ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/2
      8 ᠰᠠᠷ᠎ᠠ ᠶᠢᠨ 31 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 26 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠴᠦᠸᠠᠨ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠵᠢᠴᠢ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢᠨ ᠮᠡᠳᠡᠭᠦᠯᠦᠯᠲᠡ ᠶᠢᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ︽ᠵᠥᠭᠡᠯᠡᠨ ᠪᠣᠳᠠᠲᠤ ᠬᠦᠴᠦᠨ︾ ᠮᠥᠨ᠂ ᠪᠠᠰᠠ ᠴᠤ ᠠᠵᠤ ᠠᠬᠤᠢ ᠶᠢᠨ ᠬᠥᠭᠵᠢᠯᠲᠡ ᠶᠢᠨ ᠦᠨᠳᠦᠰᠦᠨ ᠵᠦᠢᠯ ᠢ ᠬᠠᠮᠢᠶᠠᠷᠬᠤ᠂ ᠠᠯᠤᠰ ᠬᠡᠳᠤ ᠶᠢ ᠬᠠᠮᠢᠶᠠᠷᠬᠤ ᠭᠤᠣᠯᠯᠠᠭᠴᠢ ᠥᠷᠢᠰᠦᠯᠳᠦᠬᠦ ᠬᠦᠴᠦᠨ ᠮᠥᠨ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠣᠯᠣᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠦᠢᠯᠡᠴᠢᠯᠡᠭᠡᠨ ᠤ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯᠯᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠡᠭᠦᠳᠴᠦ᠂ ᠦᠴᠦᠸᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠳᠣᠬᠠᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠡᠮᠬᠢᠯᠡᠨ ᠵᠠᠳᠠᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠤᠨ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠪᠣᠯᠣᠨ ᠲᠦᠪᠰᠢᠨ ᠢ ᠲᠦᠷᠭᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ︽ᠲᠥᠯᠦᠪᠵᠢᠭᠦᠯᠭᠡ︾ ᠳᠤ ᠪᠥᠬᠦ ᠰᠢᠶᠠᠨ ᠤ ᠬᠥᠳᠡᠭᠡ ᠲᠣᠰᠬᠤᠨ ᠤ ᠤᠰᠤ ᠬᠠᠩᠭᠠᠬᠤ ᠴᠢᠨᠠᠷ ᠰᠠᠶᠢᠲᠠᠢ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ᠂ ᠬᠠᠷᠠᠯᠲᠠ ᠡᠭᠦᠷᠭᠡ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠳᠤᠷᠠᠳᠴᠤ᠂ ᠪᠥᠬᠦ ᠰᠢᠶᠠᠨ ᠤ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠤᠰᠤᠨ ᠤ ᠴᠢᠨᠠᠷ ᠢ ᠳᠡᠭᠡᠭᠰᠢᠯᠡᠭᠦᠯᠬᠦ᠂ ᠪᠠᠷᠢᠮᠵᠢᠶᠠᠵᠢᠭᠤᠯᠤᠨ ᠬᠠᠮᠢᠶᠠᠷᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠲᠥᠪᠯᠡᠷᠡᠭᠦᠯᠦᠨ ᠤᠰᠤ ᠬᠠᠩᠭᠠᠬᠤ ᠬᠡᠪᠴᠢᠶᠡᠵᠢᠭᠰᠡᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠤᠷᠪᠤᠯᠵᠢᠯᠠᠭᠴᠢ᠄ ᠯᠢᠦ ᠪᠠᠢ ᠢᠦᠢ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号