ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠥᠭᠡᠷᠡᠴᠢᠯᠡᠯᠲᠡ ᠪᠣᠯ ᠵᠠᠶᠢᠯᠠᠰᠢ ᠦᠭᠡᠢ ᠰᠣᠩᠭᠤᠯᠲᠠ ᠮᠥᠨ
ᠨᠡᠶᠢᠲᠡᠯᠡᠭᠰᠡᠨ ᠴᠠᠭ᠄
2024/9/12
     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ︽ᠲᠣᠭᠲᠠᠭᠠᠯ︾ ᠳᠤ ︽ᠰᠠᠶᠢᠨ ᠳᠤᠷ᠎ᠠ ᠶᠢᠨ᠂ ᠤᠶᠠᠨ ᠬᠠᠳᠠᠨ ᠪᠠᠶᠢᠬᠤ ᠵᠠᠷᠴᠢᠮ ᠶᠣᠰᠣᠭᠠᠷ᠂ ᠠᠭᠠᠵᠢᠮ ᠢᠶᠠᠷ ᠠᠬᠢᠭᠤᠯᠬᠤ ᠮᠠᠶ᠋ᠢᠭ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠬᠤᠶᠢᠰᠢᠯᠠᠭᠤᠯᠬᠤ ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠤᠨ᠎ᠠ︾ ᠭᠡᠵᠦ ᠵᠢᠭᠠᠵᠤ ᠭᠠᠷᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠢᠭᠡᠳᠦᠭᠡᠷ ᠬᠤᠷᠠᠯ 10 ᠤ ᠡᠳᠦᠷ ᠤᠨ ᠦᠳᠡ ᠶᠢᠨ ᠡᠮᠦᠨ᠎ᠡ ᠠᠩᠬᠠᠳᠤᠭᠠᠷ ᠪᠦᠭᠦᠳᠡ ᠬᠤᠷᠠᠯ ᠬᠢᠪᠡ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠢᠨᠠᠨ ᠵᠥᠪᠯᠡᠭᠦᠯᠬᠦ ᠪᠠᠷ ᠳᠡᠪᠰᠢᠭᠦᠯᠦᠭᠰᠡᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠭᠠᠵᠢᠮ ᠢᠶᠠᠷ ᠬᠤᠶᠢᠰᠢᠯᠠᠭᠤᠯᠬᠤ ᠲᠣᠭᠲᠠᠭᠠᠯ ᠢ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠪᠡ᠃      ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠭᠠᠵᠢᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠪᠣᠯ ᠮᠠᠨ ᠤ ᠤᠯᠤᠰ ᠤᠨ ᠠᠵᠤ ᠠᠬᠤᠢ᠂ ᠨᠡᠶᠢᠭᠡᠮ᠂ ᠬᠥᠮᠥᠨ ᠠᠮᠠ ᠶᠢᠨ ᠪᠠᠶᠢᠳᠠᠯ ᠤᠨ ᠬᠥᠭᠵᠢᠯᠲᠡ ᠶᠢᠨ ᠬᠡᠷᠡᠭᠴᠡᠭᠡ ᠳᠤ ᠰᠠᠭᠤᠷᠢᠯᠠᠨ᠂ ᠠᠯᠤᠰ ᠭᠡᠲᠦ ᠶᠢ ᠪᠣᠳᠣᠯᠬᠢᠯᠠᠵᠤ᠂ ᠣᠷᠳᠣ ᠬᠤᠭᠤᠴᠠᠭ᠎ᠠ ᠪᠠᠷ ᠪᠣᠳᠣᠯᠬᠢᠯᠠᠨ᠂ ᠭᠦᠢᠴᠡᠳ ᠰᠤᠳᠤᠯᠵᠤ᠂ ᠪᠣᠯᠭᠤᠮᠵᠢᠲᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠷ ᠳᠡᠮᠵᠢᠨ ᠭᠠᠷᠭᠠᠭᠰᠠᠨ ᠴᠢᠬᠤᠯᠠ ᠶᠡᠭᠡ ᠥᠭᠡᠷᠡᠴᠢᠯᠡᠯᠲᠡ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠤᠰᠤᠳᠴᠢ ᠱᠠᠭᠠᠷᠳᠠᠯᠭ᠎ᠠ᠂ ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠣᠬᠢᠴᠠᠬᠤ ᠵᠠᠶᠢᠯᠠᠰᠢ ᠦᠭᠡᠢ ᠰᠣᠩᠭᠤᠯᠲᠠ ᠮᠥᠨ᠃ ᠲᠡᠷᠡ ᠨᠢ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠤᠯᠭᠠᠭᠤᠷᠢᠯᠠᠬᠤ ᠳᠤ ᠬᠤᠯᠪᠣᠭᠳᠠᠵᠤ᠂ ᠪᠤᠰᠤᠳᠴᠢ ᠵᠠᠶᠢᠯᠠᠰᠢ ᠦᠭᠡᠢ ᠴᠢᠨᠠᠷ ᠪᠠ ᠪᠣᠳᠠᠲᠤ ᠲᠤᠯᠭᠠᠮ᠎ᠠ ᠴᠢᠨᠠᠷ ᠲᠠᠢ ᠪᠠᠶᠢᠳᠠᠭ︾ᠭᠡᠵᠦ ᠳᠤᠮᠳᠠᠳᠤ ᠤᠯᠤᠰ ᠤᠨ ᠭᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠰᠤᠳᠤᠯᠤᠭᠴᠢ ᠬᠡᠯᠡᠪᠡ᠃      ᠡᠨᠡ ᠬᠦ ᠥᠭᠡᠷᠡᠴᠢᠯᠡᠯᠲᠡ ᠪᠣᠯ ᠮᠠᠨ ᠤ ᠤᠯᠤᠰ ᠤᠨ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ᠂ ᠰᠤᠷᠭᠠᠨ ᠬᠥᠮᠦᠵᠢᠯ ᠭᠦᠷᠳᠡᠭᠦ ᠵᠢᠯ ᠬᠤᠭᠤᠴᠠᠭ᠎ᠠ ᠨᠡᠶᠢᠳᠡᠮ ᠨᠡᠮᠡᠭᠳᠡᠵᠦ ᠪᠠᠶᠢᠭ᠎ᠠ ᠪᠤᠰᠤᠳᠴᠢ ᠪᠠᠶᠢᠳᠠᠯ ᠳᠤ ᠵᠣᠬᠢᠴᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠦᠷ᠎ᠡ ᠠᠰᠢᠭ ᠢ ᠳᠡᠭᠡᠭᠰᠢᠯᠡᠭᠦᠯᠭᠦ ᠶᠢᠨ ᠬᠡᠷᠡᠭᠴᠡᠭᠡ ᠮᠥᠨ᠃      ᠠᠮᠢᠳᠤᠷᠠᠯ ᠤᠨ ᠲᠦᠪᠰᠢᠨ ᠳᠡᠭᠡᠭᠰᠢᠯᠡᠬᠦ᠂ ᠡᠮᠴᠢᠯᠡᠭᠡᠨ ᠤ ᠮᠡᠷᠭᠡᠵᠢᠯ ᠤᠨ ᠳᠠᠪᠰᠢᠯᠲᠠ ᠵᠢᠴᠢ ᠡᠷᠡᠭᠦᠯ ᠬᠠᠮᠠᠭᠠᠯᠠᠯ ᠤᠨ ᠣᠷᠴᠢᠨ ᠲᠣᠭᠤᠷᠢᠨ ᠰᠠᠶᠢᠵᠢᠷᠠᠬᠤ ᠶᠢ ᠳᠠᠭᠠᠯᠳᠤᠨ ᠮᠠᠨ ᠤ ᠤᠯᠤᠰ ᠤᠨ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠨᠢᠭᠡᠨᠲᠡ 78.6 ᠨᠠᠰᠤ ᠭᠦᠷᠲᠡᠯ᠎ᠡ ᠳᠡᠭᠡᠭᠰᠢᠯᠡᠵᠡᠢ᠂ ᠡᠭᠦᠨ ᠤ ᠬᠠᠮᠲᠤ ᠮᠠᠨ ᠤ ᠤᠯᠤᠰ ᠤᠨ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠬᠥᠮᠥᠨ ᠳᠤᠮᠳᠠᠴᠢ ᠶᠢᠨ ᠰᠤᠷᠭᠠᠨ ᠬᠥᠮᠦᠵᠢᠯ ᠭᠦᠷᠳᠡᠭᠦ ᠵᠢᠯ ᠬᠤᠭᠤᠴᠠᠭ᠎ᠠ 1982 ᠣᠨ ᠳᠤ 8 ᠵᠢᠯ ᠪᠠᠶᠢᠭᠰᠠᠨ ᠠᠴᠠ ᠪᠠᠨ 2023 ᠣᠨ ᠪᠤᠯᠬᠤ ᠳᠤ 14 ᠵᠢᠯ ᠪᠣᠯᠵᠤ᠂ ᠶᠡᠬᠡᠪᠡᠷ ᠳᠡᠭᠡᠭᠰᠢᠯᠡᠪᠡ᠃       ︽ᠡᠨᠡ ᠨᠢ ᠪᠠᠰᠠ ᠭᠦᠳᠡᠯᠮᠦᠷᠢ ᠬᠦᠴᠦᠨ ᠤ ᠡᠬᠢᠯᠡᠵᠦ ᠠᠵᠢᠯᠯᠠᠬᠤ ᠨᠠᠰᠤ ᠪᠠᠭ᠎ᠠ ᠬᠤᠶᠢᠰᠢᠯᠠᠭᠰᠠᠨ ᠢ ᠬᠠᠷᠠᠭᠤᠯᠵᠤ ᠪᠠᠶᠢᠨ᠎ᠠ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠨᠢ ᠬᠤᠪᠢᠷᠠᠬᠤ ᠦᠭᠡᠢ ᠪᠠᠶᠢᠳᠠᠯ ᠳᠣᠣᠷ᠎ᠠ ᠳᠤᠮᠳᠠᠴᠢ ᠠᠵᠢᠯᠯᠠᠬᠤ ᠵᠢᠯ ᠨᠢ ᠪᠣᠭᠤᠨᠢᠰᠪᠠᠯ ᠬᠥᠮᠥᠨ ᠤ ᠬᠦᠴᠦᠨ ᠤ ᠬᠥᠷᠥᠩᠭᠡ ᠶᠢᠨ ᠠᠰᠢᠭᠯᠠᠯᠲᠠ ᠶᠢᠨ ᠨᠣᠷᠮ᠎ᠠ ᠶᠢ ᠳᠣᠷᠣᠭᠰᠢᠯᠠᠭᠤᠯᠬᠤ ᠵᠡᠷᠭᠡ ᠠᠰᠠᠭᠤᠳᠠᠯ ᠭᠠᠷᠤᠨ᠎ᠠ᠃ ᠣᠯᠠᠨ ᠤᠯᠤᠰ ᠤᠨ ᠲᠤᠷᠰᠢᠯᠭ᠎ᠠ ᠪᠠ ᠮᠠᠨ ᠤ ᠤᠯᠤᠰ ᠤᠨ ᠤᠯᠤᠰ ᠤᠨ ᠪᠠᠶᠢᠳᠠᠯ ᠲᠠᠢ ᠤᠶᠠᠯᠳᠤᠭᠤᠯᠤᠨ ᠨᠠᠰᠤᠨ ᠤ ᠠᠮᠠᠷᠠᠯᠲᠠ ᠶᠢ ᠬᠤᠶᠢᠰᠢᠯᠠᠭᠤᠯᠬᠤ ᠥᠭᠡᠷᠡᠴᠢᠯᠡᠯᠲᠡ ᠶᠢ ᠬᠡᠷᠡᠭᠵᠢᠭᠦᠯᠬᠦ ᠨᠢ ᠨᠠᠰᠤ ᠠᠷᠠᠢ ᠵᠠᠯᠠᠭᠤᠬᠠᠨ ᠨᠠᠰᠤᠲᠠᠶᠢᠴᠤᠳ ᠤᠨ ᠭᠦᠳᠡᠯᠮᠦᠷᠢ ᠳᠤ ᠣᠷᠤᠯᠴᠠᠬᠤ ᠨᠣᠷᠮ᠎ᠠ ᠶᠢ ᠳᠡᠭᠡᠭᠰᠢᠯᠡᠭᠦᠯᠭᠦ᠂ ᠭᠦᠳᠡᠯᠮᠦᠷᠢ ᠬᠦᠴᠦᠨ ᠤ ᠬᠠᠩᠭᠠᠯᠭ᠎ᠠ ᠶᠢᠨ ᠳᠠᠯᠳᠠ ᠬᠦᠴᠦᠨ ᠪᠠ ᠶᠠᠰᠤ ᠴᠢᠨᠠᠷ ᠢ ᠳᠡᠭᠡᠭᠰᠢᠯᠡᠭᠦᠯᠭᠦ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠬᠢᠭᠤᠯᠬᠤ᠂ ᠬᠥᠮᠥᠨ ᠠᠮᠠ ᠶᠢᠨ ᠴᠡᠪᠡᠷ ᠠᠰᠢᠭ ᠢ ᠬᠥᠮᠥᠨ ᠤ ᠬᠦᠴᠦᠨ ᠤ ᠡᠬᠢ ᠪᠠᠶᠠᠯᠢᠭ ᠤᠨ ᠴᠡᠪᠡᠷ ᠠᠰᠢᠭ ᠪᠣᠯᠭᠠᠨ ᠬᠤᠪᠢᠷᠠᠭᠤᠯᠬᠤ ᠶᠢ ᠠᠬᠢᠭᠤᠯᠬᠤ ᠳᠤ ᠠᠰᠢᠭᠲᠠᠢ ᠶᠤᠮ︾ ᠭᠡᠵᠦ ᠮᠦᠸᠧ ᠷᠦᠩ ᠢᠯᠡᠷᠬᠡᠶᠢᠯᠡᠪᠡ᠃      ᠡᠨᠡᠬᠦ ᠥᠭᠡᠷᠡᠴᠢᠯᠡᠯᠲᠡ ᠪᠣᠯ ᠬᠥᠳᠡᠯᠮᠦᠷᠢᠯᠡᠬᠦ ᠨᠠᠰᠤᠨ ᠤ ᠬᠥᠮᠥᠨ ᠠᠮᠠ ᠶᠢᠨ ᠬᠤᠪᠢᠷᠠᠯᠲᠠ ᠳᠤ ᠵᠣᠬᠢᠴᠠᠭᠤᠯᠵᠤ᠂ ᠪᠦᠭᠦ ᠨᠡᠶᠢᠭᠡᠮ ᠤᠨ ᠭᠦᠳᠡᠯᠮᠦᠷᠢ ᠶᠢᠨ ᠬᠦᠴᠦᠨ ᠤ ᠪᠦᠲᠦᠮᠵᠢᠲᠡᠢ ᠬᠠᠩᠭᠠᠯᠭ᠎ᠠ ᠶᠢ ᠨᠡᠮᠡᠭᠳᠡᠭᠦᠯᠬᠦ ᠶᠢᠨ ᠬᠡᠷᠡᠭᠴᠡᠭᠡ ᠮᠥᠨ᠃      ᠡᠨᠡᠬᠦ ᠥᠭᠡᠷᠡᠴᠢᠯᠡᠯᠲᠡ ᠪᠣᠯ ᠬᠥᠳᠡᠯᠮᠦᠷᠢᠯᠡᠭᠴᠢᠳ ᠤᠨ ᠠᠵᠢᠯ ᠣᠯᠬᠤ ᠬᠦᠰᠡᠯ ᠡᠷᠡᠮᠡᠯᠵᠡᠯ ᠤᠨ ᠣᠯᠠᠨ ᠶᠠᠩᠵᠤᠴᠢᠯᠠᠬᠤ ᠳᠤ ᠲᠣᠬᠢᠷᠠᠬᠤ ᠪᠦᠲᠦᠮᠵᠢᠲᠡᠶ ᠠᠷᠭ᠎ᠠ ᠬᠡᠮᠵᠢᠶ᠎ᠡ ᠪᠤᠯᠬᠤ ᠪᠥᠭᠡᠳ ᠡᠷᠭᠢᠯᠡᠭᠰᠡᠨ ᠠᠵᠢᠯ ᠤᠨ ᠪᠡᠶ᠎ᠡ ᠪᠠᠨ ᠳᠠᠭᠠᠭᠠᠵᠤ ᠲᠥᠯᠥᠪᠵᠢᠭᠦᠯᠦᠨ ᠰᠣᠩᠭᠤᠬᠤ ᠶᠢ ᠳᠡᠮᠵᠢᠬᠦ ᠳᠤ ᠠᠰᠢᠭᠲᠠᠢ ᠶᠤᠮ᠃      ︽ᠬᠥᠳᠡᠯᠮᠦᠷᠢᠴᠢᠳ ᠥᠪᠡᠷ ᠤᠨ ᠠᠵᠢᠯ ᠪᠠ ᠠᠮᠢᠳᠤᠷᠠᠯ ᠳᠠᠭᠠᠨ ᠲᠣᠬᠢᠷᠠᠬᠤ ᠨᠠᠰᠤᠨ ᠤ ᠠᠮᠠᠷᠠᠯᠲᠠ ᠠᠪᠬᠤ ᠲᠥᠰᠥᠯ ᠢ ᠰᠣᠩᠭᠤᠵᠤ ᠪᠣᠯᠣᠨ᠎ᠠ᠃ ᠡᠷᠲᠡᠬᠡᠨ ᠠᠵᠢᠯ ᠠᠴᠠ ᠪᠠᠨ ᠠᠮᠠᠷᠠᠬᠤ ᠰᠠᠨᠠᠭᠠᠲᠠᠢ ᠠᠵᠢᠯᠲᠠᠨ ᠠᠵᠢᠯᠴᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠨᠠᠭᠠᠲᠤ ᠵᠠᠬ᠎ᠠ ᠶᠢᠨ ᠵᠢᠯ ᠬᠤᠭᠤᠴᠠᠭ᠎ᠠ ᠶᠢ ᠬᠠᠩᠭᠠᠬᠤ ᠵᠡᠷᠭᠡ ᠨᠥᠬᠦᠴᠡᠯ ᠳᠣᠣᠷ᠎ᠠ ᠤᠶᠠᠨ ᠬᠠᠲᠠᠨ ᠴᠢᠨᠠᠷᠲᠠᠢ ᠪᠠᠷ ᠤᠷᠢᠳᠴᠢᠯᠠᠨ ᠠᠵᠢᠯ ᠠᠴᠠ ᠪᠠᠨ ᠪᠠᠭᠤᠵᠤ ᠪᠣᠯᠣᠨ᠎ᠠ᠃ ᠠᠵᠢᠯᠯᠠᠬᠤ ᠬᠦᠰᠡᠯ ᠲᠠᠢ᠂ ᠴᠢᠳᠠᠪᠤᠷᠢ ᠲᠠᠢ᠂ ᠦᠷᠭᠦᠯᠵᠢᠯᠡᠨ ᠠᠵᠢᠯᠯᠠᠬᠤ ᠨᠥᠬᠦᠴᠡᠯ ᠲᠠᠢ ᠵᠠᠯᠠᠭᠤᠬᠠᠨ ᠰᠢᠭ᠋ ᠨᠠᠰᠤᠲᠠᠶᠢᠴᠤᠳ ᠴᠤ ᠭᠦᠳᠡᠯᠮᠦᠷᠢ ᠬᠦᠴᠦᠨ ᠤ ᠵᠠᠬ᠎ᠠ ᠳᠡᠯᠭᠡᠭᠦᠷ ᠠᠴᠠ ᠭᠡᠲᠦ ᠡᠷᠲᠡ ᠭᠠᠷᠬᠤ ᠴᠢᠬᠤᠯᠠ ᠦᠭᠡᠢ᠂ ᠦᠷᠭᠦᠯᠵᠢᠯᠡᠨ ᠠᠵᠢᠯᠯᠠᠬᠤ ᠶᠢ ᠰᠣᠩᠭᠤᠵᠤ ᠪᠣᠯᠣᠨ᠎ᠠ︾ ᠭᠡᠵᠦ ᠮᠦᠸᠧ ᠷᠦᠩ ᠬᠡᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号