ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠬᠢᠭᠡᠳ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠣᠶᠢᠷ᠎ᠠ ᠳᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠠᠭᠤᠷᠢᠨ ᠢ | ᠬᠠᠮᠲᠤ ᠪᠠᠷ ᠪᠠᠶᠢᠭᠤᠯᠬᠤ ᠬᠡᠯᠡᠯᠴᠡᠭᠡᠷ ᠲᠣᠭᠲᠠᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ | ᠰᠡᠳᠦᠪ ᠢ ᠨᠡᠶᠢᠲᠡᠯᠡᠭᠰᠡᠨ ᠨᠢ ᠪᠦᠭᠦ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠠᠵᠢᠯ | ᠰᠢᠨ᠎ᠡ ᠰᠢᠪᠲᠤᠯᠤᠯᠲᠠ ᠲᠠᠢ ᠪᠣᠯᠤᠭᠰᠠᠨ ᠢ ᠬᠠᠷᠠᠭᠤᠯᠵᠤ ᠪᠤᠢ᠃ | ᠬᠤᠶᠠᠷ ᠲᠠᠯ᠎ᠠ ᠶᠢᠨ ᠬᠡᠯᠡᠯᠴᠡᠭᠡᠷ ᠢ ᠦᠨᠳᠦᠰᠦᠯᠡᠪᠡᠯ᠂ ᠥᠪᠡᠷᠲᠡᠭᠡᠨ ᠵᠠᠰᠠᠬᠤ ᠣᠷᠣᠨ ᠤ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠰᠠᠭᠤᠷᠢᠨ ᠨᠢ ᠣᠷᠣᠨ ᠤ ᠳᠣᠲᠣᠨ᠎ᠠ ᠭᠠᠳᠠᠨᠠᠬᠢ ᠰᠤᠳᠤᠯᠭᠠᠨ ᠤ | ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠲᠤᠰᠬᠠᠢ | ᠮᠡᠷᠭᠡᠵᠢᠯᠲᠡᠨ ᠡᠷᠳᠡᠮᠲᠡᠨ ᠢ ᠥᠷᠭᠡᠨ ᠢᠶᠠᠷ ᠲᠠᠲᠠᠨ ᠣᠷᠣᠯᠴᠠᠭᠤᠯᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ | ᠲᠤᠰᠬᠠᠢ ᠰᠡᠳᠦᠪ ᠤᠨ ᠭᠡᠯᠪᠡᠷᠢ ᠪᠠᠷ ᠮᠠᠨ ᠤ ᠣᠷᠣᠨ ᠤ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠤᠨ | ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠡᠷᠳᠡᠮ ᠰᠢᠨᠵᠢᠯᠡᠭᠡᠨ ᠤ ᠰᠣᠯᠢᠯᠴᠠᠭ᠎ᠠ ᠶᠢᠨ | ᠰᠤᠳᠤᠯᠤᠨ ᠶᠠᠷᠢᠯᠴᠠᠬᠤ ᠪᠠ ᠲᠤᠰᠬᠠᠢ ᠰᠡᠳᠦᠪᠲᠦ ᠡᠷᠳᠡᠮ ᠰᠢᠨᠵᠢᠯᠡᠭᠡᠨ ᠤ ᠬᠤᠪᠢᠶᠠᠨ ᠡᠳ᠋ᠯᠡᠬᠦ ᠵᠡᠷᠭᠡ ᠶᠢ | ᠢᠳᠡᠪᠬᠢᠲᠡᠢ ᠠᠬᠢᠭᠤᠯᠵᠤ᠂ ᠰᠢᠨᠵᠢᠯᠡᠭᠡᠨ ᠤ ᠰᠠᠯᠠᠭ᠎ᠠ ᠠᠯᠤᠰᠯᠠᠨ ᠠᠭᠤᠰᠤᠯᠴᠠᠨ ᠰᠤᠳᠤᠯᠬᠤ ᠶᠢ ᠶᠡᠭᠡ ᠪᠠᠷ | ᠠᠬᠢᠭᠤᠯᠵᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠦᠷ᠎ᠡ ᠪᠦᠲᠦᠭᠡᠯ ᠤᠨ ᠬᠡᠷᠡᠭᠯᠡᠯᠲᠡ ᠶᠢ | ᠲᠦᠷᠭᠡᠳᠬᠡᠬᠦ ᠪᠣᠯᠣᠨ᠎ᠠ᠃ ᠬᠤᠶᠠᠷ ᠲᠠᠯ᠎ᠠ ᠪᠠᠷ ᠢᠶᠠᠨ᠂ ᠰᠦᠯᠵᠢᠶᠡᠨ ᠤ ᠨᠡᠶᠢᠭᠡᠮ ᠤᠨ ᠪᠠᠶᠢᠳᠠᠯ ᠠᠷᠠᠳ ᠤᠨ | ᠰᠠᠨᠠᠭ᠎ᠠ ᠶᠢᠨ ᠰᠤᠳᠤᠯᠭᠠᠨ ᠢ ᠲᠦᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠰᠤᠳᠤᠯᠭᠠᠨ ᠤ ᠰᠠᠭᠤᠷᠢᠨ ᠤ ᠴᠢᠳᠠᠪᠤᠷᠢᠲᠠᠨ᠂ ᠡᠷᠳᠡᠮ ᠰᠢᠨᠵᠢᠯᠡᠭᠡᠨ ᠤ ᠳᠠᠪᠠᠭᠤᠯᠢᠭ ᠢ ᠭᠦᠢᠴᠡᠳ | ᠪᠠᠳᠠᠷᠠᠭᠤᠯᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠦᠭᠦ ᠣᠷᠣᠨ ᠤ ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠰᠤᠳᠤᠯᠭᠠᠨ ᠤ ᠭᠤᠣᠯᠯᠠᠭᠴᠢ ᠬᠦᠴᠦᠨ ᠢ ᠬᠥᠮᠥᠵᠢᠭᠦᠯᠦᠨ᠎ᠡ ᠭᠡᠵᠦ ᠰᠠᠨᠠᠯ | ᠨᠢᠭᠡᠲᠡᠢ ᠵᠥᠪᠰᠢᠶᠡᠷᠡᠪᠡ᠃ | |