ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠲᠤᠬᠠᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ
ᠨᠡᠶᠢᠲᠡᠯᠡᠭᠰᠡᠨ ᠴᠠᠭ᠄
2024/9/16
     ︵2024 ᠣᠨ ᠤ 9 ᠰᠠᠷ᠎ᠠ ᠶᠢᠨ 13 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠠᠴᠠ ᠪᠠᠲᠤᠯᠠᠪᠠ︶      ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠢ ᠭᠦᠢᠴᠡᠳ ᠨᠡᠭᠡᠭᠡᠨ ᠠᠰᠢᠭᠯᠠᠬᠤ ᠶᠢᠨ ᠲᠥᠯᠥᠭᠡ᠂ ᠦᠨᠳᠦᠰᠦᠨ ᠬᠠᠤᠯᠢ ᠶᠢ ᠦᠨᠳᠦᠰᠦᠯᠡᠨ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠬᠤᠷᠠᠯ ᠠᠴᠠ ᠲᠣᠭᠲᠠᠭᠠᠭᠰᠠᠨ ᠨᠢ᠄      ᠨᠢᠭᠡ᠂ ᠡᠷᠡᠭᠲᠡᠢ᠂ ᠡᠮᠡᠭᠲᠡᠢ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠢᠰᠢᠯᠠᠭᠤᠯᠬᠤ ᠶᠢ ᠵᠡᠷᠭᠡ ᠳᠤᠨᠢ ᠡᠬᠢᠯᠡᠭᠦᠯᠵᠦ᠂ ᠠᠷᠪᠠᠨ ᠲᠠᠪᠤᠨ ᠵᠢᠯ ᠤᠨ ᠬᠤᠭᠤᠴᠠᠭ᠎ᠠ ᠬᠡᠷᠡᠭᠰᠡᠨ᠂ ᠡᠷᠡᠭᠲᠡᠢ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ ᠪᠦᠬᠦᠯᠢ ᠵᠢᠷᠠᠨ ᠨᠠᠰᠤ ᠪᠠᠶᠢᠭᠰᠠᠨ ᠠᠴᠠ ᠪᠦᠬᠦᠯᠢ ᠵᠢᠷᠠᠨ ᠭᠤᠷᠪᠠᠨ ᠨᠠᠰᠤ ᠭᠦᠷᠲᠡᠯ᠎ᠡ ᠠᠯᠬᠤᠮ ᠠᠯᠬᠤᠮ ᠢᠶᠠᠷ ᠬᠤᠶᠢᠰᠢᠯᠠᠭᠤᠯᠵᠤ᠂ ᠡᠮᠡᠭᠲᠡᠢ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠤᠤᠯ ᠤᠨ ᠪᠦᠬᠦᠯᠢ ᠲᠠᠪᠢᠨ ᠨᠠᠰᠤ᠂ ᠪᠦᠬᠦᠯᠢ ᠲᠠᠪᠢᠨ ᠲᠠᠪᠤᠨ ᠨᠠᠰᠤ ᠪᠠᠶᠢᠭᠰᠠᠨ ᠠᠴᠠ ᠲᠤᠰ ᠲᠤᠰ ᠪᠦᠬᠦᠯᠢ ᠲᠠᠪᠢᠨ ᠲᠠᠪᠤᠨ ᠨᠠᠰᠤ᠂ ᠪᠦᠬᠦᠯᠢ ᠲᠠᠪᠢᠨ ᠨᠠᠢᠮᠠᠨ ᠨᠠᠰᠤ ᠭᠦᠷᠲᠡᠯ᠎ᠡ ᠬᠤᠶᠢᠰᠢᠯᠠᠭᠤᠯᠤᠨ᠎ᠠ᠃      ᠬᠤᠶᠠᠷ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠳᠤ ᠪᠠᠭ᠎ᠠ ᠠᠯᠬᠤᠮ ᠢᠶᠠᠷ ᠲᠣᠬᠢᠷᠠᠭᠤᠯᠬᠤ᠂ ᠬᠠᠷᠢᠮᠠᠬᠠᠢ ᠴᠢᠨᠠᠷᠲᠠᠢ ᠪᠠᠷ ᠬᠡᠷᠡᠭᠵᠢᠭᠦᠯᠬᠦ᠂ ᠲᠦᠷᠦᠯ ᠬᠤᠪᠢᠶᠠᠨ ᠠᠬᠢᠭᠤᠯᠬᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡᠮ ᠳᠤᠨᠢ ᠬᠠᠷᠠᠭᠠᠯᠵᠠᠬᠤ ᠵᠠᠷᠴᠢᠮ ᠢ ᠪᠠᠷᠢᠮᠲᠠᠯᠠᠨ᠎ᠠ᠃       ᠭᠤᠷᠪᠠ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠭᠠᠵᠤ᠂ ᠬᠥᠳᠡᠯᠮᠦᠷᠢᠴᠢᠳ ᠤᠨ ᠠᠵᠢᠯ ᠣᠯᠵᠤ ᠦᠢᠯᠡᠰ ᠪᠣᠰᠬᠠᠬᠤ ᠶᠢ ᠵᠣᠷᠢᠭᠵᠢᠭᠤᠯᠤᠨ ᠳᠡᠮᠵᠢᠵᠦ᠂ ᠬᠥᠳᠡᠯᠮᠦᠷᠢᠴᠢᠳ ᠤᠨ ᠡᠷᠬᠡ ᠠᠰᠢᠭ ᠢ ᠦᠨᠡᠨ ᠬᠦ ᠪᠠᠲᠤᠯᠠᠨ᠂ ᠨᠠᠰᠤᠵᠢᠯ ᠤᠨ ᠠᠰᠠᠷᠠᠮᠵᠢ ᠨᠠᠶᠢᠳᠠᠨ ᠬᠥᠮᠥᠵᠢᠭᠦᠯᠬᠦ ᠵᠡᠷᠭᠡ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠠᠬᠢᠭᠤᠯᠬᠤ ᠬᠡᠷᠡᠭᠲᠡᠢ᠃      ᠳᠥᠷᠪᠡ᠂ ︽ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ  ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠷᠭ᠎ᠠ︾ ᠶᠢ ᠵᠥᠪᠰᠢᠶᠡᠷᠡᠪᠡ᠃ ᠲᠥᠷᠥ ᠶᠢᠨ ᠶᠠᠪᠤᠳᠠᠯ ᠤᠨ ᠬᠤᠷᠢᠶ᠎ᠠ ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠲᠤᠰ ᠠᠷᠭ᠎ᠠ ᠶᠢ ᠨᠠᠶᠢᠳᠠᠪᠤᠷᠢᠵᠢᠭᠤᠯᠬᠤ ᠲᠤᠬᠠᠢ ᠨᠥᠬᠦᠪᠦᠷᠢᠯᠡᠬᠦ ᠪᠠ ᠨᠠᠷᠢᠯᠢᠭᠵᠢᠭᠤᠯᠵᠤ ᠪᠣᠯᠣᠨ᠎ᠠ᠃      ᠲᠠᠪᠤ᠂ ᠲᠤᠰ ᠲᠣᠭᠲᠠᠭᠠᠯ ᠢ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠲᠠᠪᠤᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠵᠥᠪᠰᠢᠶᠡᠷᠡᠭᠰᠡᠨ ︽ᠬᠥᠭᠰᠢᠨ ᠵᠡᠮᠳᠡᠭ ᠶᠠᠳᠠᠷ ᠲᠤᠷᠤᠢ ᠺᠠᠳ᠋ᠷᠴᠤᠳ ᠢ ᠲᠥᠪᠬᠢᠨᠡᠭᠦᠯᠬᠦ ᠲᠤᠬᠠᠢ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠳᠦᠷ ᠬᠡᠷᠡᠭᠵᠢᠭᠦᠯᠬᠦ ᠠᠷᠭ᠎ᠠ︾ ᠪᠠ ︽ᠠᠵᠢᠯᠴᠢᠨ ᠤ ᠠᠵᠢᠯ ᠠᠴᠠ ᠪᠠᠨ ᠠᠮᠠᠷᠠᠬᠤ᠂ ᠠᠵᠢᠯ ᠠᠴᠠ ᠪᠠᠭᠤᠬᠤ ᠲᠤᠬᠠᠢ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠳᠦᠷ ᠬᠡᠷᠡᠭᠵᠢᠭᠦᠯᠬᠦ ᠠᠷᠭ᠎ᠠ︾ ᠲᠠᠬᠢ ᠠᠵᠢᠯ ᠠᠴᠠ ᠪᠠᠨ ᠠᠮᠠᠷᠠᠬᠤ ᠨᠠᠰᠤᠨ ᠤ ᠲᠤᠬᠠᠢ ᠲᠣᠭᠲᠠᠭᠠᠯ ᠢ ᠳᠠᠭᠢᠵᠤ ᠬᠡᠷᠡᠭᠵᠢᠭᠦᠯᠬᠦ ᠦᠭᠡᠢ᠃      ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠷᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠮᠠᠨ ᠤ ᠤᠯᠤᠰ ᠤᠨ ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ᠂ ᠡᠷᠡᠭᠦᠯ ᠮᠡᠨᠳᠦ ᠶᠢᠨ ᠲᠦᠪᠰᠢᠨ᠂ ᠬᠥᠮᠥᠨ ᠠᠮᠠ ᠶᠢᠨ ᠪᠦᠲᠦᠴᠡ᠂ ᠤᠯᠤᠰ ᠠᠷᠠᠳ ᠤᠨ ᠰᠤᠷᠭᠠᠨ ᠬᠥᠮᠦᠵᠢᠯ ᠭᠥᠷᠳᠡᠭᠰᠡᠨ ᠬᠡᠮᠵᠢᠶ᠎ᠡ᠂ ᠭᠦᠳᠡᠯᠮᠦᠷᠢ ᠬᠦᠴᠦᠨ ᠤ ᠬᠠᠩᠭᠠᠯᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠪᠠᠭ᠎ᠠ ᠠᠯᠬᠤᠮ ᠢᠶᠠᠷ ᠲᠣᠬᠢᠷᠠᠭᠤᠯᠬᠤ᠂ ᠬᠠᠷᠢᠮᠠᠬᠠᠢ ᠪᠠᠷ ᠬᠡᠷᠡᠭᠵᠢᠭᠦᠯᠬᠦ᠂ ᠲᠥᠷᠥᠯ ᠬᠤᠪᠢᠶᠠᠨ ᠠᠬᠢᠭᠤᠯᠬᠤ᠂ ᠨᠢᠭᠡᠳᠦᠯᠲᠡᠢ ᠲᠥᠯᠥᠪᠯᠡᠵᠦ ᠨᠡᠶᠢᠳᠡᠮ ᠳᠤᠨᠢ ᠬᠠᠷᠠᠭᠠᠯᠵᠠᠬᠤ ᠵᠠᠷᠴᠢᠮ ᠶᠣᠰᠣᠭᠠᠷ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠶᠢ ᠬᠡᠷᠡᠭᠵᠢᠭᠦᠯᠦᠨ᠎ᠡ᠃ ᠡᠨᠡ ᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠣᠨᠴᠠᠭᠠᠶᠢᠯᠠᠨ ᠲᠤᠰ ᠠᠷᠭ᠎ᠠ ᠶᠢ ᠲᠣᠭᠲᠠᠭᠠᠪᠠ᠃      ᠨᠢᠭᠡᠳᠦᠭᠡᠷ ᠵᠦᠢᠯ   2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠡᠷᠡᠭᠲᠡᠢ ᠠᠵᠢᠯᠲᠠᠨ ᠠᠵᠢᠯᠴᠢᠨ ᠪᠣᠯᠣᠨ ᠤᠤᠯ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠨᠢ ᠲᠠᠪᠢᠨ ᠲᠠᠪᠤᠨ ᠪᠦᠬᠦᠯᠢ ᠨᠠᠰᠤ ᠭᠦᠷᠦᠭᠰᠡᠨ ᠡᠮᠡᠭᠲᠡᠢ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠳᠥᠷᠪᠡᠨ ᠰᠠᠷ᠎ᠠ ᠪᠦᠷᠢ ᠳᠤ ᠨᠢᠭᠡ ᠰᠠᠷ᠎ᠠ ᠬᠤᠶᠢᠰᠢᠯᠠᠭᠤᠯᠵᠤ᠂ ᠲᠣᠰ ᠲᠣᠰ ᠵᠢᠷᠠᠨ ᠭᠤᠷᠪᠠᠨ ᠪᠦᠬᠦᠯᠢ ᠨᠠᠰᠤ ᠪᠣᠯᠣᠨ ᠲᠠᠪᠢᠨ ᠨᠠᠢᠮᠠᠨ ᠪᠦᠬᠦᠯᠢ ᠨᠠᠰᠤ ᠭᠦᠷᠲᠡᠯ᠎ᠡ ᠠᠯᠬᠤᠮ ᠠᠯᠬᠤᠮ ᠢᠶᠠᠷ ᠬᠤᠶᠢᠰᠢᠯᠠᠭᠤᠯᠤᠨ᠎ᠠ; ᠤᠤᠯ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠨᠢ ᠪᠦᠬᠦᠯᠢ ᠲᠠᠪᠢᠨ ᠨᠠᠰᠤ ᠭᠦᠷᠦᠭᠰᠡᠨ ᠡᠮᠡᠭᠲᠡᠢ ᠠᠵᠢᠯᠲᠠᠨ ᠠᠵᠢᠯᠴᠢᠨ ᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠬᠤᠶᠠᠷ ᠰᠠᠷ᠎ᠠ ᠪᠦᠷᠢ ᠳᠤ ᠨᠢᠭᠡ ᠰᠠᠷ᠎ᠠ ᠬᠤᠶᠢᠰᠢᠯᠠᠭᠤᠯᠵᠤ᠂ ᠠᠯᠬᠤᠮ ᠠᠯᠬᠤᠮ ᠢᠶᠠᠷ ᠬᠤᠶᠢᠰᠢᠯᠠᠭᠤᠯᠤᠭᠠᠳ ᠪᠦᠬᠦᠯᠢ ᠲᠠᠪᠢᠨ ᠲᠠᠪᠤᠨ ᠨᠠᠰᠤ ᠪᠣᠯᠭᠠᠨ᠎ᠠ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃      ᠬᠤᠶᠠᠳᠤᠭᠠᠷ ᠵᠦᠢᠯ   2030 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠠᠵᠢᠯᠲᠠᠨ ᠠᠵᠢᠯᠴᠢᠨ ᠤ ᠰᠠᠷ᠎ᠠ ᠪᠠᠷ ᠦᠨᠳᠦᠰᠦᠨ ᠨᠠᠰᠤᠵᠢᠯ ᠤᠨ ᠮᠥᠩᠭᠦ ᠠᠪᠬᠤ ᠨᠠᠭᠠᠲᠤ ᠵᠠᠬ᠎ᠠ ᠶᠢᠨ ᠰᠦᠢᠳᠬᠡᠯ ᠲᠤᠰᠢᠶᠠᠬᠤ ᠵᠢᠯ ᠬᠤᠭᠤᠴᠠᠭ᠎ᠠ ᠶᠢ ᠠᠷᠪᠠᠨ ᠲᠠᠪᠤᠨ ᠵᠢᠯ ᠪᠠᠶᠢᠭᠰᠠᠨ ᠠᠴᠠ ᠠᠯᠬᠤᠮ ᠠᠯᠬᠤᠮ ᠢᠶᠠᠷ ᠬᠤᠷᠢᠨ ᠵᠢᠯ ᠪᠣᠯᠭᠠᠨ ᠤᠷᠲᠤᠳᠬᠠᠵᠤ᠂ ᠵᠢᠯ ᠪᠦᠷᠢ ᠵᠢᠷᠭᠤᠭᠠᠨ ᠰᠠᠷ᠎ᠠ ᠤᠷᠲᠤᠳᠬᠠᠬᠤ ᠬᠡᠷᠡᠭᠲᠡᠢ᠃ ᠠᠵᠢᠯᠲᠠᠨ ᠠᠵᠢᠯᠴᠢᠨ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠭᠦᠷᠦᠭᠰᠡᠨ ᠪᠤᠯᠪᠠᠴᠤ ᠰᠦᠢᠳᠬᠡᠯ ᠲᠤᠰᠢᠶᠠᠬᠤ ᠬᠠᠮᠤᠭ ᠤᠨ ᠣᠬᠤᠷ ᠬᠤᠭᠤᠴᠠᠭ᠎ᠠ ᠳᠤ ᠭᠦᠷᠦᠭᠰᠡᠨ ᠦᠭᠡᠢ ᠪᠠᠶᠢᠪᠠᠯ᠂ ᠲᠣᠭᠲᠠᠭᠠᠯ ᠶᠣᠰᠣᠭᠠᠷ ᠰᠦᠢᠳᠬᠡᠯ ᠲᠤᠰᠢᠶᠠᠬᠤ ᠶᠢ ᠤᠷᠲᠤᠳᠬᠠᠬᠤ ᠪᠤᠶᠤ ᠨᠢᠭᠡ ᠯᠡ ᠤᠳᠠᠭ᠎ᠠ ᠶᠢᠨ ᠴᠢᠨᠠᠷᠲᠠᠢ ᠰᠦᠢᠳᠬᠡᠯ ᠲᠤᠰᠢᠶᠠᠬᠤ ᠠᠷᠭ᠎ᠠ ᠪᠠᠷ ᠳᠠᠮᠵᠢᠨ ᠰᠦᠢᠳᠬᠡᠯ ᠲᠤᠰᠢᠶᠠᠬᠤ ᠬᠠᠮᠤᠭ ᠤᠨ ᠣᠬᠤᠷ ᠬᠤᠭᠤᠴᠠᠭ᠎ᠠ ᠳᠤ ᠬᠦᠷᠭᠡᠵᠦ᠂ ᠰᠠᠷ᠎ᠠ ᠪᠠᠷ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠠᠪᠴᠤ ᠪᠣᠯᠣᠨ᠎ᠠ᠃      ᠭᠤᠷᠪᠠᠳᠤᠭᠠᠷ ᠵᠦᠢᠯ   ᠠᠵᠢᠯᠲᠠᠨ ᠠᠵᠢᠯᠴᠢᠨ ᠰᠦᠢᠳᠬᠡᠯ ᠲᠤᠰᠢᠶᠠᠬᠤ ᠬᠠᠮᠤᠭ ᠤᠨ ᠣᠬᠤᠷ ᠬᠤᠭᠤᠴᠠᠭ᠎ᠠ ᠳᠤ ᠭᠦᠷᠦᠭᠰᠡᠨ ᠪᠠᠶᠢᠪᠠᠯ᠂ ᠬᠠᠷᠢᠮᠠᠬᠠᠢ ᠴᠢᠨᠠᠷᠲᠠᠢ ᠪᠠᠷ ᠤᠷᠢᠳᠴᠢᠯᠠᠨ ᠠᠵᠢᠯ ᠠᠴᠠ ᠪᠠᠨ ᠠᠮᠠᠷᠠᠬᠤ ᠶᠢ ᠰᠠᠶᠢᠨ ᠳᠤᠷ᠎ᠠ ᠠᠴᠠ ᠪᠠᠨ ᠰᠣᠩᠭᠤᠵᠤ ᠪᠣᠯᠣᠨ᠎ᠠ᠂ ᠤᠷᠢᠳᠴᠢᠯᠠᠭᠰᠠᠨ ᠴᠠᠭ ᠢ ᠨᠢ ᠬᠠᠮᠤᠭ ᠤᠨ ᠤᠷᠲᠤ ᠳᠠᠭᠠᠨ ᠭᠤᠷᠪᠠᠨ ᠵᠢᠯ ᠠᠴᠠ ᠬᠡᠲᠦᠷᠡᠭᠦᠯᠵᠦ ᠪᠤᠯᠬᠤ ᠦᠭᠡᠢ ᠪᠥᠭᠡᠳ ᠠᠵᠢᠯ ᠠᠴᠠ ᠪᠠᠨ ᠠᠮᠠᠷᠠᠬᠤ ᠨᠠᠰᠤ ᠶᠢ ᠨᠢ ᠡᠮᠡᠭᠲᠡᠢ ᠠᠵᠢᠯᠲᠠᠨ ᠠᠵᠢᠯᠴᠢᠨ ᠤ ᠪᠦᠬᠦᠯᠢ ᠲᠠᠪᠢᠨ ᠨᠠᠰᠤ᠂ ᠪᠦᠬᠦᠯᠢ ᠲᠠᠪᠢᠨ ᠲᠠᠪᠤᠨ ᠨᠠᠰᠤ ᠵᠢᠴᠢ ᠡᠷᠡᠭᠲᠡᠢ ᠠᠵᠢᠯᠲᠠᠨ ᠠᠵᠢᠯᠴᠢᠨ ᠤ ᠪᠦᠬᠦᠯᠢ ᠵᠢᠷᠠᠨ ᠨᠠᠰᠤ ᠶᠢᠨ ᠤᠤᠯ ᠤᠨ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠭᠦᠷᠦᠭᠰᠡᠨ ᠠᠵᠢᠯᠲᠠᠨ ᠠᠵᠢᠯᠴᠢᠨ ᠢ ᠪᠠᠶᠢᠭ᠎ᠠ ᠨᠢᠭᠡᠴᠢ ᠨᠢ ᠠᠵᠢᠯᠲᠠᠨ ᠠᠵᠢᠯᠴᠢᠨ ᠯᠤᠭ᠎ᠠ ᠵᠥᠪᠳᠡᠯᠴᠡᠭᠡᠳ ᠰᠠᠨᠠᠯ ᠨᠢᠭᠡᠳᠪᠡᠯ ᠠᠵᠢᠯ ᠠᠴᠠ ᠪᠠᠨ ᠠᠮᠠᠷᠠᠬᠤ ᠨᠠᠰᠤ ᠶᠢ ᠨᠢ ᠬᠠᠷᠢᠮᠠᠬᠠᠢ ᠴᠢᠨᠠᠷᠲᠠᠢ ᠪᠠᠷ ᠬᠤᠶᠢᠰᠢᠯᠠᠭᠤᠯᠵᠤ ᠪᠣᠯᠣᠨ᠎ᠠ᠂ ᠬᠤᠶᠢᠰᠢᠯᠠᠭᠤᠯᠬᠤ ᠬᠤᠭᠤᠴᠠᠭ᠎ᠠ ᠶᠢ ᠬᠠᠮᠤᠭ ᠤᠨ ᠤᠷᠲᠤ ᠳᠠᠭᠠᠨ ᠭᠤᠷᠪᠠᠨ ᠵᠢᠯ ᠠᠴᠠ ᠬᠡᠲᠦᠷᠡᠭᠦᠯᠵᠦ ᠪᠤᠯᠬᠤ ᠦᠭᠡᠢ᠃ ᠤᠯᠤᠰ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠲᠡᠷᠡ ᠲᠣᠭᠲᠠᠭᠠᠯ ᠢ ᠵᠢᠷᠤᠮᠯᠠᠨ᠎ᠠ᠃ ᠬᠡᠷᠡᠭᠵᠢᠭᠦᠯᠬᠦ ᠶᠠᠪᠤᠴᠠ ᠳᠤ ᠠᠵᠢᠯᠲᠠᠨ ᠠᠵᠢᠯᠴᠢᠨ ᠤ ᠬᠦᠰᠡᠯ ᠰᠠᠨᠠᠭ᠎ᠠ ᠠᠴᠠ ᠵᠥᠷᠢᠴᠡᠬᠦ᠂ ᠬᠠᠤᠯᠢ ᠠᠴᠠ ᠵᠥᠷᠢᠴᠡᠨ ᠠᠯᠪᠠᠳᠠᠬᠤ ᠪᠤᠶᠤ ᠭᠡᠯᠪᠡᠷᠢ ᠶᠢ ᠨᠢ ᠥᠭᠡᠷᠡᠲᠦᠭᠦᠯᠦᠨ ᠠᠯᠪᠠᠳᠠᠵᠤ ᠪᠠᠶᠢᠭᠠᠳ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ ᠨᠠᠰᠤ ᠶᠢ ᠰᠣᠩᠭᠤᠭᠤᠯᠵᠤ ᠪᠤᠯᠬᠤ ᠦᠭᠡᠢ᠃      ᠳᠥᠷᠪᠡᠳᠦᠭᠡᠷ ᠵᠦᠢᠯ   ᠤᠯᠤᠰ ᠠᠴᠠ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠠᠵᠢᠯᠲᠠᠨ ᠠᠵᠢᠯᠴᠢᠨ ᠤ ᠤᠷᠳᠤ ᠬᠤᠭᠤᠴᠠᠭ᠎ᠠ ᠲᠤᠰᠢᠶᠠᠪᠠᠯ ᠢᠯᠡᠭᠦᠦ ᠣᠯᠬᠤ᠂ ᠢᠯᠡᠭᠦᠦ ᠲᠤᠰᠢᠶᠠᠪᠠᠯ ᠢᠯᠡᠭᠦᠦ ᠣᠯᠬᠤ᠂ ᠣᠷᠣᠢ ᠠᠮᠠᠷᠠᠪᠠᠯ ᠢᠯᠡᠭᠦᠦ ᠣᠯᠬᠤ ᠶᠢ ᠵᠣᠷᠢᠭᠵᠢᠭᠤᠯᠤᠨ᠎ᠠ᠃ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠤᠳᠤᠵᠤ ᠣᠯᠭᠤᠬᠤ ᠬᠠᠷᠢᠴᠠᠯ ᠢ ᠬᠤᠪᠢ ᠬᠥᠮᠥᠨ ᠤ ᠨᠡᠶᠢᠲᠡ ᠲᠤᠰᠢᠶᠠᠭᠰᠠᠨ ᠵᠢᠯ ᠬᠤᠭᠤᠴᠠᠭ᠎ᠠ ᠲᠠᠢ ᠬᠤᠯᠪᠣᠭᠳᠠᠭᠤᠯᠵᠤ᠂ ᠰᠠᠭᠤᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠪᠤᠳᠤᠵᠤ ᠣᠯᠭᠤᠬᠤ ᠰᠠᠭᠤᠷᠢ ᠲᠤᠭ᠎ᠠ ᠶᠢ ᠬᠤᠪᠢ ᠬᠥᠮᠥᠨ ᠤ ᠪᠣᠳᠠᠲᠠᠢ ᠲᠤᠰᠢᠶᠠᠭᠰᠠᠨ ᠰᠦᠢᠳᠬᠡᠯ ᠲᠠᠢ ᠬᠤᠯᠪᠣᠭᠳᠠᠭᠤᠯᠵᠤ᠂ ᠬᠤᠪᠢ ᠬᠥᠮᠥᠨ ᠤ ᠲᠠᠩᠰᠠᠨ ᠡᠷᠦᠭᠡ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠬᠤᠪᠢ ᠬᠥᠮᠥᠨ ᠤ ᠠᠵᠢᠯ ᠠᠴᠠ ᠪᠠᠨ ᠠᠮᠠᠷᠠᠬᠤ ᠨᠠᠰᠤ ᠵᠢᠯ᠂ ᠬᠤᠪᠢ ᠬᠥᠮᠥᠨ ᠤ ᠲᠠᠩᠰᠠᠨ ᠡᠷᠦᠭᠡ ᠶᠢᠨ ᠬᠠᠳᠠᠭᠠᠯᠠᠮᠵᠢ ᠶᠢᠨ ᠲᠤᠭ᠎ᠠ ᠵᠡᠷᠭᠡ ᠬᠦᠴᠦᠨ ᠵᠦᠢᠯ ᠢ ᠦᠨᠳᠦᠰᠦᠯᠡᠨ ᠲᠣᠭᠲᠠᠭᠠᠨ᠎ᠠ᠃      ᠲᠠᠪᠤᠳᠤᠭᠠᠷ ᠵᠦᠢᠯ   ᠤᠯᠤᠰ ᠠᠴᠠ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠴᠢᠨᠠᠷ ᠰᠠᠶᠢᠲᠠᠢ ᠪᠥᠭᠡᠳ ᠭᠦᠢᠴᠡᠳ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠨᠠᠰᠤᠨ ᠲᠤᠷᠰᠢᠲᠠ ᠶᠢᠨ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠪᠣᠯᠪᠠᠰᠤᠷᠠᠯ ᠤᠨ ᠳᠦᠷᠢᠮ ᠢ ᠲᠡᠭᠦᠯᠳᠡᠷᠵᠢᠭᠦᠯᠦᠨ᠎ᠡ᠃ ᠵᠠᠯᠠᠭᠤᠴᠤᠳ ᠤᠨ ᠠᠵᠢᠯ ᠣᠯᠵᠤ ᠦᠢᠯᠡᠰ ᠪᠣᠰᠬᠠᠬᠤ ᠶᠢ ᠲᠡᠮᠵᠢᠵᠤ᠂ ᠨᠠᠰᠤ ᠠᠬᠢᠭᠰᠠᠨ ᠬᠥᠳᠡᠯᠮᠦᠷᠢᠴᠢᠳ ᠤᠨ ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠬᠦᠴᠢᠷᠳᠡᠯᠲᠡᠢ ᠬᠥᠮᠥᠰ ᠤᠨ ᠠᠵᠢᠯ ᠣᠯᠬᠤ ᠶᠢ ᠲᠤᠰᠠᠯᠠᠬᠤ ᠳᠦᠷᠢᠮ ᠢ ᠲᠡᠭᠦᠯᠳᠡᠷᠵᠢᠭᠦᠯᠦᠨ᠎ᠡ᠃ ᠨᠠᠰᠤᠨ ᠤ ᠭᠠᠳᠠᠭᠤᠷᠴᠢᠯᠠᠯ ᠢ ᠰᠡᠷᠭᠡᠶᠢᠯᠡᠬᠦ ᠪᠠ ᠵᠠᠰᠠᠬᠤ ᠶᠢ ᠴᠢᠩᠭᠠᠳᠬᠠᠵᠤ᠂ ᠬᠥᠮᠥᠨ ᠬᠡᠷᠡᠭᠯᠡᠬᠦ ᠨᠢᠭᠡᠴᠢ ᠶᠢᠨ ᠬᠢᠨ ᠨᠡᠩ ᠤᠯᠠᠨ ᠨᠠᠰᠤ ᠠᠬᠢᠭᠰᠠᠨ ᠬᠥᠳᠡᠯᠮᠦᠷᠢᠴᠢᠨ ᠢ ᠰᠢᠩᠭᠡᠬᠡᠨ ᠠᠪᠴᠤ ᠠᠵᠢᠯᠯᠠᠭᠤᠯᠬᠤ  ᠶᠢ ᠵᠣᠷᠢᠭᠵᠢᠭᠤᠯᠤᠨ᠎ᠠ᠃      ᠵᠢᠷᠭᠤᠳᠤᠭᠠᠷ ᠵᠦᠢᠯ   ᠬᠥᠮᠥᠨ ᠬᠡᠷᠡᠭᠯᠡᠬᠦ ᠨᠢᠭᠡᠴᠢ ᠶᠢᠨ ᠬᠢᠨ ᠬᠠᠤᠯᠢ ᠳᠤ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤᠨ ᠠᠴᠠ ᠬᠡᠲᠦᠷᠡᠭᠰᠡᠨ ᠬᠥᠳᠡᠯᠮᠦᠷᠢᠯᠡᠭᠴᠢ ᠶᠢ ᠡᠯᠰᠡᠨ ᠬᠡᠷᠡᠭᠯᠡᠬᠦ ᠳᠤ ᠬᠥᠳᠡᠯᠮᠦᠷᠢᠯᠡᠭᠴᠢ ᠶᠢᠨ ᠭᠦᠳᠡᠯᠮᠦᠷᠢ ᠶᠢᠨ ᠬᠥᠯᠥᠰᠦ ᠣᠯᠭᠤᠮᠵᠢ᠂ ᠠᠮᠠᠷᠠᠯᠲᠠ ᠴᠢᠯᠦᠭᠡ ᠠᠪᠬᠤ᠂ ᠭᠦᠳᠡᠯᠮᠦᠷᠢ ᠶᠢᠨ ᠠᠮᠤᠷ ᠲᠦᠪᠰᠢᠨ ᠡᠷᠡᠭᠦᠯ ᠬᠠᠮᠠᠭᠠᠯᠠᠯ᠂ ᠠᠵᠢᠯ ᠠᠴᠠ ᠪᠣᠯᠤᠭᠰᠠᠨ ᠭᠡᠮᠲᠦᠯ ᠤᠨ ᠪᠠᠲᠤᠯᠠᠭ᠎ᠠ ᠵᠡᠷᠭᠡ ᠦᠨᠳᠦᠰᠦᠨ ᠡᠷᠬᠡ ᠠᠰᠢᠭ ᠢ ᠪᠠᠲᠤᠯᠠᠬᠤ ᠬᠡᠷᠡᠭᠲᠡᠢ᠃      ᠤᠯᠤᠰ ᠠᠴᠠ ᠠᠮᠢᠳᠤᠯᠢᠭ ᠢᠶᠠᠷ ᠠᠵᠢᠯ ᠣᠯᠭᠤᠬᠤ ᠪᠠ ᠰᠢᠨ᠎ᠡ ᠠᠵᠢᠯ ᠣᠯᠭᠤᠬᠤ ᠭᠡᠯᠪᠡᠷᠢ ᠶᠢᠨ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠨ᠎ᠠ᠃      ᠤᠯᠤᠰ ᠠᠴᠠ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠳᠦᠷᠢᠮ ᠢ ᠲᠡᠭᠦᠯᠳᠡᠷᠵᠢᠭᠦᠯᠦᠨ᠎ᠡ᠃      ᠳᠣᠯᠣᠳᠤᠭᠠᠷ ᠵᠦᠢᠯ   ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠴᠤ ᠪᠠᠶᠢᠭ᠎ᠠ ᠪᠥᠭᠡᠳ ᠬᠠᠤᠯᠢ  ᠳᠤ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠭᠦᠷᠲᠡᠯ᠎ᠡ ᠨᠢᠭᠡ ᠵᠢᠯ ᠬᠦᠷᠬᠦ ᠦᠭᠡᠢ ᠬᠥᠮᠥᠰ ᠤᠨ ᠠᠵᠢᠯ ᠠᠯᠳᠠᠯᠲᠠ ᠶᠢᠨ ᠳᠠᠭᠠᠳᠬᠠᠯ ᠤᠨ ᠮᠥᠩᠭᠦ ᠠᠪᠬᠤ ᠵᠢᠯ ᠬᠤᠭᠤᠴᠠᠭ᠎ᠠ ᠶᠢ ᠬᠠᠤᠯᠢ ᠳᠤ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠭᠦᠷᠲᠡᠯ᠎ᠡ ᠤᠷᠲᠤᠳᠬᠠᠵᠤ᠂ ᠬᠠᠤᠯᠢ ᠳᠤ ᠲᠣᠭᠲᠠᠭᠠᠭᠰᠠᠨ ᠠᠵᠢᠯ ᠠᠴᠠ ᠠᠮᠠᠷᠠᠬᠤ ᠨᠠᠰᠤ ᠶᠢ ᠢᠳᠡᠭ ᠢᠳᠡᠭ ᠢᠶᠠᠷ ᠤᠷᠲᠤᠳᠬᠠᠬᠤ ᠶᠢ ᠬᠡᠷᠡᠭᠵᠢᠭᠦᠯᠵᠦ ᠪᠠᠶᠢᠭ᠎ᠠ ᠬᠤᠭᠤᠴᠠᠭᠠᠨ ᠳᠤ᠂ ᠠᠵᠢᠯ ᠠᠯᠳᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠣᠭᠲᠠᠭᠠᠯ ᠶᠣᠰᠣᠭᠠᠷ ᠲᠡᠭᠦᠨ ᠳᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠵᠤ ᠥᠭᠭᠦᠨ᠎ᠡ᠃      ᠨᠠᠢᠮᠠᠳᠤᠭᠠᠷ ᠵᠦᠢᠯ   ᠤᠯᠤᠰ ᠠᠴᠠ ᠣᠨᠴᠠᠭᠠᠢ ᠠᠵᠢᠯ ᠲᠦᠷᠦᠯ ᠵᠡᠷᠭᠡ ᠶᠢᠨ ᠤᠷᠢᠳᠴᠢᠯᠠᠨ ᠠᠵᠢᠯ ᠠᠴᠠ ᠪᠠᠨ ᠠᠮᠠᠷᠠᠬᠤ ᠲᠦᠷᠦ ᠶᠢᠨ ᠪᠣᠳᠣᠯᠭ᠎ᠠ ᠶᠢ ᠵᠢᠷᠤᠮᠵᠢᠭᠤᠯᠤᠨ ᠲᠡᠭᠦᠯᠳᠡᠷᠵᠢᠭᠦᠯᠦᠨ᠎ᠡ᠃ ᠬᠤᠳᠳᠤᠭ ᠳᠣᠲᠣᠷ᠎ᠠ᠂ ᠥᠨᠳᠥᠷ ᠣᠭᠲᠠᠷᠭᠤᠢ᠂ ᠥᠨᠳᠥᠷ ᠳᠤᠯᠠᠭᠠᠨ᠂ ᠣᠨᠴᠠᠭᠠᠢ ᠬᠦᠨᠳᠦ ᠨᠦᠰᠡᠷ ᠪᠡᠶ᠎ᠡ ᠶᠢᠨ ᠭᠦᠳᠡᠯᠮᠦᠷᠢ ᠵᠡᠷᠭᠡ ᠤᠯᠤᠰ ᠠᠴᠠ ᠲᠣᠭᠲᠠᠭᠠᠭᠰᠠᠨ ᠣᠨᠴᠠᠭᠠᠢ ᠠᠵᠢᠯ ᠲᠦᠷᠦᠯ ᠵᠢᠴᠢ ᠡᠷᠭᠦᠭᠳᠡᠴᠡ ᠥᠨᠳᠥᠷ ᠭᠠᠵᠠᠷ ᠣᠷᠣᠨ ᠳᠤ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠨ ᠨᠥᠬᠦᠴᠡᠯ ᠳᠤ ᠨᠡᠶᠢᠴᠡᠭᠰᠡᠨ ᠪᠠᠶᠢᠪᠠᠯ ᠤᠷᠢᠳᠴᠢᠯᠠᠨ ᠠᠵᠢᠯ ᠠᠴᠠ ᠪᠠᠨ ᠠᠮᠠᠷᠠᠬᠤ ᠪᠠᠷ ᠭᠤᠶᠤᠴᠢᠯᠠᠵᠤ ᠪᠣᠯᠣᠨ᠎ᠠ᠃      ᠶᠢᠰᠦᠳᠦᠭᠡᠷ ᠵᠦᠢᠯ   ᠤᠯᠤᠰ ᠠᠴᠠ ᠭᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠲᠦᠭᠡᠮᠡᠯ ᠬᠠᠷᠠᠭᠠᠯᠵᠠᠯᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮ ᠢ ᠶᠡᠭᠡ ᠪᠠᠷ ᠬᠥᠭᠵᠢᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号