ ᠬᠤᠭᠤᠴᠠᠭᠠᠨ ᠳᠤ ᠶᠡᠭᠡ ᠲᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠴᠡᠷᠢᠭ ᠤᠨ | ᠶᠠᠪᠤᠳᠠᠯ ᠤᠨ ᠪᠣᠯᠪᠠᠰᠤᠷᠠᠯ ᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠢ | ᠬᠥᠲᠥᠯᠥᠨ ᠵᠢᠯᠤᠭᠤᠳᠴᠤ ᠪᠠᠶᠢᠭᠠᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢ ᠨᠢ ᠳᠡᠭᠡᠭᠰᠢᠯᠡᠭᠦᠯᠵᠦ᠂ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠡᠪ ᠪᠣᠯᠪᠠᠰᠤᠷᠠᠯ ᠢ ᠨᠢ ᠳᠡᠭᠡᠭᠰᠢᠯᠡᠭᠦᠯᠦᠨ᠎ᠡ᠃ ᠳᠥᠷᠪᠡ ᠳᠤ | ︽ᠤᠯᠤᠰ ᠤᠨ ᠪᠠᠲᠤᠯᠠᠨ ᠬᠠᠮᠠᠭᠠᠯᠠᠯᠲᠠ ᠳᠤ ᠪᠢ ᠬᠠᠶᠢᠷᠠᠲᠠᠢ︾ ᠭᠡᠬᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ | ᠥᠷᠨᠢᠭᠦᠯᠦᠨ᠎ᠡ᠃ ︽ᠤᠯᠤᠰ ᠤᠨ ᠪᠠᠲᠤᠯᠠᠨ ᠬᠠᠮᠠᠭᠠᠯᠠᠯᠲᠠ ᠳᠤ ᠪᠢ ᠬᠠᠶᠢᠷᠠᠲᠠᠢ︾ ᠭᠡᠬᠦ ᠶᠠᠷᠢᠶ᠎ᠠ ᠢᠯᠡᠳᠬᠡᠯ᠂ ᠭᠤᠣᠯ | ᠰᠡᠳᠦᠪᠲᠦ ᠪᠦᠲᠦᠭᠡᠯ ᠡᠯᠰᠡᠬᠦ᠂ ︽ᠠᠬᠠᠮᠠᠳ ᠴᠡᠷᠢᠭ ᠡᠭᠦᠷᠢᠳᠡ ᠨᠠᠮ ᠢᠶᠠᠨ ᠳᠠᠭᠠᠬᠤ︾ ᠤᠬᠠᠭᠤᠯᠤᠨ ᠲᠠᠶᠢᠯᠪᠤᠷᠢᠯᠠᠬᠤ | ᠦᠢᠯᠡᠳᠦᠯᠭᠡ᠂ ︽ᠡᠮᠡᠭᠲᠡᠶᠢᠴᠦᠳ ᠨᠠᠮ ᠢᠶᠠᠨ ᠬᠦᠷᠢᠶᠡᠯᠡᠵᠦ ᠴᠡᠷᠢᠭ ᠢ ᠬᠦᠴᠦᠷᠬᠡᠭᠵᠢᠭᠦᠯᠬᠦ ᠵᠡᠭᠦᠳᠦ ᠶᠢ ᠬᠠᠮᠲᠤ ᠪᠠᠷ | ᠲᠡᠷᠭᠡᠯᠰᠢᠭᠦᠯᠬᠦ︾ ᠭᠤᠣᠯ ᠰᠡᠳᠦᠪᠲᠦ ᠦᠢᠯᠡᠳᠦᠯᠭᠡ᠂ ︽ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠦᠮᠡᠨ ᠺᠢᠨᠣ᠋︾ | ᠨᠡᠶᠢᠲᠡ ᠶᠢᠨ ᠠᠰᠠᠷᠠᠮᠵᠢ ᠶᠢᠨ ᠺᠢᠨᠣ᠋ ᠶᠢᠨ ᠦᠵᠡᠭᠦᠯᠭᠡ ᠵᠡᠷᠭᠡ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠢ ᠪᠦᠭᠦ ᠨᠡᠶᠢᠭᠡᠮ ᠳᠤ ᠭᠦᠨᠵᠡᠭᠡᠢ ᠲᠦᠭᠡᠮᠡᠯᠵᠢᠭᠦᠯᠬᠦ ᠶᠢ ᠠᠬᠢᠭᠤᠯᠤᠨ᠎ᠠ᠃ ᠲᠠᠪᠤ ᠳᠤ | ᠲᠡᠷᠢᠭᠦᠨ ᠤ ᠨᠡᠶᠢᠲᠡᠯᠢᠭ ᠵᠢᠱᠢᠶ᠎ᠡ ᠠᠴᠠ ᠰᠤᠷᠤᠯᠴᠠᠨ ᠤᠬᠠᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ︽ᠬᠠᠮᠤᠭ ᠤᠨ | ᠭᠤᠶᠤ ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ︾᠂ ︽ᠬᠠᠮᠤᠭ ᠤᠨ ᠭᠤᠶᠤ ᠴᠡᠷᠢᠭ ᠤᠨ ᠠᠯᠪᠠᠨ ᠠᠴᠠ | ᠪᠠᠭᠤᠭᠰᠠᠳ︾᠂ ︽ᠬᠠᠮᠤᠭ ᠤᠨ ᠭᠤᠶᠤ ᠴᠡᠷᠢᠭ ᠢᠶᠠᠨ ᠬᠦᠷᠢᠶᠡᠯᠡᠬᠦ ᠬᠥᠮᠥᠰ︾ ᠵᠡᠷᠭᠡ ᠲᠡᠷᠢᠭᠦᠨ ᠤ ᠬᠥᠮᠥᠰ ᠤᠨ | ᠰᠤᠷᠤᠯᠴᠠᠯᠭ᠎ᠠ ᠤᠬᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ︽ᠤᠯᠤᠰ ᠤᠨ ᠪᠠᠲᠤᠯᠠᠨ ᠬᠠᠮᠠᠭᠠᠯᠠᠯᠲᠠ ᠳᠤ ᠬᠠᠶᠢᠷ᠎ᠠ | ᠰᠡᠳᠬᠢᠯᠭᠡ ᠲᠠᠢ ᠪᠠᠶᠢᠬᠤ︾ ᠰᠢᠷᠢᠰ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠦᠨ᠎ᠡ᠃ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠨᠢᠭᠡ ᠪᠦᠯᠦᠭ ᠨᠡᠶᠢᠲᠡᠯᠢᠭ ᠬᠡᠷᠡᠭ ᠤᠨ ᠵᠢᠱᠢᠶ᠎ᠡ ᠶᠢ ᠵᠣᠬᠢᠶᠠᠨ ᠪᠠᠶᠢᠭᠤᠯᠤᠨ | ᠤᠬᠠᠭᠤᠯᠵᠤ᠂ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ ᠦᠵᠡᠭᠦᠯᠦᠨ | ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠵᠢᠷᠭᠤᠭ᠎ᠠ ᠳᠤ ᠴᠡᠷᠢᠭ ᠤᠨ ᠬᠤᠸᠠᠷᠠᠨ ᠤ ᠨᠡᠭᠡᠭᠡᠯᠲᠡ ᠬᠢᠬᠦ | ᠠᠵᠢᠯᠯᠠᠭ᠎ᠠ ᠶᠢ ᠥᠷᠨᠢᠭᠦᠯᠦᠨ᠎ᠡ᠃ ᠡᠯ᠎ᠡ ᠭᠠᠵᠠᠷ ᠤᠨ ᠴᠡᠷᠢᠭ ᠤᠨ ᠬᠤᠸᠠᠷᠠᠨ ᠤ ᠨᠡᠭᠡᠭᠡᠯᠲᠡ ᠬᠢᠬᠦ ᠨᠢᠭᠡᠴᠢ ᠶᠢ | ᠵᠣᠬᠢᠴᠠᠭᠤᠯᠤᠨ ᠲᠣᠭᠲᠠᠭᠠᠯ ᠶᠣᠰᠣᠭᠠᠷ ᠨᠡᠶᠢᠭᠡᠮ ᠨᠡᠶᠢᠲᠡ ᠳᠤ ᠨᠡᠭᠡᠭᠡᠯᠲᠡ ᠬᠢᠵᠦ᠂ ᠨᠠᠮ ᠵᠠᠰᠠᠭ ᠤᠨ ᠪᠠᠶᠢᠭᠤᠯᠭ᠎ᠠ ᠶᠢᠨ | ᠺᠠᠳ᠋ᠷ᠂ ᠵᠠᠯᠠᠭᠤ ᠪᠠᠭ᠎ᠠ ᠰᠤᠷᠤᠬᠴᠢᠳ᠂ ᠡᠷᠦᠭᠡ ᠶᠢᠨ ᠴᠡᠷᠢᠭ᠂ ᠪᠡᠯᠡᠳᠬᠡᠯ ᠠᠯᠪᠠᠨ ᠤ ᠬᠥᠮᠥᠰ ᠵᠡᠷᠭᠡ ᠶᠢ ᠵᠣᠬᠢᠶᠠᠨ | ᠪᠠᠶᠢᠭᠤᠯᠤᠨ ᠴᠡᠷᠢᠭ ᠤᠨ ᠶᠠᠪᠤᠳᠠᠯ ᠤᠨ ᠲᠠᠯᠠᠪᠠᠶ ᠣᠷᠳᠣᠨ ᠢᠶᠠᠷ ᠲᠣᠭᠤᠷᠢᠨ ᠦᠵᠡᠭᠦᠯᠵᠦ᠂ ᠴᠡᠷᠢᠭ ᠤᠨ ᠬᠤᠸᠠᠷᠠᠨ ᠤ | ᠠᠮᠢᠳᠤᠷᠠᠯ ᠢ ᠣᠶᠢᠯᠠᠭᠠᠭᠤᠯᠤᠨ᠂ ᠴᠡᠷᠢᠭ ᠤᠨ ᠬᠤᠸᠠᠷᠠᠨ ᠢ ᠪᠡᠶᠡᠴᠢᠯᠡᠨ ᠣᠶᠢᠯᠠᠭᠠᠭᠤᠯᠵᠤ᠂ ᠠᠷᠠᠳ ᠤᠨ ᠴᠡᠷᠢᠭ | ᠠᠩᠭᠢ ᠶᠢᠨ ᠣᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠳᠡᠯᠭᠡᠨ ᠦᠵᠡᠭᠦᠯᠦᠨ᠎ᠡ᠃ ᠳᠣᠯᠤᠭ᠎ᠠ ᠳᠤ | ᠰᠦᠯᠵᠢᠶᠡᠨ ᠳᠡᠭᠡᠷᠡᠬᠢ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠦᠨ᠎ᠡ᠃ ᠲᠥᠪ ᠤᠨ ᠪᠠ ᠣᠷᠣᠨ | ᠨᠤᠲᠤᠭ ᠤᠨ ᠭᠤᠣᠯᠳᠠᠯᠭ᠎ᠠ ᠲᠠᠢ ᠰᠣᠨᠢᠨ ᠮᠡᠳᠡᠭᠡᠨ ᠤ ᠰᠦᠯᠵᠢᠶ᠎ᠡ᠂ ᠡᠯ᠎ᠡ ᠭᠠᠵᠠᠷ ᠤᠨ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠬᠥᠮᠦᠵᠢᠯ ᠤᠨ ᠰᠦᠯᠵᠢᠶ᠎ᠡ᠂ ︽ᠰᠤᠷᠤᠯᠴᠠᠯᠭ᠎ᠠ ᠶᠢᠨ ᠬᠦᠴᠦᠷᠬᠡᠭ ᠤᠯᠤᠰ︾ ᠰᠤᠷᠤᠯᠴᠠᠯᠭ᠎ᠠ ᠶᠢᠨ | ᠲᠠᠪᠴᠠᠩ ᠢ ᠵᠣᠬᠢᠶᠠᠨ ᠪᠠᠶᠢᠭᠤᠯᠵᠤ ᠲᠤᠰᠬᠠᠢ ᠰᠡᠳᠦᠪᠲᠦ ᠰᠦᠯᠵᠢᠶᠡᠨ ᠨᠢᠭᠤᠷ ᠲᠣᠬᠢᠷᠠᠭᠤᠯᠵᠤ᠂ | ᠰᠠᠨᠠᠭᠠᠴᠢᠯᠠᠭ᠎ᠠ ᠠᠴᠠ ᠪᠠᠨ ᠵᠥᠪᠯᠡᠬᠦ ᠰᠡᠳᠦᠪ ᠪᠠ ᠲᠤᠰᠬᠠᠢ ᠪᠤᠯᠤᠩ ᠭᠠᠷᠭᠠᠵᠤ᠂ ᠢᠳᠡᠪᠬᠢ ᠬᠦᠴᠦᠨ ᠢ ᠨᠠᠩ | ᠰᠠᠶᠢᠲᠤᠷ ᠬᠤᠷᠠᠮᠳᠤᠭᠤᠯᠵᠤ᠂ ᠴᠤᠭ ᠰᠦᠯᠳᠡ ᠶᠢ ᠨᠠᠩ ᠰᠠᠶᠢᠲᠤᠷ ᠪᠠᠳᠠᠷᠠᠭᠤᠯᠤᠨ᠎ᠠ᠃ | ︽ᠮᠡᠳᠡᠭᠳᠡᠯ︾ ᠳᠤ᠂ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠦᠵᠡᠯ ᠰᠠᠨᠠᠭ᠎ᠠ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠠᠭᠤᠯᠤᠭᠳᠠᠬᠤᠨ ᠢ ᠪᠠᠶᠠᠯᠢᠭᠵᠢᠭᠤᠯᠵᠤ᠂ | ᠪᠣᠳᠠᠲᠠᠢ ᠲᠠᠢ ᠤᠶᠠᠯᠳᠤᠭᠤᠯᠬᠤ ᠶᠢ ᠴᠢᠬᠤᠯᠠᠴᠢᠯᠠᠵᠤ᠂ ᠴᠠᠭ ᠦᠶ᠎ᠡ ᠶᠢᠨ ᠣᠨᠴᠠᠯᠢᠭ ᠢ ᠳᠤᠪᠤᠶᠢᠯᠭᠠᠵᠤ᠂ ᠦᠨᠡᠨ | ᠪᠣᠳᠠᠲᠠᠢ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠠᠷᠭ᠎ᠠ ᠪᠠᠷᠢᠯ ᠤᠨ ᠲᠠᠯ᠎ᠠ ᠪᠠᠷ ᠢᠳᠡᠪᠬᠢᠲᠡᠢ ᠪᠠᠷ | ᠰᠢᠨ᠎ᠡ ᠶᠢ ᠡᠭᠦᠳᠴᠦ᠂ ᠴᠠᠭ ᠬᠡᠮᠵᠢᠶ᠎ᠡ ᠦᠷ᠎ᠡ ᠪᠦᠲᠦᠮᠵᠢ ᠶᠢ ᠡᠵᠡᠮᠳᠡᠨ᠂ ᠱᠠᠲᠤ ᠳᠠᠷᠠᠭᠠᠯᠠᠨ ᠠᠬᠢᠭᠤᠯᠵᠤ᠂ ᠰᠦᠷ | ᠬᠦᠴᠦᠨ ᠢ ᠪᠦᠷᠢᠯᠳᠦᠭᠦᠯᠬᠦ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠨ ᠲᠦᠷᠦᠭᠦᠯᠡᠨ ᠶᠡᠷᠦᠩᠬᠡᠶᠢᠯᠡᠨ | ᠠᠳᠬᠤᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢᠯᠡᠳᠦᠯ ᠢ ᠪᠠᠳᠠᠷᠠᠭᠤᠯᠵᠤ᠂ ᠴᠡᠷᠢᠭ ᠠᠩᠭᠢ ᠪᠠ ᠣᠷᠣᠨ | ᠨᠤᠲᠤᠭ ᠤᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠵᠤ᠂ | ᠠᠵᠢᠯ ᠢᠶᠠᠨ ᠰᠠᠶᠢᠲᠤᠷ ᠬᠢᠬᠦ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠱᠠᠭᠠᠷᠳᠠᠪᠠ᠃ | | | |