ᠰᠢ ᠶᠢᠨ ᠫᠢᠩ ᠱᠠᠨᠰᠢ ᠶᠢᠨ ᠪᠤᠤ ᠵᠢᠢ ᠬᠤᠳᠠ ᠪᠠ ᠭᠠᠨᠰᠤ ᠶᠢᠨ ᠲᠢᠶᠠᠨ ᠱᠦᠢ ᠬᠤᠳᠠ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/9/12
      10 ᠤ ᠡᠳᠦᠷ ᠤᠨ ᠦᠳᠡ ᠶᠢᠨ ᠬᠤᠶᠢᠨ᠎ᠠ ᠠᠴᠠ 11 ᠤ ᠡᠳᠦᠷ ᠤᠨ ᠦᠳᠡ ᠶᠢᠨ ᠡᠮᠦᠨ᠎ᠡ ᠪᠣᠯᠲᠠᠯ᠎ᠠ᠂ ᠶᠡᠷᠦᠩᠬᠡᠶ ᠱᠦᠵᠢ ᠰᠢ ᠶᠢᠨ ᠫᠢᠩ ᠤᠷᠢᠳ ᠬᠤᠵᠢᠳ ᠱᠠᠨᠰᠢ ᠮᠤᠵᠢ ᠶᠢᠨ ᠪᠤᠣ ᠵᠢᠶ ᠬᠤᠲᠠ ᠪᠣᠯᠤᠨ ᠭᠠᠨᠰᠦ ᠮᠤᠵᠢ ᠶᠢᠨ ᠲᠢᠶᠠᠨ ᠱᠦᠶ ᠬᠤᠲᠠ ᠳᠤ ᠬᠦᠷᠴᠦ ᠰᠢᠨᠵᠢᠯᠡᠨ ᠪᠠᠶᠢᠴᠠᠭᠠᠪᠠ᠃ ᠪᠦᠦ ᠵᠢᠢ ᠬᠤᠳᠠ ᠳᠤ᠂ ᠰᠢ ᠶᠢᠨ ᠫᠢᠩ ᠪᠣᠣ ᠵᠢᠢ ᠶᠢᠨ ᠬᠦᠷᠡᠯ ᠪᠠᠭᠠᠵᠢ ᠶᠢᠨ ᠮᠦᠽᠧᠢ᠂ ᠸᠧᠢ ᠡᡁᠧ ᠠᠮᠢ ᠠᠬᠤᠢ ᠶᠢᠨ ᠴᠡᠴᠡᠷᠯᠢᠭ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠶᠢ ᠴᠢᠩᠭᠠᠳᠬᠠᠭᠰᠠᠨ ᠪᠠ ᠸᠧᠢ ᠾᠧ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠥᠷᠨᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃ ᠲᠢᠶᠠᠨ ᠱᠦᠢ ᠬᠤᠳᠠ ᠳᠤ᠂ ᠰᠢ ᠶᠢᠨ ᠫᠢᠩ ᠹᠦ᠋ ᠰᠢ ᠮᠢᠶᠤᠤ᠂ ᠮᠠᠢ ᠵᠢᠢ ᠲᠣᠭᠤᠷᠢᠭ ᠤᠨ ᠨᠠᠨ ᠱᠠᠨ ᠬᠤᠸᠠ ᠨᠢᠦ ᠠᠯᠮᠤᠷᠠᠳ ᠤᠨ ᠰᠠᠭᠤᠷᠢᠨ ᠭᠠᠵᠠᠷ᠂ ᠮᠠᠢ ᠵᠢᠢ ᠱᠠᠨ ᠠᠭᠤᠯᠠᠨ ᠤ ᠴᠢᠯᠠᠭᠤᠨ ᠠᠭᠤᠢ ᠶᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠰᠣᠶᠣᠯ ᠤᠨ ᠥᠪ ᠢᠶᠠᠨ ᠬᠠᠮᠠᠭᠠᠯᠠᠨ ᠤᠯᠠᠮᠵᠢᠯᠠᠬᠤ ᠶᠢ ᠠᠬᠢᠭᠤᠯᠤᠭᠰᠠᠨ᠂ ᠤᠨᠴᠠᠯᠢᠬᠳᠤ ᠤᠳᠤ ᠦᠶ᠎ᠡ ᠶᠢᠨ ᠠᠭᠤᠯᠠᠷᠬᠠᠭ ᠣᠷᠣᠨ ᠤ ᠵᠢᠮᠢᠰ ᠤᠨ ᠦᠢᠯᠡᠰ ᠢ ᠬᠥᠭᠵᠢᠭᠦᠯᠦᠭᠰᠡᠨ ᠵᠡᠷᠭᠡ ᠪᠠᠶᠢᠳᠠᠯ ᠢ ᠣᠶᠢᠯᠠᠭᠠᠪᠠ᠃
 
ᠢᠷᠡᠯᠲᠡ᠄ ᠥᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号