︽ᠨᠢᠭᠡ ᠲᠥᠷᠥᠯ ᠤᠨ ᠶᠠᠪᠤᠳᠠᠯ ᠢ ᠨᠢᠭᠡ ᠥᠷᠲᠡᠭᠡ ᠳᠤ ᠭᠦᠢᠴᠡᠳᠬᠡᠬᠦ︾ ᠦᠢᠯᠡᠴᠢᠯᠡᠭᠡ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠶᠢ ᠨᠠᠩ ᠲᠥᠭᠦᠮ ᠲᠦᠷᠭᠡᠨ ᠪᠣᠯᠭᠠᠨ᠎ᠠ
ᠨᠡᠶᠢᠲᠡᠯᠡᠭᠰᠡᠨ ᠴᠠᠭ᠄
2024/8/9
     ︽ᠡᠶᠢᠮᠦ ᠲᠦᠷᠭᠡᠨ ᠪᠦᠲᠦᠭᠡᠴᠢᠬᠡᠨ᠎ᠡ ᠭᠡᠵᠦ ᠪᠤᠳᠤᠵᠤ ᠣᠯᠣᠭᠰᠠᠨ ᠦᠭᠡᠢ᠂ ᠥᠩᠭᠡᠷᠡᠭᠰᠡᠨ ᠳᠤ ᠪᠢᠳᠡ ᠵᠠᠰᠠᠭ ᠤᠨ ᠶᠠᠪᠤᠳᠠᠯ ᠤᠨ ᠶᠡᠭᠡ ᠲᠢᠩᠬᠢᠮ ᠳᠤ ᠬᠦᠷᠴᠦ ᠲᠣᠭᠲᠠᠭᠰᠠᠨ ᠴᠣᠩᠬᠤᠪᠴᠢ ᠳᠤ ᠠᠵᠢᠯ ᠶᠠᠪᠤᠳᠠᠯ ᠭᠦᠢᠴᠡᠳᠬᠡᠬᠦ ᠳᠤ ᠴᠠᠭ ᠵᠠᠷᠤᠴᠠᠭᠤᠯᠵᠤ ᠬᠦᠴᠦ ᠪᠠᠷᠠᠵᠤ᠂ ᠡᠯ᠎ᠡ ᠵᠦᠢᠯ ᠤᠨ ᠭᠡᠷᠡᠴᠢ ᠦᠨᠡᠮᠯᠡᠯ ᠭᠦᠢᠴᠡᠳᠬᠡᠬᠦ ᠳᠤ ᠮᠠᠰᠢ ᠶᠠᠷᠰᠢᠭ ᠲᠠᠢ ᠪᠠᠶᠢᠭᠰᠠᠨ ᠶᠤᠮ᠂ ᠣᠲᠣ ᠰᠢᠭᠤᠳ ᠭᠡᠷᠡᠴᠢ ᠦᠨᠡᠮᠯᠡᠯ ᠭᠢᠯᠭᠡᠵᠦ ᠮᠠᠨ ᠤ ᠭᠠᠷ ᠲᠤ ᠬᠦᠷᠭᠡᠵᠦ ᠢᠷᠡᠨ᠎ᠡ᠂ ᠡᠨᠡ ᠨᠢ ᠪᠢᠳᠡᠨ ᠤ ᠴᠠᠭ ᠪᠠ ᠬᠦᠴᠦ ᠶᠢ ᠶᠡᠭᠡ ᠪᠠᠷ ᠠᠷᠪᠢᠯᠠᠵᠠᠢ᠂ ᠮᠠᠨ ᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ᠶᠠᠪᠤᠬᠤ ᠲᠤᠳᠤᠮ ᠲᠥᠭᠦᠮ ᠪᠣᠯᠵᠤ ᠪᠠᠶᠢᠨ᠎ᠠ︾᠃ ᠲᠦᠷᠦᠭᠦᠬᠡᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠭᠡᠷ ᠲᠤᠨᠢ ᠬᠦᠷᠴᠦ ᠦᠢᠯᠡᠴᠢᠯᠡᠬᠦ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠵᠢᠯᠲᠠᠨ ᠥᠪᠥᠷ ᠮᠣᠩᠭᠤᠯ ᠤᠨ ᠱᠠ ᠧᠨ ᠡᠳ᠋ᠯᠡᠩ ᠤᠨ ᠪᠠᠭᠤᠳᠠᠯ ᠤᠨ ᠬᠠᠮᠢᠶᠠᠷᠤᠯᠲᠠ ᠶᠢᠨ ᠬᠢᠵᠠᠭᠠᠷᠲᠤ ᠺᠤᠮᠫᠠᠨᠢ ᠳᠤ ᠬᠦᠷᠴᠦ᠂ ᠭᠦᠢᠴᠡᠳᠬᠡᠵᠦ ᠳᠠᠭᠤᠰᠤᠭᠰᠠᠨ ᠭᠡᠷᠡᠴᠢ ᠦᠨᠡᠮᠯᠡᠯ ᠢ ᠨᠢ ᠲᠣᠰ ᠺᠤᠮᠫᠠᠨᠢ ᠳᠤ ᠬᠦᠷᠭᠡᠵᠦ ᠥᠭᠭᠦᠭᠰᠡᠨ ᠳᠤ᠂ ᠲᠣᠰ ᠺᠤᠮᠫᠠᠨᠢ ᠶᠢᠨ ᠳᠠᠭᠠᠭᠠᠮᠠᠯ ᠮᠦ ᠶᠦᠨ ᠹᠧᠢ ᠡᠷᠡᠬᠡᠢ ᠭᠠᠷᠭᠠᠨ ᠮᠠᠭᠲᠠᠵᠤ ᠪᠢᠯᠡ᠃      ᠡᠨᠡ ᠵᠢᠯ ᠠᠴᠠ ᠨᠠᠭᠠᠰᠢ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠢ ᠪᠡᠯᠡ ᠣᠷᠣᠭᠤᠯᠵᠤ ᠦᠢᠯᠡᠰ ᠪᠣᠰᠬᠠᠬᠤ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠪᠠᠷ ᠨᠠᠭᠠᠰᠢ ᠴᠠᠭᠠᠰᠢ ᠭᠦᠶᠦᠬᠦ᠂ ᠴᠠᠭ ᠵᠠᠷᠤᠴᠠᠭᠤᠯᠵᠤ ᠬᠦᠴᠦ ᠪᠠᠷᠠᠬᠤ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠣᠰ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠦᠢᠯᠡᠴᠢᠯᠡᠭᠡᠨ ᠤ ᠠᠷᠭ᠎ᠠ ᠮᠠᠶ᠋ᠢᠭ ᠢᠶᠠᠨ ᠲᠠᠰᠤᠷᠠᠯᠲᠠ ᠦᠭᠡᠢ ᠰᠢᠯᠢᠳᠡᠭᠵᠢᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠦᠨ᠂ ᠦᠢᠯᠡᠴᠢᠯᠡᠭᠡ ᠪᠠᠨ ᠨᠡᠮᠡᠭᠳᠡᠭᠦᠯᠬᠦ ᠪᠠ ᠶᠠᠰᠤ ᠴᠢᠨᠠᠷ ᠢᠶᠠᠨ ᠦᠷᠭᠦᠯᠵᠢᠯᠡᠨ ᠨᠡᠮᠡᠭᠳᠡᠭᠦᠯᠵᠦ᠂ ᠠᠵᠤ ᠠᠬᠤᠶᠢᠯᠠᠯ ᠤᠨ ᠭᠡᠷᠡᠴᠢ ᠦᠨᠡᠮᠯᠡᠯ ᠠᠪᠬᠤ ᠶᠠᠪᠤᠳᠠᠯ ᠢ ︽ᠪᠡᠶ᠎ᠡ  ᠪᠠᠷ ᠢᠶᠠᠨ ᠬᠦᠷᠴᠦ ᠠᠪᠬᠤ︾ ᠪᠠᠶᠢᠭᠰᠠᠨ ᠠᠴᠠ ︽ᠬᠦᠯᠢᠶᠡᠵᠦ ᠲᠤᠰᠴᠤ ᠠᠪᠬᠤ︾ ᠪᠣᠯᠭᠠᠨ ᠬᠤᠪᠢᠷᠠᠭᠤᠯᠪᠠ᠃      ᠡᠨᠡ ᠵᠢᠯ ᠠᠴᠠ ᠨᠠᠭᠠᠰᠢ᠂ ᠠᠯᠠᠱᠠ ᠠᠶᠢᠮᠠᠭ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢᠨ ᠲᠥᠯᠥᠭᠡ᠂ ᠢᠮᠠᠭᠲᠠ ᠠᠷᠠᠳ ᠲᠦᠮᠡᠨ ᠢᠶᠠᠷ ᠦᠨᠳᠦᠰᠦ ᠪᠤᠯᠭᠠᠬᠤ᠂ ᠠᠵᠤ ᠠᠬᠤᠶᠢᠯᠠᠯ ᠢ ᠳᠡᠭᠡᠳᠦᠯᠡᠬᠦ ᠵᠠᠷᠴᠢᠮ ᠢ ᠪᠠᠷᠢᠮᠲᠠᠯᠠᠵᠤ᠂ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠠᠬᠢ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ ᠡᠨᠡ ᠵᠢᠯ ᠤᠨ 5 ᠰᠠᠷ᠎ᠠ ᠠᠴᠠ ᠡᠬᠢᠯᠡᠨ᠂ ᠲᠣᠰ ᠠᠶᠢᠮᠠᠭ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠨᠢᠭᠡ ᠪᠦᠯᠦᠭ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠨᠠᠷᠢᠨ ᠨᠢᠮᠪᠠᠢ ᠪᠠᠶᠢᠭᠤᠯᠵᠤ᠂ ᠠᠵᠤ ᠠᠬᠤᠶᠢᠯᠠᠯ ᠳᠤ ᠨᠢᠭᠡ ᠥᠷᠲᠡᠭᠡᠴᠢᠯᠡᠭᠰᠡᠨ ᠮᠠᠶ᠋ᠢᠭ ᠤᠨ᠂ ᠪᠦᠭᠦ ᠲᠠᠯ᠎ᠠ ᠶᠢᠨ᠂ ᠥᠪᠡᠷᠮᠢᠴᠡ ᠣᠨᠴᠠᠯᠢᠭ ᠲᠠᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠵᠤ ᠪᠤᠢ᠃      ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠶᠢ ᠨᠠᠩ ᠳᠥᠭᠦᠮ ᠲᠦᠷᠭᠡᠨ  ᠪᠤᠯᠭᠠᠬᠤ ᠪᠠᠷ ᠭᠤᠣᠯᠳᠠᠯᠭ᠎ᠠ ᠪᠤᠯᠭᠠᠵᠤ᠂ ᠲᠤᠰ ᠠᠶᠢᠮᠠᠭ ᠪᠦᠭᠦ ᠠᠶᠢᠮᠠᠭ ᠤᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡ ︽ᠨᠢᠭᠡ ᠲᠥᠷᠥᠯ ᠤᠨ ᠶᠠᠪᠤᠳᠠᠯ ᠢ ᠨᠢᠭᠡ ᠥᠷᠲᠡᠭᠡ ᠳᠤ ᠭᠦᠢᠴᠡᠳᠬᠡᠬᠦ︾ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠨᠡᠭᠡᠭᠡᠵᠦ᠂ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠪᠠᠷᠢᠮᠵᠢᠶᠠᠵᠢᠭᠰᠠᠨ᠂ ᠬᠤᠷᠠᠮᠠᠯ᠂ ᠲᠤᠰᠬᠠᠶᠢᠵᠢᠭᠰᠠᠨ ᠪᠣᠳᠠᠲᠤ ᠴᠣᠭᠴᠠ ᠶᠢᠨ ᠠᠵᠤ ᠠᠬᠤᠶᠢᠯᠠᠯ ᠳᠤ ᠬᠤᠯᠪᠣᠭᠳᠠᠭᠰᠠᠨ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠭᠦᠢᠴᠡᠳᠬᠡᠬᠦ︾ ᠦᠢᠯᠡᠴᠢᠯᠡᠭᠡ ᠶᠢ ᠬᠠᠩᠭᠠᠵᠤ᠂ ᠠᠵᠤ ᠠᠬᠤᠶᠢᠯᠠᠯ ᠤᠨ ᠡᠵᠡᠩᠨᠡᠯᠲᠡ ᠶᠢ ᠵᠥᠪᠰᠢᠶᠡᠷᠡᠬᠦ᠂ ᠤᠰᠤ ᠴᠠᠭᠢᠯᠭᠠᠨ ᠬᠡᠢ ᠳᠤᠯᠠᠭᠠᠯᠠᠭ᠎ᠠ ᠶᠢᠨ ᠬᠠᠮᠲᠤᠷᠠᠭᠰᠠᠨ ᠮᠡᠳᠡᠭᠦᠯᠦᠨ ᠤᠭᠰᠠᠷᠠᠭᠤᠯᠬᠤ ᠵᠡᠷᠭᠡ ᠣᠯᠠᠨ ᠵᠦᠢᠯ ᠤᠨ ︽ᠨᠢᠭᠡ ᠶᠠᠪᠤᠳᠠᠯ︾ ᠤᠨ ᠦᠢᠯᠡᠴᠢᠯᠡᠭᠡ ᠶᠢ ᠬᠠᠩᠭᠠᠵᠤ᠂ ᠡᠯ᠎ᠡ ᠲᠤᠰᠬᠠᠢ ᠲᠣᠭᠤᠷᠢᠭ ᠲᠤ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠠᠵᠢᠯᠲᠠᠨ 18 ᠬᠥᠮᠥᠨ ᠢ ᠲᠣᠬᠢᠷᠠᠭᠤᠯᠵᠤ᠂ ᠠᠵᠤ ᠠᠬᠤᠶᠢᠯᠠᠯ ᠳᠤ ᠬᠤᠯᠪᠣᠭᠳᠠᠭᠰᠠᠨ 283 ᠦᠢᠯᠡᠴᠢᠯᠡᠭᠡᠨ ᠤ ᠵᠦᠢᠯᠡᠰ ᠢ ᠭᠦᠢᠴᠡᠳᠬᠡᠵᠦ ᠲᠠᠶᠢᠯᠭᠦ ᠪᠣᠯᠪᠠ᠃ ᠣᠳᠣᠬᠠᠨ ᠪᠤᠯᠲᠠᠯ᠎ᠠ᠂ ᠨᠡᠶᠢᠲᠡ 1211 ᠤᠳᠠᠭ᠎ᠠ ᠦᠢᠯᠡᠴᠢᠯᠡᠭᠡ ᠬᠠᠩᠭᠠᠪᠠ᠃      ᠦᠢᠯᠡᠴᠢᠯᠡᠭᠡ ᠶᠢ ᠨᠠᠩ ᠬᠠᠯᠠᠭᠤᠮᠰᠤᠭ ᠪᠤᠯᠭᠠᠬᠤ ᠶᠢᠨ ᠲᠥᠯᠥᠭᠡ᠂ ᠲᠣᠰ ᠠᠶᠢᠮᠠᠭ ᠡᠯ᠎ᠡ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠲᠤ ︽ᠦᠢᠯᠡᠴᠢᠯᠡᠭᠡᠨ ᠤ ᠬᠠᠮᠢᠶᠠᠷᠤᠭᠴᠢ︾ ᠲᠤᠰᠬᠠᠢ ᠲᠤᠰᠢᠶᠠᠯᠲᠤ ᠣᠷᠣᠯᠠᠨ ᠭᠦᠢᠴᠡᠳᠭᠡᠭᠴᠢ 5 ᠬᠥᠮᠥᠨ ᠢ ᠲᠣᠬᠢᠷᠠᠭᠤᠯᠵᠤ᠂ ᠡᠭᠦᠳᠡ ᠣᠷᠣᠵᠤ ᠢᠷᠡᠮᠡᠭᠴᠡ ᠳᠠᠷᠤᠢ ᠵᠣᠯᠭᠠᠯᠳᠤᠭᠤᠯᠬᠤ᠂ ᠪᠦᠭᠦ ᠶᠠᠪᠤᠴᠠ ᠳᠤ ᠬᠠᠪᠰᠤᠷᠤᠨ ᠭᠦᠢᠴᠡᠳᠬᠡᠬᠦ᠂ ᠪᠦᠭᠦ ᠲᠠᠯ᠎ᠠ ᠳᠤ ᠦᠢᠯᠡᠴᠢᠯᠡᠪᠡ᠃ ᠲᠤᠰᠬᠠᠢ ᠲᠤᠰᠢᠶᠠᠯᠲᠤ ᠣᠷᠣᠯᠠᠨ ᠭᠦᠢᠴᠡᠳᠭᠡᠭᠴᠢ ᠨᠢ ᠲᠤᠰᠬᠠᠢ ᠲᠣᠭᠤᠷᠢᠭ ᠤᠨ ᠨᠢᠭᠡᠳᠦᠭᠡᠷ ᠬᠥᠲᠥᠯᠥᠨ ᠵᠢᠯᠣᠭᠤᠳᠤᠭᠴᠢ ᠪᠣᠯᠤᠭᠰᠠᠨ ᠤ ᠬᠤᠪᠢ ᠳᠤ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠲᠠᠢ ᠰᠠᠨᠠᠭᠠᠴᠢᠯᠠᠭ᠎ᠠ ᠠᠴᠠ ᠪᠠᠨ ᠵᠣᠯᠭᠠᠯᠳᠤᠵᠤ᠂ ᠠᠵᠢᠯ ᠶᠠᠪᠤᠳᠠᠯ ᠭᠦᠢᠴᠡᠳᠬᠡᠬᠦ ᠬᠦᠴᠢᠷᠳᠡᠯ ᠴᠡᠭ᠂ ᠲᠦᠭᠵᠢᠷᠡᠯ ᠴᠡᠭ ᠢ ᠵᠣᠬᠢᠴᠠᠭᠤᠯᠤᠨ ᠰᠢᠢᠳᠪᠦᠷᠢᠯᠡᠵᠦ᠂ ᠠᠵᠢᠯ ᠶᠠᠪᠤᠳᠠᠯ ᠭᠦᠢᠴᠡᠳᠬᠡᠬᠦ ᠵᠥᠪᠯᠡᠯᠭᠡ ᠥᠭᠬᠦ᠂ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠵᠡᠷᠭᠡ ᠬᠡᠯᠬᠢᠶᠡᠵᠢᠭᠰᠡᠨ ᠦᠢᠯᠡᠴᠢᠯᠡᠭᠡ ᠬᠠᠩᠭᠠᠵᠤ᠂ ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠪᠤᠯᠲᠠᠯ᠎ᠠ᠂ ᠲᠤᠰᠬᠠᠢ ᠲᠤᠰᠢᠶᠠᠯᠲᠤ ᠣᠷᠣᠯᠠᠨ ᠭᠦᠢᠴᠡᠳᠭᠡᠭᠴᠢ ᠠᠴᠠ ᠨᠡᠶᠢᠲᠡ 29 ᠠᠵᠤ ᠠᠬᠤᠶᠢᠯᠠᠯ ᠤᠨ 32 ᠲᠥᠷᠥᠯ ᠵᠦᠢᠯ ᠳᠤ ᠪᠦᠭᠦ ᠶᠠᠪᠤᠴᠠ ᠶᠢᠨ ︽ᠬᠠᠮᠢᠶᠠᠷᠤᠭᠴᠢ ᠮᠠᠶ᠋ᠢᠭ︾ ᠤᠨ ᠦᠢᠯᠡᠴᠢᠯᠡᠭᠡ ᠬᠠᠩᠭᠠᠪᠠ᠃      ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ ᠵᠠᠮ ᠢ ᠨᠠᠩ ᠰᠠᠭᠠᠳ ᠦᠭᠡᠢ ᠪᠤᠯᠭᠠᠬᠤ ᠶᠢᠨ ᠲᠥᠯᠥᠭᠡ᠂ ᠲᠣᠰ ᠠᠶᠢᠮᠠᠭ ᠨᠢ ᠪᠠᠰᠠ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠲᠤ ᠠᠵᠤ ᠠᠬᠤᠶᠢᠯᠠᠯ ᠤᠨ ᠵᠥᠪᠳᠡᠯᠴᠡᠬᠦ ᠠᠭᠤᠯᠵᠠᠯᠲᠠ ᠶᠢᠨ ᠭᠡᠷ ᠪᠠᠶᠢᠭᠤᠯᠵᠤ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ᠂ ᠬᠡᠷᠡᠭ ᠶᠠᠪᠤᠳᠠᠯ ᠤᠨ ᠲᠡᠷᠢᠭᠦᠨ ᠲᠥᠯᠥᠭᠡᠯᠡᠭᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠭᠥᠯᠢᠶᠡᠨ ᠠᠪᠴᠤ᠂ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠡᠭᠡᠨ ᠣᠯᠠᠨ ᠰᠠᠯᠠᠭ᠎ᠠ ᠮᠥᠴᠢᠷ ᠢ ᠡᠷᠢᠵᠦ ᠪᠠᠶᠢᠭᠰᠠᠨ ᠠᠴᠠ ᠨᠢᠭᠡ ᠲᠤᠰᠬᠠᠢ ᠲᠣᠭᠤᠷᠢᠭ ᠢ ᠡᠷᠢᠪᠡᠯ ᠪᠣᠯᠴᠢᠬᠠᠬᠤ  ᠲᠡᠶᠢᠰᠢ ᠬᠤᠪᠢᠷᠠᠭᠤᠯᠪᠠ᠃ ᠣᠳᠣᠬᠠᠨ ᠪᠤᠯᠲᠠᠯ᠎ᠠ᠂ ᠪᠦᠭᠦ ᠠᠶᠢᠮᠠᠭ ︽ᠠᠵᠤ ᠠᠬᠤᠶᠢᠯᠠᠯ ᠤᠨ ᠶᠠᠷᠢᠯᠴᠠᠬᠤ ᠬᠤᠷᠠᠯ︾ ᠢ ᠨᠡᠶᠢᠲᠡ 6 ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠢᠳᠡᠪᠬᠢᠲᠡᠢ ᠵᠣᠬᠢᠴᠠᠭᠤᠯᠤᠨ ᠠᠬᠢᠭᠤᠯᠵᠤ᠂ ᠬᠢᠨᠠᠨ ᠵᠥᠪᠰᠢᠶᠡᠷᠡᠬᠦ ᠶᠠᠰᠤ ᠴᠢᠨᠠᠷ ᠦᠷ᠎ᠡ ᠪᠦᠲᠦᠮᠵᠢ ᠶᠢ ᠲᠦᠷᠭᠡᠳᠬᠡᠪᠡ᠃      ᠲᠣᠰ ᠠᠶᠢᠮᠠᠭ ᠶᠡᠷᠦᠩᠬᠡᠶᠢᠯᠡᠭᠰᠡᠨ ᠴᠣᠩᠬᠤᠪᠴᠢ ᠶᠢᠨ ᠲᠤᠷᠰᠢᠯᠲᠠ ᠶᠢᠨ ᠴᠡᠭ ᠤᠨ ᠭᠠᠳᠠᠭᠰᠢ ᠳᠠᠭᠠᠭᠠᠴᠢᠯᠠᠭᠤᠯᠬᠤ ᠦᠢᠯᠡᠴᠢᠯᠡᠭᠡ ᠶᠢ ᠬᠡᠷᠡᠭᠵᠢᠭᠦᠯᠵᠦ᠂ ᠡᠵᠡᠨ᠎ᠡ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ︽ᠶᠡᠷᠦᠩᠬᠡᠶᠢᠯᠡᠭᠰᠡᠨ ᠴᠣᠩᠬᠤᠪᠴᠢ + ᠭᠤᠷᠪᠠᠳᠠᠭᠢ ᠡᠲᠡᠭᠡᠳ ᠤᠨ ᠭᠠᠳᠠᠭᠰᠢ ᠳᠠᠭᠠᠭᠠᠴᠢᠯᠠᠭᠤᠯᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠲᠤᠷᠰᠢᠨ ᠬᠡᠷᠡᠭᠵᠢᠭᠦᠯᠵᠦ᠂  26 ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ 917 ᠵᠦᠢᠯ ᠤᠨ ᠠᠵᠢᠯ ᠢ ᠢᠯᠭᠠᠭ᠎ᠠ ᠦᠭᠡᠢ ᠪᠠᠷ ᠭᠥᠯᠢᠶᠡᠨ ᠠᠪᠴᠤ ᠰᠢᠢᠳᠪᠦᠷᠢᠯᠡᠨ᠂ ︽ᠶᠡᠷᠦᠩᠬᠡᠶᠢᠯᠡᠭᠰᠡᠨ ᠴᠣᠩᠬᠤᠪᠴᠢ ᠳᠤ ᠨᠢᠭᠡᠳᠦᠯᠲᠡᠢ ᠭᠥᠯᠢᠶᠡᠨ ᠠᠪᠬᠤ + ᠰᠠᠯᠠᠭ᠎ᠠ ᠮᠥᠴᠢᠷ ᠤᠨ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠪᠠᠶᠢᠷᠢ ᠳᠤ ᠲᠥᠷᠥᠯ ᠬᠤᠪᠢᠶᠠᠨ ᠭᠥᠯᠢᠶᠡᠨ ᠠᠪᠴᠤ ᠰᠢᠢᠳᠪᠦᠷᠢᠯᠡᠬᠦ + ᠰᠠᠯᠠᠭ᠎ᠠ ᠮᠥᠴᠢᠷ ᠲᠤ ᠲᠥᠪᠯᠡᠷᠡᠭᠦᠯᠦᠨ ᠬᠢᠨᠠᠨ ᠵᠥᠪᠰᠢᠶᠡᠷᠡᠬᠦ + ᠶᠡᠷᠦᠩᠬᠡᠶᠢᠯᠡᠭᠰᠡᠨ ᠴᠣᠩᠬᠤᠪᠴᠢ ᠳᠤ ᠨᠢᠭᠡᠳᠦᠯᠲᠡᠢ ᠭᠦᠢᠴᠡᠳᠬᠡᠵᠦ ᠳᠠᠭᠤᠰᠬᠠᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠤᠨ ᠪᠠᠶᠢᠭᠤᠯᠤᠯᠲᠠ ᠳᠤ ᠴᠢᠬᠤᠯᠠ ᠲᠤᠯᠭᠠᠭᠤᠷᠢᠯᠠᠯ ᠬᠠᠨᠭ᠍ᠭᠠᠪᠠ᠃ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠣᠴᠢᠵᠤ ᠢᠷᠡᠬᠦ ᠴᠠᠭ ᠪᠠ ᠥᠪᠡᠷ ᠤᠨ ᠥᠷᠲᠡᠭ ᠢ ᠠᠷᠪᠢᠯᠠᠬᠤ ᠶᠢᠨ ᠲᠥᠯᠥᠭᠡ᠂ ᠣᠨᠳᠣᠣ ᠭᠠᠵᠠᠷ ᠲᠤ ᠬᠢᠨᠠᠨ ᠵᠥᠪᠰᠢᠶᠡᠷᠡᠬᠦ ᠶᠢ ᠴᠠᠭ ᠲᠤᠬᠠᠢ ᠳᠤᠨᠢ ᠭᠦᠢᠴᠡᠳᠬᠡᠬᠦ ᠶᠢ ᠪᠡᠶᠡᠯᠡᠭᠦᠯᠪᠡ᠃ ᠳᠥᠭᠦᠮ ᠲᠦᠷᠭᠡᠨ᠂ ᠪᠦᠲᠦᠮᠵᠢᠲᠡᠶ ᠪᠠᠷ ᠭᠥᠯᠢᠶᠡᠨ ᠠᠪᠴᠤ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠳᠤ ᠬᠤᠯᠪᠣᠭᠳᠠᠭᠰᠠᠨ ᠦᠢᠯᠡᠴᠢᠯᠡᠭᠡᠨ ᠤ ᠠᠯᠤᠰ ᠠᠴᠠ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠷᠢᠯᠢᠭᠵᠢᠭᠤᠯᠬᠤ ᠮᠡᠳᠡᠭᠡ ᠵᠠᠩᠭᠢᠵᠢᠭᠤᠯᠬᠤ ᠣᠶᠤᠨᠴᠢᠯᠠᠬᠤ ᠬᠤᠪᠢᠷᠠᠯᠲᠠ ᠶᠢ ᠪᠦᠭᠦ ᠲᠠᠯ᠎ᠠ ᠪᠠᠷ ᠠᠬᠢᠭᠤᠯᠪᠠ᠃ ᠣᠳᠣᠬᠠᠨ ᠪᠤᠯᠲᠠᠯ᠎ᠠ᠂ ᠪᠦᠭᠦ ᠠᠶᠢᠮᠠᠭ ᠲᠤ ᠨᠡᠶᠢᠲᠡ 1360 ᠬᠤᠪᠢ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号