ᠰᠠᠭᠤᠷᠢ ᠨᠢᠮᠭᠡᠨ ᠪᠠᠶᠢᠭᠰᠠᠨ ᠠᠴᠠ ᠪᠠᠨ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠣᠯ᠎ᠠ
ᠨᠡᠶᠢᠲᠡᠯᠡᠭᠰᠡᠨ ᠴᠠᠭ᠄
2024/9/12
     - 75 ᠵᠢᠯ ᠡᠷᠡᠮᠡᠬᠡᠶᠢᠯᠡᠨ ᠤᠷᠤᠭᠰᠢᠯᠠᠭᠰᠠᠨ ᠥᠪᠥᠷ  ᠮᠣᠩᠭᠤᠯ · ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠠᠭᠤᠳᠠᠰᠤ      ᠡᠨᠧᠷᠭᠢ ᠪᠣᠯ ᠤᠯᠤᠰ ᠠᠷᠠᠳ ᠤᠨ ᠠᠵᠤ ᠠᠬᠤᠢ ᠶᠢᠨ ᠠᠮᠢᠨ ᠰᠤᠳᠠᠰᠤ᠂ ᠬᠥᠮᠥᠨ ᠲᠥᠷᠥᠯᠬᠢᠲᠡᠨ ᠤ ᠣᠷᠣᠰᠢᠨ ᠲᠣᠭᠲᠠᠨᠢᠬᠤ ᠪᠠ ᠬᠥᠭᠵᠢᠬᠦ ᠪᠣᠳᠠᠰ ᠤᠨ ᠰᠠᠭᠤᠷᠢ ᠪᠢᠯᠡ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠥᠪᠥᠷ ᠮᠣᠩᠭᠤᠯ ᠤᠨ ᠡᠨᠧᠷᠭᠢ ᠶᠢᠨ ᠬᠥᠭᠵᠢᠯᠲᠡ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠵᠦ᠂ ᠭᠠᠵᠠᠷ ᠣᠷᠣᠨ ᠤ  ᠠᠵᠤ ᠠᠬᠤᠢ ᠶᠢᠨ ᠬᠥᠭᠵᠢᠯᠲᠡ ᠳᠤ ᠡᠷᠴᠢᠮᠲᠡᠢ ᠲᠤᠯᠭᠠᠭᠤᠷᠢᠯᠠᠯ ᠬᠠᠩᠭᠠᠪᠠ᠃      ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠡᠬᠢᠨ ᠤ ᠦᠶ᠎ᠡ ᠳᠤ  ᠥᠪᠥᠷ ᠮᠣᠩᠭᠤᠯ ᠤᠨ ᠡᠨᠧᠷᠭᠢ  ᠶᠢᠨ ᠰᠠᠭᠤᠷᠢ ᠨᠢᠮᠭᠡᠨ᠂ ᠦᠢᠯᠡᠳᠪᠦᠷᠢᠯᠡᠯ ᠤᠨ ᠴᠢᠳᠠᠪᠤᠷᠢ ᠬᠦᠷᠦᠯᠴᠡᠬᠦ ᠦᠭᠡᠢ᠂ ᠦᠢᠯᠡᠳᠪᠦᠷᠢᠯᠡᠯ ᠤᠨ ᠲᠦᠪᠰᠢᠨ ᠳᠣᠣᠷ᠎ᠠ ᠪᠠᠶᠢᠪᠠ᠃ ᠣᠷᠣᠨ ᠤ ᠳᠣᠲᠣᠷ᠎ᠠ ᠵᠥᠪᠭᠡᠨ 27 ᠨᠡᠭᠦᠷᠡᠰᠦᠨ ᠠᠭᠤᠷᠬᠠᠢ ᠲᠠᠢ᠂ ᠨᠡᠭᠦᠷᠡᠰᠦᠨ ᠠᠭᠤᠷᠬᠠᠢ ᠶᠢᠨ ᠠᠵᠢᠯᠲᠠᠨ ᠠᠵᠢᠯᠴᠢᠨ ᠮᠢᠩᠭ᠎ᠠ ᠭᠠᠷᠤᠶᠢᠬᠠᠨ ᠪᠠᠶᠢᠵᠤ᠂ ᠬᠥᠮᠥᠨ ᠤ ᠬᠦᠴᠦᠨ ᠪᠤᠶᠤ ᠮᠠᠯ ᠤᠨᠤᠭ᠎ᠠ ᠶᠢᠨ  ᠬᠦᠴᠦᠨ  ᠳᠤ ᠲᠦᠰᠢᠭᠯᠡᠵᠦ ᠨᠡᠭᠦᠷᠡᠰᠦ ᠮᠠᠯᠲᠠᠵᠤ ᠪᠠᠶᠢᠵᠠᠢ᠃ 1949 ᠣᠨ ᠳᠤ᠂ ᠪᠦᠭᠦ ᠣᠷᠣᠨ ᠳᠤ ᠵᠥᠪᠭᠡᠨ 11 ᠴᠠᠭᠢᠯᠭᠠᠨ  ᠤ ᠦᠢᠯᠡᠳᠪᠦᠷᠢ ᠲᠠᠢ᠂ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠨᠢ 1.48 ᠲᠦᠮᠡᠨ ᠺᠢᠯᠣᠸᠠᠲ ᠪᠠᠶᠢᠵᠤ᠂ ᠴᠠᠭᠢᠯᠭᠠᠨ ᠭᠠᠷᠭᠠᠬᠤ ᠬᠡᠮᠵᠢᠶ᠎ᠡ 0.12 ᠳ᠋ᠦᠩᠰᠢᠭᠤᠷ ᠺᠢᠯᠣᠸᠠᠲ ᠴᠠᠭ ᠯᠡ ᠪᠠᠶᠢᠪᠠ᠃      ᠤᠳᠤ ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠨ ᠡᠨᠧᠷᠭᠢ ᠶᠢᠨ ᠦᠢᠯᠡᠰ ᠲᠠᠪᠠᠯᠳᠠᠳᠤ ᠮᠠᠶ᠋ᠢᠭ ᠤᠨ ᠬᠥᠭᠵᠢᠯᠲᠡ ᠲᠠᠢ ᠪᠣᠯᠵᠤ᠂ ᠡᠨᠧᠷᠭᠢ ᠶᠢᠨ ᠦᠢᠯᠡᠳᠪᠦᠷᠢᠯᠡᠯ ᠤᠨ ᠶᠡᠷᠦᠩᠬᠡᠢ ᠬᠡᠮᠵᠢᠶ᠎ᠡ ᠪᠦᠭᠦ ᠤᠯᠤᠰ ᠤᠨ 1/6 ᠣᠷᠴᠢᠮ ᠢ ᠡᠵᠡᠯᠡᠨ᠂ ᠡᠨᠧᠷᠭᠢ ᠶᠢ ᠭᠠᠳᠠᠭᠰᠢ ᠬᠦᠷᠭᠡᠬᠦ ᠬᠡᠮᠵᠢᠶ᠎ᠡ ᠪᠦᠭᠦ ᠤᠯᠤᠰ ᠤᠨ ᠣᠷᠣᠨ ᠠᠯᠤᠰᠯᠠᠭᠰᠠᠨ ᠡᠨᠧᠷᠭᠢ ᠶᠢ ᠭᠠᠳᠠᠭᠰᠢ ᠬᠦᠷᠭᠡᠬᠦ ᠶᠡᠷᠦᠩᠬᠡᠢ ᠬᠡᠮᠵᠢᠶ᠎ᠡ ᠶᠢᠨ 1/3 ᠶᠢ ᠡᠵᠡᠯᠡᠵᠦ᠂ ᠨᠡᠭᠦᠷᠡᠰᠦ᠂ ᠴᠠᠭᠢᠯᠭᠠᠨ ᠬᠦᠴᠦᠨ᠂ ᠰᠢᠨ᠎ᠡ ᠡᠨᠧᠷᠭᠢ ᠪᠠ ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠪᠦᠭᠦ ᠲᠠᠯ᠎ᠠ ᠪᠠᠷ ᠬᠥᠭᠵᠢᠵᠡᠢ᠃ 2023 ᠣᠨ ᠳᠤ ᠪᠦᠭᠦ ᠣᠷᠣᠨ ᠤ ᠨᠡᠭᠦᠷᠡᠰᠦᠨ ᠤ ᠭᠠᠷᠤᠯᠲᠠ 12.2 ᠳ᠋ᠦᠩᠰᠢᠭᠤᠷ ᠲᠣᠨ ᠳᠤ ᠬᠦᠷᠴᠦ᠂ 9.45 ᠳ᠋ᠦᠩᠰᠢᠭᠤᠷ ᠲᠣᠨ ᠨᠡᠭᠦᠷᠡᠰᠦ ᠬᠠᠩᠭᠠᠬᠤ ᠶᠢ ᠪᠠᠲᠤᠯᠠᠬᠤ ᠡᠭᠦᠷᠭᠡ ᠶᠢ ᠪᠡᠶᠡᠯᠡᠭᠦᠯᠦᠨ᠂ ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ 2 ᠳ᠋ᠦᠩᠰᠢᠭᠤᠷ ᠺᠢᠯᠣᠸᠠᠲ ᠢ ᠳᠠᠪᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ᠂ ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠵᠢᠴᠢ ᠰᠢᠨ᠎ᠡ ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠵᠢᠴᠢ ᠭᠠᠳᠠᠭᠰᠢ ᠬᠦᠷᠭᠡᠬᠦ ᠴᠠᠭᠢᠯᠭᠠᠨ ᠤ ᠬᠡᠮᠵᠢᠶ᠎ᠡ᠂ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠬᠡᠮᠵᠢᠶ᠎ᠡ᠂ ᠨᠡᠭᠦᠷᠡᠰᠦ ᠪᠠᠷ ᠰᠢᠲᠠᠮᠠᠬᠠᠢ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠵᠡᠷᠭᠡ ᠲᠠᠯ᠎ᠠ ᠪᠠᠷ ︽ᠪᠦᠭᠦ ᠤᠯᠤᠰ ᠤᠨ 10 ᠨᠢᠭᠡᠳᠦᠭᠡᠷ︾   ᠲᠤ ᠣᠷᠣᠵᠤ᠂ 29 ᠮᠤᠵᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠡᠷᠡᠭᠴᠡᠭᠡ ᠶᠢ ᠪᠠᠲᠤᠯᠠᠵᠤ᠂ ᠶᠡᠭᠡ ᠲᠠᠯ᠎ᠠ ᠳᠤ ᠦᠢᠯᠡᠴᠢᠯᠡᠨ ᠤᠯᠤᠰ ᠤᠨ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠥᠪᠥᠷ ᠮᠣᠩᠭᠤᠯ ᠤᠨ ᠬᠠᠷᠢᠭᠤᠴᠠᠯᠭ᠎ᠠ ᠡᠭᠦᠷᠭᠡᠯᠡᠯ ᠢ ᠭᠦᠢᠴᠡᠳ ᠢᠯᠡᠷᠡᠭᠦᠯᠵᠡᠢ᠃      ᠡᠷᠡᠮᠡᠬᠡᠶᠢᠯᠡᠨ ᠤᠷᠤᠭᠰᠢᠯᠠᠭᠰᠠᠨ 75 ᠵᠢᠯ ᠳᠤ᠂ ᠥᠪᠥᠷ ᠮᠣᠩᠭᠤᠯ ᠤᠨ ᠡᠨᠧᠷᠭᠢ ᠶᠢᠨ ᠦᠢᠯᠡᠰ ᠪᠠᠭ᠎ᠠ ᠠᠴᠠ ᠶᠡᠭᠡ ᠪᠣᠯᠵᠤ᠂ ᠪᠠᠭᠤᠷᠠᠢ ᠠᠴᠠ ᠬᠦᠴᠦᠷᠬᠡᠭ ᠪᠣᠯᠤᠭᠰᠠᠨ ᠪᠠᠭ᠋ᠠᠳᠤᠮ᠎ᠠ ᠬᠤᠪᠢᠷᠠᠯᠲᠠ ᠭᠠᠷᠪᠠ᠃ ᠡᠨᠡ ᠬᠦ ᠠᠮᠵᠢᠯᠲᠠ ᠪᠦᠲᠦᠮᠵᠢ ᠨᠢ  ᠥᠪᠥᠷ ᠮᠣᠩᠭᠤᠯ ᠤᠨ ᠢᠮᠠᠭᠲᠠ ᠪᠠᠷᠢᠮᠲᠠᠯᠠᠭᠰᠠᠭᠠᠷ ᠢᠷᠡᠭᠰᠡᠨ ᠡᠨᠧᠷᠭᠢ ᠶᠢᠨ ᠦᠢᠯᠡᠰ ᠢ ᠪᠣᠬᠢᠷᠳᠤᠯ ᠦᠭᠡᠢ ᠲᠡᠶᠢᠰᠢ ᠭᠡᠯᠪᠡᠷᠢ ᠶᠢ ᠨᠢ ᠬᠤᠪᠢᠷᠠᠭᠤᠯᠬᠤ ᠰᠦᠪᠡᠭᠴᠢᠯᠡᠯᠲᠡ ᠳᠤ ᠪᠠᠶᠢᠭ᠎ᠠ ᠶᠤᠮ᠃      ᠨᠡᠭᠦᠷᠡᠰᠦ ᠪᠠᠷ ᠭᠤᠣᠯ ᠪᠤᠯᠭᠠᠵᠦ ᠪᠠᠶᠢᠭᠰᠠᠨ ᠨᠢ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ  ᠶᠢᠨ ᠲᠣᠪᠣᠶᠢᠮ᠎ᠠ ᠣᠨᠴᠠᠯᠢᠭ ᠪᠣᠯᠣᠨ᠎ᠠ᠃ ︽ᠬᠠᠷ᠎ᠠ ᠠᠯᠳᠠ︾ ᠶᠢᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠥᠪᠥᠷ ᠮᠣᠩᠭᠤᠯ ᠤᠨ ᠠᠵᠤ ᠠᠬᠤᠢ ᠨᠢᠭᠡᠨ ᠦᠶ᠎ᠡ ᠭᠡᠷᠡᠯ ᠰᠠᠴᠤᠷᠠᠩᠭᠤᠢ ᠠᠮᠵᠢᠯᠲᠠ ᠳᠤ ᠬᠦᠷᠴᠦ ᠪᠠᠶᠢᠪᠠ᠃  ᠭᠡᠪᠡᠴᠦ ᠡᠭᠦᠨ ᠤ ᠬᠠᠮᠲᠤ᠂ ᠠᠵᠤ ᠦᠢᠯᠡᠰ ᠤᠨ ᠪᠦᠲᠦᠴᠡ ᠳᠠᠩ ᠴᠤᠯᠭᠤᠢ᠂ ᠬᠥᠭᠵᠢᠯᠲᠡ ᠶᠢᠨ ᠠᠷᠭ᠎ᠠ ᠭᠡᠯᠪᠡᠷᠢ ᠪᠦᠳᠦᠭᠦᠯᠢᠭ᠂ ᠦᠷᠭᠦᠯᠵᠢᠯᠡᠨ ᠬᠥᠭᠵᠢᠬᠦ ᠬᠦᠴᠦᠨ ᠮᠡᠬᠦᠰ ᠪᠠᠶᠢᠬᠤ ᠮᠡᠲᠦ ᠶᠢᠨ ᠬᠦᠷᠦᠯᠴᠡᠬᠦ  ᠦᠭᠡᠢ ᠲᠠᠯ᠎ᠠ ᠴᠤ ᠠᠭᠠᠵᠢᠮ ᠢᠶᠠᠷ ᠲᠤᠪᠤᠶᠢᠪᠠ᠃        ᠠᠵᠤ ᠦᠢᠯᠡᠰ ᠤᠨ ᠪᠦᠲᠦᠴᠡ ᠲᠠᠩ ᠴᠤᠯᠭᠤᠢ ᠪᠠᠶᠢᠬᠤ ᠬᠥᠭᠵᠢᠯᠲᠡ ᠶᠢᠨ ᠬᠦᠴᠢᠷᠳᠡᠯ ᠢ ᠢᠯᠠᠨ ᠳᠠᠪᠠᠭ᠋ᠤ  ᠶᠢᠨ ᠲᠥᠯᠥᠭᠡ᠂ ᠥᠪᠥᠷ ᠮᠣᠩᠭᠤᠯ ᠤᠤᠯ ᠤᠨ ᠳᠥᠭᠦᠮᠬᠡᠨ ᠢᠶᠠᠷ ︽ᠨᠡᠭᠦᠷᠡᠰᠦ ᠮᠠᠯᠲᠠᠵᠤ ᠨᠡᠭᠦᠷᠡᠰᠦ ᠬᠤᠳᠠᠯᠳᠤᠬᠤ︾ ᠪᠠᠶᠢᠳᠠᠯ ᠢᠶᠠᠨ ᠬᠤᠪᠢᠷᠠᠭᠤᠯᠵᠤ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠰᠢᠭᠰᠢᠭᠳᠡᠭᠦᠯᠬᠦ ᠶᠢᠨ ᠬᠠᠮᠲᠤ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠡᠬᠢ ᠪᠠᠶᠠᠯᠢᠭ ᠢ ᠣᠨᠳᠣᠣᠰᠢᠭᠤᠯᠤᠨ ᠦᠷᠳᠡᠭ ᠢ ᠨᠢ ᠨᠡᠮᠡᠭᠳᠡᠭᠦᠯᠬᠦ᠂ ᠡᠷᠭᠢᠯᠲᠡᠲᠦ ᠬᠥᠭᠵᠢᠯᠲᠡ ᠶᠢᠨ ᠵᠠᠮ ᠢᠶᠠᠷ ᠵᠠᠮᠨᠠᠭᠤᠯᠪᠠ᠃      ᠠᠯᠲᠠᠨ ᠨᠠᠮᠤᠷ ᠤᠨ ᠤᠯᠠᠷᠢᠯ ᠳᠤ᠂ ᠣᠷᠳᠣᠰ ᠬᠤᠲᠠ ᠳᠤ ᠪᠠᠶᠢᠷᠢᠯᠠᠵᠤ ᠪᠠᠶᠢᠭ᠎ᠠ ᠵᠢᠦ ᠲᠠᠢ ᠡᠨᠧᠷᠭᠢ ᠶᠢᠨ ᠥᠪᠥᠷ ᠮᠣᠩᠭᠤᠯ ᠤᠨ ᠬᠢᠵᠠᠭᠠᠷᠲᠤ ᠺᠤᠮᠫᠠᠨᠢ ᠶᠢᠨ ᠪᠥᠭᠡᠭᠡᠨᠡᠷᠡᠯ ᠫᠷᠤᠫᠧᠨ ᠤ ᠠᠦ᠋ᠲ᠋ᠣ᠋ ᠪᠠᠷ ᠪᠣᠭᠤᠳᠠᠯᠯᠠᠬᠤ ᠲᠠᠰᠤᠭ  ᠲᠤ ᠣᠷᠣᠬᠤᠯᠠᠷ᠂ ᠤᠯᠠᠨ ᠵᠤᠷᠪᠤᠰ ᠠᠦ᠋ᠲ᠋ᠣ᠋ ᠦᠢᠯᠡᠳᠪᠦᠷᠢᠯᠡᠯ ᠤᠨ ᠱᠤᠭᠤᠮ ᠵᠣᠭᠰᠣᠯ ᠦᠭᠡᠢ ᠡᠷᠭᠢᠯᠳᠦᠵᠦ ᠪᠠᠶᠢᠯ᠎ᠠ᠃ ᠭᠢᠯᠲᠠᠭᠠᠨᠠᠮ᠎ᠠ ᠴᠠᠭᠠᠨ ᠪᠥᠭᠡᠭᠡᠨᠡᠷᠡᠯ ᠫᠷᠤᠫᠧᠨ ᠤ ᠮᠥᠬᠦᠯᠢᠭ ᠪᠣᠯ ᠬᠠᠷ᠎ᠠ ᠨᠡᠭᠦᠷᠡᠰᠦ ᠠᠴᠠ ᠬᠤᠪᠢᠷᠠᠵᠤ ᠢᠷᠡᠵᠠᠢ ᠭᠡᠵᠦ ᠬᠥᠮᠥᠰ ᠨᠡᠬᠡᠷᠡᠨ ᠲᠥᠰᠥᠭᠡᠯᠡᠬᠦᠶ᠎ᠡ ᠪᠡᠷᠬᠡ ᠶᠤᠮ᠃      ᠣᠷᠳᠣᠰ ᠬᠤᠳᠠ ᠨᠡᠭᠦᠷᠡᠰᠦᠨ ᠤ ᠠᠵᠤ ᠦᠢᠯᠡᠰ ᠤᠨ ︽ᠲᠣᠭᠲᠠᠪᠤᠷᠢᠵᠢᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠭᠦᠷᠡᠰᠦ ᠶᠢ ᠴᠡᠪᠡᠷ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠤᠨ᠂ ︽ᠬᠡᠰᠡᠭ ᠨᠡᠭᠦᠷᠡᠰᠦ︾ ᠠᠴᠠ ︽ᠰᠢᠷᠬᠡᠭ ᠪᠥᠰ︾ ᠬᠦᠷᠴᠦ᠂ ᠳᠡᠭᠡᠳᠦ ᠲᠡᠰ ᠤᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠬᠦᠷᠲᠡᠯᠡᠬᠢ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠨᠡᠭᠦᠷᠡᠰᠦᠨ ᠤ ᠲᠦᠭᠦᠬᠡᠢ ᠡᠳ᠋ ᠠᠴᠠ ᠪᠣᠳᠠᠲᠤ ᠮᠠᠲ᠋ᠧᠷᠢᠶᠠᠯ ᠪᠣᠯᠵᠤ᠂ ᠳᠣᠣᠷᠠᠳᠤ ᠲᠡᠰ ᠤᠨ ᠦᠢᠯᠡᠳᠬᠦᠨ ᠦᠢᠯᠡᠳᠬᠦ ᠠᠴᠠ ᠳᠡᠭᠡᠳᠦ ᠲᠡᠰ ᠤᠨ ᠦᠢᠯᠡᠳᠬᠦᠨ ᠦᠢᠯᠡᠳᠬᠦ ᠠᠵᠤ ᠦᠢᠯᠡᠰ ᠤᠨ ᠲᠡᠰ ᠳᠡᠪᠰᠢᠯᠳᠠ ᠶᠢ ᠪᠡᠶᠡᠯᠡᠭᠦᠯᠪᠡ᠃ 2023 ᠣᠨ ᠳᠤ  ᠣᠷᠳᠣᠰ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠶᠢ ᠪᠤᠯᠪᠠᠰᠤᠷᠠᠭᠤᠯᠵᠤ ᠣᠨᠳᠣᠣᠰᠢᠭᠤᠯᠬᠤ ᠨᠤᠷᠮ᠎ᠠ 68.1% ᠳᠤ ᠬᠦᠷᠴᠦ᠂ ᠨᠡᠭᠦᠷᠡᠰᠦ ᠶᠢ ᠲᠤᠬᠠᠢ ᠶᠢᠨ ᠭᠠᠵᠠᠷ ᠲᠤᠨᠢ ᠣᠨᠳᠣᠣᠰᠢᠭᠤᠯᠬᠤ ᠨᠣᠷᠮ᠎ᠠ 20.6% ᠳᠤ ᠭᠦᠷᠪᠡ᠃      ᠤᠳᠤ ᠥᠪᠥᠷ ᠮᠣᠩᠭᠤᠯ ᠨᠢᠭᠡᠨᠲᠡ ᠨᠡᠭᠦᠷᠡᠰᠦ ᠪᠠᠷ ᠰᠠᠭᠤᠷᠢ ᠪᠣᠯᠭᠠᠨ᠂ ᠠᠵᠤ ᠦᠢᠯᠡᠰ ᠤᠨ ᠬᠡᠯᠬᠢᠶ᠎ᠡ ᠶᠢᠨ ᠡᠴᠦᠰ ᠤᠨ ᠦᠢᠯᠡᠳᠬᠦᠨ ᠲᠡᠶᠢᠰᠢ ᠥᠷᠭᠡᠵᠢᠬᠦ ᠳᠡᠭᠡᠳᠦ ᠳᠡᠰᠵᠢᠭᠰᠡᠨ᠂ ᠴᠢᠨᠠᠷ ᠰᠠᠶᠢᠲᠠᠢ᠂ ᠳᠡᠭᠡᠳᠦ ᠰᠢᠨ᠎ᠡ ᠡᠭᠦᠳᠦᠯᠲᠡ ᠶᠢᠨ ᠡᠷᠭᠢᠯᠲᠡᠲᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠪᠠ᠃ 2023 ᠣᠨ ᠳᠤ ᠥᠪᠥᠷ ᠮᠣᠩᠭᠤᠯ  ᠤᠨ ᠨᠡᠭᠦᠷᠡᠰᠦᠨ ᠤ ᠪᠤᠰᠤ ᠠᠵᠤ ᠦᠢᠯᠡᠰ ᠲᠦᠷᠭᠡᠨ ᠬᠥᠭᠵᠢᠵᠦ᠂ ᠨᠡᠮᠡᠭᠳᠡᠯ ᠤᠨ ᠬᠡᠮᠵᠢᠶ᠎ᠡ 12.1% ᠳᠤ ᠭᠦᠷᠪᠡ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠨᠡᠮᠡᠭᠳᠡᠯ ᠥᠷᠲᠡᠭ 15.4% ᠪᠠᠷ ᠨᠡᠮᠡᠭᠳᠡᠵᠦ᠂ ᠪᠦᠭᠦ ᠪᠥᠮᠪᠥᠷᠴᠡᠭ ᠤᠨ ᠬᠠᠮᠤᠭ ᠤᠨ ᠶᠡᠭᠡ ᠪᠣᠬᠢᠷᠳᠤᠯ ᠦᠭᠡᠢ ᠤᠰᠤᠲᠥ᠋ᠷᠥᠭᠴᠢ ᠪᠠ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠲᠥᠷᠥᠯ ᠵᠦᠢᠯ ᠢ ᠪᠦᠲᠦᠭᠡᠨ ᠪᠠᠶᠢᠭᠤᠯᠵᠤ ᠡᠬᠢᠯᠡᠨ᠂ ᠨᠡᠭᠦᠷᠡᠰᠦ ᠪᠠᠷ ᠡᠲ᠋ᠠ ᠬᠤᠶᠠᠷᠴᠢ ᠠᠯᠺᠤᠣᠯ ᠦᠢᠯᠡᠳᠬᠦ᠂ ᠨᠡᠭᠦᠷᠡᠰᠦ ᠪᠠᠷ ᠠᠯᠺᠧᠨ ᠨᠡᠭᠦᠷᠦᠭᠴᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠴᠥᠮ ᠪᠦᠭᠦ ᠤᠯᠤᠰ ᠤᠨ ᠬᠤᠶᠠᠳᠤᠭᠠᠷ ᠲᠤ ᠵᠢᠭᠰᠠᠪᠠ᠃      ᠡᠯᠡᠰᠦᠨ ᠴᠦᠯ ᠳᠤ ᠦᠷᠭᠦᠯᠵᠢᠯᠡᠭᠰᠡᠨ ᠭᠡᠷᠡᠯᠴᠢ ᠴᠡᠨᠡᠭ ᠤᠨ ᠬᠠᠪᠲᠠᠰᠤ ᠨᠤᠭᠤᠳ ᠲᠡᠯᠡᠶ ᠮᠡᠲᠦ ᠳᠠᠪᠠᠯᠭᠠᠯᠠᠨ ᠬᠠᠷᠠᠭᠳᠠᠨ᠎ᠠ᠃ ᠠᠭᠤᠯᠠᠰ ᠤᠨ ᠬᠥᠲᠥᠯ ᠢᠶᠠᠷ᠂ ᠰᠠᠯᠬᠢᠨ ᠬᠦᠴᠦ ᠪᠠᠷ ᠴᠠᠭᠢᠯᠭᠠᠨ ᠭᠠᠷᠭᠠᠬᠤ ᠲᠣᠮᠣ ᠲᠣᠮᠣ ᠰᠡᠩᠰᠡ  ᠨᠦᠭᠦᠳ  ᠰᠡᠬᠦᠶᠢᠨ ᠰᠦᠨᠳᠡᠷᠯᠡᠨ᠎ᠡ ᠁ ᠥᠪᠥᠷ ᠮᠣᠩᠭᠤᠯ ᠳᠤ ᠨᠡᠭᠦᠷᠡᠰᠦ ᠡᠯᠪᠡᠭ ᠭᠠᠷᠬᠤ ᠪᠠᠷ ᠪᠠᠷᠠᠬᠤ ᠦᠭᠡᠢ᠂  ᠰᠠᠯᠬᠢ ᠪᠠ ᠨᠠᠷᠠᠨ ᠤ ᠡᠨᠧᠷᠭᠢ ᠶᠢᠨ ᠡᠬᠢ ᠪᠠᠶᠠᠯᠢᠭ ᠴᠣ᠋ ᠡᠯᠪᠡᠭ ᠳᠡᠯᠪᠡᠭ ᠪᠠᠶᠢᠵᠤ᠂ ᠪᠣᠬᠢᠷᠳᠤᠯ ᠦᠭᠡᠢ ᠡᠨᠧᠷᠭᠢ ᠶᠢᠨ ᠦᠢᠯᠡᠰ ᠣᠷᠣᠨ ᠳᠠᠶᠠᠭᠠᠷ ᠥᠷᠨᠢᠭᠦᠨ ᠬᠥᠭᠵᠢᠨ᠎ᠡ᠃      ᠥᠪᠡᠷᠮᠢᠴᠡ ᠳᠠᠪᠠᠭᠤᠯᠢᠭ ᠲᠠᠭᠠᠨ ᠰᠠᠭᠤᠷᠢᠯᠠᠵᠤ᠂ ᠥᠪᠥᠷ ᠮᠣᠩᠭᠤᠯ ︽ᠪᠣᠬᠢᠷᠳᠤᠯ ᠦᠭᠡᠢ︾ ᠲᠡᠶᠢᠰᠢ ᠤᠷᠤᠭᠰᠢᠯᠠᠵᠤ᠂ ︽ᠰᠢᠨ᠎ᠡ︾ ᠲᠡᠶᠢᠰᠢ ᠬᠥᠭᠵᠢᠨ᠂ ︽ᠬᠤᠶᠠᠷ ᠢ ᠤᠷᠢᠳ ᠢᠶᠠᠷ ᠪᠡᠶᠡᠯᠡᠭᠦᠯᠬᠦ︾᠂ ︽ᠬᠤᠶᠠᠷ ᠢ ᠳᠠᠪᠠᠭᠤᠯᠬᠤ︾ ᠬᠠᠷᠠᠯᠲᠠ ᠶᠢ ᠳᠤᠷᠠᠳᠴᠠᠢ᠂ ᠲᠤᠬᠠᠶᠢᠯᠠᠪᠠᠯ ᠪᠦᠭᠦ ᠤᠯᠤᠰ ᠲᠤ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠢ ᠤᠷᠢᠳ ᠢᠶᠠᠷ ᠪᠠᠶᠢᠭᠤᠯᠵᠤ᠂ ᠰᠢᠨ᠎ᠡ ᠡᠨᠧᠷᠭᠢ ᠪᠠᠷ ᠭᠤᠣᠯ ᠴᠣᠭᠴᠠ ᠪᠤᠯᠭᠠᠬᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠤᠷᠢᠳ ᠢᠶᠠᠷ ᠪᠠᠶᠢᠭᠤᠯᠤᠨ᠂ 2025 ᠣᠨ ᠪᠤᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠪᠤᠯᠬᠤ ᠳᠤ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠶᠢ ᠢᠯᠴᠢ ᠶᠢᠨ ᠴᠠᠭᠢᠯᠭᠠᠨ ᠤ ᠴᠠᠭᠢᠯᠭᠠᠨ ᠭᠠᠷᠭᠠᠬᠤ ᠶᠡᠷᠦᠩᠬᠡᠢ ᠬᠡᠮᠵᠢᠶ᠎ᠡ ᠠᠴᠠ ᠳᠠᠪᠠᠭᠤᠯᠤᠨ᠎ᠠ᠃      ᠬᠠᠷᠠᠯᠲᠠ ᠪᠠᠨ ᠪᠠᠲᠤ ᠡᠵᠡᠮᠳᠡᠵᠦ᠂ ᠥᠪᠥᠷ ᠮᠣᠩᠭᠤᠯ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ  ᠶᠢᠨ ᠰᠡᠳᠬᠢᠬᠦᠢ ᠶᠢ ᠪᠠᠷᠢᠮᠲᠠᠯᠠᠨ᠂ ᠰᠢᠨ᠎ᠡ ᠡᠨᠧᠷᠭᠢ ᠶᠢ ᠨᠡᠭᠡᠭᠡᠨ ᠠᠰᠢᠭᠯᠠᠬᠤ ᠪᠠ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠵᠤ ᠦᠢᠯᠡᠰ ᠤᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠭᠦᠭᠡᠬᠤᠲᠠ ᠪᠤᠭᠤᠲᠤ ᠣᠷᠳᠣᠰ ᠲᠦᠩᠯᠢᠶᠣᠣ ᠪᠠᠷ ᠭᠤᠣᠯᠳᠠᠯᠭ᠎ᠠ ᠪᠤᠯᠭᠠᠬᠰᠠᠨ ᠤᠯᠤᠰ ᠤᠨ ᠲᠠᠰ ᠤᠨ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠰᠠᠭᠤᠷᠢᠨ ᠢ ᠲᠦᠷᠭᠡᠳᠬᠡᠨ ᠪᠠᠶᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠨᠢᠰᠬᠦ ᠮᠡᠲᠦ ᠲᠦᠷᠭᠡᠨ ᠬᠥᠭᠵᠢᠵᠦ᠂ ᠰᠢᠨ᠎ᠡ ᠡᠨᠧᠷᠭᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠬᠠᠩᠭᠠᠯᠭ᠎ᠠ ᠶᠢᠨ ᠰᠢᠰᠲ᠋ᠧᠮ ᠤᠨ ᠰᠢᠨ᠎ᠡ ᠭᠢᠯᠠᠰ ᠴᠡᠭ ᠰᠢᠨ᠎ᠡ ᠨᠡᠷ᠎ᠡ ᠶᠢᠨ ᠬᠠᠭᠤᠳᠠᠰᠤ ᠪᠣᠯᠵᠠᠢ᠃      ᠡᠨᠡ ᠵᠢᠯ ᠤᠨ 5 ᠰᠠᠷ᠎ᠠ ᠶᠢᠨ ᠰᠡᠭᠦᠯᠴᠢ ᠪᠤᠯᠲᠠᠯ᠎ᠠ ᠪᠦᠭᠦ ᠣᠷᠣᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ 10158 ᠲᠦᠮᠡᠨ ᠺᠢᠯᠣᠸᠠᠲ ᠲᠤ ᠬᠦᠷᠴᠦ᠂ ᠴᠠᠭᠢᠯᠭᠠᠨ ᠬᠦᠴᠦᠨ ᠤ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠶᠢᠨ 45%   ᠶᠢ ᠡᠵᠡᠯᠡᠨ᠂ ᠨᠢᠳᠤᠨᠤᠨ ᠤ ᠠᠳᠠᠯᠢ ᠬᠤᠭᠤᠴᠠᠭᠠᠨ  ᠤ ᠬᠢ ᠠᠴᠠ ᠵᠠᠭᠤᠨ ᠤ ᠬᠠᠷᠢᠴᠠᠯ ᠢᠶᠠᠷ 7.3 ᠬᠤᠪᠢ ᠳᠡᠭᠡᠭᠰᠢᠯᠡᠵᠦ᠂ ᠪᠦᠭᠦ ᠤᠯᠤᠰ ᠤᠨ ᠠᠩᠬᠠᠳᠠᠭᠴᠢ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠬᠡᠪᠴᠢᠶ᠎ᠡ ᠳ᠋ᠦᠩᠰᠢᠭᠤᠷ ᠺᠢᠯᠣᠸᠠᠲ ᠢ ᠳᠠᠪᠠᠭᠰᠠᠨ ᠮᠤᠵᠢ ᠥᠪᠡᠷᠲᠡᠭᠡᠨ ᠵᠠᠰᠠᠬᠤ ᠣᠷᠣᠨ ᠪᠣᠯᠵᠠᠢ᠃ ᠰᠠᠯᠬᠢᠨ ᠬᠦᠴᠦᠨ ᠤ ᠴᠠᠭᠢᠯᠭᠠᠨ ᠢ ᠪᠦᠬᠦᠯᠢ ᠴᠣᠭᠴᠠ ᠪᠠᠷ ᠨᠢ ᠲᠥᠭᠦᠷᠵᠢᠭᠦᠯᠭᠦ ᠴᠢᠳᠠᠪᠤᠷᠢ 500 ᠲᠦᠮᠡᠨ ᠺᠢᠯᠣᠸᠠᠲ ᠲᠤ ᠬᠦᠷᠴᠦ᠂ 3050 ᠲᠦᠮᠡᠨ ᠺᠢᠯᠣᠸᠠᠲ ᠤᠨ ᠭᠡᠷᠡᠯᠴᠢ ᠴᠡᠨᠡᠭ ᠤᠨ ᠲᠣᠨᠣᠭᠯᠠᠯ ᠬᠠᠩᠭᠠᠬᠤ ᠴᠢᠳᠠᠪᠤᠷᠢ ᠲᠠᠢ ᠪᠣᠯᠵᠤ᠂ 450 ᠰᠠᠭᠤᠷᠢ ︵ᠢᠵᠢ︶ ᠤᠰᠤᠲᠥ᠋ᠷᠥᠭᠴᠢ ᠡᠨᠧᠷᠭᠢ  ᠶᠢᠨ ᠲᠣᠨᠣᠭᠯᠠᠯ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠳᠦᠭᠦᠯᠦᠨ᠂ 200 ᠲᠦᠮᠡᠨ ᠺᠢᠯᠣᠸᠠᠲ ᠴᠠᠭ  ᠤᠨ ᠡᠨᠧᠷᠭᠢ ᠨᠥᠭᠡᠴᠡᠯᠡᠬᠦ ᠲᠣᠨᠣᠭᠯᠠᠯ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠵᠤ᠂ ᠰᠠᠯᠬᠢᠨ ᠬᠦᠴᠦᠨ ᠤ ᠡᠨᠧᠷᠭᠢ ᠭᠡᠷᠡᠯᠴᠢ ᠴᠡᠨᠡᠭ ᠤᠰᠤᠲᠥ᠋ᠷᠥᠭᠴᠢ ᠡᠨᠧᠷᠭᠢ ᠨᠥᠭᠡᠴᠡ ᠡᠨᠧᠷᠭᠢ ᠶᠢᠨ ᠲᠣᠨᠣᠭᠯᠠᠯ ᠦᠢᠯᠡᠳᠬᠦ ᠪᠦᠭᠦ ᠠᠵᠤ ᠦᠢᠯᠡᠰ  ᠤᠨ ᠬᠡᠯᠬᠢᠶ᠎ᠡ ᠶᠢ ᠦᠨᠳᠦᠰᠦᠨ ᠳᠡᠭᠡᠨ ᠪᠦᠷᠢᠯᠳᠦᠭᠦᠯᠪᠡ᠃      ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ᠂ ᠨᠡᠭᠦᠷᠡᠰᠦ ᠪᠠ ᠴᠠᠭᠢᠯᠭᠠᠨ ᠲᠣᠣᠷ ᠤᠨ ᠶᠡᠷᠦᠩᠬᠡᠶᠢᠯᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂  ︽ᠨᠡᠭᠦᠷᠡᠰᠦ ᠪᠠᠷ ᠭᠤᠣᠯ ᠪᠤᠯᠭᠠᠵᠤ︾ ᠪᠠᠶᠢᠭᠰᠠᠨ ᠠᠴᠠ ᠪᠠᠨ ᠨᠡᠭᠦᠷᠡᠰᠦ᠂ ᠴᠠᠭᠢᠯᠭᠠᠨ  ᠬᠦᠴᠦ᠂ ᠴᠢᠯᠠᠭᠤᠨ ᠲᠣᠰᠣ᠂ ᠰᠢᠲᠠᠮᠠᠬᠠᠢ ᠬᠡᠢ᠂ ᠰᠠᠯᠬᠢᠨ ᠬᠦᠴᠦᠨ ᠤ ᠡᠨᠧᠷᠭᠢ᠂ ᠭᠡᠷᠡᠯᠴᠢ ᠴᠡᠨᠡᠭ᠂ ᠤᠰᠤᠲᠥ᠋ᠷᠥᠭᠴᠢ ᠡᠨᠧᠷᠭᠢ᠂ ᠨᠥᠭᠡᠴᠡ ᠡᠨᠧᠷᠭᠢ ᠶᠢ ᠵᠡᠷᠭᠡ ᠪᠠᠷ ᠬᠥᠭᠵᠢᠭᠦᠯᠬᠦ ᠪᠤᠯᠭᠠᠵᠤ᠂ ᠤᠯᠠᠨ ᠵᠦᠢᠯ ᠤᠨ ᠡᠨᠧᠷᠭᠢ ᠬᠠᠷᠢᠯᠴᠠᠨ ᠨᠥᠬᠦᠪᠦᠷᠢᠯᠡᠬᠦ᠂ ᠤᠯᠠᠨ ᠦᠢᠯᠡᠰ ᠢ ᠵᠡᠷᠭᠡ ᠪᠠᠷ ᠬᠥᠭᠵᠢᠭᠦᠯᠬᠦ᠂ ᠤᠯᠠᠨ ᠴᠡᠭ ᠢᠶᠠᠷ ᠲᠤᠯᠭᠠᠭᠤᠷᠢᠯᠠᠬᠤ᠂ ᠤᠯᠠᠨ ᠡᠰᠢᠵᠢᠨ ᠬᠥᠭᠵᠢᠬᠦ ᠡᠨᠧᠷᠭᠢ ᠶᠢᠨ ᠠᠵᠤ ᠦᠢᠯᠡᠰ ᠤᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠣᠯᠣᠨ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠠᠵᠢᠯ ᠡᠷᠴᠢᠮᠲᠡᠢ ᠶᠠᠪᠤᠭᠳᠠᠵᠤ᠂ ᠡᠯᠪᠡᠭ ᠪᠠᠶᠠᠯᠢᠭ ᠦᠷ᠎ᠡ ᠪᠦᠲᠦᠮᠵᠢ ᠣᠯᠣᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号