ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/6
     8 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶ᠎ᠠ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠳᠠᠯ ᠢ ᠭᠦᠢᠴᠡᠳ ᠲᠠᠨᠢᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠣᠨ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠢᠨᠠᠷ ᠰᠠᠶᠢᠲᠠᠢ ᠠᠮᠢ ᠠᠬᠤᠢ ᠶᠢᠨ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠬᠠᠷᠢᠭᠤᠴᠠᠬᠤ᠂ ᠦᠨᠡᠨ ᠠᠴᠠ ᠵᠥᠪ ᠢ ᠡᠷᠢᠬᠦ ᠠᠵᠢᠯ ᠤᠨ ᠣᠪᠣᠷ ᠢᠶᠠᠷ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠵᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠨ ᠬᠢᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠳᠦᠷ ᠲᠤᠳᠤᠮ ᠤᠨ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠬᠤᠯᠪᠣᠯᠳᠤᠭᠤᠯᠵᠤ᠂ ᠨᠢᠭᠡ ᠶᠢ ᠢᠯᠡᠷᠡᠭᠦᠯᠪᠡᠯ ᠨᠢᠭᠡ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠠᠮᠢ ᠠᠬᠤᠢ ᠣᠷᠴᠢᠨ ᠲᠣᠭᠤᠷᠢᠨ ᠢ ᠡᠪᠳᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠤᠯᠤᠰ ᠲᠦᠷᠦ ᠶᠢᠨ ᠬᠢᠨᠠᠯᠲᠠ ᠶᠢᠨ ᠭᠤᠣᠯᠳᠠᠯᠭ᠎ᠠ ᠪᠣᠯᠭᠠᠵᠤ᠂ ᠰᠦᠪᠡᠭᠴᠢ ᠶᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠬᠤᠯᠪᠣᠭᠳᠠᠯ ᠪᠦᠬᠦᠢ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠨᠠᠷᠢᠨ ᠨᠠᠶᠢᠳᠠᠪᠤᠷᠢᠵᠢᠭᠤᠯᠬᠤ ᠶᠢ ᠱᠠᠯᠠᠪᠳᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠠᠬᠢ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠠᠰᠠᠭᠤᠳᠠᠯ ᠢ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠦᠴᠦᠸᠠᠨ ᠰᠢᠶᠠᠨ ᠤ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ︵ᠰᠣᠷᠪᠤᠯᠵᠢᠯᠠᠬᠴᠢ ᠵᠣᠤ ᠯᠢᠩ ᠾᠦᠢ᠂ ᠴᠧᠩ ᠵᠢᠶᠦ᠋ᠨ ᠴᠢᠩ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号