ᠬᠠᠳᠠ ᠬᠠᠯᠠᠭᠤᠨ ᠳᠤᠯᠠᠭᠠᠨ ᠤ ᠢᠨᠵᠧᠨᠧᠷᠢᠩ ᠤᠨ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/9/13
      9 ᠰᠠᠷ᠎ᠠ ᠶᠢᠨ 12 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠮᠠᠨ ᠤ ᠰᠢᠶᠠᠨ ᠤ ᠬᠠᠯᠠᠭᠤᠨ ᠳᠤᠯᠠᠭᠠᠨ ᠤ ᠢᠨᠵᠧᠨᠧᠷᠢᠩ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠬᠠᠳᠠ ᠨᠠᠷ ᠤᠷᠢᠳ ᠬᠤᠵᠢᠳ ᠾᠧ ᠲᠠᠢ ᠢᠯᠴᠢ ᠶᠢᠨ ᠬᠦᠴᠦᠨ ᠤ ᠦᠷᠳᠡᠭᠡ ᠶᠢᠨ ᠨᠢᠭᠡ ᠤᠳᠠᠭ᠎ᠠ ᠶᠢᠨ ᠲᠣᠣᠷ᠂ ᠶᠠᠩ ᠭᠤᠸᠠᠩ ᠵᠢᠵᠢᠭ ᠪᠠᠯᠭᠠᠰᠤ ᠬᠤᠷᠢᠶᠠᠯᠠᠯ ᠤᠨ ᠬᠦᠷᠢᠶᠡᠨ ᠤ ᠬᠤᠶᠠᠳᠤᠭᠠᠷ ᠤᠳᠠᠭ᠎ᠠ ᠶᠢᠨ ᠲᠣᠣᠷ᠂ ᠶᠢᠩ ᠪᠢᠨ ᠵᠠᠮ ᠤᠨ ᠡᠮᠦᠨ᠎ᠡ ᠦᠵᠦᠭᠦᠷ ᠤᠨ ᠨᠢᠭᠡ ᠤᠳᠠᠭ᠎ᠠ ᠶᠢᠨ ᠲᠣᠣᠷ᠂ ᠨᠡᠭᠦᠳᠡᠯ ᠠᠷᠠᠳ ᠤᠨ ᠲᠣᠰᠬᠤᠨ ᠤ ᠴᠡᠪᠡᠷ ᠳᠤᠯᠠᠭᠠᠯᠠᠭ᠎ᠠ ᠶᠢᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠪᠣᠯᠣᠨ ᠦᠴᠦᠸᠠᠨ ᠰᠢᠶᠠᠨ ᠤ ᠳᠥᠷᠪᠡᠳᠦᠭᠡᠷ ᠢᠯᠴᠢ ᠶᠢᠨ ᠰᠤᠷᠪᠤᠯᠵᠢ ᠶᠢᠨ ᠦᠢᠯᠡᠳᠪᠦᠷᠢ ᠳᠤ ᠬᠦᠷᠴᠦ᠂ ᠬᠤᠭᠤᠯᠠᠢ ᠲᠣᠣᠷ ᠢ ᠳᠡᠪᠢᠰᠬᠦ ᠢᠨᠵᠧᠨᠧᠷᠢᠩ ᠤᠨ ᠪᠠᠶᠢᠳᠠᠯ᠂ ᠠᠬᠢᠴᠠ ᠶᠢᠨ ᠲᠣᠬᠢᠷᠠᠭᠤᠯᠤᠯᠲᠠ᠂ ᠪᠠᠷᠢᠯᠭ᠎ᠠ ᠳᠠᠭᠤᠰᠬᠤ ᠴᠠᠭ ᠪᠣᠯᠣᠨ ᠢᠯᠴᠢ ᠬᠠᠩᠭᠠᠬᠤ ᠠᠵᠤ ᠠᠬᠤᠶᠢᠯᠠᠯ ᠤᠨ ᠢᠯᠴᠢ ᠬᠠᠩᠭᠠᠬᠤ ᠴᠢᠳᠠᠪᠤᠷᠢ᠂ ᠢᠯᠴᠢ ᠶᠢᠨ ᠰᠤᠷᠪᠤᠯᠵᠢ ᠶᠢᠨ ᠪᠠᠲᠤᠯᠠᠭ᠎ᠠ᠂ ᠲᠥᠬᠦᠭᠡᠷᠦᠮᠵᠢ ᠶᠢᠨ ᠠᠵᠢᠯᠯᠠᠭᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠳᠤᠯᠠᠭᠠᠯᠠᠭ᠎ᠠ ᠬᠠᠩᠭᠠᠬᠤ ᠡᠯ᠎ᠡ ᠵᠦᠢᠯ ᠤᠨ ᠠᠵᠢᠯ ᠢ ᠠᠬᠢᠭᠤᠯᠬᠤ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠣᠨ ᠠᠰᠠᠭᠤᠳᠠᠯ ᠢ ᠨᠠᠷᠢᠨ ᠠᠰᠠᠭᠤᠨ ᠯᠠᠪᠯᠠᠵᠤ᠂ ᠲᠤᠬᠠᠢ ᠶᠢᠨ ᠲᠠᠯᠠᠪᠠᠢ ᠳᠤ ᠰᠢᠢᠳᠪᠦᠷᠢᠯᠡᠬᠦ ᠠᠷᠭ᠎ᠠ ᠶᠢ ᠰᠤᠳᠤᠯᠪᠠ᠃      ᠬᠠᠳᠠ ᠴᠢᠬᠤᠯᠠᠴᠢᠯᠠᠭᠰᠠᠨ ᠨᠢ᠂ ︽ᠬᠠᠯᠠᠭᠤᠨ ᠳᠤᠯᠠᠭᠠᠨ ᠤ ᠢᠨᠵᠧᠨᠧᠷᠢᠩ︾ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠳᠤᠯᠠᠭᠠᠯᠭ᠎ᠠ ᠶᠢᠨ ᠬᠤᠭᠤᠴᠠᠭ᠎ᠠ ᠣᠶᠢᠷᠠᠳᠬᠤ ᠳᠤ᠂ ᠡᠯ᠎ᠡ ᠵᠦᠢᠯ ᠤᠨ ᠠᠵᠢᠯ ᠢ ᠬᠦᠯᠢᠶᠡᠵᠦ ᠪᠣᠯᠬᠤ ᠦᠭᠡᠢ᠂ ᠤᠳᠠᠭᠠᠰᠢᠷᠠᠭᠤᠯᠵᠤ ᠪᠣᠯᠬᠤ ᠦᠭᠡᠢ᠂ ᠬᠤᠶᠢᠰᠢᠯᠠᠭᠤᠯᠵᠤ ᠪᠣᠯᠬᠤ ᠦᠭᠡᠢ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠵᠤ ᠠᠬᠤᠶᠢᠯᠠᠯ ᠢ ᠬᠢᠨᠠᠨ ᠬᠠᠮᠢᠶᠠᠷᠴᠤ ᠵᠢᠯᠤᠭᠤᠳᠬᠤ ᠪᠠᠨ ᠴᠢᠩᠭᠠᠳᠬᠠᠨ᠂ ᠪᠠᠷᠢᠯᠭ᠎ᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠠᠷᠢᠯᠭ᠎ᠠ ᠶᠢᠨ ᠠᠮᠤᠷ ᠲᠦᠪᠰᠢᠨ ᠪᠠ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠣᠶᠢᠷ᠎ᠠ ᠶᠢᠨ ᠬᠤᠭᠤᠴᠠᠭᠠᠨ ᠳᠤ ᠪᠣᠷᠣᠭᠠᠨ ᠣᠷᠣᠬᠤ ᠵᠡᠷᠭᠡ ᠪᠠᠷᠢᠯᠭ᠎ᠠ ᠶᠢᠨ ᠠᠰᠢᠭ ᠦᠭᠡᠢ ᠬᠦᠴᠦᠨ ᠵᠦᠢᠯ ᠢ ᠪᠥᠬᠦ ᠬᠦᠴᠦᠨ ᠢᠶᠠᠷ ᠢᠶᠠᠨ ᠢᠯᠠᠨ ᠳᠠᠪᠠᠵᠤ᠂ ᠪᠠᠷᠢᠯᠭ᠎ᠠ ᠶᠢᠨ ᠨᠢᠭᠡᠴᠢ ᠶᠢ ᠲᠣᠬᠢᠷᠠᠭᠤᠯᠤᠨ ᠡᠯ᠎ᠡ ᠴᠡᠭ ᠲᠤ ᠬᠥᠮᠥᠨ ᠨᠡᠮᠡᠨ ᠲᠣᠮᠢᠯᠠᠵᠤ᠂ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ᠳᠤᠯᠠᠭᠠᠯᠭ᠎ᠠ ᠶᠢᠨ ᠬᠤᠭᠤᠴᠠᠭ᠎ᠠ ᠠᠴᠠ ᠡᠮᠦᠨ᠎ᠡ ᠲᠣᠭᠲᠠᠭᠰᠠᠨ ᠬᠤᠭᠤᠴᠠᠭᠠᠨ ᠳᠤ ᠠᠵᠢᠯ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ᠂ ᠪᠠᠷᠢᠯᠭ᠎ᠠ ᠶᠢᠨ ᠪᠠᠷᠢᠮᠵᠢᠶ᠎ᠠ ᠪᠠ ᠵᠢᠷᠤᠮᠵᠢᠯ ᠢ ᠴᠢᠩᠭ᠎ᠠ ᠵᠢᠷᠤᠮᠯᠠᠨ ᠠᠵᠢᠯᠯᠠᠭᠤᠯᠵᠤ᠂ ᠪᠠᠷᠢᠯᠭ᠎ᠠ ᠶᠢᠨ ᠶᠠᠰᠤ ᠴᠢᠨᠠᠷ ᠤᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠢᠯᠴᠢ ᠬᠠᠩᠭᠠᠬᠤ ᠠᠵᠤ ᠠᠬᠤᠶᠢᠯᠠᠯ ᠤᠳ ᠢᠯᠴᠢ ᠬᠠᠩᠭᠠᠬᠤ ᠡᠬᠢ ᠰᠤᠷᠪᠤᠯᠵᠢ ᠶᠢ ᠨᠥᠭᠡᠴᠡᠯᠡᠬᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠬᠤᠭᠤᠯᠠᠢ ᠲᠣᠣᠷ ᠢ ᠰᠡᠯᠪᠢᠨ ᠵᠠᠰᠠᠬᠤ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠵᠡᠷᠭᠡ ᠠᠵᠢᠯ ᠢ ᠣᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠦᠢᠯᠡᠴᠢᠯᠡᠭᠡᠨ ᠤ ᠬᠢᠷᠢ ᠲᠦᠪᠰᠢᠨ ᠪᠠ ᠢᠯᠴᠢ ᠬᠠᠩᠭᠠᠬᠤ ᠶᠠᠰᠤ ᠴᠢᠨᠠᠷ ᠢ ᠳᠡᠭᠡᠭᠰᠢᠯᠡᠭᠦᠯᠵᠦ᠂ ᠣᠯᠠᠨ ᠲᠦᠮᠡᠨ ᠳᠤ ᠰᠢᠨ᠎ᠡ ᠢᠯᠴᠢ ᠬᠠᠩᠭᠠᠬᠤ ᠤᠯᠠᠷᠢᠯ ᠳᠤ ︽ᠬᠠᠯᠠᠭᠤᠨ ᠳᠤᠯᠠᠭᠠᠨ ᠤ ᠢᠨᠵᠧᠨᠧᠷᠢᠩ︾ ᠠᠴᠠ ᠪᠣᠯᠤᠭᠰᠠᠨ ᠦᠨᠡᠨ ᠪᠣᠳᠠᠲᠠᠢ ᠬᠤᠪᠢᠷᠠᠯᠲᠠ ᠶᠢ ᠮᠡᠳᠡᠷᠡᠭᠦᠯᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠨᠡᠮᠡᠭᠳᠡᠭᠦᠯᠬᠦ ᠬᠡᠷᠡᠭᠲᠡᠢ᠃      ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠪᠠᠢ ᠢᠦᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠤᠭᠤᠳᠬᠤ ᠳᠤ ᠣᠷᠣᠯᠴᠠᠪᠠ᠃  ︵ᠰᠤᠷᠪᠤᠯᠵᠢᠯᠠᠭᠴᠢ᠄ ᠯᠢᠦᠢ ᠫᠢᠩ ᠫᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号