ᠰᠢᠨ᠎ᠡ ᠬᠥᠳᠡᠯᠭᠡᠭᠴᠢ ᠡᠨᠧᠷᠭᠢ ᠶᠢ ᠡᠭᠦᠳᠴᠦ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨᠡᠮ
ᠨᠡᠶᠢᠲᠡᠯᠡᠭᠰᠡᠨ ᠴᠠᠭ᠄
2024/9/16
     - ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠤᠬᠠᠢ ᠬᠦᠦᠷᠨᠢᠯ      ︽ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠢ ᠨᠢᠭᠡᠨᠲᠡ ᠠᠷᠪᠠᠨ ᠬᠤᠭᠤᠴᠠᠭ᠎ᠠ ᠠᠮᠵᠢᠯᠲᠠ ᠲᠠᠢ ᠡᠷᠭᠢᠯᠡᠵᠡᠢ᠂ ᠡᠨᠡ ᠪᠣᠯ ᠳᠤᠮᠳᠠᠳᠤ ᠤᠯᠤᠰ ᠤᠨ ᠦᠢᠯᠡᠴᠢᠯᠡᠭᠡᠨ ᠤ ᠦᠢᠯᠡᠰ ᠪᠣᠯᠣᠨ ᠦᠢᠯᠡᠴᠢᠯᠡᠭᠡᠨ ᠤ ᠠᠷᠠᠯᠵᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠠᠮᠢᠳᠤᠯᠢᠭ ᠵᠢᠷᠤᠭᠯᠠᠯ ᠮᠥᠨ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠡᠢ︾ ᠭᠡᠵᠦ 9 ᠰᠠᠷ᠎ᠠ ᠶᠢᠨ 12 ᠤᠨ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠳᠤᠮᠳᠠᠳᠤ ᠤᠯᠤᠰ ᠤᠨ ᠣᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠵᠦ᠂ ᠳᠤᠮᠳᠠᠳᠤ ᠤᠯᠤᠰ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠳᠡᠯᠡᠬᠡᠢ ᠶᠢᠨ ᠬᠥᠭᠵᠢᠯ ᠴᠡᠴᠡᠭᠯᠡᠯ ᠳᠤ ᠬᠦᠴᠦᠨ ᠨᠡᠮᠡᠷᠢᠯᠡᠬᠦ ᠢᠳᠡᠪᠬᠢᠲᠡᠢ ᠳᠣᠬᠢᠶ᠎ᠠ ᠶᠢ ᠳᠡᠯᠡᠬᠡᠢ ᠳ᠋ᠠᠬᠢᠨ ᠳᠤ ᠳᠠᠮᠵᠢᠭᠤᠯᠪᠠ᠃      ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠯᠢ ᠤᠯᠠᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠲᠣᠭᠲᠠᠭᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠠᠬᠢᠭᠤᠯᠪᠠ᠃ ᠦᠢᠯᠡᠴᠢᠯᠡᠭᠡᠨ ᠤ ᠦᠢᠯᠡᠰ ᠠᠯᠬᠤᠮ ᠠᠯᠬᠤᠮ ᠢᠶᠠᠷ ᠤᠯᠤᠰ ᠠᠷᠠᠳ ᠤᠨ ᠠᠵᠤ ᠠᠬᠤᠢ ᠶᠢᠨ ᠨᠢᠭᠡᠳᠦᠭᠡᠷ ᠲᠣᠮᠣ ᠠᠵᠤ ᠦᠢᠯᠡᠰ ᠪᠣᠯᠣᠨ ᠪᠣᠶᠢᠵᠢᠵᠤ᠂ ᠰᠢᠨ᠎ᠡ ᠬᠥᠳᠡᠯᠭᠡᠭᠴᠢ ᠡᠨᠧᠷᠭᠢ ᠶᠢ ᠡᠭᠦᠳᠴᠦ᠂ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠵᠦ᠂ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠨᠡᠮᠡᠭᠳᠡᠯ ᠤᠨ ᠴᠢᠬᠤᠯᠠ ᠬᠦᠴᠦᠨ ᠪᠣᠯᠪᠠ᠃      ᠬᠡᠪᠴᠢᠶ᠎ᠡ ᠨᠢ ᠡᠳᠦᠷ ᠢᠷᠡᠬᠦᠶ᠎ᠡ ᠪᠤᠵᠠᠭᠠᠶᠢᠷᠠᠵᠤ ᠤᠯᠤᠰ ᠠᠷᠠᠳ ᠤᠨ ᠠᠵᠤ ᠠᠬᠤᠢ ᠶᠢᠨ ︽ᠬᠠᠭᠠᠰ ᠲᠡᠭᠷᠢ︾  ᠶᠢ ᠲᠤᠯᠭᠠᠭᠤᠷᠢᠯᠠᠪᠠ      ᠨᠠᠢᠮᠠᠨ ᠰᠠᠷ᠎ᠠ ᠶᠢᠨ ᠲᠡᠷᠭᠡᠯ ᠪᠠᠶᠠᠷ᠂ ᠤᠯᠤᠰ ᠤᠨ ᠪᠠᠶᠠᠷ ᠤᠨ ᠠᠮᠠᠷᠠᠯᠲᠠ ᠣᠶᠢᠷᠠᠳᠴᠤ᠂ ᠢᠳᠡᠭᠡᠨ ᠤᠮᠳᠠᠭᠠᠨ ᠬᠤᠨᠤᠭ ᠪᠠᠭᠤᠳᠠᠯ᠂ ᠳ᠋ᠧᠩ ᠤᠨ ᠴᠤᠭᠯᠠᠭᠠᠨ᠂ ᠰᠣᠶᠣᠯ ᠵᠢᠭᠤᠯᠴᠢᠯᠠᠯ ᠬᠥᠭᠵᠢᠶᠡᠨᠲᠦ ᠤᠯᠠᠷᠢᠯ ᠢᠶᠠᠨ ᠤᠬᠲᠤᠪᠠ᠃ ᠫᠠᠷᠢᠰ ᠤᠨ ᠣᠯᠢᠮᠫᠢᠺ ᠤᠨ ᠲᠠᠮᠢᠷ ᠤᠨ ᠴᠤᠭᠯᠠᠭᠠᠨ ᠲᠡᠭᠦᠰᠦᠭᠡᠳ ᠤᠳᠠᠭ᠎ᠠ ᠦᠭᠡᠢ᠂ ᠪᠦᠭᠦ ᠠᠷᠠᠳ ᠤᠨ ᠪᠡᠶ᠎ᠡ ᠶᠢᠨ ᠲᠠᠮᠢᠷ ᠤᠨ ᠬᠡᠷᠡᠭᠯᠡᠭᠡ ᠦᠷᠭᠦᠯᠵᠢᠯᠡᠨ ᠨᠡᠮᠡᠭᠳᠡᠵᠦ ᠪᠠᠶᠢᠨ᠎ᠠ ᠁ ᠣᠳᠣᠬᠠᠨ ᠳᠤ᠂ ᠮᠠᠨ ᠤ ᠤᠯᠤᠰ ᠶᠠᠭ ᠦᠢᠯᠡᠴᠢᠯᠡᠭᠡᠨ ᠤ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠬᠦ ᠱᠠᠲᠤᠨ ᠳᠤ ᠣᠷᠣᠰᠢᠵᠤ ᠪᠠᠶᠢᠨ᠎ᠠ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠵᠦ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠱᠠᠲᠤᠨ ᠳᠤ ᠣᠷᠣᠬᠤ ᠶᠢ ᠠᠬᠢᠭᠤᠯᠪᠠ᠃ 2023 ᠣᠨ ᠳᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ 688238 ᠳ᠋ᠦᠩᠰᠢᠭᠤᠷ ᠲᠥᠭᠦᠷᠢᠭ ᠪᠤᠯᠲᠠᠯ᠎ᠠ ᠨᠡᠮᠡᠭᠳᠡᠵᠦ᠂ 2013 ᠣᠨ ᠠᠴᠠ 2023 ᠣᠨ ᠪᠤᠯᠲᠠᠯ᠎ᠠ ᠵᠢᠯ ᠳᠤᠮᠳᠠᠴᠢ ᠪᠠᠷ 6.9% ᠪᠠᠷ ᠪᠣᠳᠠᠲᠠᠢ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠠᠳᠠᠯᠢ ᠬᠤᠭᠤᠴᠠᠭᠠᠨ ᠤ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ︵GDP︶ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠠᠷᠢᠴᠠᠯ ᠢᠶᠠᠷ 0.8 ᠬᠤᠪᠢ ᠥᠨᠳᠥᠷ ᠪᠣᠯᠪᠠ᠃ ᠡᠨᠡ ᠬᠦ ᠬᠤᠭᠤᠴᠠᠭᠠᠨ ᠳᠤ᠂ GDP ᠳᠠᠬᠢ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠤᠪᠢ ᠶᠢᠨ ᠵᠢᠩ ᠤᠯᠠᠮ ᠨᠢᠭᠡ ᠠᠯᠬᠤᠮ ᠳᠡᠭᠡᠭᠰᠢᠯᠡᠵᠦ᠂ 2015 ᠣᠨ ᠳᠤ ᠠᠩᠬ᠎ᠠ ᠤᠳᠠᠭ᠎ᠠ 50% ᠶᠢ ᠳᠠᠪᠠᠵᠤ᠂ 2023 ᠣᠨ ᠳᠤ 54.6% ᠳᠤ ᠬᠦᠷᠴᠦ᠂ 9 ᠵᠢᠯ ᠳᠠᠷᠠᠭᠠᠯᠠᠨ ᠤᠯᠤᠰ ᠠᠷᠠᠳ ᠤᠨ ᠠᠵᠤ ᠠᠬᠤᠢ ᠶᠢᠨ ᠬᠠᠭᠠᠰ ᠢ ᠡᠵᠡᠯᠡᠪᠡ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠳᠤ᠂ ᠮᠠᠨ ᠤ ᠤᠯᠤᠰ ᠠᠵᠤ ᠦᠢᠯᠡᠳᠪᠦᠷᠢ ᠬᠥᠳᠡᠭᠡ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠦᠢᠯᠡᠴᠢᠯᠡᠭᠡᠨ ᠤ ᠦᠢᠯᠡᠰ ᠲᠤᠰᠠᠯᠠᠬᠤ ᠪᠠᠶᠢᠷᠢᠨ ᠳᠤ ᠪᠠᠶᠢᠪᠠ᠃ ᠥᠭᠡᠷᠡᠴᠢᠯᠡᠯᠲᠡ ᠨᠡᠭᠡᠭᠡᠯᠲᠡ ᠬᠢᠭᠰᠡᠨ ᠤ ᠳᠠᠷᠠᠭ᠎ᠠ᠂ ᠦᠢᠯᠡᠴᠢᠯᠡᠭᠡᠨ ᠤ ᠦᠢᠯᠡᠰ ᠲᠤ ᠲᠡᠭᠷᠢ ᠭᠠᠵᠠᠷ ᠢ ᠳᠣᠩᠰᠣᠯᠭᠠᠮ᠎ᠠ ᠬᠤᠪᠢᠷᠠᠯᠲᠠ ᠭᠠᠷᠴᠤ᠂ ᠪᠦᠭᠦ ᠲᠠᠯ᠎ᠠ ᠪᠠᠷ ᠲᠦᠷᠭᠡᠨ ᠭᠦᠭᠵᠢᠪᠡ᠃ ᠳᠠᠭᠢᠭᠠᠳ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠭᠡᠯᠪᠡᠷᠢ ᠰᠢᠨ᠎ᠡ ᠵᠠᠭᠪᠤᠷ ᠶᠡᠭᠡ ᠬᠡᠮᠵᠢᠶ᠎ᠡ ᠪᠠᠷ ᠴᠣᠯᠭᠤᠷᠠᠨ ᠭᠠᠷᠴᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠰᠢᠨ᠎ᠡ ᠱᠠᠲᠤᠨ ᠳᠤ ᠣᠷᠣᠪᠠ ᠁ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠦᠢᠯᠡᠴᠢᠯᠡᠭᠡᠨ ᠤ ᠦᠢᠯᠡᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠥᠳᠡᠯᠭᠡᠭᠦᠷ ᠪᠤᠯᠬᠤ ᠪᠠᠶᠢᠷᠢ ᠰᠠᠭᠤᠷᠢ ᠪᠠ ᠦᠢᠯᠡᠳᠦᠯ ᠨᠠᠩ ᠪᠠᠲᠤ ᠪᠠᠬᠢ ᠪᠣᠯᠪᠠ᠃      ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠲᠤᠭ᠎ᠠ ᠬᠡᠮᠵᠢᠶ᠎ᠡ ᠠᠴᠠ ᠦᠢᠯᠡᠴᠢᠯᠡᠭᠡᠨ ᠤ ᠦᠢᠯᠡᠰ ᠨᠢ ᠨᠡᠮᠡᠭᠳᠡᠯ ᠢ ᠠᠬᠢᠭᠤᠯᠬᠤ ︽ᠭᠤᠣᠯ ᠬᠥᠳᠡᠯᠭᠡᠭᠴᠢ ᠬᠦᠴᠦᠨ︾ ᠪᠣᠯᠤᠭᠰᠠᠨ ᠢ ᠣᠯᠵᠤ ᠬᠠᠷᠠᠨ᠎ᠠ  -      ᠣᠶᠢᠷ᠎ᠠ ᠶᠢᠨ ᠵᠢᠯ ᠤᠨ ᠲᠤᠷᠰᠢ᠂ ᠦᠢᠯᠡᠴᠢᠯᠡᠭᠡᠨ ᠤ ᠦᠢᠯᠡᠰ ᠤᠨ GDP ᠳᠤ ᠦᠵᠡᠭᠦᠯᠭᠦ ᠬᠤᠪᠢ ᠨᠡᠮᠡᠷᠢ ᠶᠢᠨ ᠨᠣᠷᠮ᠎ᠠ ᠲᠦᠷᠭᠡᠨ ᠳᠡᠭᠡᠭᠰᠢᠯᠡᠬᠦ ᠪᠠᠶᠢᠳᠠᠯ ᠲᠠᠢ ᠪᠣᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠥᠳᠡᠯᠭᠡᠭᠦᠷ ᠪᠣᠯᠤᠭᠰᠠᠨ ᠪᠠᠶᠢᠨ᠎ᠠ᠃      ᠪᠠᠷᠠᠭ᠎ᠠ ᠬᠤᠳᠠᠯᠳᠤᠬᠤ ᠨᠡᠪᠲᠡᠷᠡᠭᠦᠯᠦᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠰᠦᠯᠵᠢᠶ᠎ᠡ ᠪᠠᠷ ᠪᠣᠯᠵᠣᠬᠤ ᠮᠠᠰᠢᠨ ᠲᠡᠷᠭᠡᠨ ᠤ ᠵᠢᠯᠣᠭᠤᠴᠢ᠂ ᠲᠤᠭ᠎ᠠ ᠪᠠᠷᠢᠮᠲᠠ ᠶᠢᠨ ᠵᠠᠳᠠᠯᠤᠭᠴᠢ ᠁ ᠣᠶᠢᠷ᠎ᠠ ᠶᠢᠨ ᠵᠢᠯ ᠳᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠠᠭᠠᠯᠳᠤᠨ ᠪᠤᠢ ᠪᠣᠯᠤᠭᠰᠠᠨ ᠰᠢᠨ᠎ᠡ ᠠᠵᠢᠯ ᠨᠢ ᠨᠢᠭᠡᠨᠲᠡ ᠠᠷᠠᠳ ᠣᠯᠠᠨ ᠤ ᠡᠳᠦᠷ ᠲᠤᠲᠤᠮ ᠤᠨ ᠠᠮᠢᠳᠤᠷᠠᠯ ᠳᠤ ᠠᠭᠤᠰᠤᠯᠴᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠦᠢᠯᠡᠴᠢᠯᠡᠭᠡᠨ ᠤ ᠦᠢᠯᠡᠰ ᠨᠢ ᠠᠵᠢᠯ ᠡᠷᠢᠭᠰᠡᠳ ᠢ ᠰᠢᠩᠭᠡᠭᠡᠬᠦ ᠭᠤᠣᠯ ᠬᠦᠴᠦᠨ ᠪᠣᠯᠵᠤ᠂ 2013 ᠣᠨ ᠠᠴᠠ 2023 ᠣᠨ ᠪᠤᠯᠲᠠᠯ᠎ᠠ᠂ ᠦᠢᠯᠡᠴᠢᠯᠡᠭᠡᠨ ᠤ ᠦᠢᠯᠡᠰ ᠨᠢ ᠵᠢᠯ ᠳᠤᠮᠳᠠᠴᠢ ᠪᠠᠷ 741 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 2023 ᠣᠨ ᠤ ᠡᠴᠦᠰ ᠲᠤ᠂ ᠦᠢᠯᠡᠴᠢᠯᠡᠭᠡᠨ ᠤ ᠦᠢᠯᠡᠰ ᠲᠤ ᠠᠵᠢᠯᠯᠠᠵᠤ ᠪᠠᠶᠢᠭ᠎ᠠ ᠬᠥᠮᠥᠨ ᠪᠦᠭᠦ ᠤᠯᠤᠰ ᠤᠨ ᠬᠥᠳᠡᠯᠮᠦᠷᠢᠯᠡᠭᠴᠢᠳ ᠤᠨ ᠳᠣᠲᠣᠷᠠᠬᠢ ᠡᠵᠡᠯᠡᠬᠦ ᠬᠤᠪᠢ ᠶᠢᠨ ᠵᠢᠩ 48.1% ᠪᠣᠯᠵᠠᠢ᠃      ᠪᠦᠲᠦᠴᠡ ᠦᠷᠭᠦᠯᠵᠢᠯᠡᠨ ᠰᠢᠯᠢᠳᠡᠭᠵᠢᠵᠦ ᠶᠠᠰᠤ ᠴᠢᠨᠠᠷ ᠢ ᠬᠥᠭᠡᠭᠡᠴᠡᠯᠳᠦᠬᠦ ᠲᠡᠶᠢᠰᠢ ᠤᠷᠤᠭᠰᠢᠯᠠᠬᠤ ︽ᠰᠢᠨ᠎ᠡ ᠭᠦᠭ ᠠᠶᠠᠰ︾ ᠢ ᠬᠠᠩᠭᠢᠨᠠᠭᠤᠯᠪᠠ      ᠡᠯᠧᠺᠲᠷᠣᠨ ᠬᠤᠳᠠᠯᠳᠤᠭᠠᠨ ᠤ ᠲᠠᠪᠴᠠᠩ᠂ ᠲᠣᠭᠠᠴᠢᠯᠠᠭᠰᠠᠨ ᠮᠥᠩᠭᠦᠨ ᠭᠦᠢᠯᠭᠡᠭᠡ ᠪᠠᠷ ᠳᠠᠮᠵᠢᠨ ᠬᠡᠷᠡᠭᠯᠡᠭᠴᠢᠳ ᠭᠡᠷ ᠠᠴᠠ ᠪᠠᠨ ᠭᠠᠷᠬᠤ ᠦᠭᠡᠢ ᠪᠠᠷ ︽ᠪᠦᠭᠦ ᠪᠥᠮᠪᠥᠷᠴᠡᠭ ᠠᠴᠠ ᠪᠠᠷᠠᠭ᠎ᠠ ᠬᠤᠳᠠᠯᠳᠤᠨ ᠠᠪᠬᠤ︾ ᠪᠣᠯᠵᠤ᠂ ᠬᠠᠮᠲᠤ ᠪᠠᠷ ᠡᠳ᠋ᠯᠡᠬᠦ ᠳᠤᠭᠤᠢ ᠲᠡᠷᠭᠡ᠂ ᠬᠠᠮᠲᠤ ᠪᠠᠷ ᠡᠳ᠋ᠯᠡᠬᠦ ᠮᠠᠰᠢᠨ ᠲᠡᠷᠭᠡ ᠵᠡᠷᠭᠡ ᠬᠠᠮᠲᠤ ᠪᠠᠷ ᠡᠳ᠋ᠯᠡᠬᠦ ᠵᠠᠮ ᠬᠠᠷᠢᠯᠴᠠᠭᠠᠨ ᠤ ᠵᠠᠭᠪᠤᠷ ᠨᠢ ᠶᠠᠪᠤᠵᠤ ᠰᠠᠭᠤᠬᠤ ᠶᠢ ᠲᠥᠭᠦᠮ ᠪᠥᠭᠡᠳ ᠪᠣᠬᠢᠷᠳᠤᠯ ᠦᠭᠡᠢ ᠪᠣᠯᠭᠠᠪᠠ ᠁ ᠣᠳᠣᠬᠠᠨ ᠳᠤ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠮᠥᠩᠭᠦᠨ ᠭᠦᠢᠯᠭᠡᠭᠡᠨ ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠬᠠᠮᠲᠤ ᠪᠠᠷ ᠡᠳ᠋ᠯᠡᠬᠦ ᠠᠵᠤ ᠠᠬᠤᠢ ᠵᠡᠷᠭᠡ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠥᠷᠨᠢᠨ ᠬᠥᠭᠵᠢᠵᠦ᠂ ᠬᠥᠮᠥᠰ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠭᠦᠨᠵᠡᠭᠡᠢ ᠬᠤᠪᠢᠷᠠᠭᠤᠯᠤᠭᠰᠠᠨ ᠪᠥᠭᠡᠳ ᠪᠠᠰᠠ ᠦᠢᠯᠡᠴᠢᠯᠡᠭᠡᠨ ᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠡᠢ᠃      ᠠᠵᠢᠯ ᠲᠥᠷᠥᠯ ᠠᠴᠠ ᠦᠵᠡᠪᠡᠯ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ ᠶᠡᠭᠡ ᠪᠠᠷ ᠪᠠᠭᠤᠷᠠᠵᠤ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠲᠣᠭᠲᠠᠭᠤᠨ ᠢᠶᠠᠷ ᠨᠡᠮᠡᠭᠳᠡᠪᠡ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠦᠶ᠎ᠡ ᠶᠢᠨ 1952 ᠣᠨ ᠢ ᠡᠷᠭᠢᠴᠡᠭᠦᠯᠪᠡᠯ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠨᠡᠮᠡᠭᠳᠡᠯ ᠥᠷᠲᠡᠭ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠨᠥᠭᠡᠴᠡᠯᠡᠬᠦ ᠪᠠ ᠰᠢᠤᠳᠠᠨ ᠤ ᠦᠢᠯᠡᠰ ᠤᠨ ᠨᠡᠮᠡᠭᠳᠡᠯ ᠥᠷᠲᠡᠭ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠨᠡᠶᠢᠲᠡ 50% ᠶᠢ ᠳᠠᠪᠠᠵᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠬᠠᠷᠢᠴᠠᠩᠭᠤᠢ ᠪᠠᠷ ᠲᠥᠪᠯᠡᠷᠡᠵᠦ᠂ 2023 ᠣᠨ ᠳᠤ᠂ ᠡᠨᠡ ᠬᠤᠶᠠᠷ ᠤᠨ ᠦᠢᠯᠡᠴᠢᠯᠡᠭᠡᠨ ᠤ ᠦᠢᠯᠡᠰ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 17.9% ᠪᠠ 8.4% ᠪᠣᠯᠵᠤ ᠪᠠᠭᠤᠷᠠᠪᠠ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠬᠥᠮᠥᠰ ᠤᠨ ᠰᠡᠳᠬᠢᠯ ᠳᠤ ᠭᠦᠨ ᠬᠠᠳᠠᠩᠰᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨ᠎ᠡ ᠪᠠᠷ ᠮᠠᠨᠳᠤᠭᠰᠠᠨ ᠦᠢᠯᠡᠴᠢᠯᠡᠭᠡᠨ ᠤ ᠦᠢᠯᠡᠰ ᠬᠥᠭᠵᠢᠯᠲᠡ ᠶᠢᠨ ᠰᠢᠵᠢᠷ ᠠᠯᠳᠠᠨ ᠴᠠᠭ ᠦᠶ᠎ᠡ ᠪᠠᠨ ᠤᠭᠲᠤᠨ ᠠᠪᠤᠯ᠎ᠠ᠃ 2019 ᠣᠨ ᠠᠴᠠ 2023 ᠣᠨ ᠪᠤᠯᠲᠠᠯ᠎ᠠ᠂ ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠦᠢᠯᠡᠴᠢᠯᠡᠭᠡᠨ ᠤ ᠦᠢᠯᠡᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠨᠢ ᠵᠢᠯ ᠳᠤᠮᠳᠠᠴᠢ ᠪᠠᠷ ᠲᠣᠰ ᠲᠣᠰ 12.9%᠂ 12.3% ᠪᠠ 12.0% ᠢᠶᠠᠷ ᠨᠡᠮᠡᠭᠳᠡᠪᠡ᠃      ᠣᠷᠣᠨ ᠪᠦᠰᠡ ᠠᠴᠠ ᠦᠵᠡᠪᠡᠯ᠂ ᠦᠢᠯᠡᠴᠢᠯᠡᠭᠡᠨ ᠤ ᠦᠢᠯᠡᠰ ᠤᠨ ᠣᠷᠣᠨ ᠪᠦᠰᠡ ᠶᠢᠨ ᠬᠥᠭᠵᠢᠯᠲᠡ ᠨᠡᠩ ᠵᠣᠬᠢᠴᠠᠩᠭᠤᠢ ᠪᠣᠯᠵᠤ᠂ ᠬᠠᠮᠵᠢᠯᠴᠠᠨ ᠬᠥᠭᠵᠢᠬᠦ ᠪᠠᠶᠢᠳᠠᠯ ᠤᠯᠠᠮ ᠢᠯᠡᠷᠬᠡᠢ ᠪᠣᠯᠪᠠ᠃      ᠨᠡᠭᠡᠭᠡᠯᠲᠡ ᠠᠴᠠ ᠦᠵᠡᠪᠡᠯ᠂ ᠦᠢᠯᠡᠴᠢᠯᠡᠭᠡᠨ ᠤ ᠦᠢᠯᠡᠰ ᠨᠢ ᠭᠠᠳᠠᠭᠠᠳᠤ ᠪᠡᠯᠡ ᠶᠢ ᠲᠠᠲᠠᠬᠤ ᠴᠢᠬᠤᠯᠠ ᠬᠦᠷᠢᠶ᠎ᠡ ᠴᠠᠷᠠᠭ᠎ᠠ ᠪᠣᠯᠵᠤ᠂ ᠳᠤᠮᠳᠠᠳᠤ ᠤᠯᠤᠰ ᠤᠨ ᠦᠢᠯᠡᠴᠢᠯᠡᠭᠡ ᠶᠢᠨ ᠦᠢᠯᠡᠰ ᠳᠡᠯᠡᠬᠡᠢ ᠲᠡᠶᠢᠰᠢ ᠲᠦᠷᠭᠡᠨ ᠤᠷᠤᠭᠰᠢᠯᠠᠪᠠ᠃      ᠮᠠᠨ ᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠤ ᠳᠠᠷᠠᠭ᠎ᠠ᠂ ᠪᠠᠩᠬᠢ ᠶᠢᠨ ᠦᠢᠯᠡᠰ᠂ ᠳᠠᠭᠠᠳᠬᠠᠯ ᠤᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠵᠡᠷᠭᠡ ᠦᠢᠯᠡᠴᠢᠯᠡᠭᠡᠨ ᠤ ᠦᠢᠯᠡᠰ ᠤᠨ 9 ᠶᠡᠭᠡ ᠬᠦᠷᠢᠶ᠎ᠡ᠂ 100 ᠭᠠᠷᠤᠢ ᠬᠤᠪᠢᠶᠠᠷᠢ ᠰᠠᠯᠠᠭ᠎ᠠ ᠮᠥᠴᠢᠷ ᠤᠨ ᠭᠠᠳᠠᠭᠠᠳᠤ ᠪᠡᠯᠡ ᠶᠢᠨ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠴᠢᠯᠦᠭᠡᠲᠡᠢ ᠪᠤᠯᠭᠠᠪᠠ᠃ 2001 ᠣᠨ ᠠᠴᠠ 2023 ᠣᠨ ᠪᠤᠯᠲᠠᠯ᠎ᠠ᠂ ᠮᠠᠨ ᠤ ᠤᠯᠤᠰ ᠤᠨ ᠦᠢᠯᠡᠴᠢᠯᠡᠭᠡᠨ ᠤ ᠠᠷᠠᠯᠵᠢᠶ᠎ᠠ ᠶᠢᠨ ᠭᠠᠳᠠᠭᠠᠳᠤ ᠤᠷᠤᠭᠤᠯᠤᠯᠲᠠ ᠪᠠ ᠭᠠᠷᠭᠠᠯᠲᠠ ᠶᠢᠨ ᠶᠡᠷᠦᠩᠬᠡᠢ ᠬᠡᠮᠵᠢᠶ᠎ᠡ 784 ᠳ᠋ᠦᠩᠰᠢᠭᠤᠷ ᠳ᠋ᠣᠯᠯᠠᠷ ᠪᠠᠶᠢᠭᠰᠠᠨ ᠠᠴᠠ ᠪᠠᠨ 9331 ᠳ᠋ᠦᠩᠰᠢᠭᠤᠷ ᠳ᠋ᠣᠯᠯᠠᠷ ᠪᠣᠯᠣᠨ ᠨᠡᠮᠡᠭᠳᠡᠵᠦ᠂ ᠠᠷᠠᠯᠵᠢᠶᠠᠨ ᠤ ᠬᠡᠪᠴᠢᠶ᠎ᠡ ᠶᠢᠨ ᠳᠡᠯᠡᠬᠡᠢ ᠶᠢᠨ ᠡᠯ᠎ᠡ ᠠᠵᠤ ᠠᠬᠤᠢ ᠶᠢᠨ ᠴᠣᠭᠴᠠ ᠳᠠᠬᠢ ᠨᠡᠷᠡᠰ ᠤᠨ ᠵᠢᠭᠰᠠᠭᠠᠯᠲᠠ ᠨᠢ 12 ᠳ᠋ᠤᠭᠠᠷ ᠪᠠᠶᠢᠭᠰᠠᠨ ᠠᠴᠠ ᠪᠠᠨ ᠳᠡᠯᠡᠬᠡᠢ ᠶᠢᠨ ᠡᠮᠦᠨ᠎ᠡ ᠡᠩᠨᠡᠭᠡᠨ ᠳᠤ ᠲᠠᠪᠰᠢᠨ ᠣᠷᠣᠪᠠ᠃      ᠰᠢᠨ᠎ᠡ ᠶᠢ ᠡᠭᠦᠳᠬᠦ ᠬᠥᠳᠡᠯᠭᠡᠬᠦ ᠡᠨᠧᠷᠭᠢ ᠨᠡᠮᠡᠭᠳᠡᠵᠦ ᠠᠵᠤ ᠠᠬᠤᠢ ᠶᠢᠨ ᠨᠡᠮᠡᠭᠳᠡᠯ ᠤᠨ ︽ᠰᠢᠨ᠎ᠡ ᠬᠥᠳᠡᠯᠭᠡᠭᠦᠷ︾ ᠢ ᠬᠥᠭᠵᠢᠭᠡᠪᠡ      ᠣᠳᠣᠬᠠᠨ ᠳᠤ᠂ ᠦᠢᠯᠡᠴᠢᠯᠡᠭᠡᠨ ᠤ ᠦᠢᠯᠡᠰ ᠨᠢ ᠲᠣᠮᠣ ᠳ᠋ᠠᠶᠢᠲ᠋ᠠ᠂ ᠡᠭᠦᠯᠡᠨ ᠪᠣᠳᠣᠯᠲᠠ᠂ ᠪᠠᠷᠠᠭᠠᠨ ᠤ ᠰᠦᠯᠵᠢᠶ᠎ᠡ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠳᠠᠮᠵᠢᠭᠤᠯᠤᠨ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠵᠦ ᠪᠠᠶᠢᠨ᠎ᠠ᠃      ᠰᠢᠨ᠎ᠡ ᠴᠠᠭ ᠦᠶ᠎ᠡ ᠠᠴᠠ ᠨᠠᠭᠠᠰᠢ᠂ ᠮᠠᠨ ᠤ ᠤᠯᠤᠰ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠵᠦ᠂ ᠦᠢᠯᠡᠳᠬᠦ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠠᠬᠢ ᠦᠢᠯᠡᠴᠢᠯᠡᠭᠡᠨ ᠤ ᠦᠢᠯᠡᠰ ᠤᠨ ᠲᠤᠯᠭᠠᠭᠤᠷᠢᠯᠠᠬᠤ ᠦᠢᠯᠡᠳᠦᠯ ᠲᠠᠰᠤᠷᠠᠯᠲᠠ ᠦᠭᠡᠢ ᠴᠢᠩᠭᠠᠷᠠᠵᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠪᠣᠯᠣᠨ ᠲᠡᠷᠢᠭᠦᠨ ᠤ ᠦᠢᠯᠡᠳᠬᠦ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠠᠩᠬ᠎ᠠ ᠠᠯᠬᠤᠮ ᠤᠨ ᠦᠷ᠎ᠡ ᠪᠦᠲᠦᠮᠵᠢ ᠣᠯᠪᠠ᠃ 2023 ᠣᠨ ᠳᠤ᠂ ᠮᠠᠨ ᠤ ᠤᠯᠤᠰ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 119 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ 2020 ᠣᠨ ᠠᠴᠠ 2023 ᠣᠨ ᠪᠤᠯᠲᠠᠯ᠎ᠠ ᠵᠢᠯ ᠳᠤᠮᠳᠠᠴᠢ ᠪᠠᠷ 12.1% ᠪᠠᠷ ᠨᠡᠮᠡᠭᠳᠡᠪᠡ᠃      ᠮᠠᠨ ᠤ ᠤᠯᠤᠰ ᠤᠨ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠯᠬᠤᠮ ᠠᠯᠬᠤᠮ ᠢᠶᠠᠷ ᠲᠦᠷᠭᠡᠳᠬᠦ ᠶᠢ ᠳᠠᠭᠠᠯᠳᠤᠨ᠂ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠳᠡᠭᠡᠭᠰᠢᠯᠡᠵᠦ᠂ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠭᠦᠯ ᠮᠡᠨᠳᠥ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ ᠵᠡᠷᠭᠡ ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠤᠨ ᠲᠦᠷᠭᠡᠨ ᠬᠥᠭᠵᠢᠬᠦ ᠶᠢ ᠲᠠᠶᠢᠴᠢᠯᠠᠪᠠ᠃      ᠰᠣᠶᠣᠯ ᠤᠨ ᠠᠵᠤ ᠦᠢᠯᠡᠰ ᠴᠡᠴᠡᠭᠯᠡᠨ ᠬᠥᠭᠵᠢᠪᠡ᠃ 2022 ᠣᠨ ᠳᠤ ᠰᠣᠶᠣᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ 53782 ᠳ᠋ᠦᠩᠰᠢᠭᠤᠷ ᠲᠥᠭᠦᠷᠢᠭ ᠲᠤ ᠬᠦᠷᠴᠦ᠂ 2012 ᠣᠨ ᠤ ᠬᠢ ᠠᠴᠠ 197.6% ᠪᠠᠷ ᠨᠡᠮᠡᠭᠳᠡᠨ᠂ GDP ᠳᠠᠬᠢ ᠡᠵᠡᠯᠡᠬᠦ ᠬᠤᠪᠢ ᠶᠢᠨ ᠵᠢᠩ ᠨᠢ 3.4% ᠪᠠᠶᠢᠭᠰᠠᠨ ᠠᠴᠠ ᠪᠠᠨ 4.5% ᠪᠤᠯᠲᠠᠯ᠎ᠠ ᠳᠡᠭᠡᠭᠰᠢᠯᠡᠪᠡ᠃      ᠪᠡᠶ᠎ᠡ ᠶᠢᠨ ᠲᠠᠮᠢᠷ ᠤᠨ ᠠᠵᠤ ᠦᠢᠯᠡᠰ ᠲᠦᠷᠭᠡᠨ ᠬᠥᠭᠵᠢᠪᠡ᠃ 2022 ᠣᠨ ᠳᠤ᠂ ᠪᠦᠭᠦ ᠤᠯᠤᠰ ᠤᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠨᠡᠮᠡᠭᠳᠡᠯ ᠦᠷᠳᠡᠭ 13092 ᠳ᠋ᠦᠩᠰᠢᠭᠤᠷ ᠲᠥᠭᠦᠷᠢᠭ ᠲᠤ ᠬᠦᠷᠴᠦ᠂ 2015 ᠣᠨ ᠤ ᠬᠢ ᠠᠴᠠ 138.3% ᠪᠠᠷ ᠨᠡᠮᠡᠭᠳᠡᠪᠡ᠃ ᠵᠢᠭᠤᠯᠴᠢᠯᠠᠯ ᠵᠢᠴᠢ ᠬᠤᠯᠪᠣᠭᠳᠠᠯ ᠪᠦᠬᠦᠢ ᠠᠵᠤ ᠦᠢᠯᠡᠰ ᠠᠮᠢᠵᠢᠷᠠᠯ ᠤᠨ ᠬᠦᠴᠦᠨ ᠢᠶᠠᠷ ᠪᠢᠯᠬᠠᠵᠤ᠂ 2022 ᠣᠨ ᠳᠤ᠂ ᠵᠢᠭᠤᠯᠴᠢᠯᠠᠯ ᠵᠢᠴᠢ ᠬᠤᠯᠪᠣᠭᠳᠠᠯ ᠪᠦᠬᠦᠢ ᠠᠵᠤ ᠦᠢᠯᠡᠰ ᠤᠨ ᠨᠡᠮᠡᠭᠳᠡᠯ ᠥᠷᠲᠡᠭ 44672 ᠳ᠋ᠦᠩᠰᠢᠭᠤᠷ ᠲᠥᠭᠦᠷᠢᠭ ᠲᠤ ᠬᠦᠷᠴᠦ᠂ 2014 ᠣᠨ ᠤ  ᠬᠢ ᠠᠴᠠ 62.3% ᠪᠠᠷ ᠨᠡᠮᠡᠭᠳᠡᠪᠡ᠃      ᠢᠷᠡᠭᠡᠳᠦᠢ ᠪᠠᠨ ᠪᠠᠷᠠᠯᠠᠬᠤᠶ᠎ᠠ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ  ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ ᠤ ᠤᠯᠤᠰ ᠤᠨ ᠦᠢᠯᠡᠴᠢᠯᠡᠭᠡᠨ ᠤ ᠦᠢᠯᠡᠰ ᠤᠨ ᠡᠯ᠎ᠡ ᠬᠦᠷᠢᠶᠡᠨ ᠳᠠᠬᠢ ᠥᠭᠡᠷᠡᠴᠢᠯᠡᠯᠲᠡ ᠪᠦᠭᠦ ᠲᠠᠯ᠎ᠠ ᠪᠠᠷ ᠭᠦᠨᠵᠡᠭᠡᠶᠢᠷᠡᠵᠦ᠂ ᠦᠢᠯᠡᠴᠢᠯᠡᠭᠡᠨ ᠤ ᠰᠢᠨ᠎ᠡ ᠶᠢ ᠡᠭᠦᠳᠬᠦ ᠲᠠᠯ᠎ᠠ  ᠪᠠᠷ ᠦᠷᠭᠦᠯᠵᠢᠯᠡᠨ ᠳᠡᠭᠡᠭᠰᠢᠯᠡᠵᠦ᠂ ᠴᠢᠨᠠᠷ ᠰᠠᠶᠢᠲᠠᠢ ᠬᠥᠭᠵᠢᠵᠦ ᠪᠠᠶᠢᠭ᠎ᠠ ᠳᠤᠮᠳᠠᠳᠤ ᠤᠯᠤᠰ ᠤᠨ ᠦᠢᠯᠡᠴᠢᠯᠡᠭᠡ ᠯᠠᠪᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠳᠡᠯᠡᠬᠡᠢ ᠶᠢᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠨᠡᠩ ᠤᠯᠠᠨ ᠬᠤᠪᠢ ᠨᠡᠮᠡᠷᠢ ᠦᠵᠡᠭᠦᠯᠭᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号