ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/2
      9 ᠰᠠᠷ᠎ᠠ ᠶᠢᠨ 1 ᠤ ᠡᠳᠦᠷ᠂ ᠦᠴᠦᠸᠠᠨ ᠰᠢᠶᠠᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠂ ᠬᠤᠷᠠᠯ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 2024 ᠣᠨ ᠤ ᠳᠡᠭᠡᠷ᠎ᠡ ᠬᠠᠭᠠᠰ ᠵᠢᠯ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠭᠤᠣᠯᠳᠠᠯᠭ᠎ᠠ ᠲᠠᠢ ᠠᠵᠢᠯ ᠢ ᠡᠷᠭᠢᠴᠡᠭᠦᠯᠦᠨ ᠳ᠋ᠦᠩᠨᠡᠵᠦ᠂ ᠳᠡᠭᠡᠷ᠎ᠡ ᠬᠠᠭᠠᠰ ᠵᠢᠯ ᠤᠨ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠠᠯ᠎ᠠ ᠪᠠᠷ ᠬᠢ ᠠᠵᠢᠯ ᠤᠨ ᠦᠷ᠎ᠡ ᠪᠦᠲᠦᠮᠵᠢ ᠶᠢ ᠮᠡᠳᠡᠭᠳᠡᠵᠦ᠂ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠶᠦᠨ ᠰᠢᠶᠣᠣ ᠮᠢᠨ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠳᠡᠭᠡᠷ᠎ᠡ ᠬᠠᠭᠠᠰ ᠵᠢᠯ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ᠂ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠰᠤᠷᠭᠠᠨ ᠬᠥᠮᠦᠵᠢᠯ ᠤᠨ ᠪᠠᠲᠤᠯᠠᠭ᠎ᠠ ᠵᠡᠷᠭᠡ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃ ᠳᠣᠣᠷ᠎ᠠ ᠬᠠᠭᠠᠰ ᠵᠢᠯ ᠳᠤ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠰᠤᠷᠭᠠᠨ ᠬᠥᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠨᠡᠩ ᠡᠷᠬᠡ ᠲᠡᠭᠰᠢ᠂ ᠨᠡᠩ ᠴᠢᠨᠠᠷ ᠰᠠᠶᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶᠡᠨ ᠤ ᠪᠠᠶᠢᠭᠤᠯᠤᠯᠲᠠ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠰᠲ᠋ᠧᠮ ᠤᠭ ᠰᠠᠨᠠᠭ᠎ᠠ ᠪᠠᠨ ᠪᠠᠲᠤ ᠰᠠᠬᠢᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠵᠠᠮ ᠢ ᠪᠠᠲᠤᠳᠬᠠᠬᠤ ᠬᠡᠷᠡᠭᠲᠡᠢ᠃ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠤᠷᠤᠭᠴᠢᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ ᠵᠠᠩ ᠰᠤᠷᠲᠠᠯ ᠢ ᠬᠥᠮᠥᠵᠢᠭᠦᠯᠵᠦ᠂ ᠡᠷᠳᠡᠮ ᠲᠠᠢ᠂ ᠴᠢᠳᠠᠪᠤᠷᠢ ᠲᠠᠢ᠂ ᠮᠡᠷᠭᠡᠰᠢᠯ ᠲᠠᠢ ᠴᠢᠳᠠᠪᠤᠷᠢᠲᠠᠨ ᠢ ᠬᠥᠮᠥᠵᠢᠭᠦᠯᠵᠦ᠂ ᠴᠢᠳᠠᠮᠠᠭᠠᠢ ᠪᠠᠷ ᠰᠡᠳᠬᠢᠬᠦ᠂ ᠰᠢᠮᠳᠡᠨ ᠭᠠᠷ ᠬᠥᠳᠡᠯᠬᠦ᠂ ᠬᠠᠷᠠᠮ ᠦᠭᠡᠢ ᠵᠣᠷᠢᠭᠤᠯᠬᠤ ᠲᠤᠯᠭᠠᠭᠤᠷᠢ ᠬᠦᠴᠦᠨ ᠢ ᠬᠥᠮᠥᠵᠢᠭᠦᠯᠬᠦ ᠬᠡᠷᠡᠭᠲᠡᠢ᠃ ᠬᠠᠮᠲᠤᠷᠠᠨ ᠰᠤᠷᠭᠠᠭᠤᠯᠢ ᠡᠷᠬᠢᠯᠡᠬᠦ᠂ ᠴᠢᠨᠠᠷ ᠰᠠᠶᠢᠲᠠᠢ ᠲᠡᠩᠴᠡᠭᠦᠷᠢᠲᠡᠢ ᠪᠠᠶᠢᠬᠤ ᠪᠠ ᠰᠤᠷᠲᠠᠯ ᠤᠨ ᠪᠠᠶᠢᠭᠤᠯᠤᠯᠲᠠ ᠵᠡᠷᠭᠡ ᠭᠤᠷᠪᠠᠨ ᠵᠠᠩᠭᠢᠯᠠᠭ᠎ᠠ ᠶᠢ ᠠᠳᠬᠤᠵᠤ᠂ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠶᠡᠭᠡ ᠳᠡᠭᠡᠭᠰᠢᠯᠡᠯᠲᠡ ᠶᠢ ᠠᠬᠢᠭᠤᠯᠵᠤ᠂ ᠦᠴᠦᠸᠠᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠰᠤᠷᠭᠠᠨ ᠬᠥᠮᠦᠵᠢᠯ ᠤᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠲᠠᠰᠤᠭ ᠤᠨ ᠪᠥᠬᠦ ᠠᠵᠢᠯᠲᠠᠨ᠂ ᠡᠯ᠎ᠡ ᠰᠤᠷᠭᠠᠭᠤᠯᠢ ︵ᠬᠡᠦᠬᠡᠳ ᠤᠨ ᠴᠡᠴᠡᠷᠯᠢᠭ︶ ᠶᠢᠨ ᠤᠳᠤᠷᠢᠳᠬᠤ ᠪᠠᠭ ᠤᠨ ᠪᠦᠷᠢᠯᠳᠦᠭᠦᠨ ᠵᠢᠴᠢ ᠺᠠᠳ᠋ᠷ ᠬᠤᠷᠠᠯ ᠳᠤ ᠣᠷᠣᠯᠴᠠᠪᠠ᠃  ︵ᠰᠤᠷᠪᠤᠯᠵᠢᠯᠠᠭᠴᠢ᠄ ᠯᠢᠦ ᠪᠠᠢ ᠢᠦᠢ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号