ᠮᠠᠨ ᠤ ᠤᠯᠤᠰ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠲᠦᠷᠭᠡᠳᠬᠡᠨ ᠪᠦᠷᠢᠨᠰᠢᠭᠦᠯᠵᠦ ᠪᠤᠢ
ᠨᠡᠶᠢᠲᠡᠯᠡᠭᠰᠡᠨ ᠴᠠᠭ᠄
2024/9/18
     ᠮᠠᠨ ᠤ ᠤᠯᠤᠰ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢ ᠲᠦᠷᠭᠡᠳᠬᠡᠨ ᠪᠦᠷᠢᠨᠰᠢᠭᠦᠯᠵᠦ᠂ ᠲᠦᠭᠡᠮᠡᠯ ᠬᠠᠷᠠᠭᠠᠯᠵᠠᠯᠲᠤ᠂ ᠬᠤᠲᠠ ᠬᠥᠳᠡᠭᠡ ᠶᠢ ᠬᠠᠮᠤᠷᠤᠭᠰᠠᠨ᠂ ᠦᠷᠭᠦᠯᠵᠢᠯᠡᠨ ᠬᠥᠭᠵᠢᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ᠪᠦᠭᠦ ᠨᠠᠰᠤᠲᠠᠶᠢᠴᠤᠳ ᠲᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠶᠢ ᠡᠳ᠋ᠯᠡᠭᠦᠯᠭᠦ ᠶᠢ ᠠᠬᠢᠭᠤᠯᠬᠤ ᠪᠣᠯᠣᠨ᠎ᠠ᠃      ᠠᠷᠠᠳ ᠤᠨ ᠶᠠᠪᠤᠳᠠᠯ ᠤᠨ ᠶᠠᠮᠤᠨ ᠤ ᠳᠡᠳ᠋ ᠰᠠᠶᠢᠳ ᠲᠠᠩ ᠴᠧᠩ ᠫᠧᠢ 13 ᠤ ᠡᠳᠦᠷ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠤᠨ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠠᠷᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠡᠷᠬᠢᠨ ᠨᠠᠩ ᠰᠠᠶᠢᠲᠤᠷ ᠬᠢᠬᠦ ᠲᠤᠬᠠᠢ ᠳᠡᠭᠡᠷ᠎ᠡ ᠳᠤᠷᠠᠳᠤᠭᠰᠠᠨ ᠪᠠᠶᠢᠳᠠᠯ ᠢ ᠲᠠᠨᠢᠯᠴᠠᠭᠤᠯᠪᠠ᠃      ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠠᠴᠠ 13 ᠤ ᠡᠳᠦᠷ ᠪᠠᠲᠤᠯᠠᠭᠰᠠᠨ ᠬᠠᠤᠯᠢ  ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠶᠢ ᠠᠯᠬᠤᠮ ᠠᠯᠬᠤᠮ ᠢᠶᠠᠷ ᠬᠤᠶᠢᠰᠢᠯᠠᠭᠤᠯᠬᠤ ᠲᠣᠭᠲᠠᠭᠠᠯ ᠢ ᠬᠡᠷᠡᠭᠵᠢᠭᠦᠯᠬᠦ ᠲᠤᠬᠠᠢ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ ᠳᠤ ︽ᠤᠯᠤᠰ ᠠᠴᠠ ᠭᠡᠷ ᠪᠦᠯᠢ ᠨᠡᠶᠢᠭᠡᠮ ᠲᠣᠭᠤᠷᠢᠭ ᠤᠨ ᠪᠠᠶᠢᠭᠤᠯᠤᠮᠵᠢ ᠬᠠᠷᠢᠯᠴᠠᠨ ᠵᠣᠬᠢᠴᠠᠯᠳᠤᠭᠰᠠᠨ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ︾ ᠭᠡᠵᠦ ᠵᠢᠭᠠᠵᠤ ᠭᠠᠷᠭᠠᠪᠠ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠲᠠᠩ ᠴᠧᠩ ᠫᠧᠢ ᠪᠠᠰᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠦᠨᠳᠦᠰᠦᠨ ᠵᠦᠢᠯ ᠢ ᠪᠠᠲᠤᠯᠠᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ ᠰᠢᠯᠢᠳᠡᠭᠵᠢᠭᠦᠯᠬᠦ ᠲᠤᠬᠠᠢ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃      ᠲᠠᠩ ᠴᠧᠩ ᠫᠧᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠴᠢᠳᠠᠮᠵᠢ ᠶᠢᠨ ᠪᠦᠲᠦᠴᠡ ᠶᠢ ᠰᠢᠯᠢᠳᠡᠭᠵᠢᠭᠦᠯᠦᠨ᠂ ᠲᠦᠭᠡᠮᠡᠯ ᠬᠠᠷᠠᠭᠠᠯᠵᠠᠯ ᠤᠨ ᠭᠡᠯᠪᠡᠷᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠥᠷᠭᠡᠳᠬᠡᠵᠦ᠂ ᠠᠵᠤ ᠠᠬᠤᠶᠢᠯᠠᠯ ᠵᠡᠷᠭᠡ ᠨᠡᠶᠢᠭᠡᠮ ᠤᠨ ᠬᠦᠴᠦᠨ ᠤ ᠢᠳᠡᠪᠬᠢᠲᠡᠢ ᠣᠷᠤᠯᠴᠠᠬᠤ ᠶᠢ ᠵᠣᠷᠢᠭᠵᠢᠭᠤᠯᠬᠤ ᠬᠡᠷᠡᠭᠲᠡᠢ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠵᠢᠭᠦᠯᠬᠦ ᠪᠠᠷ ᠳᠠᠮᠵᠢᠭᠤᠯᠤᠨ᠂ ᠭᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠳᠠᠷᠤᠯᠲᠠ ᠶᠢ ᠨᠠᠮᠳᠠᠭᠤᠯᠵᠤ᠂ ᠨᠠᠰᠤᠲᠠᠶᠢᠴᠤᠳ ᠤᠨ ᠣᠯᠠᠨ ᠶᠠᠩᠵᠤ ᠶᠢᠨ᠂ ᠣᠯᠠᠨ ᠲᠠᠰ ᠳᠠᠪᠬᠤᠷᠭ᠎ᠠ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠨ᠎ᠠ ᠭᠡᠵᠦ ᠢᠯᠡᠳᠬᠡᠪᠡ᠃      ︽ᠠᠷᠠᠳ ᠤᠨ ᠶᠠᠪᠤᠳᠠᠯ ᠤᠨ ᠶᠠᠮᠤᠨ ᠪᠦᠭᠦ ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠠᠯᠪᠠᠨ ᠭᠡᠷ ᠤᠨ ᠡᠭᠦᠷᠭᠡ ᠴᠢᠳᠠᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠶᠡᠷᠦᠩᠬᠡᠶᠢᠯᠡᠨ ᠵᠣᠬᠢᠴᠠᠭᠤᠯᠬᠤ᠂ ᠱᠠᠯᠠᠪᠳᠠᠨ ᠵᠢᠯᠤᠭᠤᠳᠬᠤ᠂ ᠵᠣᠬᠢᠶᠠᠨ ᠪᠠᠶᠢᠭᠤᠯᠤᠨ ᠠᠬᠢᠭᠤᠯᠬᠤ ᠶᠢ ᠴᠢᠩᠭᠠᠳᠬᠠᠵᠤ᠂ ᠨᠠᠰᠤᠲᠠᠶᠢᠴᠤᠳ ᠲᠤ ᠨᠥᠭᠦᠷᠰᠡᠭ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠥᠷᠭᠡᠨ ᠣᠯᠠᠨ ᠨᠠᠰᠤᠲᠠᠶᠢᠴᠤᠳ ᠢ ᠥᠲᠡᠯᠪᠡᠯ ᠭᠦᠷᠳᠡᠭᠦ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠬᠢᠬᠦ ᠠᠵᠢᠯ ᠲᠠᠢ᠂ ᠵᠣᠯ ᠵᠢᠷᠭᠠᠯᠲᠤ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠪᠣᠯᠭᠠᠨ᠎ᠠ︾ ᠭᠡᠵᠦ ᠲᠠᠩ ᠴᠧᠩ ᠫᠧᠢ ᠬᠡᠯᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号