ᠮᠠᠨ ᠤ ᠣᠷᠣᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠬᠠᠪᠢᠳᠠᠵᠤ ᠪᠠᠶᠢᠭ᠎ᠠ ᠭᠡᠷ ᠪᠦᠯᠢ ᠪᠠ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠭᠡᠷ ᠪᠦᠯᠢ ᠶᠢ ᠬᠢᠨᠠᠨ ᠲᠣᠭᠲᠠᠭᠠᠬᠤ ᠠᠷᠭ᠎ᠠ ᠶᠢ ᠨᠡᠶᠢᠲᠡᠯᠡᠪᠡ
ᠨᠡᠶᠢᠲᠡᠯᠡᠭᠰᠡᠨ ᠴᠠᠭ᠄
2024/9/10
     ᠲᠠᠰ ᠲᠥᠷᠥᠯ ᠬᠤᠪᠢᠶᠠᠭᠰᠠᠨ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠪᠦᠷᠢᠨᠰᠢᠭᠦᠯᠵᠦ᠂  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ   ᠳᠤ  ᠬᠠᠪᠢᠳᠠᠵᠤ ᠪᠠᠶᠢᠭ᠎ᠠ  ᠭᠡᠷ  ᠪᠦᠯᠢ᠂ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠵᠦ  ᠪᠠᠶᠢᠬᠤ ᠭᠡᠷ  ᠪᠦᠯᠢ ᠶᠢ ᠬᠢᠨᠠᠨ ᠲᠣᠭᠲᠠᠭᠠᠬᠤ ᠠᠵᠢᠯ ᠢ ᠵᠢᠷᠤᠮᠵᠢᠭᠤᠯᠤᠨ᠂ ᠣᠷᠣᠯᠭ᠎ᠠ ᠪᠠᠭ᠎ᠠ ᠬᠥᠮᠥᠨ ᠠᠮᠠ ᠶᠢ ᠬᠥᠳᠡᠯᠦᠩᠭᠦᠢ ᠪᠠᠷ ᠬᠢᠨᠠᠨ ᠰᠢᠨᠵᠢᠬᠦ ᠪᠠ ᠪᠠᠶᠢᠩᠭᠤ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠶᠢ ᠴᠢᠩᠭᠠᠳᠬᠠᠬᠤ ᠶᠢᠨ ᠲᠥᠯᠥᠭᠡ᠂ ᠣᠶᠢᠷ᠎ᠠ ᠳᠤ ᠥᠪᠡᠷᠲᠡᠭᠡᠨ ᠵᠠᠰᠠᠬᠤ  ᠣᠷᠣᠨ ᠤ  ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 12 ᠰᠠᠯᠠᠭ᠎ᠠ ᠮᠥᠴᠢᠷ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠬᠠᠪᠢᠳᠠᠵᠤ ᠪᠠᠶᠢᠭ᠎ᠠ ᠭᠡᠷ ᠪᠦᠯᠢ ᠪᠣᠯᠣᠨ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠭᠡᠷ ᠪᠦᠯᠢ ᠶᠢ ᠬᠢᠨᠠᠨ ᠲᠣᠭᠲᠠᠭᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃      ︽ᠠᠷᠭ᠎ᠠ︾ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠭᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠡᠬᠦ ᠳᠤ ᠬᠠᠪᠢᠳᠠᠵᠤ ᠪᠠᠶᠢᠭ᠎ᠠ ᠭᠡᠷ ᠪᠦᠯᠢ᠂ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠭᠡᠷ ᠪᠦᠯᠢ ᠪᠠᠷ ᠬᠢᠨᠠᠨ ᠲᠣᠭᠲᠠᠭᠠᠯᠭᠠᠬᠤ ᠪᠠᠷ ᠭᠤᠶᠤᠴᠢᠯᠠᠵᠤ ᠪᠣᠯᠣᠨ᠎ᠠ᠂  ᠭᠤᠶᠤᠴᠢᠯᠠᠬᠤ᠂ ᠭᠥᠯᠢᠶᠡᠨ ᠠᠪᠴᠤ ᠰᠢᠢᠳᠪᠦᠷᠢᠯᠡᠬᠦ᠂ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠪᠠᠶᠢᠴᠠᠭᠠᠬᠤ᠂ ᠬᠢᠨᠠᠨ ᠬᠠᠷᠭᠤᠭᠤᠯᠵᠤ ᠨᠤᠲᠠᠯᠠᠬᠤ ᠲᠡᠰ ᠳᠠᠷᠠᠭᠠᠯᠠᠯ ᠢᠶᠠᠷ ᠬᠡᠷᠡᠭᠵᠢᠭᠦᠯᠦᠨ᠎ᠡ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠪᠤᠶᠤ ᠣᠨᠴᠠ ᠬᠦᠴᠢᠷᠳᠡᠯᠲᠡᠢ ᠬᠥᠮᠥᠰ ᠤᠨ ᠬᠢᠨᠠᠨ ᠲᠣᠭᠲᠠᠭᠠᠯᠲᠠ  ᠶᠢᠨ ᠨᠥᠬᠦᠴᠡᠯ ᠳᠤ ᠨᠡᠶᠢᠴᠡᠬᠦ ᠦᠭᠡᠢ ᠪᠤᠯᠪᠠᠴᠤ ᠨᠠᠭᠠᠲᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ ᠭᠦᠷᠳᠡᠭᠦ ᠳᠤ ᠬᠠᠪᠢᠳᠠᠵᠤ ᠪᠠᠶᠢᠭ᠎ᠠ  ᠪᠤᠶᠤ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠭᠡᠷ ᠪᠦᠯᠢ ᠶᠢᠨ ᠬᠢᠨᠠᠨ ᠲᠣᠭᠲᠠᠭᠠᠯᠲᠠ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂  ᠬᠢᠨᠠᠨ ᠵᠥᠪᠰᠢᠶᠡᠷᠡᠭᠦᠯᠦᠭᠡᠳ᠂  ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠬᠠᠪᠢᠳᠠᠵᠤ ᠪᠠᠶᠢᠭ᠎ᠠ ᠭᠡᠷ ᠪᠦᠯᠢ ᠪᠤᠶᠤ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠭᠡᠷ ᠪᠦᠯᠢ ᠶᠢ ᠬᠢᠨᠠᠨ ᠲᠣᠭᠲᠠᠭᠠᠬᠤ ᠳᠠᠷᠠᠭᠠᠯᠠᠯ ᠳᠤ ᠰᠢᠯᠵᠢᠭᠦᠯᠵᠦ ᠪᠣᠯᠣᠨ᠎ᠠ᠂ ᠬᠤᠯᠪᠣᠭᠳᠠᠯ ᠪᠦᠬᠦᠢ ᠭᠤᠶᠤᠴᠢᠯᠠᠬᠤ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠴᠢᠬᠤᠯᠠ ᠦᠭᠡᠢ ᠭᠡᠵᠦ ᠵᠢᠭᠠᠵᠤ ᠭᠠᠷᠭᠠᠪᠠ᠃      ︽ᠠᠷᠭ᠎ᠠ︾ ᠳᠤ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠠᠭᠠᠲᠤ ᠵᠠᠬ᠎ᠠ ᠶᠢᠨ ᠠᠮᠢᠳᠤᠷᠠᠯ ᠤᠨ  ᠪᠠᠲᠤᠯᠠᠭ᠎ᠠ  ᠭᠦᠷᠳᠡᠭᠦ ᠳᠤ  ᠬᠠᠪᠢᠳᠠᠵᠤ  ᠪᠠᠶᠢᠭ᠎ᠠ ᠭᠡᠷ  ᠪᠦᠯᠢ ᠪᠠ ᠵᠠᠪᠠᠯ  ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ  ᠭᠡᠷ ᠪᠦᠯᠢ ᠶᠢ ᠬᠢᠨᠠᠨ ᠬᠠᠷᠭᠤᠭᠤᠯᠵᠤ ᠨᠤᠲᠠᠯᠠᠬᠤ ᠠᠵᠢᠯ ᠢ ᠬᠠᠷᠢᠭᠤᠴᠠᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠭᠢᠯᠡᠭᠦ ᠭᠠᠵᠠᠷ︶ ᠨᠤᠭᠤᠳ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ  ᠭᠦᠷᠳᠡᠭᠦ ᠳᠤ ᠬᠠᠪᠢᠳᠠᠵᠤ  ᠪᠠᠶᠢᠭ᠎ᠠ  ᠭᠡᠷ  ᠪᠦᠯᠢ ᠪᠣᠯᠣᠨ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠭ᠎ᠠ ᠭᠡᠷ ᠪᠦᠯᠢ ᠶᠢ ᠭᠥᠯᠢᠶᠡᠨ ᠠᠪᠴᠤ ᠰᠢᠢᠳᠪᠦᠷᠢᠯᠡᠬᠦ᠂ ᠠᠩᠬ᠎ᠠ ᠬᠢᠨᠠᠬᠤ ᠵᠡᠷᠭᠡ ᠠᠵᠢᠯ ᠢ ᠬᠠᠷᠢᠭᠤᠴᠠᠨ᠎ᠠ᠃ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠂ ᠡᠷᠦᠭᠡ ᠳᠤ ᠬᠦᠷᠴᠦ ᠪᠠᠶᠢᠴᠠᠭᠠᠯᠲᠠ ᠬᠢᠬᠦ᠂ ᠲᠥᠷᠥ ᠶᠢᠨ  ᠪᠣᠳᠣᠯᠭ᠎ᠠ ᠶᠢᠨ ᠤᠬᠠᠭᠤᠯᠭ᠎ᠠ ᠬᠢᠬᠦ  ᠵᠡᠷᠭᠡ ᠠᠵᠢᠯ ᠳᠤ ᠬᠠᠮᠵᠢᠯᠴᠠᠬᠤ ᠪᠥᠭᠡᠳ ᠰᠠᠶᠢᠲᠤᠷ  ᠬᠢᠵᠦ᠂ ᠪᠡᠶ᠎ᠡ ᠪᠠᠨ ᠳᠠᠭᠠᠭᠠᠵᠤ ᠭᠤᠶᠤᠴᠢᠯᠠᠬᠤ ᠳᠤ ᠬᠦᠴᠢᠷᠳᠡᠯᠲᠡᠢ ᠭᠡᠷ ᠪᠦᠯᠢ ᠶᠢ ᠬᠠᠪᠰᠤᠷᠤᠨ ᠭᠤᠶᠤᠴᠢᠯᠠᠯ ᠢ ᠳᠡᠪᠰᠢᠭᠦᠯᠦᠨ᠎ᠡ ᠭᠡᠵᠦ ᠴᠢᠬᠤᠯᠠᠴᠢᠯᠠᠪᠠ᠃      ︽ᠠᠷᠭ᠎ᠠ︾ ᠳᠤ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠬᠠᠪᠢᠳᠠᠵᠤ ᠪᠠᠶᠢᠭ᠎ᠠ ᠭᠡᠷ ᠪᠦᠯᠢ ᠶᠢᠨ 3 ᠵᠦᠢᠯ ᠤᠨ ᠬᠢᠨᠠᠨ ᠲᠣᠭᠲᠠᠭᠠᠬᠤ ᠨᠥᠬᠦᠴᠡᠯ ᠢ ᠨᠠᠷᠢᠯᠢᠭᠵᠢᠭᠤᠯᠪᠠ᠂ ᠲᠤᠬᠠᠶᠢᠯᠠᠪᠠᠯ᠄ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠳᠤᠮᠳᠠᠴᠢ ᠶᠢᠨ ᠣᠷᠣᠯᠭ᠎ᠠ ᠨᠢ ᠲᠤᠬᠠᠢ ᠶᠢᠨ ᠭᠠᠵᠠᠷ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢᠨ 1.5 ᠳᠠᠭᠢᠨ ᠠᠴᠠ ᠳᠣᠣᠷ᠎ᠠ ᠪᠠᠶᠢᠬᠤ︔ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠰᠠᠨ ᠦᠭᠡᠢ ᠪᠠᠶᠢᠬᠤ ᠵᠡᠷᠭᠡ ᠪᠣᠯᠣᠨ᠎ᠠ᠃      ︽ᠠᠷᠭ᠎ᠠ︾ ᠳᠤ ᠵᠠᠪᠠᠯ ᠭᠠᠷᠭᠠᠬᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠭᠡᠷ ᠪᠦᠯᠢ ᠪᠠᠷ ᠬᠢᠨᠠᠨ ᠲᠣᠭᠲᠠᠭᠠᠬᠤ 4 ᠵᠦᠢᠯ ᠤᠨ ᠨᠥᠬᠦᠴᠡᠯ ᠢ ᠨᠠᠷᠢᠯᠢᠭᠵᠢᠭᠤᠯᠪᠠ᠂ ᠲᠤᠬᠠᠶᠢᠯᠠᠪᠠᠯ᠄ ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠬᠥᠮᠥᠨ ᠳᠤᠮᠳᠠᠴᠢ ᠶᠢᠨ ᠣᠷᠣᠯᠭ᠎ᠠ ᠨᠢ ᠲᠦᠷᠦᠭᠦᠦ ᠵᠢᠯ ᠤᠨ ᠲᠤᠬᠠᠢ ᠶᠢᠨ ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ ᠠᠴᠠ ᠳᠣᠣᠷ᠎ᠠ ᠪᠠᠶᠢᠬᠤ︔ ᠭᠡᠷ ᠪᠦᠯᠢ  ᠶᠢᠨ ᠪᠦᠷᠢᠯᠳᠦᠭᠦᠨ ᠤ ᠡᠮ ᠡᠮᠨᠡᠯᠭᠡ᠂ ᠰᠤᠷᠭᠠᠨ ᠬᠥᠮᠦᠵᠢᠯ᠂ ᠡᠷᠡᠭᠦᠯᠵᠢᠯ ᠵᠢᠴᠢ ᠰᠠᠨᠠᠭᠠᠨ ᠳᠤ ᠦᠭᠡᠢ ᠬᠡᠷᠡᠭ ᠵᠡᠷᠭᠡ ᠵᠠᠶᠢᠯᠠᠰᠢ ᠦᠭᠡᠢ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠨᠢ ᠭᠡᠷ ᠪᠦᠯᠢ ᠶᠢᠨ ᠶᠡᠷᠦᠩᠬᠡᠢ ᠣᠷᠣᠯᠭ᠎ᠠ ᠶᠢᠨ70% ᠶᠢ ᠳᠠᠪᠠᠭᠰᠠᠨ ᠪᠤᠶᠤ ᠡᠮ ᠡᠮᠨᠡᠯᠭᠡ ᠪᠣᠯᠣᠨ ᠰᠠᠨᠠᠭᠠᠨ ᠳᠤ ᠦᠭᠡᠢ ᠬᠡᠷᠡᠭ ᠠᠴᠠ ᠪᠣᠯᠤᠭᠰᠠᠨ ᠵᠠᠶᠢᠯᠠᠰᠢ ᠦᠭᠡᠢ ᠵᠠᠷᠤᠯᠭ᠎ᠠ ᠶᠢᠨ ᠶᠡᠷᠦᠩᠬᠡᠢ ᠬᠡᠮᠵᠢᠶ᠎ᠡ ᠨᠢ ᠭᠡᠷ  ᠪᠦᠯᠢ ᠶᠢᠨ ᠶᠡᠷᠦᠩᠬᠡᠢ ᠣᠷᠣᠯᠭ᠎ᠠ ᠶᠢᠨ 60% ᠠᠴᠠ ᠭᠡᠳᠦᠷᠡᠭᠰᠡᠨ︔ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠲᠤᠬᠠᠢ ᠶᠢᠨ ᠭᠠᠵᠠᠷ ᠤᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ︔ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ᠂ ᠣᠨᠴᠠ ᠬᠦᠴᠢᠷᠳᠡᠯᠲᠡᠢ ᠬᠥᠮᠥᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠰᠠᠨ ᠦᠭᠡᠢ ᠮᠥᠷᠲᠡᠭᠡᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠦᠷᠳᠡᠭᠦ ᠳᠤ ᠬᠠᠪᠢᠳᠠᠵᠤ ᠪᠠᠶᠢᠭ᠎ᠠ ᠭᠡᠷ ᠪᠦᠯᠢ ᠪᠠᠷ ᠦᠨᠡᠯᠡᠨ ᠲᠣᠭᠲᠠᠭᠠᠭᠰᠠᠨ ᠦᠭᠡᠢ ᠪᠠᠶᠢᠬᠤ ᠵᠡᠷᠭᠡ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号