ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠳᠤ ᠵᠠᠰᠠᠪᠤᠷᠢ ᠣᠷᠣᠭᠤᠯᠵᠤ ᠳᠠᠭᠤᠰᠬᠠᠨ 9 ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠤᠢ
ᠨᠡᠶᠢᠲᠡᠯᠡᠭᠰᠡᠨ ᠴᠠᠭ᠄
2024/9/18
     ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠨᠢᠭᠡᠳᠦᠭᠡᠷ ᠬᠤᠷᠠᠯ ᠠᠴᠠ 9 ᠰᠠᠷ᠎ᠠ ᠶᠢᠨ 13 ᠤ ᠡᠳᠦᠷ ᠰᠢᠨ᠎ᠡ  ᠪᠠᠷ ᠵᠠᠰᠠᠪᠤᠷᠢ ᠣᠷᠣᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠶᠢ ᠪᠠᠲᠤᠯᠠᠯᠲᠠ ᠬᠢᠬᠦ ᠪᠠᠷ ᠲᠠᠮᠵᠢᠨ ᠪᠠᠲᠤᠯᠠᠵᠤ᠂ 2024 ᠣᠨ ᠤ 9 ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠲᠦᠭᠡᠨ ᠪᠠᠶᠢᠭᠤᠯᠬᠤ ᠪᠠ ᠪᠠᠬᠢᠵᠢᠭᠦᠯᠬᠦ ᠶᠢᠨ ᠰᠠᠭᠤᠷᠢ ᠮᠥᠨ᠂ ᠦᠨᠳᠦᠰᠦᠲᠡᠨ ᠤ ᠨᠢᠭᠲᠠᠷᠠᠯ ᠤᠨ ᠬᠦᠴᠦᠨ ᠢ ᠴᠢᠩᠭᠠᠳᠬᠠᠬᠤ᠂ ᠪᠦᠭᠦ ᠠᠷᠠᠳ ᠤᠨ ᠬᠡᠪ ᠴᠢᠨᠠᠷ ᠢ ᠳᠡᠭᠡᠭᠰᠢᠯᠡᠭᠦᠯᠭᠦ ᠴᠢᠬᠤᠯᠠ ᠠᠷᠭ᠎ᠠ ᠵᠠᠮ ᠮᠥᠨ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠨᠢ ᠨᠡᠶᠢᠳᠡ ᠵᠢᠷᠭᠤᠭᠠᠨ ᠪᠦᠯᠦᠭ ᠲᠠᠢ᠂ ᠡᠭᠦᠨ ᠳᠤ ᠶᠡᠷᠦᠩᠬᠡᠢ ᠳᠦᠷᠢᠮ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠠᠲᠤᠯᠠᠭ᠎ᠠ᠂ ᠬᠠᠤᠯᠢ ᠶᠢᠨ ᠬᠠᠷᠢᠭᠤᠴᠠᠯᠭ᠎ᠠ ᠵᠢᠴᠢ ᠳᠠᠭᠠᠯᠳᠤᠭᠤᠯᠤᠭᠰᠠᠨ ᠳᠦᠷᠢᠮ ᠪᠠᠭᠲᠠᠨ᠎ᠠ᠃      ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠳᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠭᠤᠯᠤᠭᠳᠠᠬᠤᠨ ᠤ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠵᠢᠯᠤᠭᠤᠳᠬᠤ ᠦᠵᠡᠯ ᠰᠠᠨᠠᠭ᠎ᠠ ᠶᠢ ᠲᠣᠳᠣᠷᠬᠠᠶᠢᠯᠠᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠤᠳᠤᠷᠢᠳᠬᠤ ᠪᠠᠶᠢᠭᠤᠯᠤᠯ ᠪᠠ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ  ᠬᠥᠮᠦᠵᠢᠯ ᠤᠨ ᠬᠡᠪᠴᠢᠶ᠎ᠡ ᠪᠠ ᠠᠷᠭ᠎ᠠ ᠵᠠᠮ ᠢ ᠥᠷᠭᠡᠳᠬᠡᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠬᠤ ᠵᠡᠷᠭᠡ ᠪᠣᠯᠣᠨ᠎ᠠ᠃      ᠲᠤᠰ ᠬᠠᠤᠯᠢ ᠳᠤ ᠤᠯᠤᠰ ᠠᠴᠠ ᠪᠦᠭᠦ ᠠᠷᠠᠳ ᠢᠷᠭᠡᠳ ᠤᠨ ᠳᠣᠲᠣᠷ᠎ᠠ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠤᠯᠭᠠᠬᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠡᠭᠦᠷᠭᠡ ᠶᠢ ᠭᠦᠢᠴᠡᠳᠬᠡᠬᠦ ᠪᠠᠷ ᠵᠣᠷᠢᠯᠭ᠎ᠠ ᠪᠤᠯᠭᠠᠬᠰᠠᠨ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠳᠤ ᠬᠤᠯᠪᠣᠭᠳᠠᠬᠤ ᠤᠨᠦᠯ᠂ ᠮᠡᠳᠡᠯᠭᠡ᠂ ᠤᠷ᠎ᠠ ᠴᠢᠳᠠᠪᠤᠷᠢ ᠵᠢᠴᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠬᠠᠤᠯᠢ ᠴᠠᠭᠠᠵᠠ᠂ ᠰᠡᠳᠬᠢᠴᠡ ᠵᠡᠷᠭᠡ ᠲᠠᠯ᠎ᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠥᠷᠨᠢᠭᠦᠯᠦᠨ᠎ᠡ ᠭᠡᠵᠦ ᠲᠣᠭᠲᠠᠭᠠᠪᠠ᠃      ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠯ᠎ᠠ ᠪᠠᠷ᠂ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ  ᠶᠢᠨ ᠬᠥᠮᠦᠵᠢᠯ ᠤᠨ ᠰᠠᠭᠤᠷᠢ ᠮᠥᠨ᠂ ᠬᠡᠪ ᠴᠢᠨᠠᠷ ᠤᠨ ᠬᠥᠮᠦᠵᠢᠯ ᠢ ᠬᠡᠷᠡᠭᠵᠢᠭᠦᠯᠬᠦ ᠶᠢᠨ ᠴᠢᠬᠤᠯᠠ ᠠᠭᠤᠯᠭ᠎ᠠ ᠮᠥᠨ ᠭᠡᠳᠡᠭ ᠢ ᠲᠣᠳᠣᠷᠬᠠᠶᠢᠯᠠᠪᠠ᠃ ᠲᠤᠰ ᠬᠠᠤᠯᠢ ᠳᠤ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠶᠢ ᠬᠠᠷᠢᠯᠴᠠᠨ ᠵᠣᠯᠭᠠᠭᠤᠯᠤᠭᠰᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠰᠢᠰᠲ᠋ᠧᠮ ᠢ ᠪᠠᠶᠢᠭᠤᠯᠬᠤ ᠶᠢ ᠪᠣᠳᠣᠯᠬᠢᠯᠠᠵᠤ᠂ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ᠂ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠷᠠᠯᠲᠠ᠂ ᠠᠭᠤᠯᠭ᠎ᠠ ᠪᠠ ᠠᠷᠭ᠎ᠠ ᠵᠠᠮ ᠵᠡᠷᠭᠡ ᠶᠢ ᠨᠥᠬᠦᠪᠦᠷᠢᠯᠡᠨ ᠲᠡᠭᠦᠯᠳᠡᠷᠵᠢᠭᠦᠯᠪᠡ᠃      ᠨᠡᠶᠢᠭᠡᠮ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠯ᠎ᠠ ᠪᠠᠷ᠂ ᠲᠤᠰ ᠬᠠᠤᠯᠢ ᠶᠢ ᠪᠡᠯᠡᠳᠬᠡᠯ ᠠᠯᠪᠠᠨ ᠤ ᠬᠥᠮᠥᠰ ᠤᠨ ᠬᠠᠤᠯᠢ ᠶᠢᠨ ᠬᠤᠯᠪᠣᠭᠳᠠᠯ ᠪᠦᠬᠦᠢ ᠲᠣᠭᠲᠠᠭᠠᠯ ᠲᠠᠢ ᠵᠣᠯᠭᠠᠭᠤᠯᠵᠤ᠂ ᠪᠡᠯᠡᠳᠬᠡᠯ ᠠᠯᠪᠠᠨ ᠤ ᠬᠥᠮᠥᠰ ᠤᠨ ᠪᠠᠶᠢᠭ᠎ᠠ ᠨᠢᠭᠡᠴᠢ ᠨᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠪᠡᠯᠡᠳᠬᠡᠯ ᠠᠯᠪᠠᠨ ᠤ ᠬᠥᠮᠥᠰ ᠲᠤ ᠬᠥᠮᠦᠵᠢᠯ ᠪᠣᠯᠪᠠᠰᠤᠷᠠᠯ ᠬᠢᠪᠡᠯ ᠵᠣᠬᠢᠨ᠎ᠠ᠃ ᠲᠦᠷᠤ ᠶᠢᠨ ᠪᠠᠶᠢᠭᠤᠯᠭ᠎ᠠ ᠶᠢᠨ ᠠᠵᠢᠯᠲᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠨᠡᠯᠢᠶᠡᠳ ᠥᠨᠳᠥᠷ ᠬᠡᠪ ᠪᠣᠯᠪᠠᠰᠤᠷᠠᠯ ᠲᠠᠢ ᠪᠠᠶᠢᠵᠤ᠂ ᠪᠦᠭᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠳᠠᠬᠢ ᠵᠢᠱᠢᠶᠡᠴᠢ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠪᠠᠯ ᠵᠣᠬᠢᠨ᠎ᠠ ᠭᠡᠵᠦ ᠲᠣᠳᠣᠷᠬᠠᠶᠢᠯᠠᠪᠠ᠃      ᠵᠠᠰᠠᠪᠤᠷᠢ ᠣᠷᠣᠭᠤᠯᠤᠭᠰᠠᠨ ᠤ ᠳᠠᠷᠠᠭᠠᠬᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠬᠠᠤᠯᠢ ᠳᠤ ᠪᠠᠰᠠ ᠵᠠᠭᠤᠴᠢᠯᠠᠭᠤᠷ ᠰᠦᠯᠵᠢᠶ᠎ᠡ ᠪᠠ ᠰᠣᠶᠣᠯ ᠤᠨ ᠳᠠᠮᠵᠢᠭᠤᠯᠭ᠎ᠠ᠂ ᠤᠯᠠᠨ ᠲᠦᠮᠡᠨᠴᠢ ᠴᠢᠨᠠᠷᠲᠠᠢ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠠᠵᠢᠯᠯᠠᠭ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠲᠠᠯᠠᠪᠤᠷ ᠭᠠᠵᠠᠷ ᠵᠡᠷᠭᠡ ᠶᠢ ᠵᠢᠷᠤᠮᠵᠢᠭᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号