ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ — ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠬᠠᠷᠠᠭᠤᠯ ᠪᠠᠯᠭᠠᠰᠤᠨ ᠳᠤ ᠬᠥᠷᠪᠡ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 12 ᠤᠨ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠶᠦᠩ ᠴᠢᠩ ᠬᠠᠷᠠᠭᠤᠯ ᠪᠠᠯᠭᠠᠰᠤᠨ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠬᠢᠪᠡ᠃
     ᠮᠡᠳᠡᠭᠦᠯᠦᠯᠲᠡ ᠶᠢᠨ ᠬᠤᠷᠠᠯ ᠳᠡᠭᠡᠷ᠎ᠡ᠂ ᠸᠠᠩ ᠶᠦᠩ ᠴᠢᠩ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠬᠤ ᠪᠠ ᠡᠵᠡᠮᠰᠢᠬᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠵᠢᠯᠤᠭᠤᠳᠬᠤ ᠦᠵᠡᠯ ᠰᠠᠨᠠᠭ᠎ᠠ ᠶᠢ ᠭᠦᠢᠴᠡᠳ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠶᠢ ᠭᠦᠨᠵᠡᠭᠡᠢ ᠣᠶᠢᠯᠭᠠᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠷᠴᠢᠮ ᠱᠠᠭᠠᠷᠳᠠᠯᠭ᠎ᠠ ᠶᠢ ᠵᠢᠷᠤᠮᠯᠠᠬᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠠᠪᠤᠨ ᠲᠠᠯ᠎ᠠ ᠠᠴᠠ ᠰᠢᠰᠲ᠋ᠧᠮ ᠲᠠᠢ ᠲᠣᠳᠣᠷᠬᠠᠶᠢᠯᠠᠨ ᠭᠦᠨᠵᠡᠭᠡᠢ ᠲᠠᠶᠢᠯᠪᠤᠷᠢᠯᠠᠪᠠ᠃ ᠠᠭᠤᠯᠭ᠎ᠠ ᠨᠢ ᠪᠠᠶᠠᠯᠢᠭ ᠰᠠᠶᠢᠬᠠᠨ ᠪᠠᠶᠢᠵᠤ᠂ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ ᠪᠠ ᠵᠢᠯᠤᠭᠤᠳᠬᠤ ᠴᠢᠨᠠᠷ ᠲᠠᠢ ᠪᠠᠶᠢᠵᠤ᠂ ᠤᠯᠠᠨ ᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ︾ ᠲᠠᠯ᠎ᠠ ᠪᠠᠷ ᠨᠡᠩ ᠪᠦᠬᠦ ᠲᠠᠯ᠎ᠠ ᠶᠢᠨ᠂ ᠨᠡᠩ ᠭᠦᠨᠵᠡᠭᠡᠢ ᠪᠠᠲᠤᠯᠠᠭ᠎ᠠ ᠲᠠᠢ ᠪᠣᠯᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠠᠬᠢᠭᠤᠯᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠤᠶᠢᠯ ᠤᠨ ᠴᠢᠬᠤᠯᠠ ᠬᠤᠷᠠᠯ ᠪᠣᠯᠣᠨ᠎ᠠ᠂ ᠰᠢᠨ᠎ᠡ ᠲᠡᠦᠬᠡ ᠶᠢᠨ ᠭᠠᠷᠤᠭ᠎ᠠ ᠳᠡᠭᠡᠷ᠎ᠡ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠡᠷᠦᠩᠬᠡᠢ ᠳᠠᠶᠢᠴᠢᠯᠠᠯᠲᠠ᠂ ᠶᠡᠷᠦᠩᠬᠡᠢ ᠪᠠᠶᠢᠷᠢᠯᠠᠭᠤᠯᠤᠯᠲᠠ ᠪᠣᠯᠣᠨ᠎ᠠ᠃      ᠬᠤᠷᠠᠯ ᠠᠴᠠ ᠱᠠᠭᠠᠷᠳᠠᠭᠰᠠᠨ ᠨᠢ᠂ ᠠᠵᠢᠯ ᠣᠯᠭᠤᠯᠲᠠ ᠶᠢ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠣᠯᠭᠠᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠦᠨᠳᠦᠰᠦᠨ ᠳᠦᠷᠢᠮ ᠤᠨ ᠪᠠᠲᠤᠯᠠᠭ᠎ᠠ ᠪᠣᠯᠭᠠᠬᠤ ᠬᠡᠷᠡᠭᠲᠡᠢ᠃ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ ᠢ ᠴᠤᠭᠯᠠᠭᠤᠯᠬᠤ ᠬᠡᠷᠡᠭᠲᠡᠢ᠃ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠠᠯᠢ ᠣᠯᠠᠨ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠨᠤᠲᠠᠯᠠᠯᠲᠠ ᠶᠢᠨ ᠭᠤᠣᠯ ᠠᠭᠤᠯᠭ᠎ᠠ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠢᠯᠤᠭᠤᠳᠬᠤ ᠳᠤ ᠤᠬᠠᠮᠰᠠᠷ ᠠᠴᠠ ᠪᠠᠨ ᠬᠡᠷᠡᠭᠯᠡᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠪᠠᠲᠤᠯᠠᠨ ᠰᠠᠶᠢᠵᠢᠷᠠᠭᠤᠯᠬᠤ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠬᠦ ᠬᠡᠷᠡᠭᠲᠡᠢ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号