ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/6
     8 ᠰᠠᠷ᠎ᠠ ᠶᠢᠨ 5 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 10 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠪᠠ᠂ ᠬᠤᠷᠠᠯ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠪᠦᠷᠢᠯᠳᠦᠭᠦᠨ ᠨᠠᠷ ᠰᠤᠷᠤᠯᠴᠠᠭᠰᠠᠨ ᠣᠶᠢᠯᠠᠭᠠᠯᠲᠠ᠂ ᠲᠤᠰ ᠪᠡᠶ᠎ᠡ ᠶᠢᠨ ᠦᠵᠡᠯ ᠰᠠᠨᠠᠭ᠎ᠠ ᠪᠣᠯᠣᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠤᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠠᠬᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠤᠯᠤᠭᠠᠨ ᠲᠥᠪᠯᠡᠷᠡᠯ︾ ᠤᠨ ᠪᠣᠳᠠᠲᠠᠢ ᠬᠠᠷᠠᠯᠲᠠ ᠪᠣᠯᠣᠨ ︽ᠵᠢᠷᠭᠤᠭ᠎ᠠ ᠶᠢ ᠪᠠᠷᠢᠮᠲᠠᠯᠠᠬᠤ︾ ᠴᠢᠬᠤᠯᠠ ᠶᠡᠭᠡ ᠵᠠᠷᠴᠢᠮ ᠤᠨ ᠲᠣᠭᠤᠷᠢᠨ ᠳᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠦᠴᠦᠸᠠᠨ ᠰᠢᠶᠠᠨ ᠤ ᠣᠷᠣᠨ ᠤ ᠲᠥᠪ ᠬᠤᠲᠠ ᠳᠠᠬᠢ ᠡᠬᠡ ᠤᠯᠤᠰ ᠤᠨ ᠤᠮᠠᠷᠠᠲᠤ ᠶᠢᠨ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠶᠢᠨ ᠵᠦᠢᠯᠡᠰ ᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠠᠴᠠ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠰᠲ᠋ᠧᠮ ᠲᠠᠢ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠪᠣᠯᠣᠨ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠦᠬᠦᠳᠡ ᠬᠤᠷᠠᠯ ᠠᠴᠠ ᠲᠣᠭᠲᠠᠭᠠᠭᠰᠠᠨ ᠥᠭᠡᠷᠡᠴᠢᠯᠡᠯᠲᠡ ᠶᠢᠨ ᠡᠭᠦᠷᠭᠡ ᠶᠢᠨ ᠲᠣᠭᠤᠷᠢᠨ ᠳᠤ᠂ ᠥᠭᠡᠷᠡᠴᠢᠯᠡᠯᠲᠡ ᠳᠤ ᠦᠢᠯᠡᠴᠢᠯᠡᠬᠦ ᠰᠢᠪᠲᠤᠯᠤᠯᠲᠠ ᠶᠢᠨ ᠴᠡᠭ ᠢ ᠣᠨᠣᠪᠴᠢᠲᠠᠢ ᠣᠯᠵᠤ᠂ ᠨᠡᠩ ᠤᠯᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠦᠪᠡᠭᠴᠢᠯᠡᠨ ᠡᠭᠦᠳᠴᠦ᠂ ᠡᠯ᠎ᠡ ᠬᠦᠷᠢᠶᠡᠨ ᠤ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠨᠢᠭᠡ ᠳᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠣᠶ ᠰᠢᠭᠤᠢ ᠶᠢ ᠠᠷᠠᠴᠢᠯᠠᠨ ᠪᠣᠶᠢᠵᠢᠭᠤᠯᠬᠤ᠂ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠪᠥᠬᠦ ᠣᠷᠣᠨ ᠪᠦᠰᠡ ᠶᠢᠨ ᠪᠡᠯᠴᠢᠭᠡᠷᠯᠡᠭᠦᠯᠬᠦ ᠶᠢ ᠴᠠᠭᠠᠵᠠᠯᠠᠬᠤ ︽ᠰᠡᠭᠦᠯᠴᠢ ᠶᠢᠨ ᠬᠠᠭᠠᠰ ᠠᠵᠢᠯ︾ ᠢ ᠰᠠᠶᠢᠲᠤᠷ ᠬᠢᠬᠦ ᠬᠡᠷᠡᠭᠲᠡᠢ᠃ ᠠᠭᠠᠷ ᠮᠠᠨᠳᠠᠯ᠂ ᠤᠰᠤ᠂ ᠬᠥᠷᠥᠰᠥ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ ᠤᠨ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠤᠪᠢ ᠪᠠᠷ ᠢᠶᠠᠨ ᠬᠤᠯᠠᠭᠠᠶᠢᠯᠠᠨ ᠮᠠᠯᠲᠠᠬᠤ᠂ ᠬᠤᠭ ᠨᠣᠪᠰᠢ ᠶᠢ ᠴᠢᠳᠬᠤᠬᠤ᠂ ᠬᠠᠤᠯᠢ ᠠᠴᠠ ᠵᠥᠷᠢᠴᠡᠨ ᠮᠠᠯ ᠬᠠᠷᠢᠭᠤᠯᠬᠤ᠂ ᠠᠵᠤ ᠠᠬᠤᠶᠢᠯᠠᠯ ᠬᠡᠮᠵᠢᠶ᠎ᠡ ᠠᠴᠠ ᠬᠡᠲᠦᠷᠡᠭᠦᠯᠦᠨ ᠭᠠᠳ᠋ᠬᠠᠰᠢᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠬᠤᠶᠠᠷ ᠲᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ︽ᠳᠥᠷᠪᠡᠨ ᠠᠵᠤ ᠦᠢᠯᠡᠰ ᠤᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠪᠠ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠶᠢ ᠲᠦᠷᠭᠡᠳᠬᠡᠬᠦ ᠬᠡᠷᠡᠭᠲᠡᠢ᠃ ᠰᠣᠶᠣᠯ ᠪᠠ ᠵᠢᠭᠤᠯᠴᠢᠯᠠᠯ ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠶ ᠪᠣᠯᠭᠠᠬᠤ ᠬᠡᠷᠡᠭᠲᠡᠢ᠃ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠮᠢᠩᠭᠠᠨ ᠲᠦᠮᠡᠨ ᠲᠠᠰ ᠤᠨ ᠴᠡᠪᠡᠷ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠢ᠃ ᠪᠣᠬᠢᠷᠲᠤᠯ ᠦᠭᠡᠢ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ᠂ ᠴᠢᠯᠠᠭᠤᠨ ᠮᠠᠲ᠋ᠧᠷᠢᠶᠠᠯ ᠤᠨ ᠣᠷᠴᠢᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠵᠦ᠂ ᠮᠠᠯᠲᠠᠬᠤ᠂ ᠰᠣᠩᠭᠤᠬᠤ᠂ ᠪᠣᠯᠪᠠᠰᠤᠷᠠᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠦᠷᠢᠮ ᠤᠨ ᠰᠢᠰᠲ᠋ᠧᠮ ᠢ ᠪᠦᠷᠢᠨᠰᠢᠭᠦᠯᠬᠦ ᠬᠡᠷᠡᠭᠲᠡᠢ᠃ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠬᠤ︾ ᠪᠠᠷ ᠭᠤᠣᠯᠳᠠᠯᠭ᠎ᠠ ᠪᠣᠯᠭᠠᠭᠰᠠᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠠ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠰᠢᠶᠠᠨ ᠤ ᠭᠠᠵᠠᠷ ᠤᠨ ᠲᠠᠰ ᠤᠨ ᠤᠳᠤᠷᠢᠳᠤᠯᠭ᠎ᠠ ᠤᠯᠤᠰ ᠲᠥᠷᠥ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠪᠥᠬᠦ ᠰᠢᠶᠠᠨ ᠤ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ᠂ ᠣᠯᠠᠨ ᠲᠦᠮᠡᠨ ᠢ ᠬᠥᠲᠥᠯᠥᠨ ᠳᠠᠭᠠᠭᠤᠯᠵᠤ ᠪᠠᠶᠢᠭᠠᠳ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠦᠷᠦᠭᠦᠯᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠦᠷ᠎ᠡ ᠪᠦᠲᠦᠮᠵᠢ ᠣᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠬᠤ ᠲᠠᠢ ᠤᠶᠠᠯᠳᠤᠭᠤᠯᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠰᠤᠷᠤᠯᠴᠠᠨ ᠲᠤᠭᠤᠰᠢᠯᠠᠭᠤᠯᠤᠭᠰᠠᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠢ ᠭᠡᠵᠦ ᠱᠠᠭᠠᠷᠳᠠᠪᠠ᠃ (ᠰᠣᠷᠪᠤᠯᠵᠢᠯᠠᠬᠴᠢ᠄ ᠵᠣᠤ ᠯᠢᠩ ᠾᠦᠢ᠂ ᠴᠧᠩ ᠵᠢᠶᠦ᠋ᠨ ᠴᠢᠩ᠂ ᠶᠠᠩ ᠵᠢᠶ᠋ᠧ)              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号