ᠥᠪᠡᠷᠲᠡᠭᠡᠨ ᠵᠠᠰᠠᠬᠤ ᠣᠷᠣᠨ ᠤ ᠴᠢᠮᠡᠭᠡ ᠨᠡᠪᠲᠡᠷᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ 6 ᠰᠠᠷ᠎ᠠ ᠶᠢᠨ ᠰᠡᠭᠦᠯᠴᠢ ᠪᠤᠯᠳᠠᠯ᠎ᠠ ᠮᠠᠨ ᠤ ᠣᠷᠣᠨ ᠳᠤ ᠨᠡᠶᠢᠳᠡ 7.67 ᠲᠦᠮᠡᠨ 5G | ᠶᠢᠨ ᠰᠠᠭᠤᠷᠢ ᠦᠷᠳᠡᠭᠡ ᠲᠠᠢ ᠪᠣᠯᠵᠤ᠂ ᠲᠦᠮᠡᠨ ᠬᠥᠮᠥᠨ ᠪᠦᠷᠢ ᠳᠤ 32.01 ᠰᠠᠭᠤᠷᠢ ᠦᠷᠳᠡᠭᠡ ᠨᠣᠭᠳᠠᠨ᠂ ᠪᠦᠭᠦ | ᠤᠯᠤᠰ ᠤᠨ ᠳᠤᠮᠳᠠᠴᠢ ᠲᠦᠪᠰᠢᠨ ᠠᠴᠠ ᠳᠠᠪᠠᠪᠠ᠃ ᠡᠭᠦᠨ ᠳᠤ ᠪᠦᠭᠦ ᠣᠷᠣᠨ ᠤ ᠵᠠᠰᠠᠭ ᠵᠠᠬᠢᠷᠭᠠᠨ ᠤ ᠲᠤᠰᠬᠤᠨ | ᠳᠤ 5G ᠶᠢᠨ ᠳᠣᠬᠢᠶ᠎ᠠ ᠶᠢ ᠪᠦᠷᠬᠦᠭᠦᠯᠦᠭᠰᠡᠨ ᠨᠤᠷᠮ᠎ᠠ 96.94% ᠳᠤ ᠬᠦᠷᠴᠦ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠲᠤ 5G ᠶᠢᠨ ᠳᠣᠬᠢᠶ᠎ᠠ ᠶᠢ ᠪᠦᠷᠬᠦᠭᠦᠯᠦᠭᠰᠡᠨ ᠨᠤᠷᠮ᠎ᠠ 100% ᠳᠤ ᠬᠦᠷᠴᠡᠢ᠃ | ᠮᠡᠳᠡᠭᠡ ᠵᠠᠩᠭᠢ ᠴᠢᠮᠡᠭᠡ ᠨᠡᠪᠲᠡᠷᠡᠯᠭᠡ ᠶᠢᠨ ᠦᠢᠯᠡᠰ ᠪᠣᠯ ᠠᠵᠤ ᠠᠬᠤᠢ ᠶᠢᠨ ᠬᠥᠭᠵᠢᠯᠲᠡ ᠶᠢᠨ ᠰᠢᠨ᠎ᠡ | ᠬᠥᠳᠡᠯᠭᠡᠬᠦ ᠡᠨᠧᠷᠭᠢ ᠶᠢ ᠪᠤᠢ ᠪᠣᠯᠭᠠᠨ᠂ ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ | ᠬᠦᠴᠦᠨ ᠨᠡᠮᠡᠷᠢᠯᠡᠬᠦ ᠴᠢᠬᠤᠯᠠ ᠬᠥᠳᠡᠯᠭᠡᠭᠴᠢ ᠬᠦᠴᠦᠨ ᠪᠤᠯᠬᠤ ᠶᠤᠮ᠃ ᠥᠪᠡᠷᠲᠡᠭᠡᠨ ᠵᠠᠰᠠᠬᠤ ᠣᠷᠣᠨ ᠤ ᠴᠢᠮᠡᠭᠡ | ᠨᠡᠪᠲᠡᠷᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ︽ᠳᠣᠬᠢᠶ᠎ᠠ ᠶᠢ ᠰᠠᠶᠢᠵᠢᠷᠠᠭᠤᠯᠬᠤ︾ ᠲᠤᠰᠬᠠᠢ ᠠᠵᠢᠯᠯᠠᠭ᠎ᠠ ᠶᠢ | ᠭᠦᠨᠵᠡᠭᠡᠢ ᠥᠷᠨᠢᠭᠦᠯᠦᠨ᠂ ᠮᠠᠨ ᠤ ᠣᠷᠣᠨ ᠤ ᠰᠢᠨ᠎ᠡ ᠭᠡᠯᠪᠡᠷᠢ ᠶᠢᠨ ᠮᠡᠳᠡᠭᠡ ᠵᠠᠩᠭᠢ ᠶᠢᠨ ᠰᠠᠭᠤᠷᠢ ᠲᠥᠬᠦᠭᠡᠷᠦᠮᠵᠢ | ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠡᠭᠦᠳᠡᠯ | ᠰᠦᠯᠵᠢᠶ᠎ᠡ ᠶᠢ ᠭᠦᠨᠵᠡᠭᠡᠢ ᠪᠦᠷᠬᠦᠭᠦᠯᠬᠦ ᠶᠢ ᠲᠠᠰᠤᠷᠠᠯᠳᠠ ᠦᠭᠡᠢ ᠠᠬᠢᠭᠤᠯᠪᠠ᠃ ᠲᠤᠰ ᠲᠣᠪᠴᠢᠶ᠎ᠠ ᠥᠪᠡᠷᠲᠡᠭᠡᠨ | ᠵᠠᠰᠠᠬᠤ ᠣᠷᠣᠨ ᠤ 11 ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠲᠠᠢ ᠬᠠᠮᠲᠤᠷᠠᠨ ︽︿ᠳᠣᠬᠢᠶ᠎ᠠ ᠶᠢ | ᠰᠠᠶᠢᠵᠢᠷᠠᠭᠤᠯᠤᠨ ᠲᠦᠮᠡᠨ ᠮᠧᠭ᠎ᠠ ᠶᠢᠨ ᠬᠤᠷᠳᠤᠴᠠ ᠪᠠᠷ ᠠᠶᠠᠯᠠᠵᠤ ᠤᠮᠠᠷᠠᠲᠤ ᠬᠢᠯᠢ ᠳᠤ ᠰᠠᠭᠠᠳ ᠦᠭᠡᠢ | ᠬᠤᠯᠪᠤᠭ᠎ᠠ ᠨᠡᠪᠲᠡᠷᠡᠭᠦᠯᠬᠦ﹀ ᠲᠤᠰᠬᠠᠢ ᠠᠵᠢᠯᠯᠠᠭ᠎ᠠ ᠥᠷᠨᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠰᠣᠶᠣᠯ | ᠵᠢᠭᠤᠯᠴᠢᠯᠠᠯ᠂ ᠡᠮ ᠡᠮᠨᠡᠯᠭᠡ ᠶᠢᠨ ᠪᠠᠶᠢᠭᠤᠯᠤᠮᠵᠢ ᠵᠡᠷᠭᠡ 11 ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ | ᠲᠥᠪᠯᠡᠷᠡᠭᠦᠯᠵᠦ᠂ ᠳᠣᠬᠢᠶ᠎ᠠ ᠶᠢ ᠰᠠᠶᠢᠵᠢᠷᠠᠭᠤᠯᠬᠤ᠂ ᠳᠣᠬᠢᠶ᠎ᠠ ᠶᠢ ᠮᠡᠳᠡᠷᠡᠭᠦᠯᠬᠦ᠂ ᠳᠣᠬᠢᠶ᠎ᠠ ᠶᠢ ᠪᠠᠲᠤᠯᠠᠬᠤ᠂ ᠴᠢᠳᠠᠮᠵᠢ ᠶᠢ | ᠰᠠᠶᠢᠵᠢᠷᠠᠭᠤᠯᠬᠤ ᠪᠠᠷ ᠳᠠᠮᠵᠢᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠲᠠᠰᠤᠷᠠᠯᠳᠠ ᠦᠭᠡᠢ ᠬᠠᠩᠭᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠲᠣᠭᠠᠴᠢᠯᠠᠭᠰᠠᠨ ᠲᠡᠶᠢᠰᠢ ᠭᠡᠯᠪᠡᠷᠢ ᠪᠠᠨ | ᠬᠤᠪᠢᠷᠠᠭᠤᠯᠬᠤ ᠳᠤ ᠲᠤᠯᠭᠠᠭᠤᠷᠢᠯᠠᠯ ᠬᠠᠩᠭᠠᠵᠤ ᠪᠠᠶᠢᠨ᠎ᠠ᠃ | | | |