ᠮᠠᠨ ᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ 22.9 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2024/8/4
     ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠮᠠᠨ ᠤ ᠣᠷᠣᠨ ᠤ ᠨᠡᠶᠢᠲᠡᠯᠡᠭᠰᠡᠨ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ 22.9 ᠲᠦᠮᠡ ᠶᠢ ᠳᠠᠪᠠᠪᠠ᠃      ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠡᠭᠦᠳᠬᠦ ᠶᠢᠨ ᠲᠥᠯᠥᠭᠡ ᠮᠠᠨ ᠤ ᠣᠷᠣᠨ ᠭᠤᠣᠯᠳᠠᠭᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠶᠢ ᠰᠣᠩᠭᠤᠨ ᠰᠢᠯᠭᠠᠷᠠᠭᠤᠯᠬᠤ ᠠᠷᠭ᠎ᠠ ᠶᠢ ᠰᠢᠯᠢᠳᠡᠭᠵᠢᠭᠦᠯᠦᠨ᠂ ᠢᠲᠡᠭᠡᠮᠵᠢᠲᠡᠢ ᠪᠠᠶᠢᠬᠤ ᠰᠠᠶᠢᠨ ᠰᠠᠶᠢᠬᠠᠨ ᠳᠦᠷᠢ ᠲᠥᠷᠬᠦ ᠶᠢ ᠱᠤᠭᠤᠬᠤ; ᠢᠲᠡᠭᠡᠮᠵᠢ ᠪᠠᠷ ᠪᠡᠯᠡ ᠬᠤᠷᠠᠮᠳᠤᠭᠤᠯᠬᠤ ᠠᠷᠭ᠎ᠠ ᠵᠠᠮ ᠢ ᠰᠢᠯᠤᠭᠤᠳᠬᠠᠵᠤ᠂ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠳᠦᠭᠦᠮ ᠦᠵᠡᠭᠦᠯᠭᠦ; ᠤᠯᠠᠨ ᠰᠠᠯᠠᠭ᠎ᠠ ᠮᠥᠴᠢᠷ ᠬᠠᠮᠲᠤᠷᠠᠨ ᠠᠵᠢᠯᠯᠠᠵᠤ᠂ ᠢᠲᠡᠭᠡᠮᠵᠢᠲᠡᠢ ᠪᠣᠯ ᠬᠥᠬᠢᠭᠦᠯᠦᠨ ᠤᠷᠮᠠᠰᠢᠭᠤᠯᠬᠤ ᠵᠡᠷᠭᠡ ᠭᠤᠷᠪᠠᠨ ᠲᠠᠯ᠎ᠠ ᠪᠠᠷ ᠬᠦᠴᠦᠯᠡᠨ ᠴᠢᠷᠮᠠᠶᠢᠵᠠᠢ᠃ ᠡᠭᠦᠨ ᠳᠤ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠰᠣᠩᠭᠤᠨ ᠰᠢᠯᠭᠠᠷᠠᠭᠤᠯᠬᠤ ᠬᠠᠮᠢᠶᠠᠷᠤᠯᠲᠠ ᠶᠢᠨ ᠠᠷᠭ᠎ᠠ︾ ᠳᠤ ᠵᠠᠰᠠᠪᠤᠷᠢ ᠣᠷᠣᠭᠤᠯᠵᠤ᠂ ᠦᠨᠡᠨᠴᠢ ᠢᠲᠡᠭᠡᠮᠵᠢ ᠶᠢᠨ ᠨᠡᠶᠢᠲᠡᠯᠢᠭ ᠠᠵᠤ ᠠᠬᠤᠶᠢᠯᠠᠯ ᠢ ᠦᠨᠡᠯᠡᠨ ᠲᠣᠭᠲᠠᠭᠠᠬᠤ ᠪᠠᠷᠢᠮᠵᠢᠶ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠰᠣᠩᠭᠤᠨ ᠰᠢᠯᠭᠠᠷᠠᠭᠤᠯᠬᠤ ᠡᠲᠡᠭᠡᠳ ᠢ ᠨᠠᠷᠢᠯᠢᠭᠵᠢᠭᠤᠯᠵᠤ᠂ ᠬᠥᠬᠢᠭᠦᠯᠦᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠪᠠᠶᠠᠯᠢᠭᠵᠢᠭᠤᠯᠪᠠ᠃ ᠪᠠᠰᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠮᠢᠶᠠᠷᠤᠯᠲᠠ ᠶᠢᠨ ᠠᠷᠭ᠎ᠠ ᠶᠣᠰᠣᠭᠠᠷ ᠪᠦᠭᠦ ᠣᠷᠣᠨ ᠤ ᠡᠯ᠎ᠡ ᠰᠠᠯᠠᠭ᠎ᠠ ᠮᠥᠴᠢᠷ ᠠᠴᠠ ᠢᠲᠡᠭᠡᠮᠵᠢᠲᠡᠢ ᠪᠣᠯ ᠬᠥᠬᠢᠭᠦᠯᠦᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠡᠯᠰᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠨᠡᠶᠢᠲᠡᠯᠢᠭ ᠵᠢᠱᠢᠶ᠎ᠡ ᠪᠠᠷ ᠰᠣᠩᠭᠤᠨ ᠰᠢᠯᠭᠠᠷᠠᠭᠤᠯᠬᠤ ᠡᠲᠡᠭᠡᠳ ᠤᠨ ᠭᠠᠷᠴᠠᠭ ︵2024 ᠣᠨ ᠤ ᠬᠡᠪ︶︾ ᠪᠣᠯᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ  ᠤ ᠢᠲᠡᠭᠡᠮᠵᠢᠲᠡᠢ ᠪᠣᠯ ᠬᠥᠬᠢᠭᠦᠯᠦᠨ ᠤᠷᠮᠠᠰᠢᠭᠤᠯᠬᠤ ᠠᠷᠭ᠎ᠠ ᠬᠡᠮᠵᠢᠶ᠎ᠡ ᠶᠢᠨ ᠨᠠᠷᠢᠨ ᠳᠠᠩᠰᠠ ︵2024 ᠣᠨ ᠤ ᠬᠡᠪ︶︾ ᠶᠢ ᠲᠣᠭᠲᠠᠭᠠᠵᠤ᠂ ᠢᠲᠡᠭᠡᠮᠵᠢᠲᠡᠢ ᠪᠣᠯ ᠬᠥᠬᠢᠭᠦᠯᠦᠨ ᠤᠷᠮᠠᠰᠢᠭᠤᠯᠬᠤ ᠠᠷᠭ᠎ᠠ ᠬᠡᠮᠵᠢᠶ᠎ᠡ ᠶᠢᠨ ᠵᠢᠷᠦᠮᠵᠢᠭᠤᠨ ᠴᠢᠨᠠᠷ ᠪᠠ ᠪᠣᠯᠣᠮᠵᠢᠲᠤ ᠴᠢᠨᠠᠷ ᠢ ᠳᠡᠭᠡᠭᠰᠢᠯᠡᠭᠦᠯᠪᠡ᠃ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠶᠡᠷᠦᠩᠬᠡᠶᠢᠯᠡᠭᠰᠡᠨ ᠢᠲᠡᠭᠡᠮᠵᠢ ᠶᠢᠨ ᠦᠢᠯᠡᠴᠢᠯᠡᠭᠡ ᠶᠢᠨ ᠲᠠᠪᠴᠠᠩ ᠤᠨ ᠥᠪᠥᠷ ᠮᠣᠩᠭᠤᠯ ᠤᠨ ᠪᠤᠯᠤᠩ ᠢ ᠪᠠᠶᠢᠭᠤᠯᠬᠤ ᠠᠵᠢᠯ ᠢ ᠢᠳᠡᠪᠬᠢᠲᠡᠢ ᠠᠬᠢᠭᠤᠯᠵᠤ᠂ ᠢᠲᠡᠭᠡᠮᠵᠢ ᠰᠠᠶᠢᠲᠠᠢ ᠡᠵᠡᠩᠨᠡᠯᠲᠡ ᠶᠢᠨ ᠭᠤᠣᠯ ᠴᠣᠭᠴᠠ ᠳᠤ ᠳᠦᠭᠦᠮ ᠳᠥᠲᠡ ᠬᠠᠷᠠᠭᠠᠯᠵᠠᠯ ᠲᠠᠢ ᠪᠡᠯᠡ ᠬᠤᠷᠠᠮᠳᠤᠭᠤᠯᠬᠤ ᠦᠢᠯᠡᠴᠢᠯᠡᠭᠡ ᠬᠦᠷᠲᠡᠭᠡᠪᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠭᠠᠶᠢᠯᠢ  ᠶᠢᠨ ᠶᠠᠪᠤᠳᠠᠯ ᠤᠨ ᠲᠣᠪᠴᠢᠶ᠎ᠠ ᠶᠢᠨ ᠬᠠᠮᠲᠤᠷᠠᠨ ᠲᠣᠭᠲᠠᠭᠠᠵᠤ ᠬᠡᠷᠡᠭᠵᠢᠭᠦᠯᠦᠭᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠠᠶᠢᠯᠢ ᠲᠤᠰᠢᠶᠠᠭᠰᠠᠨ ᠢᠲᠡᠭᠡᠮᠵᠢ ᠶᠢᠨ ᠬᠠᠮᠲᠤᠷᠠᠭᠰᠠᠨ ᠤᠷᠮᠠᠰᠢᠭᠤᠯᠬᠤ ᠺᠠᠷᠲ﹀  ᠤᠨ ᠳᠦᠷ ᠬᠡᠷᠡᠭᠵᠢᠭᠦᠯᠬᠦ ᠠᠷᠭ᠎ᠠ︾ ᠨᠢ 45 ᠵᠦᠢᠯ ᠤᠨ ᠤᠷᠮᠠᠰᠢᠭᠤᠯᠬᠤ ᠠᠷᠭ᠎ᠠ ᠬᠡᠮᠵᠢᠶ᠎ᠡ ᠪᠠᠷ ︽ᠢᠲᠡᠭᠡᠮᠵᠢᠲᠡᠢ ᠪᠣᠯ ᠠᠰᠢᠭ ᠭᠦᠷᠳᠡᠭᠦ᠂ ᠢᠲᠡᠭᠡᠮᠵᠢ ᠳᠤ ᠦᠨ᠎ᠡ ᠴᠠᠨ᠎ᠠ ᠲᠠᠢ︾ ᠪᠠᠶᠢᠬᠤ ᠶᠢ ᠦᠨᠡᠨ ᠬᠦ ᠦᠢᠯᠡᠳᠦᠯᠭᠡᠵᠢᠭᠦᠯᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号