31 ᠮᠤᠵᠢ ᠣᠷᠣᠨ ᠤ ᠠᠵᠤ ᠠᠬᠤᠢ ᠶᠢᠨ ︽ᠬᠠᠭᠠᠰ ᠵᠢᠯ ᠤᠨ ᠮᠡᠳᠡᠭᠦᠯᠦᠯᠲᠡ︾
ᠨᠡᠶᠢᠲᠡᠯᠡᠭᠰᠡᠨ ᠴᠠᠭ᠄
2024/8/6
     ᠲᠦᠷᠦᠭᠦᠬᠡᠨ ᠪᠦᠭᠦ ᠤᠯᠤᠰ ᠤᠨ 31 ᠮᠤᠵᠢ ᠣᠷᠣᠨ ᠤ ᠠᠵᠤ ᠠᠬᠤᠢ ᠶᠢᠨ ︽ᠬᠠᠭᠠᠰ ᠵᠢᠯ ᠤᠨ ᠮᠡᠳᠡᠭᠦᠯᠦᠯᠲᠡ︾ ᠶᠢ ᠨᠡᠶᠢᠲᠡᠯᠡᠪᠡ᠃      ᠬᠠᠭᠠᠰ ᠠᠴᠠ ᠳᠡᠭᠡᠭᠰᠢᠬᠢ ᠮᠤᠵᠢ ᠣᠷᠣᠨ ᠤ ᠨᠡᠮᠡᠭᠳᠡᠯ ᠤᠨ ᠬᠤᠷᠳᠤᠴᠠ ᠪᠦᠭᠦ ᠤᠯᠤᠰ ᠤᠨ ᠬᠢᠷᠢ ᠲᠦᠪᠰᠢᠨ ᠠᠴᠠ ᠲᠦᠷᠭᠡᠨ ᠪᠣᠯᠵᠤ᠂ 16 ᠮᠤᠵᠢ ᠣᠷᠣᠨ ᠤ ᠨᠡᠮᠡᠭᠳᠡᠯ ᠤᠨ ᠬᠤᠷᠳᠤᠴᠠ ︽ᠪᠦᠭᠦ ᠤᠯᠤᠰ ᠤᠨ ᠱᠤᠭᠤᠮ︾ ᠢ ᠳᠠᠪᠠᠵᠠᠢ᠃      ᠨᠡᠮᠡᠭᠳᠡᠯ ᠤᠨ ᠬᠤᠷᠳᠤᠴᠠ ᠨᠢ ᠪᠦᠭᠦ ᠤᠯᠤᠰ ᠤᠨ ᠬᠢᠷᠢ ᠲᠦᠪᠰᠢᠨ ᠠᠴᠠ ᠳᠠᠪᠠᠭᠰᠠᠨ16 ᠮᠤᠵᠢ ᠣᠷᠣᠨ ᠳᠤ ᠪᠠᠷᠠᠭᠤᠨ ᠬᠡᠰᠡᠭ ᠤᠨ ᠭᠠᠵᠠᠷ ᠣᠷᠣᠨ 8᠂ ᠵᠡᠭᠦᠨ ᠬᠡᠰᠡᠭ ᠤᠨ ᠭᠠᠵᠠᠷ ᠣᠷᠣᠨ 5᠂ ᠳᠤᠮᠳᠠ ᠬᠡᠰᠡᠭ ᠤᠨ ᠭᠠᠵᠠᠷ ᠣᠷᠣᠨ 2᠂ ᠵᠡᠭᠦᠨ ᠬᠤᠶᠢᠲᠤ ᠣᠷᠣᠨ 1 ᠪᠤᠶ᠃ ᠥᠪᠥᠷ ᠮᠣᠩᠭᠤᠯ 6.2% ᠤᠨ ᠨᠡᠮᠡᠭᠳᠡᠯ ᠤᠨ ᠬᠤᠷᠳᠤᠴᠠ ᠪᠠᠷ ᠲᠦᠷᠦᠭᠦᠯᠡᠵᠦ᠂ ᠴᠦᠩᠴᠢᠩ ᠪᠣᠯᠣᠨ ᠲᠥᠪᠡᠳ 6.1% ᠪᠠᠷ ᠬᠤᠶᠠᠳᠤᠭᠠᠷ ᠲᠤ ᠣᠷᠣᠪᠠ᠃      ᠨᠢᠭᠡᠳᠦᠭᠡᠷ ᠤᠯᠠᠷᠢᠯ ᠠᠴᠠ ᠵᠠᠯᠭᠠᠭᠠᠳ ᠮᠠᠨ ᠤ ᠣᠷᠣᠨ ᠤ ᠡᠨᠡ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠳᠠᠬᠢᠨᠲᠠ ᠠᠳᠠᠯᠢ ᠬᠤᠭᠤᠴᠠᠭᠠᠨ ᠤ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠲᠡᠮᠳᠡᠭᠯᠡᠯ ᠢ ᠡᠭᠦᠳᠴᠡᠢ᠃      ᠳᠡᠭᠡᠷ᠎ᠡ ᠬᠠᠭᠠᠰ ᠵᠢᠯ ᠳᠤ ᠵᠥᠪᠭᠡᠨ ᠥᠪᠥᠷ ᠮᠣᠩᠭᠤᠯ᠂ ᠴᠦᠩᠴᠢᠩ᠂ ᠵᠢᠶᠠᠩᠰᠤ᠂ ᠱᠠᠨᠳᠦ᠋ᠩ᠂ ᠵᠧᠵᠢᠶᠠᠩ᠂ ᠹᠦᠵᠢᠶᠠᠨ᠂ ᠪᠡᠭᠡᠵᠢᠩ᠂ ᠲᠢᠶᠠᠨᠵᠢᠨ ᠤ ᠨᠡᠮᠡᠭᠳᠡᠯ ᠤᠨ ᠬᠤᠷᠳᠤᠴᠠ ᠣᠨ ᠤ ᠵᠢᠱᠢᠭᠰᠡᠨ ᠨᠡᠮᠡᠭᠳᠡᠯ ᠤᠨ ᠬᠤᠷᠳᠤᠴᠠ ᠠᠴᠠ ᠳᠠᠪᠠᠪᠠ᠃      ᠠᠵᠤ ᠦᠢᠯᠡᠳᠪᠦᠷᠢ ᠶᠢᠨ ᠦᠢᠯᠡᠳᠪᠦᠷᠢᠯᠡᠯ ᠨᠡᠯᠢᠶᠡᠳ ᠲᠦᠷᠭᠡᠨ ᠨᠡᠮᠡᠭᠳᠡᠬᠦ ᠪᠣᠯ ᠭᠠᠵᠠᠷ ᠣᠷᠣᠨ ᠤ ᠠᠵᠤ ᠠᠬᠤᠢ ᠶᠢᠨ ᠰᠡᠷᠭᠦᠯᠲᠡ ᠰᠠᠶᠢᠵᠢᠷᠠᠬᠤ ᠶᠢᠨ ᠴᠢᠬᠤᠯᠠ ᠲᠤᠯᠭᠠᠭᠤᠷᠢᠯᠠᠯ ᠪᠣᠯᠣᠨ᠎ᠠ᠃ ᠳᠡᠭᠡᠷ᠎ᠡ ᠬᠠᠭᠠᠰ ᠵᠢᠯ ᠳᠤ᠂ ᠡᠯ᠎ᠡ ᠭᠠᠵᠠᠷ ᠤᠨ ᠠᠵᠤ ᠦᠢᠯᠡᠰ ᠤᠨ ᠰᠢᠨ᠎ᠡ ᠬᠥᠳᠡᠯᠭᠡᠬᠦ ᠡᠨᠧᠷᠭᠢ ᠲᠠᠰᠤᠷᠠᠯᠲᠠ ᠦᠭᠡᠢ ᠬᠥᠭᠵᠢᠨ ᠪᠤᠵᠠᠭᠠᠶᠢᠷᠠᠵᠤ᠂ ᠰᠢᠨ᠎ᠡ ᠡᠨᠧᠷᠭᠢ ᠪᠠ ᠪᠣᠬᠢᠷᠳᠤᠯ ᠦᠭᠡᠢ ᠲᠡᠶᠢᠰᠢ ᠪᠠᠨ ᠬᠥᠭᠵᠢᠬᠦ ᠬᠠᠨᠳᠤᠰᠢ ᠢᠯᠡᠷᠬᠡᠢ ᠪᠣᠯᠪᠠ᠃ ᠥᠪᠥᠷ ᠮᠣᠩᠭᠤᠯ ᠳᠤ᠂ ᠲᠣᠨᠣᠭᠯᠠᠯ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 41.3% ᠪᠠᠷ ᠨᠡᠮᠡᠭᠳᠡᠵᠦ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠥᠷᠲᠡᠭ 32.4% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠲᠣᠰ ᠪᠦᠷᠢ ᠪᠦᠭᠦ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ  ᠬᠢ ᠠᠴᠠ 33.8 ᠪᠠ 24.9 ᠵᠠᠭᠤᠨ ᠤ ᠬᠤᠪᠢ ᠲᠦᠷᠭᠡᠨ ᠪᠣᠯᠪᠠ︔ᠬᠤᠪᠣᠷ ᠰᠢᠷᠣᠢ ᠶᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ ᠤᠨ ᠭᠠᠷᠤᠯᠲᠠ ᠲᠣᠰ ᠪᠦᠷᠢ 2.3 ᠳᠠᠭᠢᠨ ᠪᠠ 1.1 ᠳᠠᠭᠢᠨ ᠨᠡᠮᠡᠭᠳᠡᠪᠡ᠃      2024 ᠣᠨ ᠠᠴᠠ ᠨᠠᠭᠠᠰᠢ᠂ ᠮᠠᠨ ᠤ ᠣᠷᠣᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠠᠪᠴᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠳᠡᠷᠡᠭᠦᠨ ᠢᠶᠠᠷ ᠦᠰᠦᠨ ᠪᠣᠶᠢᠵᠢᠵᠤ᠂ ᠳᠣᠲᠣᠭᠠᠳᠤ ᠬᠡᠷᠡᠭᠯᠡᠭᠡ ᠶᠢ ᠥᠷᠭᠡᠳᠬᠡᠵᠦ ᠭᠠᠳᠠᠭᠠᠳᠤ ᠬᠡᠷᠡᠭᠯᠡᠭᠡ ᠶᠢ ᠲᠣᠭᠲᠠᠪᠤᠷᠢᠵᠢᠭᠤᠯᠤᠨ᠂ ᠮᠠᠰᠢ ᠰᠠᠶᠢᠨ ᠬᠢᠷᠢ ᠪᠦᠲᠦᠮᠵᠢ ᠣᠯᠵᠠᠢ᠃      ᠢᠷᠡᠭᠡᠳᠦᠢ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠮ ᠳᠡᠭᠡᠷ᠎ᠡ ᠮᠠᠨ ᠤ ᠣᠷᠣᠨ ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠵᠦ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠣᠷᠣᠬᠤ ᠬᠠᠷᠠᠯᠲᠠ ᠵᠦᠭ ᠯᠠᠪᠳᠠᠭᠤᠨ ᠪᠠᠲᠤᠲᠠᠢ ᠠᠯᠬᠤᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号