ᠣᠶᠢᠷ᠎ᠠ ᠳᠤ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠯᠲᠠ ᠠᠴᠠ ᠰᠢᠢᠳᠪᠦᠷᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠳᠥᠭᠦᠮᠴᠢᠯᠡᠨ᠎ᠡ︶ ᠶᠢ ᠳᠠᠷᠤᠮᠠᠯᠯᠠᠨ | ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠠᠷᠢᠨ | ᠬᠢᠨᠠᠮᠠᠭᠠᠢ ᠵᠢᠷᠤᠮᠯᠠᠨ ᠬᠡᠷᠡᠭᠵᠢᠭᠦᠯᠬᠦ ᠬᠡᠷᠡᠭᠲᠡᠢ ᠭᠡᠵᠦ ᠱᠠᠭᠠᠷᠳᠠᠪᠠ᠃ | ︽ᠠᠷᠭ᠎ᠠ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠳᠦᠷᠢᠮ ᠪᠠ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠨᠠᠮ ᠤᠨ ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠳᠦᠷᠢᠮ︾ | ᠢᠶᠠᠷ ᠦᠨᠳᠦᠰᠦᠯᠡᠯ ᠪᠤᠯᠭᠠᠵᠤ᠂ ᠨᠠᠮ ᠤᠨ ᠭᠡᠰᠢᠭᠦᠨ ᠤ ᠪᠠᠷᠢᠮᠵᠢᠶ᠎ᠠ ᠶᠢ ᠪᠠᠷᠢᠮᠲᠠᠯᠠᠵᠤ᠂ ᠬᠥᠮᠦᠵᠢᠯ ᠬᠠᠮᠢᠶᠠᠷᠤᠯᠲᠠ | ᠬᠢᠨᠠᠯᠲᠠ ᠶᠢ ᠴᠢᠩᠭᠠᠳᠬᠠᠵᠤ᠂ ᠪᠤᠰᠤᠳᠴᠢ ᠲᠥᠪ ᠭᠤᠤᠯᠴᠢ᠂ ᠪᠣᠯᠭᠤᠮᠵᠢᠲᠠᠢ ᠯᠠᠪᠳᠠᠭᠤᠨ᠂ ᠳᠦᠷᠢᠮ ᠲᠣᠭᠲᠠᠭᠠᠯ | ᠰᠠᠬᠢᠯᠭ᠎ᠠ ᠪᠠᠲᠤ ᠶᠢ ᠵᠢᠷᠤᠮᠯᠠᠬᠤ ᠶᠢ ᠪᠠᠷᠢᠮᠲᠠᠯᠠᠵᠤ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ | ᠪᠠᠶᠢᠭᠤᠯᠤᠯᠲᠠ ᠠᠴᠠ ᠰᠢᠢᠳᠪᠦᠷᠢᠯᠡᠬᠦ ᠲᠤᠬᠠᠢ ᠲᠤᠰᠬᠠᠶᠢᠯᠠᠨ ᠲᠣᠭᠲᠠᠭᠠᠭᠰᠠᠨ ᠨᠠᠮ ᠤᠨ ᠳᠣᠲᠣᠭᠠᠳᠤ ᠶᠢᠨ ᠬᠠᠤᠯᠢ | ᠲᠣᠭᠲᠠᠭᠠᠯ ᠪᠣᠯᠣᠨ᠎ᠠ᠃ ︽ᠠᠷᠭ᠎ᠠ︾ ᠶᠢ ᠲᠣᠭᠲᠠᠭᠠᠵᠤ ᠬᠡᠷᠡᠭᠵᠢᠭᠦᠯᠦᠭᠰᠡᠨ ᠨᠢ ᠨᠠᠮ ᠢ ᠪᠦᠭᠦ ᠲᠠᠯ᠎ᠠ ᠪᠠᠷ ᠴᠢᠩᠭ᠎ᠠ | ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠭᠤᠰᠢᠯᠠᠭᠤᠯᠵᠤ᠂ ᠢᠲᠡᠭᠡᠯ ᠪᠢᠰᠢᠷᠡᠯ ᠨᠢ ᠪᠠᠲᠤ ᠴᠢᠩᠭ᠎ᠠ᠂ | ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠲᠠᠢ᠂ ᠪᠦᠲᠦᠴᠡ ᠨᠢ ᠵᠦᠢ ᠵᠣᠬᠢᠰᠲᠠᠢ᠂ ᠬᠡᠪ ᠪᠣᠯᠪᠠᠰᠤᠷᠠᠯ ᠨᠢ ᠰᠢᠯᠢᠳᠡᠭ | ᠰᠠᠶᠢᠨ᠂ ᠰᠠᠬᠢᠯᠭ᠎ᠠ ᠪᠠᠲᠤ ᠪᠠᠷ ᠴᠢᠩᠭ᠎ᠠ᠂ ᠦᠢᠯᠡᠳᠦᠯ ᠨᠢ ᠲᠣᠪᠣᠶᠢᠮ᠎ᠠ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠵᠤ᠂ | ᠨᠠᠮ ᠤᠨ ᠠᠮᠢᠵᠢᠷᠠᠯ ᠤᠨ ᠬᠦᠴᠦᠨ ᠪᠠ ᠴᠤᠭ ᠵᠢᠪᠬᠤᠭ᠎ᠠ ᠶᠢ ᠲᠠᠰᠤᠷᠠᠯᠲᠠ ᠦᠭᠡᠢ ᠨᠡᠮᠡᠭᠳᠡᠭᠦᠯᠬᠦ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ | ︽ᠠᠷᠭ᠎ᠠ︾ ᠨᠢ ᠨᠡᠶᠢᠲᠡ 27 ᠵᠦᠢᠯ ᠪᠠᠶᠢᠵᠤ᠂ ᠭᠤᠣᠯᠳᠠᠭᠤ 4 ᠲᠠᠯ᠎ᠠ ᠶᠢᠨ ᠠᠭᠤᠯᠭ᠎ᠠ ᠶᠢ ᠪᠠᠭᠲᠠᠭᠠᠨ᠎ᠠ᠄ | ᠨᠢᠭᠡ ᠳᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠶᠡᠷᠦᠩᠬᠡᠢ ᠱᠠᠭᠠᠷᠳᠠᠯᠭ᠎ᠠ᠂ ᠤᠬᠠᠭᠳᠠᠬᠤᠨ ᠪᠠ ᠠᠷᠭ᠎ᠠ | ᠮᠠᠶ᠋ᠢᠭ᠂ ᠵᠠᠷᠴᠢᠮ ᠵᠡᠷᠭᠡ ᠳᠤ ᠲᠣᠭᠲᠠᠭᠠᠯ ᠭᠠᠷᠭᠠᠪᠠ︔ ᠬᠤᠶᠠᠷ ᠲᠤ᠂ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠬᠤ᠂ | ᠢᠳᠬᠠᠵᠤ ᠨᠠᠮ ᠠᠴᠠ ᠭᠠᠷᠭᠠᠬᠤ ᠪᠠ ᠨᠡᠷ᠎ᠡ ᠶᠢ ᠨᠢ ᠬᠠᠰᠤᠬᠤ ᠳᠤ ᠲᠣᠬᠢᠷᠠᠬᠤ ᠪᠠᠶᠢᠳᠠᠯ ᠢ ᠲᠣᠭᠲᠠᠭᠠᠵᠤ᠂ | ᠰᠢᠢᠳᠪᠦᠷᠢᠯᠡᠬᠦ ᠳᠡᠰ ᠳᠠᠷᠠᠭᠠᠯᠠᠯ ᠵᠢᠴᠢ ᠰᠡᠭᠦᠯᠴᠢ ᠶᠢᠨ ᠵᠦᠢᠯᠡᠰ ᠢ ᠨᠠᠷᠢᠯᠢᠬᠵᠢᠭᠤᠯᠪᠠ︔ ᠭᠤᠷᠪᠠ ᠳᠤ᠂ | ᠰᠢᠢᠳᠪᠦᠷᠢᠯᠡᠬᠦ ᠦᠭᠡᠢ ᠪᠠᠶᠢᠵᠤ ᠪᠤᠯᠬᠤ ᠪᠠᠶᠢᠳᠠᠯ᠂ ᠨᠡᠶᠢᠯᠡᠭᠦᠯᠦᠨ ᠰᠢᠢᠳᠪᠦᠷᠢᠯᠡᠬᠦ ᠵᠡᠷᠭᠡ ᠡᠵᠡᠮᠳᠡᠬᠦ ᠶᠣᠰᠣᠲᠠᠢ | ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠲᠣᠭᠲᠠᠭᠠᠯ ᠭᠠᠷᠭᠠᠪᠠ︔ ᠳᠥᠷᠪᠡ ᠳᠤ᠂ ᠵᠣᠬᠢᠶᠠᠨ | ᠪᠠᠶᠢᠭᠤᠯᠤᠯᠲᠠ ᠠᠴᠠ ᠰᠢᠢᠳᠪᠦᠷᠢᠯᠡᠬᠦ ᠠᠵᠢᠯ ᠤᠨ ᠬᠠᠷᠢᠭᠤᠴᠠᠯᠭ᠎ᠠ᠂ ᠠᠵᠢᠯ ᠤᠨ ᠰᠠᠬᠢᠯᠭ᠎ᠠ ᠪᠠᠲᠤ ᠵᠡᠷᠭᠡ ᠶᠢ | ᠲᠣᠭᠲᠠᠭᠠᠪᠠ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠢᠷᠢ ᠲᠡᠩᠴᠡᠬᠦ ᠦᠭᠡᠢ | ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠶᠢ ᠨᠠᠮ ᠤᠨ ᠭᠡᠰᠢᠭᠦᠨ ᠤ ᠡᠩᠨᠡᠭᠡ ᠶᠢᠨ | ᠪᠠᠶᠢᠭᠤᠯᠤᠯᠲᠠ ᠶᠢᠨ ᠨᠢᠭᠡ ᠵᠦᠢᠯ ᠤᠨ ᠰᠠᠭᠤᠷᠢ ᠴᠢᠨᠠᠷᠲᠠᠢ ᠠᠵᠢᠯ ᠪᠣᠯᠭᠠᠨ ᠠᠳᠬᠤᠵᠤ᠂ ︽ᠠᠷᠭ᠎ᠠ︾ ᠶᠢ ᠲᠡᠷᠡ | ᠶᠣᠰᠣᠭᠠᠷ ᠨᠢ ᠲᠤᠭᠤᠰᠢᠯᠠᠭᠤᠯᠤᠨ ᠬᠡᠷᠡᠭᠵᠢᠭᠦᠯᠬᠦ ᠬᠡᠷᠡᠭᠲᠡᠢ᠃ ᠰᠤᠷᠤᠯᠴᠠᠯᠭ᠎ᠠ ᠪᠣᠯᠪᠠᠰᠤᠷᠠᠯ ᠢ ᠴᠢᠩᠭᠠᠳᠬᠠᠵᠤ᠂ | ᠲᠤᠰᠬᠠᠢ ᠰᠡᠳᠦᠪ ᠢᠶᠠᠷ ᠰᠤᠷᠤᠯᠴᠠᠬᠤ᠂ ᠰᠣᠯᠢᠯᠴᠠᠵᠤ ᠰᠤᠳᠤᠯᠤᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠥᠷᠭᠡᠨ ᠣᠯᠠᠨ ᠨᠠᠮ ᠤᠨ ᠭᠡᠰᠢᠭᠦᠳ ᠲᠤ | ︽ᠠᠷᠭ᠎ᠠ︾ ᠶᠢᠨ ᠵᠣᠷᠢᠭ ᠰᠠᠨᠠᠭ᠎ᠠ ᠶᠢ ᠣᠨᠣᠪᠴᠢᠲᠠᠶ ᠣᠶᠢᠯᠠᠭᠠᠭᠤᠯᠵᠤ᠂ ︽ᠠᠷᠭ᠎ᠠ︾ ᠶᠢᠨ ᠠᠭᠤᠯᠭ᠎ᠠ ᠶᠢ ᠪᠦᠭᠦ | ᠲᠠᠯ᠎ᠠ ᠪᠠᠷ ᠡᠵᠡᠮᠰᠢᠭᠦᠯᠵᠦ᠂ ︽ᠠᠷᠭ᠎ᠠ︾ ᠶᠢᠨ ᠲᠣᠭᠲᠠᠭᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠴᠢᠩᠭ᠎ᠠ ᠪᠠᠷᠢᠮᠵᠢᠶ᠎ᠠ | ᠪᠠ ᠪᠣᠳᠠᠲᠠᠢ ᠠᠷᠭ᠎ᠠ ᠬᠡᠮᠵᠢᠶ᠎ᠡ ᠶᠢ ᠪᠠᠷᠢᠮᠲᠠᠯᠠᠵᠤ᠂ ᠰᠤᠷᠭᠠᠨ ᠬᠥᠮᠥᠵᠢᠭᠦᠯᠬᠦ᠂ ᠣᠨᠳᠣᠣᠰᠢᠭᠤᠯᠤᠨ ᠳᠡᠭᠡᠭᠰᠢᠯᠡᠭᠦᠯᠭᠦ ᠳᠤ | ᠰᠠᠭᠤᠷᠢᠯᠠᠨ᠂ ᠬᠢᠷᠢ ᠲᠡᠩᠴᠡᠬᠦ ᠦᠭᠡᠢ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ | ᠠᠵᠢᠯ ᠢ ᠴᠠᠭ ᠲᠤᠬᠠᠢ ᠳᠤᠨᠢ ᠲᠥᠪ ᠴᠢᠩᠭ᠎ᠠ ᠥᠷᠨᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ | ᠱᠠᠭᠠᠷᠳᠠᠯᠭ᠎ᠠ ᠶᠢ ᠡᠵᠡᠮᠳᠡᠨ᠂ ᠲᠠᠰ ᠳᠠᠷᠠᠭᠠᠯᠠᠯ ᠢ ᠴᠢᠩᠭ᠎ᠠ ᠭᠦᠢᠴᠡᠳᠬᠡᠵᠦ᠂ ᠠᠰᠠᠭᠤᠳᠠᠯ ᠢ ᠪᠦᠭᠦ ᠲᠠᠯ᠎ᠠ ᠪᠠᠷ | ᠣᠨᠣᠪᠴᠢᠲᠠᠶ ᠪᠠᠶᠢᠴᠠᠭᠠᠨ ᠬᠠᠷᠭᠤᠭᠤᠯᠵᠤ᠂ ᠪᠤᠰᠤᠳᠴᠢ ᠲᠥᠪ ᠭᠤᠤᠯᠴᠢ ᠪᠠᠷ ᠰᠢᠢᠳᠪᠦᠷᠢᠯᠡᠬᠦ ᠲᠣᠭᠲᠠᠭᠠᠯ ᠭᠠᠷᠭᠠᠬᠤ | ᠬᠡᠷᠡᠭᠲᠡᠢ᠃ ᠳᠦᠷᠢᠮ ᠢ ᠰᠠᠶᠢᠲᠤᠷ ᠵᠣᠯᠭᠠᠭᠤᠯᠵᠤ᠂ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ ᠪᠣᠯᠣᠨ ᠨᠠᠮ ᠤᠨ | ᠰᠠᠬᠢᠯᠭ᠎ᠠ ᠪᠠᠲᠤ ᠶᠢᠨ ᠰᠢᠢᠳᠬᠡᠯ ᠥᠭᠬᠦ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠱᠠᠯᠠᠪᠳᠠᠭᠤᠯᠤᠨ | ᠵᠢᠯᠤᠭᠤᠳᠬᠤ ᠪᠠᠨ ᠴᠢᠩᠭᠠᠳᠬᠠᠵᠤ᠂︽ᠠᠷᠭ᠎ᠠ︾ ᠶᠢᠨ ᠡᠯ᠎ᠡ ᠵᠦᠢᠯ ᠤᠨ ᠲᠣᠭᠲᠠᠭᠠᠯ ᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | | |