ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠮᠠᠨ ᠤ ᠰᠢᠶᠠᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/8/9
     8 ᠰᠠᠷ᠎ᠠ ᠶᠢᠨ 8 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 141 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠳᠡᠭᠡᠷ᠎ᠡ ᠬᠠᠭᠠᠰ ᠵᠢᠯ ᠤᠨ ᠪᠦᠬᠦ ᠰᠢᠶᠠᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠦᠴᠦᠸᠠᠨ ᠰᠢᠶᠠᠨ ᠤ ᠬᠢᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠠᠵᠤ ᠠᠬᠤᠢ ᠶᠢᠨ ᠠᠵᠢᠯ ᠤᠨ ᠲᠤᠬᠠᠢ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠪᠠᠷ ᠳᠠᠮᠵᠢᠨ᠂ ᠳᠡᠭᠡᠷ᠎ᠡ ᠬᠠᠭᠠᠰ ᠵᠢᠯ ᠳᠤ ᠠᠵᠤ ᠠᠬᠤᠢ ᠰᠠᠶᠢᠨ ᠰᠠᠶᠢᠬᠠᠨ ᠬᠥᠭᠵᠢᠯᠲᠡ ᠶᠢᠨ ᠪᠠᠶᠢᠳᠠᠯ ᠲᠠᠢ ᠪᠣᠯᠪᠠ᠃ ᠠᠵᠤ ᠠᠬᠤᠢ ᠶᠢᠨ ᠬᠥᠭᠵᠢᠯᠲᠡ ᠶᠢᠨ ᠳᠤᠮᠳᠠᠬᠢ ᠲᠣᠭᠲᠠᠪᠤᠷᠢ ᠦᠭᠡᠢ ᠬᠦᠴᠦᠨ ᠵᠦᠢᠯ ᠤᠨ ᠨᠥᠯᠥᠭᠡᠯᠡᠯ ᠤᠨ ᠡᠮᠦᠨ᠎ᠡ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠬᠥᠭᠵᠢᠯᠲᠡ ᠶᠢᠨ ᠢᠲᠡᠭᠡᠯ ᠢᠶᠠᠨ ᠦᠷᠭᠦᠯᠵᠢᠯᠡᠨ ᠪᠠᠲᠤᠳᠬᠠᠵᠤ᠂ ᠳᠡᠭᠡᠷ᠎ᠡ ᠬᠠᠭᠠᠰ ᠵᠢᠯ ᠳᠤ ᠲᠤᠰ ᠭᠠᠵᠠᠷ ᠣᠷᠣᠨ᠂ ᠲᠤᠰ ᠬᠦᠷᠢᠶᠡᠨ ᠤ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠵᠠᠳᠠᠯᠤᠨ ᠳ᠋ᠦᠩᠨᠡᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠪᠣᠯᠣᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠩᠬᠠᠷᠴᠤ᠂ ᠬᠠᠳᠠᠭᠠᠯᠠᠯᠲᠠ ᠶᠢᠨ ᠬᠡᠮᠵᠢᠶ᠎ᠡ ᠶᠢ ᠴᠢᠩᠭ᠎ᠠ ᠠᠳᠬᠤᠵᠤ᠂ ᠨᠡᠮᠡᠭᠳᠡᠯ ᠤᠨ ᠬᠡᠮᠵᠢᠶ᠎ᠡ ᠶᠢ ᠪᠣᠶᠢᠵᠢᠭᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠠᠪᠴᠤ ᠪᠠᠶᠢᠭᠠᠳ ᠪᠦᠬᠦ ᠰᠢᠶᠠᠨ ᠤ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠶᠢᠨ ᠬᠥᠭᠵᠢᠯᠲᠡ ᠳᠤ ᠦᠷᠭᠦᠯᠵᠢᠯᠡᠨ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠦᠷᠯᠢᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠴᠡᠪᠡᠷ ᠡᠨᠧᠷᠭᠢ᠂ ᠠᠭᠤᠷᠬᠠᠢ ᠶᠢᠨ ᠡᠬᠢ ᠪᠠᠶᠠᠯᠢᠭ᠂ ᠰᠣᠶᠣᠯ ᠵᠢᠭᠤᠯᠴᠢᠯᠠᠯ ᠵᠡᠷᠭᠡ ᠳᠠᠪᠠᠭᠤᠯᠢᠭ ᠠᠵᠤ ᠦᠢᠯᠡᠰ ᠤᠨ ᠲᠣᠭᠤᠷᠢᠨ ᠳᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠤᠵᠠᠭᠠᠶᠢᠷᠠᠨ ᠬᠦᠴᠦᠷᠬᠡᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠡᠯ᠎ᠡ ᠲᠣᠯᠣᠭᠠᠶᠢᠯᠠᠭᠴᠢ ᠰᠢᠶᠠᠨ ᠤ ᠤᠳᠤᠷᠢᠳᠤᠯᠭ᠎ᠠ ᠪᠣᠯᠣᠨ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠳᠤᠮᠳᠠ ᠲᠤᠯᠭᠠᠷᠠᠭᠰᠠᠨ ᠪᠣᠳᠠᠲᠠᠢ ᠬᠦᠴᠢᠷᠳᠡᠯ ᠢ ᠢᠳᠡᠪᠬᠢᠲᠡᠢ ᠰᠢᠢᠳᠪᠦᠷᠢᠯᠡᠵᠦ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠡᠰ ᠳᠡᠪᠰᠢᠬᠦ ᠳᠤ ᠬᠦᠴᠦᠨ ᠨᠡᠮᠡᠷᠢᠯᠡᠵᠦ᠂ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ ᠪᠡᠶᠡᠯᠡᠭᠦᠯᠬᠦ ᠬᠡᠷᠡᠭᠲᠡᠢ᠃ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠪᠠᠨ ᠴᠢᠩᠭᠠᠳᠬᠠᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠢ ᠶᠢᠨ ᠬᠥᠭᠵᠢᠯᠲᠡ ᠶᠢ ᠨᠥᠯᠥᠭᠡᠯᠡᠬᠦ ᠳᠤᠮᠳᠠ ᠣᠷᠣᠰᠢᠵᠤ ᠪᠠᠶᠢᠭ᠎ᠠ ᠬᠢᠵᠠᠭᠠᠷᠯᠠᠬᠤ ᠬᠦᠴᠦᠨ ᠵᠦᠢᠯ ᠪᠣᠯᠣᠨ ᠪᠣᠭᠤᠮᠢ ᠶᠢ ᠰᠢᠢᠳᠪᠦᠷᠢᠯᠡᠵᠦ᠂ ᠣᠨ ᠤ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠶᠢᠰᠦᠳᠦᠭᠡᠷ ᠪᠦᠬᠦᠳᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠣᠨᠣᠰᠪᠠ᠃  ︵ᠰᠣᠷᠪᠤᠯᠵᠢᠯᠠᠬᠴᠢ ᠵᠣᠤ ᠯᠢᠩ ᠾᠦᠢ  ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ  ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号