| | | | ᠵᠣᠴᠢᠨ᠄ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ | ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠵᠤ᠋ ᠵᠢᠶᠧ | ᠰᠤᠷᠪᠤᠯᠵᠢᠯᠠᠭᠰᠠᠨ ᠴᠠᠭ᠄ 2024 ᠣᠨ ᠤ 8 ᠳ᠋ᠤᠭᠠᠷ ᠰᠠᠷ᠎ᠠ ᠶᠢᠨ 28 ᠤ ᠡᠳᠦᠷ | | ᠬᠠᠮᠢᠶᠠᠷᠤᠭᠴᠢ᠄ | ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ | ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠶᠢᠨ ᠬᠠᠮᠲᠤᠷᠠᠭᠰᠠᠨ ᠲᠤᠰᠬᠠᠶ | ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠨᠠᠶᠢᠵᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ | ᠦᠵᠡᠯ ᠪᠣᠳᠤᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠶ ᠣᠷᠣᠯᠴᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠬᠥᠲᠥᠯᠥᠭᠴᠢ᠄ | ᠵᠢᠭᠤᠯᠴᠢᠯᠠᠯ ᠤᠨ ᠦᠢᠯᠡᠰ ᠪᠣᠯ ᠰᠢᠨ᠎ᠡ ᠪᠠᠷ ᠬᠥᠭᠵᠢᠭᠰᠡᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ | ᠲᠤᠯᠭᠠᠭᠤᠷᠢᠯᠠᠬᠤ ᠠᠵᠤ ᠦᠢᠯᠡᠰ ᠮᠥᠨ᠂ ᠪᠠᠰᠠ ᠴᠤ ᠴᠠᠭ ᠦᠶ᠎ᠡ ᠶᠢᠨ ᠢᠯᠡᠳᠲᠡ ᠣᠨᠴᠠᠯᠢᠭ ᠲᠠᠢ ᠠᠷᠠᠳ ᠤᠨ | ᠠᠮᠢᠳᠤᠷᠠᠯ ᠤᠨ ᠠᠵᠤ ᠦᠢᠯᠡᠰ᠂ ᠵᠣᠯ ᠵᠢᠷᠭᠠᠯᠲᠤ ᠠᠵᠤ ᠦᠢᠯᠡᠰ ᠮᠥᠨ᠃ ᠮᠠᠨ ᠤ ᠤᠯᠤᠰ ᠤᠨ ᠵᠢᠭᠤᠯᠴᠢᠯᠠᠯ ᠤᠨ | ᠬᠥᠭᠵᠢᠯᠲᠡ ᠲᠦᠷᠭᠡᠨ ᠤ ᠵᠠᠮ ᠳᠤ ᠣᠷᠣᠵᠤ᠂ ᠪᠦᠬᠦ ᠳᠡᠯᠡᠬᠡᠢ ᠶᠢᠨ ᠬᠠᠮᠤᠭ ᠤᠨ ᠲᠣᠮᠣ ᠤᠯᠤᠰ ᠤᠨ | ᠳᠣᠲᠣᠭᠠᠳᠤ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠣᠢ ᠪᠣᠯᠭᠠᠪᠠ᠃ ᠬᠥᠬᠡᠬᠤᠲᠠ ᠨᠢ ᠥᠪᠡᠷᠲᠡᠭᠡᠨ ᠵᠠᠰᠠᠬᠤ | ᠣᠷᠣᠨ ᠤ ᠲᠥᠪ ᠬᠤᠲᠠ ᠪᠣᠯᠤᠭᠰᠠᠨ ᠤ ᠬᠤᠪᠢ ᠳᠤ ᠵᠢᠭᠤᠯᠴᠢᠯᠠᠯ ᠤᠨ ᠬᠥᠭᠵᠢᠯᠲᠡ ᠳᠤ ᠰᠢᠨ᠎ᠡ ᠠᠵᠠ ᠵᠠᠪᠰᠢᠶᠠᠨ | ᠲᠤᠬᠢᠶᠠᠯᠳᠤᠵᠤ ᠪᠠᠢᠨ᠎ᠠ᠃ | ᠥᠨᠥᠳᠦᠷ ᠪᠢᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ | ᠳᠠᠷᠤᠭ᠎ᠠ ᠵᠦ ᠵᠢᠶᠧ ᠶᠢ ᠣᠨᠴᠠᠭᠠᠶᠢᠯᠠᠨ ᠤᠷᠢᠵᠤ᠂ ︽ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ | ᠠᠬᠤᠶ ᠶᠢᠨ ᠬᠥᠭᠵᠢᠯᠲᠡ ᠳᠤ ᠡᠨᠧᠷᠭᠢ ᠣᠯᠭᠤᠶᠠ︾ ᠭᠡᠬᠦ ᠰᠡᠳᠦᠪ ᠤᠨ ᠲᠣᠭᠤᠷᠢᠨ ᠳᠤ ᠣᠯᠠᠨ ᠲᠠᠢ ᠰᠦᠯᠵᠢᠶᠡᠨ | ᠳᠡᠭᠡᠷ᠎ᠡ ᠰᠠᠨᠠᠯ ᠢᠶᠠᠨ ᠰᠣᠯᠢᠯᠴᠠᠶ᠎ᠠ᠃ | ᠬᠥᠲᠥᠯᠥᠭᠴᠢ᠄ | ᠣᠶᠢᠷ᠎ᠠ ᠶᠢᠨ ᠵᠢᠯ ᠳᠤ᠂ ᠬᠥᠬᠡᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ | ᠵᠢᠭᠤᠯᠴᠢᠯᠠᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠮᠠᠨ ᠤ ᠬᠤᠲᠠ ᠶᠢᠨ ᠵᠢᠭᠤᠯᠴᠢᠯᠠᠯ ᠤᠨ | ᠬᠥᠭᠵᠢᠯᠲᠡ ᠲᠦᠷᠭᠡᠨ ᠤ ᠵᠠᠮ ᠳᠤ ᠣᠷᠣᠪᠠ᠃ ᠣᠯᠠᠨ ᠳᠤ ᠮᠠᠨ ᠤ ᠬᠤᠲᠠ ᠶᠢᠨ ᠡᠳ᠋ ᠤᠨ ᠵᠠᠰᠠᠭ ᠠᠴᠠ ᠰᠣᠶᠣᠯ | ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠳᠡᠮᠵᠢᠭᠰᠡᠨ ᠶᠡᠷᠦᠩᠬᠡᠶ ᠪᠠᠶᠢᠳᠠᠯ ᠢ ᠲᠠᠨᠢᠯᠴᠠᠭᠤᠯᠵᠤ ᠥᠭᠭᠦᠭᠡᠴᠢ᠃ | ᠸᠠᠩ ᠵᠧᠨ ᠵᠢᠶᠠᠩ᠄ | ᠣᠶᠢᠷ᠎ᠠ ᠶᠢᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ | ᠠᠵᠢᠯ ᠤᠨ ᠪᠠᠢᠷᠢᠯᠠᠭᠤᠯᠤᠯᠲᠠ ᠶᠣᠰᠣᠭᠠᠷ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ︽ | ᠵᠢᠭᠤᠯᠴᠢᠯᠠᠬᠤ ᠳᠤ ᠲᠣᠬᠢᠷᠠᠮᠵᠢᠲᠠᠢ︾ ᠬᠤᠲᠠ ᠶᠢᠨ ᠲᠥᠯᠥᠪᠵᠢᠭᠦᠯᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠣᠯᠠᠨ ᠨᠡᠢᠲᠡ ᠶᠢᠨ | ᠰᠣᠶᠣᠯ ᠤᠨ ᠦᠢᠯᠡᠴᠢᠯᠡᠭᠡᠨ ᠳᠠᠬᠢ ᠡᠳ᠋ ᠤᠨ ᠵᠠᠰᠠᠭ ᠤᠨ ᠪᠠᠲᠤᠯᠠᠭ᠎ᠠ ᠶᠢᠨ ᠲᠣᠭᠲᠠᠴᠠ ᠶᠢ ᠴᠢᠷᠮᠠᠶᠢᠨ | ᠲᠡᠭᠦᠯᠳᠡᠷᠵᠢᠭᠦᠯᠵᠦ᠂ ᠰᠣᠶᠣᠯ ᠤᠨ ᠬᠦᠷᠢᠶᠡᠨ ᠤ ᠲᠤᠰᠬᠠᠢ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠶᠢ | ᠲᠣᠬᠢᠷᠠᠭᠤᠯᠤᠨ ᠰᠢᠯᠢᠳᠡᠭᠵᠢᠭᠦᠯᠵᠦ᠂ ᠰᠣᠶᠣᠯ ᠤᠨ ᠥᠪ ᠢ ᠬᠠᠮᠠᠭᠠᠯᠠᠨ ᠠᠰᠢᠭᠯᠠᠬᠤ ᠶᠢ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠰᠠᠢᠲᠤᠷ ᠨᠠᠢᠳᠠᠪᠤᠷᠢᠵᠢᠭᠤᠯᠵᠤ᠂ | ᠤᠳᠬ᠎ᠠ ᠵᠣᠬᠢᠶᠠᠯ ᠤᠷᠠᠯᠢᠭ ᠤᠨ ᠦᠢᠯᠡᠰ ᠤᠨ ᠬᠥᠭᠵᠢᠯᠲᠡ ᠶᠢ ᠳᠡᠮᠵᠢᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ︽ | ᠵᠢᠭᠤᠯᠴᠢᠯᠠᠯ ᠢᠶᠠᠷ ᠬᠤᠲᠠ ᠪᠠᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠬᠡᠬᠤᠲᠠ ᠶᠢᠨ ᠪᠣᠳᠠᠲᠠᠢ ᠪᠠᠶᠢᠳᠠᠯ ᠳᠤ ᠲᠦᠰᠢᠭᠯᠡᠨ ︽ᠵᠢᠭᠤᠯᠴᠢᠯᠠᠯ | +︾ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠪᠠ᠃ | ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ︾ ᠳᠤ᠄ ︽ᠵᠢᠭᠤᠯᠴᠢᠯᠠᠯ ᠨᠢ ᠳᠤᠮᠳᠠᠳᠤ ᠶᠢᠨ ᠰᠣᠶᠣᠯ ᠢ ᠤᠯᠠᠮᠵᠢᠯᠠᠨ ᠪᠠᠳᠠᠷᠠᠭᠤᠯᠬᠤ ᠴᠢᠬᠤᠯᠠ | ᠠᠴᠢᠶᠠᠯᠠᠪᠤᠷᠢ ᠪᠣᠯᠪᠠ︾ ︽ᠰᠣᠶᠣᠯ ᠪᠠ ᠵᠢᠭᠤᠯᠴᠢᠯᠠᠯ ᠤᠨ ᠦᠢᠯᠡᠰ ᠤᠨ ᠡᠵᠡᠩᠨᠡᠯᠲᠡ ᠶᠢᠨ ᠪᠠᠶᠢᠳᠠᠯ ᠤᠨ | ᠠᠭᠤᠰᠤᠯᠴᠠᠯ᠂ ᠦᠢᠯᠡᠳᠬᠦᠨ ᠤ ᠠᠭᠤᠰᠤᠯᠴᠠᠯ᠂ ᠵᠠᠬ᠎ᠠ ᠳᠡᠯᠭᠡᠭᠦᠷ ᠤᠨ ᠠᠭᠤᠰᠤᠯᠴᠠᠯ᠂ ᠦᠢᠯᠡᠴᠢᠯᠡᠭᠡᠨ ᠤ | ᠠᠭᠤᠰᠤᠯᠴᠠᠯ ᠢ ᠴᠢᠩᠭᠠᠳᠬᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠥᠭᠵᠢᠯᠲᠡ ᠶᠢᠨ ᠬᠠᠮᠲᠤᠷᠠᠯ | ᠬᠦᠴᠦᠨ ᠢ ᠪᠦᠷᠢᠯᠳᠦᠭᠦᠯᠪᠡ︾ ᠭᠡᠵᠦ ᠳᠤᠷᠠᠳᠪᠠ᠃ | 2023 ᠣᠨ ᠳᠤ᠂ ᠬᠥᠬᠡᠬᠤᠲᠠ ᠤᠯᠤᠰ ᠤᠨ ᠳᠣᠲᠣᠭᠠᠳᠤ ᠶᠢᠨ ᠵᠢᠭᠤᠯᠴᠢᠳ ᠢ 5058.10 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠣᠷᠣᠯᠭ᠎ᠠ 773 ᠳ᠋ᠦᠩᠰᠢᠭᠤᠷ ᠲᠥᠭᠦᠷᠢᠭ | ᠬᠦᠷᠴᠡᠢ᠃ ᠳᠡᠭᠡᠷ᠎ᠡ ᠬᠠᠭᠠᠰ ᠵᠢᠯ ᠳᠤ ᠤᠯᠤᠰ ᠤᠨ ᠳᠣᠲᠣᠭᠠᠳᠤ ᠶᠢᠨ ᠵᠢᠭᠤᠯᠴᠢᠳ ᠢ ᠨᠡᠶᠢᠲᠡ 2741.4 | ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ 341.49 ᠳ᠋ᠦᠩᠰᠢᠭᠤᠷ | ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 22.12% ᠢᠶᠠᠷ ᠨᠡᠮᠡᠭᠳᠡᠪᠡ᠃ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠵᠢᠭᠤᠯᠴᠢᠯᠠᠯ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠬᠤᠲᠠ ᠶᠢᠨ ᠨᠠᠮ ᠤᠨ | ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠠᠯᠬᠤᠴᠠ ᠶᠢ ᠠᠯᠳᠠᠯ ᠦᠭᠡᠢ ᠳᠠᠭᠠᠵᠤ᠂ | ᠣᠷᠣᠨ ᠤ ᠲᠥᠪ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠭᠰᠠᠨ ᠬᠥᠭᠵᠢᠯᠲᠡ ᠶᠢ ᠠᠬᠢᠭᠤᠯᠬᠤ ᠶᠢ | ᠪᠠᠷᠢᠮᠲᠠᠯᠠᠵᠤ᠂ ᠴᠥᠭᠡᠨ ᠲᠣᠭᠠᠲᠤ ᠦᠨᠳᠦᠰᠦᠲᠡᠨ ᠤ ᠬᠢᠯᠢ ᠬᠢᠵᠠᠭᠠᠷ ᠣᠷᠣᠨ ᠳᠤ ︽ᠬᠤᠷᠳᠤᠳᠬᠠᠯ︾ ᠭᠠᠷᠭᠠᠵᠤ᠂ | ᠠᠷᠠᠳ ᠣᠯᠠᠨ ᠳᠤ ᠪᠠᠶᠢᠭᠠᠯᠢ ᠶᠢᠨ ᠭᠤᠸ᠎ᠠ ᠰᠠᠶᠢᠬᠠᠨ ᠢ ᠣᠶᠢᠯᠠᠭᠠᠭᠤᠯᠬᠤ ᠳᠤᠮᠳᠠ ᠰᠣᠶᠣᠯ ᠤᠨ ᠭᠤᠸ᠎ᠠ ᠰᠠᠶᠢᠬᠠᠨ ᠢ | ᠮᠡᠳᠡᠷᠡᠭᠦᠯᠵᠦ᠂ ᠣᠶᠤᠨ ᠰᠠᠨᠠᠭᠠᠨ ᠤ ᠭᠤᠸ᠎ᠠ ᠰᠠᠶᠢᠬᠠᠨ ᠢ ᠪᠣᠯᠪᠠᠰᠤᠷᠠᠭᠤᠯᠪᠠ᠃ ᠲᠥᠪ ᠶᠣᠰᠣ ᠶᠢ ᠪᠠᠷᠢᠮᠲᠠᠯᠠᠨ | ᠰᠢᠨ᠎ᠡ ᠶᠢ ᠡᠭᠦᠳᠴᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠠᠭᠤᠰᠤᠯᠴᠠᠭᠤᠯᠤᠨ | ᠬᠥᠭᠵᠢᠭᠦᠯᠵᠦ᠂ ᠣᠷᠣᠨ ᠤ ᠲᠥᠪ ᠬᠤᠲᠠ ᠶᠢᠨ ᠣᠳᠣ ᠦᠶ᠎ᠡ ᠶᠢᠨ ᠵᠢᠭᠤᠯᠴᠢᠯᠠᠯ ᠤᠨ ᠦᠢᠯᠡᠰ ᠤᠨ ᠰᠢᠰᠲ᠋ᠧᠮᠵᠢ ᠶᠢ | ᠬᠦᠴᠦᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠬᠦᠴᠦᠷᠬᠡᠭ ᠬᠤᠲᠠ ᠶᠢ ᠪᠦᠲᠦᠭᠡᠨ ᠪᠠᠶᠢᠭᠤᠯᠵᠤ᠂ ᠮᠠᠨ ᠤ | ᠬᠤᠲᠠ ᠶᠢᠨ ᠵᠢᠭᠤᠯᠴᠢᠯᠠᠯ ᠤᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠠᠬᠢᠭᠤᠯᠪᠠ᠃ | ᠬᠥᠲᠥᠯᠥᠭᠴᠢ᠄ | ᠢᠯᠡ ᠨᠡᠶᠢᠲᠡᠯᠡᠭᠰᠡᠨ ᠲᠤᠭ᠎ᠠ ᠪᠠᠷᠢᠮᠲᠠ ᠠᠴᠠ ᠦᠵᠡᠪᠡᠯ᠂ ᠣᠶᠢᠷ᠎ᠠ ᠶᠢᠨ ᠵᠢᠯ ᠳᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠳᠤ ᠦᠵᠡᠭᠦᠯᠬᠦ ᠳᠡᠮᠵᠢᠯᠭᠡ ᠪᠠᠨ | ᠲᠠᠰᠤᠷᠠᠯᠲᠠ ᠦᠭᠡᠢ ᠴᠢᠩᠭᠠᠳᠬᠠᠵᠤ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠭᠦᠢᠴᠡᠳ ᠢᠯᠡᠷᠡᠭᠦᠯᠪᠡ᠃ | ᠲᠡᠭᠡᠪᠡᠯ ᠪᠣᠳᠠᠲᠠᠢ ᠪᠠᠷ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ᠂ ᠡᠳ᠋ ᠤᠨ | ᠵᠠᠰᠠᠭ ᠠᠴᠠ ᠭᠤᠣᠯ ᠶᠠᠮᠠᠷ ᠶᠠᠮᠠᠷ ᠠᠵᠢᠯ ᠬᠢᠭᠰᠡᠨ ᠪᠣᠢ︖ | ᠵᠤ᠋ ᠵᠢᠶᠧ᠄ | ᠣᠶᠢᠷ᠎ᠠ ᠶᠢᠨ ᠬᠤᠶᠠᠷ ᠵᠢᠯ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠯᠠᠨ ᠲᠠᠯ᠎ᠠ᠂ | ᠣᠯᠠᠨ ᠠᠷᠭ᠎ᠠ ᠵᠠᠮ᠂ ᠣᠯᠠᠨ ᠠᠷᠭ᠎ᠠ ᠬᠡᠮᠵᠢᠶ᠎ᠡ ᠬᠡᠷᠡᠭᠯᠡᠨ ᠡᠯ᠎ᠡ ᠵᠦᠢᠯ ᠤᠨ ᠪᠡᠯᠡ ᠮᠥᠩᠭᠦ ᠶᠢ ᠢᠳᠡᠪᠬᠢᠲᠡᠢ | ᠴᠤᠭᠯᠠᠭᠤᠯᠵᠤ᠂ ᠲᠤᠰ ᠱᠠᠲᠤᠨ ᠤ ᠣᠷᠣᠭᠤᠯᠤᠯᠲᠠ ᠶᠢ ᠴᠢᠷᠮᠠᠶᠢᠨ ᠴᠢᠩᠭᠠᠳᠬᠠᠵᠤ᠂ ᠮᠠᠨ ᠤ ᠬᠤᠲᠠ ᠶᠢᠨ ᠰᠣᠶᠣᠯ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠳᠡᠮᠵᠢᠪᠡ᠃ | ᠨᠢᠭᠡ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ | ᠴᠢᠩᠭᠠᠷᠠᠭᠤᠯᠪᠠ | ᠡᠨᠡ ᠵᠢᠯ᠂ ᠬᠤᠲᠠ ᠶᠢᠨ ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠪᠡᠯᠡ | ᠣᠷᠣᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠵᠢᠯ ᠤᠨ ᠡᠬᠢᠨ ᠳᠤ ᠪᠡᠯᠡ ᠮᠥᠩᠭᠦ 9735. | 98 ᠲᠦᠮᠡᠨ ᠲᠥᠭᠦᠷᠢᠭ ᠲᠣᠬᠢᠷᠠᠭᠤᠯᠪᠠ᠂ ᠡᠭᠦᠨ ᠳᠤ᠄ ᠵᠢᠭᠤᠯᠴᠢᠯᠠᠯ ᠤᠨ ᠤᠬᠠᠭᠤᠯᠭ᠎ᠠ ᠶᠢᠨ ᠪᠡᠯᠡ ᠮᠥᠩᠭᠦ 880 | ᠲᠦᠮᠡᠨ ᠲᠥᠭᠦᠷᠢᠭ︔ ᠲᠡᠤᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ ᠪᠡᠯᠡ ᠮᠥᠩᠭᠦ 320 ᠲᠦᠮᠡᠨ | ᠲᠥᠭᠦᠷᠢᠭ︔ ᠨᠣᠮ ᠤᠨ ᠰᠠᠩ᠂ ᠤᠷᠠᠨ ᠵᠢᠷᠤᠭ ᠤᠨ ᠣᠷᠳᠣᠨ᠂ ᠰᠣᠶᠣᠯ ᠤᠨ ᠣᠷᠳᠣᠨ ︵ᠥᠷᠲᠡᠭᠡ︶ ᠶᠢᠨ ᠢᠵᠢ | ᠪᠦᠷᠢᠳᠦᠭᠦᠯᠬᠦ ᠪᠡᠯᠡ ᠮᠥᠩᠭᠦ 94 ᠲᠦᠮᠡᠨ ᠲᠥᠭᠦᠷᠢᠭ︔ ᠡᠯ᠎ᠡ ᠵᠦᠢᠯ ᠤᠨ ᠴᠢᠬᠤᠯᠠ ᠶᠡᠭᠡ ᠰᠣᠶᠣᠯ | ᠵᠢᠭᠤᠯᠴᠢᠯᠠᠯ ᠤᠨ ᠠᠵᠢᠯᠯᠠᠭ᠎ᠠ ᠶᠢᠨ ᠪᠡᠯᠡ ᠮᠥᠩᠭᠦ 1300 ᠭᠠᠷᠤᠶ ᠲᠦᠮᠡᠨ ᠲᠥᠭᠦᠷᠢᠭ᠃ ᠰᠣᠶᠣᠯ ᠢ ᠤᠯᠠᠮᠵᠢᠯᠠᠬᠤ | ᠠᠵᠢᠯᠯᠠᠭ᠎ᠠ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠥᠪ ᠬᠥᠷᠥᠩᠭᠡ ᠶᠢ ᠬᠠᠮᠠᠭᠠᠯᠠᠨ ᠠᠰᠢᠭᠯᠠᠬᠤ ᠶᠢ | ᠴᠢᠩᠭᠠᠳᠬᠠᠵᠤ᠂ ︽ᠮᠦᠽᠧᠶ ᠶᠢᠨ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡ ᠶᠢ ᠲᠠᠰ ᠳᠡᠪᠰᠢᠭᠦᠯᠬᠦ᠂ ᠰᠣᠶᠣᠯ ᠤᠨ ᠲᠠᠪᠤᠨ ᠣᠷᠳᠣᠨ ︵ᠨᠣᠮ ᠤᠨ | ᠰᠠᠩ᠂ ᠰᠣᠶᠣᠯ ᠤᠨ ᠣᠷᠳᠣᠨ᠂ ᠤᠷᠠᠨ ᠵᠢᠷᠤᠭ ᠤᠨ ᠣᠷᠳᠣᠨ᠂ ᠮᠦᠽᠧᠶ᠂ ᠳᠤᠷᠠᠰᠬᠠᠯ ᠤᠨ ᠣᠷᠳᠣᠨ︶ ᠢ | ᠰᠦᠢᠳᠬᠡᠯ ᠬᠤᠷᠢᠶᠠᠬᠤ ᠥᠬᠡᠶ ᠪᠠᠷ ᠴᠢᠯᠥᠭᠡᠲᠡᠶ ᠨᠡᠭᠡᠭᠡᠬᠦ᠂ ᠴᠢᠨᠠᠷ ᠰᠠᠶᠢᠲᠠᠶ ᠣᠯᠠᠨ ᠨᠡᠶᠢᠲᠡ ᠶᠢᠨ ᠰᠣᠶᠣᠯ ᠤᠨ | ᠣᠷᠣᠨ ᠵᠠᠶ ᠶᠢ ᠪᠣᠶ ᠪᠣᠯᠭᠠᠬᠤ ᠶᠢ ᠪᠥᠬᠦ ᠬᠦᠴᠦᠨ ᠢᠶᠠᠷ ᠢᠶᠠᠨ ᠳᠡᠮᠵᠢᠪᠡ᠃ ︽ᠬᠤᠨ ᠭᠠᠯᠠᠭᠤ ᠤᠩᠰᠢᠯᠭ᠎ᠠ︾ | ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠨᠣᠮ ᠤᠨ ᠰᠠᠩ ᠤᠨ ᠶᠡᠷᠦᠩᠬᠡᠶ ᠣᠷᠳᠣᠨ ᠬᠤᠪᠢᠶᠠᠷᠢ ᠣᠷᠳᠣᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠨᠣᠮ ᠤᠨ ᠥᠷᠥᠭᠡ᠂ ᠲᠠᠯ᠎ᠠ ᠨᠤᠲᠤᠭ ᠤᠨ | ᠨᠣᠮ ᠤᠨ ᠥᠷᠥᠭᠡ ᠵᠡᠷᠭᠡ 500 ᠭᠠᠷᠤᠶ ᠬᠤᠲᠠ ᠶᠢᠨ ᠠᠷᠠᠳ ᠤᠨ ᠭᠡᠷ ᠤᠨ ᠡᠭᠦᠳᠡᠨ ᠳᠠᠬᠢ ︽ᠰᠣᠶᠣᠯ ᠤᠨ | ᠵᠣᠴᠢᠨ ᠤ ᠲᠢᠩᠬᠢᠮ︾ ᠢ ᠪᠠᠶᠢᠭᠤᠯᠵᠤ᠂ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠨᠠᠬᠢ︾ | ᠦᠢᠯᠡᠴᠢᠯᠡᠭᠡᠨ ᠤ ᠵᠠᠭᠪᠤᠷ ᠢ ᠪᠠᠶᠢᠭᠤᠯᠪᠠ᠃ ᠱᠤᠭᠤᠮᠠᠯ ᠤᠨ ᠤᠷᠠᠯᠢᠭ ᠤᠨ ᠣᠷᠳᠣᠨ ᠵᠡᠷᠭᠡ ᠰᠣᠶᠣᠯ ᠤᠨ | ᠲᠠᠯᠠᠪᠤᠷ ᠲᠤ ᠰᠣᠶᠣᠯ ᠤᠨ ᠪᠦᠲᠦᠭᠡᠯᠴᠢ ᠳᠡᠯᠭᠡᠭᠦᠷ᠂ ᠣᠨᠴᠠᠯᠢᠭᠲᠤ ᠢᠳᠡᠭᠡᠨ ᠤᠮᠳᠠᠭᠠᠨ ᠵᠡᠷᠭᠡ ᠦᠢᠯᠡᠴᠢᠯᠡᠭᠡ ᠶᠢ | ᠲᠣᠬᠢᠷᠠᠭᠤᠯᠪᠠ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ᠂ ᠰᠣᠶᠣᠯ ᠤᠨ | ᠴᠢᠳᠠᠪᠤᠷᠢᠲᠠᠨ ᠢ ᠬᠥᠮᠦᠵᠢᠭᠦᠯᠬᠦ᠂ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠵᠡᠷᠭᠡ ᠲᠥᠷᠥᠯ ᠵᠦᠢᠯ ᠢ ᠥᠷᠨᠢᠭᠦᠯᠬᠦ ᠶᠢ ᠴᠢᠬᠤᠯᠠᠴᠢᠯᠠᠪᠠ᠃ ᠰᠣᠶᠣᠯ ᠤᠨ ᠠᠵᠢᠯ ᠢ ᠨᠠᠷᠢᠯᠢᠭ | ᠭᠦᠨᠵᠡᠭᠡᠢ ᠰᠠᠶᠢᠲᠤᠷ ᠬᠢᠬᠦ ᠳᠤ ᠪᠠᠲᠤ ᠪᠠᠬᠢ ︽ᠠᠷᠤ ᠲᠠᠯ᠎ᠠ ᠶᠢᠨ ᠦᠢᠯᠡᠴᠢᠯᠡᠭᠡ︾ ᠶᠢᠨ ᠪᠠᠲᠤᠯᠠᠭ᠎ᠠ ᠬᠠᠩᠭᠠᠵᠤ᠂ | ᠮᠠᠨ ᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠬᠦᠴᠦ ᠨᠡᠮᠡᠷᠢ ᠪᠣᠯᠪᠠ᠃ | ᠬᠤᠶᠠᠷ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠰᠢᠯᠵᠢᠭᠦᠯᠦᠨ ᠲᠥᠯᠥᠬᠦ | ᠪᠡᠯᠡ ᠮᠥᠩᠭᠦ ᠶᠢ ᠰᠠᠶᠢᠲᠤᠷ ᠬᠡᠷᠡᠭᠯᠡᠪᠡ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠠᠢ | ᠬᠠᠮᠲᠤᠷᠠᠨ ᠬᠥᠳᠡᠯᠦᠯᠴᠡᠬᠦ ᠪᠠᠨ ᠴᠢᠩᠭᠠᠳᠭᠠᠵᠤ᠂ ᠵᠢᠭᠤᠯᠴᠢᠯᠠᠯ ᠤᠨ ᠣᠷᠴᠢᠨ ᠲᠣᠭᠤᠷᠢᠨ ᠤ ᠨᠥᠬᠦᠴᠡᠯ ᠢ ᠶᠡᠬᠡᠪᠡᠷ | ᠳᠡᠭᠡᠭᠰᠢᠯᠡᠭᠦᠯᠪᠡ᠃ ᠣᠲᠣ ᠪᠣᠯᠲᠠᠯ᠎ᠠ᠂ ᠨᠢᠭᠡᠨᠲᠡ 14 ᠵᠦᠢᠯ ᠤᠨ ᠳᠡᠭᠡᠳᠦ ᠱᠠᠲᠤᠨ ᠤ ᠰᠣᠶᠣᠯ ᠵᠢᠭᠤᠯᠴᠢᠯᠠᠯ ᠤᠨ | ᠰᠢᠯᠵᠢᠭᠦᠯᠦᠨ ᠲᠥᠯᠥᠬᠦ ᠪᠠᠯᠠ ᠮᠥᠩᠭᠦ ᠶᠢ 12557.26 ᠲᠦᠮᠡᠨ ᠲᠥᠭᠦᠷᠢᠭ ᠣᠯᠵᠤ᠂ ᠠᠯᠢ ᠣᠯᠠᠨ | ᠭᠤᠤᠯᠳᠠᠯᠭ᠎ᠠ ᠲᠠᠢ ᠲᠥᠷᠥᠯ ᠵᠦᠢᠯ ᠢ ᠬᠦᠴᠦᠲᠡᠶ ᠳᠡᠮᠵᠢᠪᠡ᠃ ᠡᠭᠦᠨ ᠤ ᠬᠠᠮᠲᠤ ᠪᠠᠯᠠ ᠮᠥᠩᠭᠦ ᠥᠭᠬᠦ ᠶᠠᠪᠤᠴᠠ ᠳᠤ᠂ | ᠪᠠᠯᠠ ᠮᠥᠩᠭᠦ ᠥᠭᠬᠦ ᠠᠬᠢᠴᠠ ᠶᠢ ᠬᠦᠴᠦᠯᠡᠨ ᠳᠡᠭᠡᠭᠰᠢᠯᠡᠭᠦᠯᠵᠦ᠂ ᠠᠮᠵᠢᠯᠲᠠ ᠪᠦᠲᠦᠮᠵᠢ ᠶᠢᠨ ᠬᠠᠷᠠᠯᠲᠠ ᠶᠢ | ᠴᠢᠬᠤᠯᠠᠴᠢᠯᠠᠨ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠦᠨᠡᠨ ᠬᠦ | ᠪᠠᠲᠤᠯᠠᠪᠠ᠃ | ᠭᠤᠷᠪᠠ᠂ ᠰᠣᠶᠣᠯ ᠵᠢᠴᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠳᠠᠮᠵᠢᠵᠤ᠂ ᠰᠣᠶᠣᠯ | ᠵᠢᠭᠤᠯᠴᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠦᠷᠲᠡᠪᠡ | 2024 ᠣᠨ ᠳᠤ᠂ ᠬᠤᠲᠠ ᠶᠢᠨ ᠡᠳ᠋ ᠤᠨ ᠵᠠᠰᠠᠭ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ | ᠬᠠᠮᠲᠤᠷᠠᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠤᠨ ᠵᠥᠭᠡᠯᠡᠨ ᠪᠣᠳᠠᠲᠤ ᠬᠦᠴᠦᠨ ᠢ ᠪᠥᠬᠦ | ᠬᠦᠴᠦᠨ ᠢᠶᠠᠷ ᠢᠶᠠᠨ ᠳᠡᠭᠡᠭᠰᠢᠯᠡᠭᠦᠯᠪᠡ᠃ ᠵᠢᠯ ᠤᠨ ᠡᠬᠢᠨ ᠳᠤ 870 ᠲᠦᠮᠡᠨ ᠲᠥᠭᠦᠷᠢᠭ ᠤᠨ ᠪᠠᠯᠠ ᠮᠥᠩᠭᠦ | ᠳᠣᠭᠢᠷᠠᠭᠤᠯᠵᠤ᠂ 2024 ᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ | ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠪᠥᠬᠦ ᠬᠦᠴᠦᠨ ᠢᠶᠠᠷ ᠢᠶᠠᠨ ᠳᠡᠮᠵᠢᠪᠡ᠃ ᠣᠶᠢᠷ᠎ᠠ ᠶᠢᠨ | ᠬᠤᠭᠤᠴᠠᠭᠠᠨ ᠳᠤ᠂ ᠠᠷᠪᠠᠳᠤᠭᠠᠷ ᠬᠤᠭᠤᠴᠠᠭᠠᠨ ᠤ ᠮᠦᠽᠧᠢ ᠶᠢᠨ ᠦᠵᠡᠰᠬᠦᠯᠡᠩ ᠤᠨ ᠴᠤᠭᠯᠠᠭᠠᠨ᠂ ᠬᠤᠷᠢᠨ | ᠲᠠᠪᠤᠳᠤᠭᠠᠷ ᠬᠤᠭᠤᠴᠠᠭᠠᠨ ᠤ ᠵᠤᠤ ᠵᠢᠶᠦ᠋ᠨ ᠤ ᠰᠣᠶᠣᠯ ᠤᠷᠠᠯᠢᠭ ᠤᠨ ᠨᠠᠶᠢᠷ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠶᠢᠨ ᠲᠥᠯᠥᠭᠡ᠂ 1030 ᠲᠦᠮᠡᠨ ᠲᠥᠭᠦᠷᠢᠭ ᠤᠨ ᠪᠡᠯᠡ ᠮᠥᠩᠭᠦ ᠢᠳᠡᠪᠬᠢᠲᠡᠢ ᠴᠤᠭᠯᠠᠭᠤᠯᠵᠤ᠂ | ᠬᠤᠶᠠᠷ ᠶᠡᠭᠡ ᠠᠵᠢᠯᠯᠠᠭ᠎ᠠ ᠶᠢ ᠬᠥᠭᠵᠢᠶᠡᠨᠲᠡᠢ ᠥᠷᠨᠢᠭᠦᠯᠬᠦ ᠳᠤ ᠬᠦᠴᠦᠨ ᠨᠡᠮᠡᠷᠢᠯᠡᠵᠦ᠂ ᠪᠣᠭᠤᠮᠲᠠ ᠶᠢᠨ ᠭᠠᠳᠠᠨᠠᠬᠢ | ᠬᠥᠬᠡᠬᠤᠲᠠ ᠶᠢᠨ ᠠᠯᠳᠠᠷᠰᠢᠯ ᠢ ᠳᠠᠬᠢᠨᠲᠠ ᠠᠯᠳᠠᠷᠰᠢᠭᠤᠯᠵᠤ᠂ ᠣᠷᠣᠨ ᠤ ᠲᠥᠪ ᠬᠤᠲᠠ ᠶᠢ ᠬᠥᠮᠥᠰ ᠤᠨ | ᠠᠩᠬᠠᠷᠤᠯ ᠳᠤ ᠬᠦᠷᠭᠡᠵᠦ᠂ ᠲᠠᠯ᠎ᠠ ᠨᠤᠲᠤᠭ ᠤᠨ ᠬᠤᠳᠠ ᠶᠢᠨ ᠢᠷᠠᠭᠤ ᠠᠯᠳᠠᠷ ᠢ ᠣᠯᠪᠠ᠃ | ᠬᠥᠲᠥᠯᠥᠭᠴᠢ᠄ | ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠬᠦᠴᠦᠷᠬᠡᠭ ᠶᠡᠭᠡ | ᠪᠡᠯᠡ ᠮᠥᠩᠭᠦ ᠶᠢᠨ ᠪᠠᠲᠤᠯᠠᠭ᠎ᠠ ᠶᠢᠨ ᠦᠢᠯᠡᠳᠦᠯ ᠭᠠᠷᠭᠠᠭᠰᠠᠨ ᠶᠤᠮ ᠪᠠᠶᠢᠨ᠎ᠠ᠂ ᠮᠥᠨᠴᠦ ᠪᠢᠳᠠᠨ ᠳᠤ ᠡᠳ᠋ ᠤᠨ | ᠵᠠᠰᠠᠭ ᠠᠴᠠ ᠰᠣᠶᠣᠯ ᠵᠢᠭᠤᠯᠴᠢᠯᠠᠯ ᠤᠨ ᠠᠵᠢᠯ ᠢ ᠳᠡᠮᠵᠢᠭᠰᠡᠨ ᠲᠤᠬᠠᠢ ᠨᠡᠩ ᠰᠢᠨ᠎ᠡ ᠣᠶᠢᠯᠠᠭᠠᠯᠲᠠ ᠣᠯᠭᠤᠯ᠎ᠠ᠃ | ᠡᠳ᠋ ᠤᠨ ᠵᠠᠰᠠᠭ ᠠᠴᠠ ᠰᠣᠶᠣᠯ ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠰᠢᠨ᠎ᠡ ᠦᠷ᠎ᠡ | ᠪᠦᠲᠦᠭᠡᠯ ᠠᠴᠠ ᠪᠢᠳᠠᠨ ᠳᠤ ᠪᠣᠳᠠᠲᠠᠢ ᠶᠠᠷᠢᠵᠤ ᠥᠭᠭᠦᠨ᠎ᠡ ᠤᠤ︖ | ᠵᠤ᠋ ᠵᠢᠶᠧ᠄ | ᠡᠳ᠋ ᠤᠨ ᠵᠠᠰᠠᠭ ᠠᠴᠠ ᠮᠠᠨ ᠤ ᠬᠤᠲᠠ ᠶᠢᠨ ᠰᠣᠶᠣᠯ ᠵᠢᠭᠤᠯᠴᠢᠯᠠᠯ ᠤᠨ ᠬᠥᠭᠵᠢᠯᠲᠡ ᠶᠢ ᠶᠡᠬᠡᠪᠡᠷ ᠳᠡᠮᠵᠢᠵᠦ᠂ | ᠶᠠᠷᠢᠶᠠᠨ ᠦᠭᠡᠢ ᠶᠡᠭᠡ ᠰᠠᠶᠢᠨ ᠬᠥᠭᠵᠢᠯᠲᠡ ᠶᠢᠨ ᠦᠷ᠎ᠡ ᠪᠦᠲᠦᠭᠡᠯ ᠣᠯᠣᠭᠰᠠᠨ ᠶᠤᠮ᠂ ᠳᠣᠣᠷ᠎ᠠ ᠪᠢ ᠭᠤᠣᠯᠳᠠᠭᠤ | ᠳᠦᠷᠪᠡᠨ ᠲᠠᠯ᠎ᠠ ᠠᠴᠠ ᠣᠯᠠᠨ ᠳᠤ ᠲᠠᠨᠢᠯᠴᠠᠭᠤᠯᠤᠶ᠎ᠠ᠃ | ᠨᠢᠭᠡ᠂ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠰᠢᠰᠲ᠋ᠧᠮᠵᠢ ᠤᠯᠠᠮ ᠲᠡᠭᠦᠯᠳᠡᠷᠵᠢᠪᠡ | ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠲᠠᠢ ᠪᠥᠬᠦ ᠬᠦᠴᠦᠨ ᠢᠶᠠᠷ ᠢᠶᠠᠨ | ᠬᠠᠮᠵᠢᠯᠴᠠᠨ ᠵᠢᠭᠤᠯᠴᠢᠯᠠᠯ ᠤᠨ ᠬᠥᠭᠵᠢᠯᠲᠡ ᠶᠢ ᠲᠡᠭᠦᠯᠳᠡᠷᠵᠢᠭᠦᠯᠵᠦ᠂ ︽ᠤᠮᠠᠷᠠᠲᠤ ᠬᠢᠯᠢ ᠶᠢᠨ ᠰᠣᠶᠣᠯ︾ ᠢᠶᠠᠷ | ᠭᠤᠤᠯ ᠪᠣᠯᠭᠠᠨ᠂ ︽ᠨᠢᠭᠡ ᠬᠤᠩᠬᠢᠯ᠂ ᠬᠤᠶᠠᠷ ᠲᠡᠩᠭᠡᠯᠢᠭ · ᠭᠤᠷᠪᠠᠨ ᠪᠦᠰᠡ︾ ᠶᠢᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠬᠤ ᠶᠢᠨ ᠲᠣᠭᠤᠷᠢᠨ ᠳᠤ ᠶᠡᠭᠡ ᠬᠦᠴᠦ ᠣᠷᠣᠭᠤᠯᠤᠨ | ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ | ᠠᠵᠢᠯᠯᠠᠭ᠎ᠠ ᠶᠢ ᠬᠡᠷᠡᠭᠵᠢᠭᠦᠯᠪᠡ᠃ ᠳᠠᠯᠠᠨ ᠬᠠᠷ᠎ᠠ ᠠᠭᠤᠯᠠ ᠶᠢᠨ ᠠᠮᠢ ᠠᠬᠤᠶ ᠶᠢᠨ ᠵᠢᠭᠤᠯᠴᠢᠯᠠᠯ ᠤᠨ ᠪᠦᠰᠡ᠂ | ᠴᠡᠯᠡᠭᠡᠷ ᠲᠠᠯ᠎ᠠ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢᠶᠠᠷ | ᠦᠨᠡᠯᠡᠭᠳᠡᠵᠦ᠂ ᠠᠳᠤᠭᠤᠨ ᠰᠣᠶᠣᠯ ᠢ ᠪᠡᠶᠡᠴᠢᠯᠡᠨ ᠣᠶᠢᠯᠠᠭᠠᠬᠤ᠂ ᠰᠣᠶᠣᠯ ᠤᠨ ᠲᠣᠭᠯᠠᠯᠲᠠ ᠤᠷᠠᠯᠢᠭ᠂ ᠴᠡᠯᠡᠭᠡᠷ | ᠲᠠᠯ᠎ᠠ ᠶᠢᠨ ᠦᠨᠦᠷ ᠠᠮᠲᠠ ᠵᠡᠷᠭᠡ ᠪᠡᠶᠡᠴᠢᠯᠡᠨ ᠣᠶᠢᠯᠠᠭᠠᠬᠤ ᠡᠵᠡᠩᠨᠡᠯᠲᠡ ᠶᠢᠨ ᠬᠡᠯᠪᠡᠷᠢ ᠪᠠᠶᠢᠳᠠᠯ᠂ ︽ᠴᠡᠯᠡᠭᠡᠷ | ᠲᠠᠯ᠎ᠠ ᠶᠢᠨ ᠬᠤᠸᠠ ᠢ ᠠᠬ᠎ᠠ ᠳᠡᠭᠦᠤ ᠣᠳᠣᠨ ᠲᠢᠶᠠᠳ᠋ᠷ︾ ᠢ ︽ᠴᠡᠯᠡᠭᠡᠷ ᠲᠠᠯ᠎ᠠ ᠶᠢᠨ ᠣᠳᠣᠨ ᠦᠵᠡᠮᠵᠢ︾ | ᠪᠣᠯᠭᠠᠨ ᠲᠠᠰ ᠳᠡᠪᠰᠢᠭᠦᠯᠦᠨ ᠥᠭᠡᠷᠡᠴᠢᠯᠡᠨ ᠪᠠᠶᠢᠭᠤᠯᠤᠨ ᠡᠵᠡᠩᠨᠡᠵᠦ᠂ ᠲᠣᠭᠯᠠᠯᠲᠠ ᠶᠢᠨ ᠤᠷᠠᠯᠢᠭ ᠤᠨ ᠲᠢᠶᠠᠳ᠋ᠷ᠂ | ᠢᠳᠡᠭᠡᠨ ᠤᠮᠳᠠᠭᠠᠨ ᠤ ᠵᠡᠭᠡᠯᠢ ᠲᠣᠭᠤᠷᠢᠭ ᠵᠡᠷᠭᠡ ᠲᠤᠯᠤᠭᠠᠨ ᠶᠡᠭᠡ ᠬᠡᠰᠡᠭ ᠢ ᠪᠠᠶᠢᠭᠤᠯᠵᠤ᠂ ︽ᠴᠡᠯᠡᠭᠡᠷ ᠲᠠᠯ᠎ᠠ︾ | ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠡᠳᠦᠷ ᠢᠷᠡᠬᠦᠶ᠎ᠡ ᠥᠷᠭᠡᠳᠬᠡᠪᠡ᠃ ︽ᠱᠧᠩ ᠱᠦᠢ | ᠯᠢᠶᠠᠩ - ᠵᠢᠦ ᠯᠦᠩ ᠸᠠᠨ︾ ᠦᠵᠡᠮᠵᠢ ᠶᠢᠨ ᠣᠷᠣᠨ ᠢ ᠨᠢᠭᠡ ᠴᠣᠭᠴᠠᠵᠢᠭᠤᠯᠤᠨ ᠡᠵᠡᠩᠨᠡᠬᠦ᠂ ᠡᠭᠦᠳᠡᠨ ᠪᠢᠯᠧᠲ ᠢ | ᠬᠠᠷᠢᠯᠴᠠᠨ ᠲᠠᠨᠢᠬᠤ᠂ ᠠᠭᠤᠯᠠᠨ ᠭᠠᠵᠠᠷ ᠤᠨ ᠰᠢᠳᠦᠨ ᠵᠠᠮ ᠤᠨ ᠭᠠᠯᠲᠤ ᠲᠡᠷᠭᠡ᠂ ᠲᠡᠮᠳᠡᠭ ᠫᠠᠶᠢᠰᠠ ᠵᠡᠷᠭᠡ ᠢᠵᠢ | ᠪᠦᠷᠢᠳᠦᠭᠦᠯᠬᠦ ᠲᠥᠷᠥᠯ ᠵᠦᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠬᠠᠲᠤᠨ ᠭᠤᠤᠯ ᠣᠷᠳᠣ ᠴᠠᠭᠠᠨ | ᠬᠡᠷᠡᠮ ᠤᠨ ᠥᠩᠭᠡ ᠦᠵᠡᠮᠵᠢ ᠶᠢᠨ ᠪᠦᠰᠡ ᠶᠢ ᠡᠭᠦᠳᠦᠨ ᠪᠠᠶᠢᠭᠤᠯᠵᠤ᠂ ᠯᠣᠣ ᠨᠢᠦ ᠸᠠᠨ ᠤ ᠬᠠᠲᠤᠨ ᠭᠤᠤᠯ ᠤᠨ | ᠶᠡᠭᠡ ᠬᠠᠪᠴᠢᠯ ᠢ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠭᠠᠨ ᠡᠭᠦᠳᠦᠨ ᠪᠠᠶᠢᠭᠤᠯᠬᠤ ᠶᠢ | ᠳᠥᠯᠭᠢᠨ ᠠᠬᠢᠭᠤᠯᠵᠤ᠂ ᠹᠧᠩ ᠵᠢᠶᠠ ᠲᠠ ᠠᠴᠠ ᠯᠤᠤ ᠨᠢᠦ ᠸᠠᠨ ᠬᠦᠷᠬᠦ ᠵᠠᠰᠠᠮᠠᠯ ᠵᠠᠮ ᠵᠡᠷᠭᠡ 13 ᠲᠥᠷᠥᠯ | ᠵᠦᠢᠯ ᠢ ᠨᠢᠭᠡᠨᠲᠡ ᠳᠠᠭᠤᠰᠬᠠᠵᠤ᠂ ᠶᠠᠭ ᠦᠵᠡᠮᠵᠢ ᠶᠢᠨ ᠣᠷᠣᠨ ᠤ ᠨᠣᠭᠤᠭᠠᠷᠠᠭᠤᠯᠤᠯᠲᠠ᠂ ᠶᠠᠪᠠᠭᠠᠨ ᠵᠠᠮ ᠤᠨ | ᠪᠥᠲᠥᠭᠡᠨ ᠪᠠᠶᠢᠭᠤᠯᠤᠯᠲᠠ ᠵᠡᠷᠭᠡ ᠲᠥᠷᠥᠯ ᠵᠦᠢᠯ ᠢ ᠢᠳᠡᠪᠬᠢᠲᠡᠶ ᠳᠥᠯᠭᠢᠨ ᠠᠬᠢᠭᠤᠯᠵᠤ᠂ ᠪᠥᠬᠦ ᠬᠤᠲᠠ ᠶᠢᠨ ᠡᠯ᠎ᠡ | ᠬᠠᠮᠢᠶ᠎ᠠ ᠪᠥᠬᠦᠶ ᠰᠠᠯᠠᠭ᠎ᠠ ᠮᠥᠴᠢᠷ ᠤᠳ ᠡᠭᠦᠳᠦᠨ ᠪᠠᠶᠢᠭᠤᠯᠬᠤ ᠡᠭᠦᠷᠭᠡ ᠪᠠᠨ ᠨᠢᠭᠡᠨᠲᠡ ᠳᠠᠭᠠᠭᠠᠨ ᠠᠪᠴᠤ᠂ | ᠵᠢᠱᠢᠯᠲᠡ ᠪᠠᠷ 9 ᠳ᠋ᠤᠭᠠᠷ ᠰᠠᠷ᠎ᠠ ᠳᠤ ᠰᠣᠶᠣᠯ ᠵᠢᠭᠤᠯᠴᠢᠯᠠᠯ ᠤᠨ ᠶᠠᠮᠤᠨ ᠳᠤ ᠳᠡᠪᠰᠢᠭᠦᠯᠵᠦ ᠲᠤᠬᠠᠶ ᠶᠢᠨ | ᠭᠠᠵᠠᠷ ᠲᠤᠨᠢ ᠰᠢᠯᠭᠠᠭᠤᠯᠬᠤ ᠪᠠᠷ ᠪᠠᠶᠢᠨ᠎ᠠ᠃ ᠣᠷᠳᠣ ᠴᠠᠭᠠᠨ ᠬᠡᠷᠡᠮ ᠤᠨ ᠤᠯᠤᠰ ᠤᠨ ᠰᠣᠶᠣᠯ ᠤᠨ ᠴᠡᠴᠡᠷᠯᠢᠭ᠂ | ᠣᠷᠳᠣ ᠴᠠᠭᠠᠨ ᠬᠡᠷᠡᠮ ᠤᠨ ᠰᠣᠶᠣᠯ ᠤᠨ ᠮᠦᠽᠧᠶ ᠶᠢᠨ ᠭᠤᠤᠯ ᠪᠠᠷᠢᠯᠭ᠎ᠠ ᠶᠢ ᠳᠠᠭᠤᠰᠬᠠᠵᠤ᠂ ᠶᠠᠭ ᠴᠡᠴᠡᠷᠯᠢᠭ | ᠨᠡᠭᠡᠭᠡᠬᠦ ᠶᠣᠰᠣᠯᠠᠯ ᠳᠤ ᠪᠡᠯᠡᠳᠬᠡᠵᠦ ᠪᠠᠶᠢᠨ᠎ᠠ᠃ ᠶᠡᠭᠡ ᠲᠦᠷᠭᠡᠨ ᠭᠤᠣᠯ ᠤᠨ ᠲᠡᠭᠦᠷᠭᠡ ᠶᠢᠨ ᠴᠡᠴᠡᠭ ᠪᠦᠰᠡ ᠳᠤ | ᠰᠣᠶᠣᠯ ᠵᠢᠭᠤᠯᠴᠢᠯᠠᠯ ᠤᠨ ᠦᠢᠯᠡᠰ ᠢ ᠣᠷᠣᠭᠤᠯᠬᠤ ᠶᠢ ᠠᠬᠢᠭᠤᠯᠤᠨ᠂ ᠵᠠᠮ ᠳᠠᠭᠠᠤ ᠬᠡᠭᠡᠷ᠎ᠡ ᠪᠠᠭᠤᠳᠠᠯᠯᠠᠬᠤ ᠭᠠᠵᠠᠷ ᠢ | ᠪᠠᠶᠢᠭᠤᠯᠵᠤ᠂ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠴᠡᠷᠯᠢᠭ ᠤᠨ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠡᠭᠡᠷ᠎ᠡ ᠪᠠᠭᠤᠳᠠᠯᠯᠠᠬᠤ ᠠᠵᠤ ᠠᠬᠤᠢ᠂ ᠠᠶᠢᠯ | ᠪᠠᠭᠤᠴᠠ ᠶᠢᠨ ᠠᠵᠤ ᠠᠬᠤᠢ ᠥᠷᠨᠢᠨ ᠬᠥᠭᠵᠢᠵᠦ᠂ ᠵᠢᠭᠤᠯᠴᠢᠯᠠᠭᠴᠢᠳ ᠢ ᠨᠡᠶᠢᠲᠡ 80 ᠲᠦᠮᠡᠨ ᠬᠥᠮᠥᠨ ᠤᠳᠠᠭ᠎ᠠ | ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠳ᠋ᠦᠩᠰᠢᠭᠤᠷ ᠲᠥᠭᠦᠷᠢᠭ ᠢ ᠳᠠᠪᠠᠪᠠ᠃ ︽ᠰᠥᠨᠢ ᠶᠢᠨ | ᠵᠢᠭᠤᠯᠴᠢᠯᠠᠯ︾ ᠤᠨ ᠬᠡᠷᠡᠭᠯᠡᠭᠡᠨ ᠤ ᠭᠤᠣᠯ ᠣᠷᠣᠨ ᠢ ᠪᠤᠶᠢᠵᠢᠭᠤᠯᠪᠠ᠃ ᠪᠣᠭᠤᠮᠲᠠ ᠶᠢᠨ ᠬᠠᠭᠤᠴᠢᠨ ᠵᠡᠭᠡᠯᠢ᠂ | ᠣᠪᠣᠭ᠎ᠠ ᠲᠣᠰᠬᠤᠨ ᠵᠡᠷᠭᠡ 2 ᠤᠯᠤᠰ ᠤᠨ ᠲᠠᠰ ᠤᠨ ᠰᠥᠨᠢ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ | ᠲᠥᠪᠯᠡᠷᠡᠭᠰᠡᠨ ᠣᠷᠣᠨ ᠢ ᠡᠭᠦᠳᠦᠨ ᠪᠠᠶᠢᠭᠤᠯᠵᠤ᠂ ᠮᠤᠷᠤᠢ ᠭᠤᠳᠤᠮᠵᠢ᠂ ᠥᠷᠭᠡᠨ ᠭᠤᠳᠤᠮᠵᠢ ᠵᠡᠷᠭᠡ ︽ᠠᠷᠪᠠᠨ | ᠶᠡᠭᠡ ᠰᠥᠨᠢ ᠶᠢᠨ ᠵᠢᠭᠤᠯᠴᠢᠯᠠᠯ ᠤᠨ ᠭᠠᠵᠠᠷ︾ ᠢ ᠪᠠᠶᠢᠭᠤᠯᠵᠤ᠂ ︽ᠳᠠᠭᠤᠤ ᠬᠥᠭᠵᠢᠮ ᠠᠮᠲᠠᠲᠤ ᠢᠳᠡᠭᠡᠨ ᠤ | ᠤᠯᠠᠷᠢᠯ︾᠂ ︽ᠮᠢᠩᠭᠠᠨ ᠣᠨ ᠤ ᠵᠣᠣ ᠵᠢᠶᠦ᠋ᠨ ᠤ ᠮᠠᠭᠲᠠᠭᠠᠯ︾ ᠵᠡᠷᠭᠡ ᠰᠣᠶᠣᠯ ᠵᠢᠭᠤᠯᠴᠢᠯᠠᠯ ᠤᠨ | ᠬᠤᠳᠠᠯᠳᠤᠭᠠᠨ ᠤ ᠣᠯᠠᠨ ᠡᠰᠢᠲᠦ ᠠᠭᠤᠰᠤᠯᠴᠠᠯ ᠤᠨ ᠬᠡᠷᠡᠭᠯᠡᠭᠡᠨ ᠤ ᠪᠠᠶᠢᠳᠠᠯ ᠢ ᠪᠣᠶ ᠪᠣᠯᠭᠠᠪᠠ᠃ | ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠯ ᠦᠷᠭᠦᠯᠵᠢᠯᠡᠨ ᠭᠦᠨᠵᠡᠭᠡᠶᠢᠷᠡᠪᠡ | ᠰᠣᠶᠣᠯ ᠵᠢᠭᠤᠯᠴᠢᠯᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠰᠣᠶᠣᠯ ᠤᠨ ᠣᠨᠴᠠᠯᠢᠭ ᠢ ᠭᠦᠨᠵᠡᠭᠡᠶ | ᠠᠭᠤᠳᠠᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠦᠷᠭᠦᠯᠵᠢᠯᠡᠨ | ᠠᠬᠢᠭᠤᠯᠪᠠ᠃ ᠨᠢᠭᠡ ᠳᠤ ︽ᠰᠣᠶᠣᠯ ᠵᠢᠭᠤᠯᠴᠢᠯᠠᠯ + ᠲᠠᠷᠢᠶᠠᠯᠠᠩ︾ ᠢ ᠬᠥᠭᠵᠢᠭᠦᠯᠪᠡ᠃ ᠰᠡᠩᠭᠡ ᠶᠢᠨ ᠠᠶᠢᠯ | ᠲᠣᠰᠬᠤᠨ ᠵᠡᠷᠭᠡ ᠥᠪᠡᠷᠲᠡᠭᠡᠨ ᠵᠠᠰᠠᠬᠤ ᠣᠷᠣᠨ ᠤ ᠲᠡᠰ ᠤᠨ 4 ᠬᠥᠳᠡᠭᠡ ᠲᠣᠰᠬᠤᠨ ᠤ ᠵᠢᠭᠤᠯᠴᠢᠯᠠᠯ ᠤᠨ | ᠭᠤᠣᠯᠳᠠᠯᠭ᠎ᠠ ᠲᠠᠢ ᠲᠣᠰᠬᠤᠨ ᠢ ᠪᠠᠶᠢᠭᠤᠯᠵᠤ᠂ ᠰᠡᠩᠭᠡ ᠶᠢᠨ ᠠᠶᠢᠯ ᠲᠣᠰᠬᠤᠨ᠂ ᠬᠠᠰᠢᠶᠠᠲᠤ ᠲᠣᠰᠬᠤᠨ ᠵᠡᠷᠭᠡ 2 | ᠵᠢᠭᠤᠯᠴᠢᠯᠠᠯ ᠤᠨ ᠱᠤᠭᠤᠮ ᠨᠢ ᠰᠣᠶᠣᠯ ᠵᠢᠭᠤᠯᠴᠢᠯᠠᠯ ᠤᠨ ᠶᠠᠮᠤᠨ ᠤ ︽ᠦᠵᠡᠰᠬᠦᠯᠡᠩᠲᠦ ᠰᠠᠶᠢᠬᠠᠨ ᠬᠠᠪᠤᠷ ᠤᠨ | ᠲᠤᠶᠠᠭᠠᠲᠤ ᠵᠠᠮ ᠳᠡᠭᠡᠷ᠎ᠡ︾ ᠪᠠ ︽ᠬᠦᠴᠦᠯᠢᠭ ᠵᠦᠷᠵᠢ ᠶᠢᠨ ᠰᠢᠷ᠎ᠠ ᠵᠦᠷᠵᠢ ᠶᠢᠨ ᠨᠣᠭᠤᠭᠠᠨ ᠬᠥᠳᠡᠭᠡ | ᠲᠣᠰᠬᠤᠨ ᠤ ᠦᠵᠡᠮᠵᠢ︾ ᠶᠢᠨ ᠭᠤᠣᠯ ᠰᠡᠳᠦᠪᠲᠦ ᠵᠠᠮ ᠱᠤᠭᠤᠮ ᠢᠶᠠᠷ ᠰᠣᠩᠭᠤᠭᠳᠠᠵᠤ᠂ ᠬᠥᠳᠡᠭᠡ ᠲᠣᠰᠬᠤᠨ ᠤ | ᠵᠢᠭᠤᠯᠴᠢᠯᠠᠯ ᠨᠢ ᠬᠤᠳᠠ ᠶᠢᠨ ᠰᠠᠭᠤᠭᠠᠯᠢ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠨ ᠠᠮᠠᠷᠠᠬᠤ ᠴᠢᠬᠤᠯᠠ | ᠵᠣᠷᠢᠭᠰᠠᠨ ᠭᠠᠵᠠᠷ ᠪᠣᠯᠵᠠᠢ᠃ ᠬᠤᠶᠠᠷ ᠲᠤ᠂ ︽ᠠᠵᠤ ᠦᠢᠯᠡᠳᠪᠦᠷᠢ + ᠰᠣᠶᠣᠯ ᠵᠢᠭᠤᠯᠴᠢᠯᠠᠯ︾ ᠢ ᠬᠥᠭᠵᠢᠭᠦᠯᠪᠡ᠃ | ᠨᠢᠭᠡ ᠪᠦᠯᠦᠭ ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠣᠷᠣᠨ | ᠵᠠᠶ ᠶᠢ ᠡᠭᠦᠳᠦᠨ ᠪᠠᠶᠢᠭᠤᠯᠵᠤ᠂ ᠮᠧᠩ ᠨᠢᠦ ᠠᠵᠤ ᠦᠢᠯᠡᠳᠪᠦᠷᠢ ᠶᠢᠨ ᠵᠢᠭᠤᠯᠴᠢᠯᠠᠯ ᠤᠨ ᠣᠷᠣᠨ ᠤᠯᠤᠰ ᠤᠨ | ᠲᠠᠰ ᠤᠨ ᠪᠣᠯᠪᠠᠰᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠨᠢᠭᠡᠴᠢ ᠪᠠᠷ ᠦᠨᠡᠯᠡᠭᠳᠡᠵᠦ᠂ ᠢᠯᠢ ᠶᠢᠨ ᠲᠠᠯ᠎ᠠ | ᠨᠤᠲᠤᠭ ᠤᠨ ᠰᠦ ᠰᠣᠶᠣᠯ ᠵᠢᠭᠤᠯᠴᠢᠯᠠᠯ ᠤᠨ ᠦᠵᠡᠮᠵᠢ ᠶᠢᠨ ᠣᠷᠣᠨ ᠤᠯᠤᠰ ᠤᠨ ᠠᠩᠬᠠᠳᠠᠭᠴᠢ ᠪᠦᠯᠦᠭ 5G + | ᠣᠶᠤᠨᠴᠢ ᠵᠢᠭᠤᠯᠴᠢᠯᠠᠯ ᠤᠨ ᠲᠤᠷᠰᠢᠯᠲᠠ ᠶᠢᠨ ᠲᠥᠷᠥᠯ ᠵᠦᠢᠯ ᠢᠶᠠᠷ ᠦᠨᠡᠯᠡᠭᠳᠡᠵᠦ᠂ ︽ᠴᠡᠯᠡᠭᠡᠷ ᠲᠠᠯ᠎ᠠ ᠣᠶᠤᠨᠴᠢ | ᠠᠮᠢ ᠠᠬᠤᠶ ᠶᠢᠨ ᠮᠠᠯᠵᠢᠯ ᠤᠨ ᠲᠠᠯᠠᠪᠠᠶ︾᠂ ᠪᠢᠰᠢᠯᠠᠭ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ ᠶᠢ | ᠪᠠᠶᠢᠭᠤᠯᠤᠨ ᠨᠡᠭᠡᠭᠡᠯᠲᠡ ᠬᠢᠵᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠷᠭᠠᠨ ᠬᠥᠮᠦᠵᠢᠯ᠂ ᠲᠣᠭᠤᠷᠢᠨ | ᠦᠵᠡᠵᠦ ᠬᠠᠷᠢᠯᠴᠠᠨ ᠬᠥᠳᠡᠯᠦᠯᠴᠡᠬᠦ᠂ ᠰᠤᠳᠤᠯᠤᠨ ᠰᠤᠷᠤᠯᠴᠠᠵᠤ ᠵᠢᠭᠤᠯᠴᠢᠯᠠᠬᠤ ᠬᠡᠪ ᠳᠠᠭᠤᠷᠢᠶᠠᠯ ᠤᠨ ᠲᠥᠷᠥᠯ | ᠵᠦᠢᠯ ᠢ ᠪᠣᠶ ᠪᠣᠯᠭᠠᠪᠠ᠃ ᠭᠤᠷᠪᠠ ᠳᠤ᠂ ᠬᠤᠪᠢᠰᠬᠠᠯ ᠤᠨ ᠰᠣᠶᠣᠯ ᠵᠢᠭᠤᠯᠴᠢᠯᠠᠯ ᠢ ᠬᠥᠭᠵᠢᠭᠦᠯᠪᠡ᠃ ᠦᠴᠤᠸᠠᠨ | ᠰᠢᠶᠠᠨ ᠢ ᠤᠯᠤᠰ ᠤᠨ ᠬᠤᠪᠢᠰᠬᠠᠯ ᠤᠨ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠣᠷᠣᠨ | ᠪᠣᠯᠭᠠᠨ ᠡᠭᠦᠳᠦᠨ ᠪᠠᠶᠢᠭᠤᠯᠬᠤ ᠶᠢ ᠦᠷᠭᠦᠯᠵᠢᠯᠡᠨ ᠠᠬᠢᠭᠤᠯᠪᠠ᠃ | ᠭᠤᠷᠪᠠ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢᠨ ᠶᠠᠰᠤ ᠴᠢᠨᠠᠷ ᠢᠯᠡᠳᠲᠡ ᠳᠡᠭᠡᠭᠰᠢᠯᠡᠪᠡ | ᠨᠢᠭᠡ ᠳᠤ᠂ ᠪᠠᠶᠠᠷ ᠳᠤᠷᠠᠰᠬᠠᠯ ᠤᠨ ᠡᠳᠦᠷ ᠤᠨ ᠬᠡᠷᠡᠭᠯᠡᠭᠡᠨ ᠤ ᠠᠬᠤᠢ ᠪᠠᠶᠢᠳᠠᠯ ᠢ ᠪᠣᠶ ᠪᠣᠯᠭᠠᠪᠠ᠃ 2024 | ᠣᠨ ᠳᠤ᠂ ᠬᠤᠲᠠ ᠶᠢᠨ ᠡᠳ᠋ ᠤᠨ ᠵᠠᠰᠠᠭ ᠠᠴᠠ 375 ᠲᠦᠮᠡᠨ ᠲᠥᠭᠦᠷᠢᠭ ᠤᠨ ᠪᠠᠯᠠ ᠮᠥᠩᠭᠦ ᠳᠣᠭᠢᠷᠠᠭᠤᠯᠵᠤ᠂ | ᠰᠢᠨ᠎ᠡ ᠵᠢᠯ᠂ ᠴᠠᠭᠠᠨ ᠰᠠᠷ᠎ᠠ᠂ ᠥᠯᠵᠡᠶᠢᠲᠦ ᠡᠳᠦᠷ ᠤᠨ ᠪᠠᠶᠠᠷ᠂ ᠲᠠᠪᠤᠨ ᠰᠠᠷ᠎ᠠ ᠶᠢᠨ ᠨᠢᠭᠡᠨ ᠤ ᠪᠠᠶᠠᠷ ᠵᠡᠷᠭᠡ | ᠪᠠᠶᠠᠷ ᠤᠨ ᠡᠳᠦᠷ ᠲᠤ ᠬᠠᠨᠳᠤᠭᠤᠯᠵᠤ᠂ ᠳᠡᠯ ᠠᠭᠤᠯᠠ ᠶᠢᠨ ᠴᠡᠨᠡᠯᠲᠡ ᠶᠢᠨ ᠲᠠᠯᠠᠪᠠᠶ᠂ ᠪᠣᠭᠤᠮᠲᠠ ᠶᠢᠨ ᠬᠠᠭᠤᠴᠢᠨ | ᠵᠡᠭᠡᠯᠢ ᠵᠡᠷᠭᠡ ᠤᠨᠴᠠᠯᠢᠬᠳᠤ ᠦᠵᠡᠮᠵᠢ ᠶᠢᠨ ᠣᠷᠣᠨ᠂ ᠬᠡᠷᠡᠭᠯᠡᠭᠡ ᠲᠥᠪᠯᠡᠷᠡᠭᠰᠡᠨ ᠣᠷᠣᠨ ᠳᠤ ᠲᠦᠰᠢᠭᠯᠡᠨ᠂ ︽ | ᠤᠮᠠᠷᠠᠲᠤ ᠬᠢᠯᠢ ᠶᠢᠨ ᠰᠢᠨ᠎ᠡ ᠵᠢᠯ ᠤᠨ ᠦᠳᠡᠰᠢ︾᠂ ︽ᠬᠥᠬᠡᠬᠤᠲᠠ ᠶᠢᠨ ᠮᠥᠰᠥ ᠴᠠᠰᠤᠨ ᠤ ᠨᠠᠶᠢᠷ︾᠂ ︽ | ᠪᠣᠳᠠᠰ ᠤᠨ ᠪᠤᠰᠤ ᠰᠣᠶᠣᠯ ᠤᠨ ᠥᠪ ᠤᠨ ᠰᠦᠮ᠎ᠡ ᠶᠢᠨ ᠴᠤᠭᠯᠠᠭᠠᠨ︾᠂ ︽ᠴᠡᠴᠡᠭ ᠰᠣᠨᠢᠷᠬᠠᠬᠤ ᠤᠯᠠᠷᠢᠯ︾ | ᠵᠡᠷᠭᠡ ᠨᠠᠷᠠᠲᠤ ᠲᠡᠮᠳᠡᠭᠲᠦ ᠶᠢᠨ ᠠᠵᠢᠯᠯᠠᠭ᠎ᠠ ᠶᠢ ᠭᠤᠤᠯᠳᠠᠯᠭ᠎ᠠ ᠲᠠᠢ ᠡᠷᠬᠢᠯᠡᠨ᠂ ᠣᠯᠠᠨ ᠬᠡᠷᠡᠭᠯᠡᠭᠡᠨ ᠤ ᠪᠠᠶᠢᠳᠠᠯ ᠢ ᠪᠣᠶ | ᠪᠣᠯᠭᠠᠵᠤ᠂ ︽ᠰᠣᠶᠣᠯ ᠵᠢᠭᠤᠯᠴᠢᠯᠠᠯ ᠬᠤᠳᠠᠯᠳᠤᠭᠠᠨ︾ ᠤ ᠣᠯᠠᠨ ᠡᠰᠢᠲᠦ ᠡᠵᠡᠩᠨᠡᠯᠲᠡ ᠶᠢᠨ ᠬᠡᠯᠪᠡᠷᠢ ᠪᠠᠶᠢᠳᠠᠯ ᠤᠨ | ᠠᠭᠤᠰᠤᠯᠴᠠᠨ ᠬᠥᠭᠵᠢᠬᠦ ᠶᠢ ᠠᠬᠢᠭᠤᠯᠪᠠ᠃ ᠬᠤᠶᠠᠷ ᠲᠤ᠂ ᠲᠣᠭᠯᠠᠯᠲᠠ ᠶᠢᠨ ᠤᠷᠠᠯᠢᠭ ᠤᠨ ᠬᠡᠷᠡᠭᠯᠡᠭᠡᠨ ᠤ ᠠᠬᠤᠢ | ᠪᠠᠶᠢᠳᠠᠯ ᠢ ᠪᠤᠵᠠᠭᠠᠶᠢᠷᠠᠭᠤᠯᠪᠠ᠃ ᠵᠠᠩ ᠵᠢᠶᠧ᠂ ᠰᠢᠤᠸᠠᠢ ᡁᠢ ᠴᠢᠶᠠᠨ᠂ ᠵᠠᠩ ᠰᠢᠨ ᠵᠧ᠂ ᠳ᠋ᠧᠩ ᠽᠢ ᠴᠢ᠂ | ᠭᠠᠷᠤᠳᠢ ᠭᠠᠯᠪᠢᠩᠭ᠎ᠠ ᠬᠠᠮᠲᠤᠯᠢᠭ ᠤᠨ ᠳᠠᠭᠤᠨ ᠤ ᠦᠳᠡᠰᠢᠯᠡᠭᠡ ᠶᠢᠨ ᠲᠣᠭᠤᠷᠢᠨ ᠳᠤ᠂ ᠤᠷᠠᠯᠢᠭ ᠤᠨ ᠠᠵᠤ | ᠠᠬᠤᠶ ᠶᠢ ᠬᠥᠭᠵᠢᠭᠦᠯᠵᠦ᠂ ᠰᠣᠶᠣᠯ ᠤᠨ ᠦᠵᠡᠰᠬᠦᠯᠡᠩ ᠂ ᠤᠨᠴᠠᠯᠢᠬᠳᠤ ᠵᠡᠭᠡᠯᠢ ᠲᠣᠭᠤᠷᠢᠭ᠂ ᠰᠦᠯᠵᠢᠶᠡᠨ ᠤ | ᠰᠣᠳᠣᠨ ᠭᠠᠵᠠᠷ ᠵᠡᠷᠭᠡ ᠬᠡᠷᠡᠭᠯᠡᠭᠡᠨ ᠤ ᠠᠬᠤᠢ ᠪᠠᠶᠢᠳᠠᠯ ᠢ ᠪᠠᠶᠢᠭᠤᠯᠵᠤ᠂ ︽ᠢᠳᠡᠵᠦ ᠤᠤᠭᠤᠬᠤ ᠶᠠᠪᠤᠵᠤ ᠰᠠᠭᠤᠬᠤ | ᠵᠤᠭᠠᠴᠠᠵᠤ ᠬᠤᠳᠠᠯᠳᠤᠨ ᠠᠪᠬᠤ ᠵᠤᠭ᠎ᠠ ᠴᠡᠩᠭᠡᠯ︾ ᠵᠢᠭᠤᠯᠴᠢᠯᠠᠯ ᠤᠨ ᠬᠡᠯᠬᠢᠶ᠎ᠡ ᠶᠢᠨ ᠬᠥᠭᠵᠢᠯᠲᠡ ᠶᠢ ᠳᠠᠶᠢᠴᠢᠯᠠᠪᠠ᠃ | ᠭᠤᠷᠪᠠ ᠳᠤ᠂ ᠰᠣᠶᠣᠯ ᠦᠵᠡᠰᠬᠦᠯᠡᠩ ᠤᠨ ᠬᠡᠷᠡᠭᠯᠡᠭᠡᠨ ᠤ ᠠᠬᠤᠢ ᠪᠠᠶᠢᠳᠠᠯ ᠢ ᠥᠷᠭᠡᠳᠬᠡᠪᠡ᠃ ᠡᠨᠡ ᠵᠢᠯ᠂ | ᠬᠤᠲᠠ ᠶᠢᠨ ᠡᠳ᠋ ᠤᠨ ᠵᠠᠰᠠᠭ ᠠᠴᠠ 100 ᠲᠦᠮᠡᠨ ᠲᠥᠭᠦᠷᠢᠭ ᠤᠨ ᠪᠡᠯᠡ ᠮᠥᠩᠭᠦ ᠲᠣᠬᠢᠷᠠᠭᠤᠯᠵᠤ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢ ᠬᠠᠮᠵᠢᠨ ︽ᠮᠦᠽᠧᠶ ᠶᠢᠨ ᠬᠤᠲᠠ︾ ᠶᠢᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠶᠡᠷᠦᠩᠬᠡᠶ ᠣᠷᠳᠣᠨ ᠬᠤᠪᠢᠶᠠᠷᠢ ᠣᠷᠳᠣᠨ ᠤ | ᠳᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠦᠨ᠂ ᠣᠯᠠᠨ ᠤᠯᠤᠰ ᠤᠨ ᠮᠦᠽᠧᠶ ᠶᠢᠨ ᠨᠡᠶᠢᠭᠡᠮᠯᠢᠭ ᠲᠤ ᠣᠷᠣᠯᠴᠠᠵᠤ᠂ | ᠬᠥᠬᠡᠬᠤᠲᠠ ᠮᠦᠽᠧᠶ᠂ ᠢᠯᠢ ᠶᠢᠨ ᠲᠠᠯ᠎ᠠ ᠨᠤᠲᠤᠭ ᠤᠨ ᠰᠦ ᠶᠢᠨ ᠰᠣᠶᠣᠯ ᠤᠨ ᠮᠦᠽᠧᠶ᠂ ᠥᠪᠥᠷ ᠮᠣᠩᠭᠤᠯ ᠤᠨ | ᠪᠠᠶᠢᠭᠠᠯᠢ ᠶᠢᠨ ᠮᠦᠽᠧᠢ ᠶᠢ ᠤᠯᠤᠰ ᠤᠨ ᠨᠢᠭᠡᠳᠦᠭᠡᠷ ᠳᠡᠰ ᠤᠨ ᠮᠦᠽᠧᠢ ᠪᠠᠷ ᠡᠭᠦᠳᠦᠨ ᠪᠠᠶᠢᠭᠤᠯᠵᠤ᠂ ᠠᠷᠪᠠᠳᠤᠭᠠᠷ | ᠬᠤᠭᠤᠴᠠᠭᠠᠨ ᠤ ︽ᠮᠦᠽᠧᠢ ᠶᠢᠨ ᠦᠵᠡᠰᠬᠦᠯᠡᠩ ᠤᠨ ᠴᠤᠭᠯᠠᠭᠠᠨ︾ ᠢ ᠠᠮᠵᠢᠯᠲᠠ ᠲᠠᠢ ᠡᠷᠬᠢᠯᠡᠪᠡ᠃ | ᠳᠥᠷᠪᠡ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠯᠡᠳᠲᠡ ᠰᠠᠶᠢᠵᠢᠷᠠᠪᠠ | ᠨᠢᠭᠡ ᠳᠤ᠂ ᠣᠯᠠᠨ ᠨᠡᠶᠢᠲᠡ ᠶᠢᠨ ᠰᠣᠶᠣᠯ ᠤᠨ ᠴᠢᠨᠠᠷ ᠰᠠᠶᠢᠲᠠᠶ ᠣᠷᠣᠨ ᠵᠠᠶ ᠶᠢ ᠪᠠᠶᠢᠭᠤᠯᠪᠠ᠃ ᠵᠢᠯ ᠤᠨ | ᠡᠬᠢᠨ ᠳᠤ᠂ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠨᠢ ᠰᠣᠶᠣᠯ ᠵᠢᠭᠤᠯᠴᠢᠯᠠᠯ ᠷᠠᠳᠢᠤ᠋ ᠲᠧᠯᠸᠢᠰ ᠤᠨ | ᠲᠣᠪᠴᠢᠶ᠎ᠠ ᠲᠠᠢ ᠬᠠᠮᠲᠤᠷᠠᠨ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠲᠣᠬᠢᠷᠠᠭᠤᠯᠵᠤ᠂ ᠳᠡᠭᠡᠳᠦ ᠱᠠᠲᠤᠨ ᠤ | ᠲᠤᠰᠬᠠᠢ ᠪᠡᠯᠡ ᠮᠥᠩᠭᠦ ᠶᠢ 846 ᠲᠦᠮᠡᠨ ᠲᠥᠭᠦᠷᠢᠭ ᠣᠯᠵᠤ᠂ ᠲᠤᠰ ᠱᠠᠲᠤᠨ ᠠᠴᠠ ᠢᠵᠢ ᠪᠦᠷᠢᠳᠦᠭᠦᠯᠬᠦ ᠪᠡᠯᠡ | ᠮᠥᠩᠭᠦ ᠶᠢ 94 ᠲᠦᠮᠡᠨ ᠲᠥᠭᠦᠷᠢᠭ ᠭᠠᠷᠭᠠᠵᠤ᠂ ᠣᠯᠠᠨ ᠨᠡᠢᠲᠡ ᠶᠢᠨ ᠰᠣᠶᠣᠯ ᠤᠨ ᠶᠡᠷᠦᠩᠬᠡᠢ ᠣᠷᠳᠣᠨ | ᠬᠤᠪᠢᠶᠠᠷᠢ ᠣᠷᠳᠣᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ | ᠬᠥᠬᠡᠬᠤᠲᠠ ᠶᠢᠨ ᠨᠣᠮ ᠤᠨ ᠰᠠᠩ 1 ᠬᠤᠪᠢᠶᠠᠷᠢ ᠣᠷᠳᠣᠨ᠂ 5 ᠨᠡᠭᠦᠳᠡᠯ ᠥᠷᠲᠡᠭᠡ ᠪᠠᠶᠢᠭᠤᠯᠤᠨ᠂ ︽ᠬᠤᠨ | ᠭᠠᠯᠠᠭᠤ ᠤᠩᠰᠢᠯᠭ᠎ᠠ︾ ᠨᠡᠷᠡᠲᠦ ᠲᠡᠮᠳᠡᠭ ᠢ ᠡᠭᠦᠳᠪᠡ᠃ ᠬᠤᠶᠠᠷ ᠲᠤ᠂ ᠵᠢᠭᠤᠯᠴᠢᠯᠠᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢ ᠠᠬᠢᠭᠤᠯᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 50. | 86 ᠲᠦᠮᠡᠨ ᠲᠥᠭᠦᠷᠢᠭ ᠪᠠᠭᠤᠯᠭᠠᠵᠤ ᠬᠤᠲᠠ ᠶᠢᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢ ᠬᠠᠪᠰᠤᠷᠤᠨ ᠪᠦᠬᠦ | ᠬᠤᠲᠠ ᠶᠢᠨ ᠵᠢᠭᠤᠯᠴᠢᠯᠠᠯ ᠤᠨ ᠬᠥᠲᠥᠴᠢ ᠶᠢᠨ ᠤᠷᠤᠯᠳᠤᠭᠠᠨ᠂ ᠪᠦᠬᠦ ᠬᠤᠲᠠ ᠶᠢᠨ ᠵᠢᠭᠤᠯᠴᠢᠯᠠᠯ ᠤᠨ ᠬᠤᠭᠤᠯᠠᠨ | ᠭᠡᠷ ᠤᠨ ᠦᠢᠯᠡᠴᠢᠯᠡᠭᠡᠨ ᠤ ᠮᠡᠷᠭᠡᠵᠢᠯ ᠤᠨ ᠴᠢᠳᠠᠪᠤᠷᠢ ᠶᠢᠨ ᠤᠷᠤᠯᠳᠤᠭᠠᠨ ᠵᠡᠷᠭᠡ ᠠᠵᠢᠯᠯᠠᠭ᠎ᠠ ᠶᠢ ᠥᠷᠨᠢᠭᠦᠯᠵᠦ᠂ | ᠵᠢᠭᠤᠯᠴᠢᠯᠠᠯ ᠤᠨ ᠠᠵᠢᠯ ᠡᠷᠬᠢᠯᠡᠭᠴᠢᠳ ᠤᠨ ᠦᠢᠯᠡᠴᠢᠯᠡᠭᠡᠨ ᠤ ᠲᠤᠰᠬᠠᠶᠢᠵᠢᠯᠲᠠ᠂ ᠪᠠᠷᠢᠮᠵᠢᠶᠠᠵᠢᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠪᠡ᠃ ᠭᠤᠷᠪᠠ ᠳᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠪᠠ᠃ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠵᠢᠯ ᠤᠨ ᠡᠬᠢᠨ ᠤ | ᠲᠥᠰᠥᠪ ᠲᠤ 155 ᠲᠦᠮᠡᠨ ᠲᠥᠭᠦᠷᠢᠭ ᠤᠨ ᠪᠡᠯᠡ ᠮᠥᠩᠭᠦ ᠶᠢ ᠴᠤᠬᠤᠯᠠᠪᠤᠷᠢᠯᠠᠨ ᠵᠥᠪᠰᠢᠶᠡᠷᠡᠪᠡ᠃ ᠰᠣᠶᠣᠯ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ | ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠮᠡᠳᠡᠭᠡ ᠵᠠᠩᠭᠢ ᠶᠢ ᠮᠡᠳᠡᠭᠡᠯᠡᠬᠦ ᠲᠣᠭᠲᠠᠴᠠ ᠶᠢ ᠪᠠᠶᠢᠭᠤᠯᠵᠤ᠂ | 12345 ᠢᠯᠡᠴᠢᠯᠡᠨ ᠮᠡᠳᠡᠭᠦᠯᠬᠦ ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠬᠠᠮᠤᠭ ᠤᠨ ᠲᠡᠷᠢᠭᠦᠨ ᠳᠤ | ᠠᠰᠠᠭᠤᠳᠠᠯ ᠢ ᠢᠯᠡᠷᠡᠭᠦᠯᠵᠦ᠂ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠵᠢᠭᠤᠯᠴᠢᠯᠠᠭᠴᠢᠳ ᠤᠨ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠪᠠ᠃ | ᠬᠥᠲᠥᠯᠥᠭᠴᠢ᠄ | ᠲᠠᠨᠢᠯᠴᠠᠭᠤᠯᠬᠤ ᠶᠢ ᠰᠣᠨᠣᠰᠤᠭᠠᠳ ᠪᠢᠳᠠ ᠬᠥᠬᠡᠬᠤᠲᠠ ᠶᠢᠨ ᠡᠳ᠋ ᠤᠨ ᠵᠠᠰᠠᠭ ᠠᠴᠠ ᠰᠣᠶᠣᠯ | ᠵᠢᠭᠤᠯᠴᠢᠯᠠᠯ ᠤᠨ ᠬᠥᠭᠵᠢᠯᠲᠡ ᠶᠢ ᠳᠡᠮᠵᠢᠭᠰᠡᠨ ᠠᠤᠭ᠎ᠠ ᠠᠮᠵᠢᠯᠲᠠ ᠶᠢ ᠤᠯᠠᠮ ᠨᠢᠭᠡ ᠠᠯᠬᠤᠮ ᠣᠶᠢᠯᠠᠭᠠᠯ᠎ᠠ᠃ | ᠪᠢᠳᠠᠨ ᠤ ᠮᠡᠳᠡᠬᠦ ᠪᠠᠷ᠂ ᠡᠨᠡ ᠵᠢᠯ ᠤᠨ 5 ᠳ᠋ᠤᠭᠠᠷ ᠰᠠᠷ᠎ᠠ ᠶᠢᠨ 17 ᠤ ᠡᠳᠦᠷ᠂ ᠲᠥᠪ ᠬᠤᠷᠢᠶᠠᠨ ᠠᠴᠠ | ᠪᠡᠭᠡᠵᠢᠩ ᠳᠤ ᠪᠦᠬᠦ ᠤᠯᠤᠰ ᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ | ᠶᠡᠷᠦᠩᠬᠡᠢ ᠱᠦᠵᠢ ᠰᠢ ᠶᠢᠨ ᠫᠢᠩ ᠵᠢᠭᠤᠯᠴᠢᠯᠠᠯ ᠤᠨ ᠠᠵᠢᠯ ᠳᠤ ᠴᠢᠬᠤᠯᠠ ᠵᠢᠭᠠᠪᠤᠷᠢ ᠬᠢᠪᠡ᠂ ᠡᠨᠡ ᠲᠠᠯ᠎ᠠ ᠪᠠᠷ | ᠬᠥᠬᠡᠬᠤᠲᠠ ᠶᠢᠨ ᠡᠳ᠋ ᠤᠨ ᠵᠠᠰᠠᠭ ᠠᠴᠠ ᠳᠠᠷᠠᠭᠠᠴᠢ ᠪᠠᠷ ᠶᠠᠮᠠᠷ ᠶᠠᠮᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠰᠢᠨ᠎ᠡ ᠠᠷᠭ᠎ᠠ ᠬᠡᠮᠵᠢᠶ᠎ᠡ ᠠᠪᠬᠤ ᠪᠤᠢ︖ | ᠸᠠᠩ ᠵᠧᠨ ᠵᠢᠶᠠᠩ᠄ | ᠡᠩ ᠲᠡᠷᠢᠭᠦᠨ ᠳᠤ᠂ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠠᠶᠢᠲᠤᠷ ᠰᠤᠷᠤᠯᠴᠠᠵᠤ᠂ ᠤᠯᠤᠰ ᠤᠨ ᠬᠥᠭᠵᠢᠯᠲᠡ ᠶᠢᠨ ᠲᠦᠷᠦ ᠶᠢᠨ ᠪᠣᠳᠣᠯᠭ᠎ᠠ ᠶᠢ | ᠢᠳᠡᠪᠬᠢᠲᠡᠢ ᠴᠤᠤᠷᠢᠶᠠᠲᠤᠨ ᠳᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠵᠤ᠂ ᠣᠷᠣᠨ ᠤ ᠲᠥᠪ ᠬᠤᠲᠠ ᠶᠢᠨ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ | ᠰᠢᠨ᠎ᠡ ᠪᠠᠶᠢᠳᠠᠯ᠂ ᠰᠢᠨ᠎ᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠨ ᠤ ᠬᠤᠲᠠ ᠶᠢᠨ ᠣᠨᠴᠠᠯᠢᠭᠲᠤ | ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠭᠠᠷᠳᠠᠬᠤ ᠴᠡᠭ᠂ ᠰᠢᠪᠲᠤᠯᠤᠯᠲᠠ ᠶᠢᠨ ᠴᠡᠭ ᠢ ᠤᠯᠠᠮ ᠨᠢᠭᠡ ᠠᠯᠬᠤᠮ ᠣᠨᠣᠪᠴᠢᠲᠠᠢ ᠣᠯᠵᠤ᠂ ᠣᠷᠣᠨ ᠤ ᠲᠥᠪ | ᠬᠤᠲᠠ ᠶᠢᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠬᠠᠷᠢᠭᠤᠴᠠᠯᠭ᠎ᠠ ᠡᠭᠦᠷᠭᠡᠯᠡᠯ ᠢ ᠭᠦᠢᠴᠡᠳ | ᠬᠠᠷᠠᠭᠤᠯᠵᠤ᠂ ᠰᠣᠶᠣᠯ᠂ ᠵᠢᠭᠤᠯᠴᠢᠯᠠᠯ᠂ ᠷᠠᠳᠢᠣ᠋ ᠲᠧᠯᠸᠢᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠠ | ᠲᠣᠬᠢᠶᠠᠯ ᠢ ᠡᠵᠡᠮᠳᠡᠨ᠎ᠡ᠃ ᠵᠠᠰᠠᠭ ᠤᠨ ᠣᠷᠳᠣᠨ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ | ᠠᠵᠢᠯᠯᠠᠭᠤᠯᠬᠤ︔ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠴᠠᠯᠢᠭ ᠲᠠᠢ ᠬᠥᠭᠵᠢᠭᠦᠯᠬᠦ︔ ᠲᠥᠷᠥᠯ | ᠲᠡᠮᠳᠡᠭ ᠢᠶᠠᠷ ᠬᠥᠲᠥᠯᠦᠨ ᠳᠠᠭᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠬᠦ︔ ᠰᠣᠶᠣᠯ ᠵᠢᠭᠤᠯᠴᠢᠯᠠᠯ ᠢ | ᠠᠭᠤᠰᠤᠯᠴᠠᠭᠤᠯᠵᠤ᠂ ᠠᠵᠤ ᠦᠢᠯᠡᠰ ᠢᠶᠠᠷ ᠳᠠᠶᠢᠴᠢᠯᠠᠬᠤ︔ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ | ᠪᠣᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠬᠤ ᠦᠨᠳᠦᠰᠦᠨ ᠵᠠᠷᠴᠢᠮ ᠶᠣᠰᠣᠭᠠᠷ᠂ ᠰᠣᠶᠣᠯ ᠢᠶᠠᠷ ᠵᠢᠭᠤᠯᠴᠢᠯᠠᠯ ᠢ | ᠳᠠᠶᠢᠴᠢᠯᠠᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ ᠶᠢ ᠪᠠᠷᠢᠮᠲᠠᠯᠠᠵᠤ᠂ ᠰᠣᠶᠣᠯ ᠪᠠ ᠵᠢᠭᠤᠯᠴᠢᠯᠠᠯ ᠤᠨ | ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ︾ ᠤᠨ ᠨᠠᠷᠠᠲᠤ ᠲᠥᠷᠥᠯ | ᠲᠡᠮᠳᠡᠭᠲᠦ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ︽ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ | ᠪᠠᠶᠠᠯᠢᠭ ᠲᠠᠯ᠎ᠠ ᠶᠢᠨ ᠬᠤᠲᠠ︾ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠤ ᠨᠠᠷᠠᠲᠤ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠴᠢᠷᠮᠠᠶᠢᠨ ᠠᠬᠢᠭᠤᠯᠤᠨ᠎ᠠ᠃ ᠪᠥᠬᠦ ᠬᠤᠲᠠ ᠶᠢᠨ ᠵᠢᠭᠤᠯᠴᠢᠯᠠᠯ ᠤᠨ ᠶᠠᠰᠤ | ᠴᠢᠨᠠᠷ ᠤᠨ ᠳᠡᠭᠡᠭᠰᠢᠯᠡᠯᠲᠡ ᠶᠢ ᠠᠬᠢᠭᠤᠯᠤᠨ᠎ᠠ᠃ ᠳᠠᠷᠠᠭᠠᠯᠠᠪᠠᠯ᠂ ᠶᠡᠷᠦᠩᠬᠡᠢ ᠱᠦᠵᠢ ᠰᠢ ᠶᠢᠨ ᠫᠢᠩ ᠤᠨ | ᠱᠠᠭᠠᠷᠳᠠᠯᠭ᠎ᠠ ᠶᠣᠰᠣᠭᠠᠷ᠂ ᠠᠷᠠᠳ ᠲᠦᠮᠡᠨ ᠢᠶᠠᠷ ᠭᠤᠣᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠵᠠᠰᠠᠭ ᠤᠨ | ᠣᠷᠳᠣᠨ ᠪᠣᠯᠣᠨ ᠵᠠᠬ᠎ᠠ ᠳᠡᠯᠭᠡᠭᠦᠷ᠂ ᠬᠠᠩᠭᠠᠯᠭ᠎ᠠ ᠪᠣᠯᠣᠨ ᠬᠡᠷᠡᠭᠴᠡᠭᠡ᠂ ᠬᠠᠮᠠᠭᠠᠯᠠᠯᠲᠠ ᠪᠣᠯᠣᠨ ᠨᠡᠭᠡᠭᠡᠨ | ᠬᠥᠭᠵᠢᠭᠦᠯᠦᠯᠲᠡ᠂ ᠳᠡᠯᠡᠬᠡᠢ ᠶᠢᠨ ᠪᠣᠯᠣᠨ ᠤᠯᠤᠰ ᠤᠨ ᠳᠣᠲᠣᠭᠠᠳᠤ ᠶᠢᠨ᠂ ᠬᠥᠭᠵᠢᠯᠲᠡ ᠪᠣᠯᠣᠨ ᠠᠮᠤᠷ | ᠲᠦᠪᠰᠢᠨ ᠤ ᠬᠠᠷᠢᠴᠠᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠣᠯᠠᠨ ᠲᠦᠮᠡᠨ ᠤ ᠵᠢᠭᠤᠯᠴᠢᠯᠠᠯ ᠤᠨ | ᠬᠥᠭᠵᠢᠯᠲᠡ ᠶᠢᠨ ᠬᠠᠨᠳᠤᠰᠢ ᠶᠢ ᠭᠦᠢᠴᠡᠳ ᠡᠵᠡᠮᠳᠡᠵᠦ᠂ ᠨᠡᠩ ᠣᠯᠠᠨ ᠵᠢᠭᠤᠯᠴᠢᠯᠠᠯ +᠂ + ᠵᠢᠭᠤᠯᠴᠢᠯᠠᠯ ᠤᠨ | ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠤᠨ᠂ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠢ ᠪᠤᠶᠢᠵᠢᠭᠤᠯᠵᠤ᠂ | ᠠᠷᠠᠳ ᠣᠯᠠᠨ ᠤ ᠴᠢᠨᠠᠷ ᠰᠠᠶᠢᠲᠠᠢ ᠰᠣᠶᠣᠯ ᠪᠠ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠵᠤ᠂ ᠣᠷᠣᠨ ᠤ ᠲᠥᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠨ᠎ᠠ᠃ | ᠡᠨᠡ ᠵᠢᠯ ᠤᠨ ᠳᠣᠣᠷ᠎ᠠ ᠬᠠᠭᠠᠰ ᠵᠢᠯ ᠳᠤ᠂ ᠪᠢᠳᠡ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ | ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠣᠰᠣᠭᠠᠷ᠂ ᠨᠢᠭᠡ ᠳᠤ᠂ ᠬᠤᠳᠠ ᠶᠢᠨ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠲᠤᠪᠴᠢᠶ᠎ᠠ ᠲᠠᠢ ᠢᠳᠡᠪᠬᠢᠲᠡᠢ ᠬᠠᠮᠵᠢᠯᠴᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ | ᠬᠥᠭᠵᠢᠭᠦᠯᠬᠦ ᠠᠵᠢᠯ ᠢ ᠰᠠᠶᠢᠲᠤᠷ ᠠᠳᠬᠤᠨ᠎ᠠ᠂ ᠭᠤᠣᠯᠳᠠᠭᠤ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ ᠪᠠᠷ ᠭᠤᠣᠯ ᠰᠢᠵᠢᠮ ᠪᠣᠯᠭᠠᠵᠤ᠂ ᠰᠣᠶᠣᠯ᠂ ᠵᠢᠭᠤᠯᠴᠢᠯᠠᠯ᠂ | ᠪᠡᠶ᠎ᠡ ᠶᠢᠨ ᠲᠠᠮᠢᠷ᠂ ᠲᠠᠷᠢᠶᠠᠯᠠᠩ᠂ ᠬᠤᠳᠠᠯᠳᠤᠭᠠᠨ ᠤ ᠠᠭᠤᠰᠤᠯᠴᠠᠯ ᠢᠶᠠᠷ ᠭᠠᠷᠳᠠᠴᠠ ᠪᠣᠯᠭᠠᠵᠤ᠂ ᠤᠮᠠᠷᠠᠲᠤ | ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠠᠶᠠᠯᠢᠭᠵᠢᠭᠤᠯᠵᠤ᠂ ᠬᠤᠳᠠ ᠶᠢ ᠨᠡᠩ ᠠᠮᠢᠵᠢᠷᠠᠯ ᠬᠥᠭᠵᠢᠶᠡᠨᠲᠡᠢ | ᠪᠣᠯᠭᠠᠨ᠎ᠠ᠃ ᠨᠢᠭᠡ ᠲᠠᠯ᠎ᠠ ᠪᠠᠷ᠂ ᠪᠣᠭᠤᠮᠲᠠ ᠶᠢᠨ ᠬᠠᠭᠤᠴᠢᠨ ᠵᠡᠭᠡᠯᠢ᠂ ᠥᠷᠭᠡᠨ ᠭᠤᠳᠤᠮᠵᠢ ᠵᠡᠷᠭᠡ ᠰᠡᠯᠡᠭᠦᠴᠡᠯ ᠤᠨ | ᠵᠡᠭᠡᠯᠢ ᠲᠣᠭᠤᠷᠢᠭ ᠢ ᠦᠷᠭᠦᠯᠵᠢᠯᠡᠨ ᠪᠠᠶᠢᠭᠤᠯᠵᠤ᠂ ᠡᠯ᠎ᠡ ᠵᠦᠢᠯ ᠤᠨ ᠣᠷᠣᠨ ᠨᠤᠲᠤᠭ ᠤᠨ ᠣᠨᠴᠠᠯᠢᠭ ᠲᠠᠢ ᠰᠣᠶᠣᠯ | ᠵᠢᠭᠤᠯᠴᠢᠯᠠᠯ ᠤᠨ ᠶᠡᠷᠦᠩᠬᠡᠶᠢᠯᠡᠭᠰᠡᠨ ᠪᠠᠶᠠᠷ ᠳᠤᠷᠠᠰᠬᠠᠯ ᠤᠨ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠵᠣᠬᠢᠶᠠᠨ | ᠪᠠᠶᠢᠭᠤᠯᠤᠨ᠎ᠠ᠃ ᠨᠥᠭᠦᠭᠡ ᠲᠠᠯ᠎ᠠ ᠪᠠᠷ ᠣᠷᠣᠨ ᠤ ᠲᠥᠪ ᠬᠤᠲᠠ ᠶᠢᠨ ᠲᠡᠦᠬᠡ ᠰᠣᠶᠣᠯ ᠪᠠ ᠰᠣᠶᠣᠯ ᠢᠷᠭᠡᠨᠰᠢᠯ ᠤᠨ | ᠡᠬᠢ ᠪᠠᠶᠠᠯᠢᠭ ᠢ ᠭᠦᠢᠴᠡᠳ ᠠᠭᠤᠳᠠᠯᠵᠤ᠂ ᠬᠤᠪᠢᠰᠬᠠᠯ ᠤᠨ ᠰᠣᠶᠣᠯ᠂ ᠲᠠᠯ᠎ᠠ ᠨᠤᠲᠤᠭ ᠤᠨ ᠰᠣᠶᠣᠯ᠂ ᠲᠠᠷᠢᠶᠠᠯᠠᠬᠤ | ᠰᠣᠶᠣᠯ ᠵᠡᠷᠭᠡ ᠶᠢ ᠠᠭᠤᠰᠤᠯᠴᠠᠭᠤᠯᠤᠨ᠂ ︽ᠤᠮᠠᠷᠠᠲᠤ ᠬᠢᠯᠢ ᠶᠢᠨ ᠰᠣᠶᠣᠯ ᠤᠨ ᠨᠠᠷᠠᠲᠤ ᠲᠡᠮᠳᠡᠭ︾ ᠢ ᠡᠭᠦᠳᠬᠦ | ᠲᠠᠯ᠎ᠠ ᠪᠠᠷ ᠵᠢᠱᠢᠶ᠎ᠡ ᠦᠵᠡᠭᠦᠯᠦᠨ᠎ᠡ᠃ ᠡᠭᠦᠨ ᠠᠴᠠ ᠭᠠᠳᠠᠨ᠎ᠠ᠂ ᠪᠢᠳᠡ ᠤᠮᠠᠷᠠᠲᠤ ᠬᠡᠰᠡᠭ ᠤᠨ ᠴᠡᠯᠡᠭᠡᠷ ᠲᠠᠯ᠎ᠠ ᠶᠢᠨ | ᠦᠵᠡᠮᠵᠢ ᠶᠢᠨ ᠰᠣᠶᠣᠯ ᠵᠢᠭᠤᠯᠴᠢᠯᠠᠯ ᠤᠨ ᠪᠦᠰᠡ ᠵᠡᠷᠭᠡ ᠳᠤ ᠲᠦᠰᠢᠭᠯᠡᠨ᠂ ︽2 + 2 + 6︾ A ᠲᠠᠰ ᠤᠨ | ᠦᠵᠡᠮᠵᠢ ᠶᠢᠨ ᠣᠷᠣᠨ ᠢ ᠰᠢᠨ᠎ᠡ ᠨᠡᠮᠡᠬᠦ ᠲᠥᠯᠥᠪᠯᠡᠭᠡ ᠶᠢ ᠬᠡᠷᠡᠭᠵᠢᠭᠦᠯᠦᠨ᠎ᠡ᠃ ᠵᠢᠭᠤᠯᠴᠢᠯᠠᠯ ᠤᠨ ︽ᠳᠥᠷᠪᠡᠨ | ᠭᠠᠵᠠᠷ︾ ᠤᠨ ᠪᠦᠲᠦᠭᠡᠨ ᠪᠠᠶᠢᠭᠤᠯᠤᠯᠲᠠ ᠪᠣᠯᠣᠨ ︽ᠳᠥᠷᠪᠡᠨ ᠤᠯᠠᠷᠢᠯ︾ ᠤᠨ ᠰᠣᠶᠣᠯ ᠵᠢᠭᠤᠯᠴᠢᠯᠠᠯ ᠤᠨ | ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠣᠨ ᠤ ᠲᠥᠪ ᠬᠤᠲᠠ ᠶᠢᠨ ᠠᠷᠠᠳ ᠢᠷᠭᠡᠳ | ᠪᠣᠯᠣᠨ ᠡᠯ᠎ᠡ ᠭᠠᠵᠠᠷ ᠤᠨ ᠵᠢᠭᠤᠯᠴᠢᠯᠠᠭᠴᠢᠳ ᠲᠤ ᠠᠯᠢ ᠤᠯᠠᠷᠢᠯ ᠭᠡᠳ ᠴᠥᠮ ᠠᠳᠠᠯᠢ ᠪᠤᠰᠤ ᠰᠣᠶᠣᠯ | ᠵᠢᠭᠤᠯᠴᠢᠯᠠᠯ ᠤᠨ ᠲᠥᠷᠥᠭᠳᠡᠯ ᠣᠯᠭᠤᠨ᠎ᠠ᠃ ᠬᠤᠶᠠᠷ ᠲᠤ᠂ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠬᠤᠲᠠ ᠶᠢᠨ ᠡᠳ᠋ ᠤᠨ ᠵᠠᠰᠠᠭ ᠵᠠᠷᠤᠯᠭ᠎ᠠ ᠶᠢᠨ ᠪᠦᠲᠦᠴᠡ ᠪᠠᠨ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠡᠳ᠋ ᠤᠨ ᠵᠠᠰᠠᠭ ᠤᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ | ᠬᠠᠮᠢᠶᠠᠷᠤᠯᠲᠠ ᠪᠠᠨ ᠴᠢᠩᠭᠠᠳᠬᠠᠵᠤ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ | ᠬᠥᠭᠵᠢᠭᠡᠵᠦ᠂ ᠰᠣᠶᠣᠯ ᠵᠢᠭᠤᠯᠴᠢᠯᠠᠯ ᠤᠨ ᠠᠵᠤ ᠠᠬᠤᠢ ᠶᠢᠨ ᠨᠡᠮᠡᠭᠳᠡᠯ ᠢ ᠠᠬᠢᠭᠤᠯᠵᠤ᠂ ︽ᠰᠣᠶᠣᠯ ᠢᠶᠠᠷ | ᠬᠤᠲᠠ ᠪᠠᠨ ᠮᠠᠨᠳᠤᠭᠤᠯᠬᠤ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠢᠨ᠎ᠡ ᠥᠨᠳᠦᠷᠯᠢᠭ ᠲᠡᠰᠢ | ᠠᠬᠢᠭᠤᠯᠤᠨ᠎ᠠ᠃ | ᠬᠥᠲᠥᠯᠥᠭᠴᠢ᠄ | ᠡᠨᠡ ᠡᠳᠦᠷ ᠤᠨ ︽ᠰᠤᠷᠪᠤᠯᠵᠢᠯᠠᠭ᠎ᠠ︾ ᠨᠡᠪᠲᠡᠷᠡᠭᠦᠯᠭᠡ ᠲᠠᠨᠠᠷ ᠲᠠᠢ ᠪᠠᠶᠠᠷᠲᠠᠢ ᠭᠡᠵᠦ ᠬᠡᠯᠡᠬᠦ ᠴᠠᠭ ᠪᠣᠯᠣᠯ᠎ᠠ᠂ | ᠠᠳᠡ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ ᠰᠤᠳᠤᠯᠤᠭᠴᠢ | ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠵᠤ᠋ ᠵᠢᠶᠧ | ᠮᠠᠨ ᠤ ᠰᠢᠭᠤᠳ ᠨᠡᠪᠲᠡᠷᠡᠭᠦᠯᠭᠡ ᠶᠢᠨ ᠥᠷᠥᠭᠡᠨ ᠳᠤ ᠰᠠᠭᠠᠲᠠᠵᠤ᠂ ︽ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠪᠡᠯᠡ ᠮᠥᠩᠭᠦ ᠶᠢᠨ ᠳᠡᠮᠵᠢᠯᠭᠡ ᠶᠢ ᠴᠢᠩᠭᠠᠳᠬᠠᠵᠤ ᠣᠷᠣᠨ ᠤ ᠲᠥᠪ ᠬᠤᠲᠠ ᠶᠢᠨ ᠰᠣᠶᠣᠯ | ᠵᠢᠭᠤᠯᠴᠢᠯᠠᠯ ᠤᠨ ᠠᠵᠤ ᠠᠬᠤᠢ ᠶᠢᠨ ᠬᠥᠭᠵᠢᠯᠲᠡ ᠳᠤ ᠡᠨᠧᠷᠭᠢ ᠣᠯᠭᠤᠶᠠ︾ ᠰᠡᠳᠦᠪ ᠢᠶᠠᠷ ᠰᠣᠨᠣᠰᠤᠭᠴᠢᠳ ᠲᠤ | ᠲᠠᠶᠢᠯᠤᠮᠵᠢ ᠬᠢᠭᠰᠡᠨ ᠳᠤ ᠲᠠᠯᠠᠷᠬᠠᠵᠤ ᠪᠠᠶᠢᠭ᠎ᠠ ᠪᠠᠨ ᠢᠯᠡᠳᠬᠡᠶ᠎ᠡ᠃ ᠲᠠ ᠣᠯᠠᠨ ᠳᠤ ᠲᠠᠯᠠᠷᠬᠠᠶ᠎ᠠ᠂ ᠲᠠ ᠣᠯᠠᠨ ᠤ | ᠠᠵᠢᠯ ᠦᠢᠯᠡᠰ ᠲᠡᠭᠡᠨ ᠠᠮᠵᠢᠯᠲᠠ ᠲᠠᠢ ᠶᠠᠪᠤᠬᠤ ᠶᠢ ᠬᠦᠰᠡᠨ ᠢᠷᠦᠭᠡᠶ᠎ᠡ᠂ ᠪᠠᠶᠠᠷᠲᠠᠢ︕ | ᠬᠠᠮᠢᠶᠠᠷᠤᠭᠴᠢ᠄ | ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠥᠷᠪᠡᠳᠦᠭᠡᠷ ᠲᠡᠰ ᠤᠨ ᠪᠠᠶᠢᠴᠠᠭᠠᠨ | ᠰᠤᠳᠤᠯᠤᠭᠴᠢ ᠸᠠᠩ ᠵᠧᠨ ᠵᠢᠶᠠᠩ᠂ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠰᠠᠯᠠᠭᠠᠨ ᠤ ᠳᠡᠳ᠋ ᠰᠠᠯᠠᠭᠠᠨ | ᠳᠠᠷᠤᠭ᠎ᠠ ᠵᠤ᠋ ᠵᠢᠶᠧ ᠳᠤ ᠲᠠᠯᠠᠷᠬᠠᠯ᠎ᠠ᠂ ᠰᠦᠯᠵᠢᠶᠡᠨ ᠨᠠᠶᠢᠵᠠ ᠨᠠᠷ ᠤᠨ ᠢᠳᠡᠪᠬᠢᠲᠡᠢ ᠣᠷᠣᠯᠴᠠᠭᠰᠠᠨ ᠳᠤ ᠲᠠᠯᠠᠷᠬᠠᠯ᠎ᠠ᠃ | ᠡᠨᠡ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠯ᠎ᠡ᠃ | | |