ᠮᠠᠨ ᠤ ᠣᠷᠣᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠪᠠᠷ ᠤᠳᠤᠷᠢᠳᠤᠮᠵᠢ ᠪᠤᠯᠭᠠᠬᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠪᠤᠢ
ᠨᠡᠶᠢᠲᠡᠯᠡᠭᠰᠡᠨ ᠴᠠᠭ᠄
2024/9/2
     ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠪᠠᠷ ᠤᠳᠤᠷᠢᠳᠤᠮᠵᠢ ᠪᠤᠯᠭᠠᠬᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠢ ᠮᠡᠳᠡᠭᠳᠡᠯ︾ ︵ᠳᠣᠣᠷ᠎ᠠ ︽ᠮᠡᠳᠡᠭᠳᠡᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠨ ᠭᠠᠮᠰᠢᠭ ᠠᠴᠠ ᠠᠪᠤᠷᠠᠬᠤ ᠳᠤᠮᠳᠠᠬᠢ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ  ᠶᠢᠨ ᠦᠨᠳᠦᠰᠦᠨ ᠴᠢᠨᠠᠷᠲᠠᠢ᠂ ᠤᠷᠢᠳᠠᠴᠢ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠶᠢᠯ ᠤᠨ ᠴᠠᠭ ᠠᠭᠤᠷ ᠢ ᠰᠡᠷᠭᠡᠶᠢᠯᠡᠨ ᠠᠷᠭᠠᠴᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠤᠨ᠎ᠠ ᠭᠡᠵᠦ ᠲᠣᠳᠣᠷᠬᠠᠶᠢᠯᠠᠪᠠ᠃      ︽ᠮᠡᠳᠡᠭᠳᠡᠯ︾ ᠳᠤ᠂ ᠮᠠᠨ ᠤ ᠣᠷᠣᠨ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠪᠠᠷ ᠤᠳᠤᠷᠢᠳᠤᠮᠵᠢ ᠪᠤᠯᠭᠠᠬᠰᠠᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠣᠰᠣᠭᠠᠷ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠢᠭᠡᠳᠦᠯᠲᠡᠢ ᠨᠡᠶᠢᠲᠡᠯᠡᠵᠦ᠂ ᠪᠤᠰᠤᠳ ᠵᠣᠬᠢᠶᠠᠨ ᠪᠠᠶᠢᠭᠤᠯᠤᠯᠲᠠ ᠪᠣᠯᠣᠨ ᠬᠤᠪᠢ ᠬᠥᠮᠥᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ  ᠶᠢ ᠨᠡᠶᠢᠭᠡᠮ ᠳᠤ ᠨᠡᠶᠢᠲᠡᠯᠡᠵᠦ ᠪᠤᠯᠬᠤ ᠦᠭᠡᠶ︔ ᠳᠡᠭᠡᠳᠦ ᠲᠠᠰ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ︽ᠳᠠᠭᠤᠳᠠᠬᠤ︾ ᠲᠣᠭᠲᠠᠴᠠ ᠶᠢ ᠴᠢᠩᠭᠠᠷᠠᠭᠤᠯᠤᠨ᠂ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠳᠡᠭᠡᠳᠦ ᠲᠠᠰ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ︽ᠳᠠᠭᠤᠳᠠᠬᠤ︾ ᠦᠢᠯᠡᠴᠢᠯᠡᠭᠡᠨ ᠤ ᠪᠠᠷᠢᠮᠵᠢᠶ᠎ᠠ ᠪᠣᠯᠣᠨ ᠠᠵᠢᠯ ᠤᠨ ᠳᠡᠰ ᠳᠠᠷᠠᠭᠠᠯᠠᠯ ᠶᠣᠰᠣᠭᠠᠷ ᠭᠠᠮᠰᠢᠭ ᠢ ᠰᠡᠷᠭᠡᠶᠢᠯᠡᠬᠦ ᠪᠠᠶᠢᠷᠢᠯᠠᠭᠤᠯᠤᠯᠲᠠ ᠶᠢᠨ ᠠᠵᠢᠯ ᠢ ᠴᠠᠭ ᠲᠤᠬᠠᠢ ᠳᠤᠨᠢ ᠰᠠᠶᠢᠲᠤᠷ ᠭᠢᠨ᠎ᠠ︔ ᠴᠠᠭ ᠠᠭᠤᠷ ᠤᠨ ᠰᠠᠯᠠᠭ᠎ᠠ ᠮᠥᠴᠢᠷ ᠠᠴᠠ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠨᠥᠯᠥᠭᠡᠯᠡᠭᠳᠡᠭᠰᠡᠨ ᠭᠠᠵᠠᠷ ᠣᠷᠣᠨ ᠤ ᠵᠠᠰᠠᠭ ᠤᠨ ᠣᠷᠳᠣᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠤᠰ ᠱᠠᠲᠤᠨ ᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠬᠤ ᠠᠵᠢᠯ ᠢ ᠰᠠᠶᠢᠲᠤᠷ ᠭᠢᠨ᠎ᠠ︔ ᠬᠦᠨᠳᠦ ᠶᠡᠭᠡ ᠴᠠᠭ ᠠᠭᠤᠷ ᠤᠨ ᠭᠠᠮᠰᠢᠭ ᠤᠨ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠬᠢᠴᠢᠶᠡᠯ ᠵᠣᠬᠰᠣᠬᠤ᠂ ᠠᠵᠢᠯ ᠵᠣᠬᠰᠣᠬᠤ᠂ ᠲᠡᠭᠡᠭᠡᠪᠦᠷᠢ ᠵᠣᠬᠰᠣᠬᠤ ᠲᠣᠭᠲᠠᠴᠠ ᠶᠢ ᠪᠠᠶᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠵᠡᠷᠭᠡ ᠳᠡᠰ᠂ ᠨᠥᠯᠥᠭᠡᠯᠡᠬᠦ ᠣᠷᠣᠨ ᠪᠦᠰᠡ ᠶᠢ ᠦᠨᠳᠦᠰᠦᠯᠡᠨ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠴᠢᠬᠤᠯᠠ ᠲᠠᠢ ᠦᠶ᠎ᠡ ᠳᠤ ᠬᠢᠴᠢᠶᠡᠯ ᠵᠣᠬᠰᠣᠬᠤ᠂ ᠠᠵᠢᠯ ᠵᠣᠬᠰᠣᠬᠤ᠂ ᠲᠡᠭᠡᠭᠡᠪᠦᠷᠢ ᠵᠣᠬᠰᠣᠬᠤ ᠠᠷᠭ᠎ᠠ ᠬᠡᠮᠵᠢᠶ᠎ᠡ ᠶᠢ ᠡᠷᠡᠰ ᠰᠢᠭᠤᠷᠬᠠᠢ ᠠᠪᠤᠨ᠎ᠠ︔ ᠶᠡᠭᠡ ᠰᠢᠷᠦᠭᠦᠨ ᠪᠣᠷᠣᠭᠠᠨ᠂ ᠴᠢᠩᠭ᠎ᠠ ᠰᠣᠯᠢᠭ ᠤᠷᠤᠰᠬᠠᠯᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ ᠭᠡᠵᠦ ᠳᠤᠷᠠᠳᠪᠠ᠃      ︽ᠮᠡᠳᠡᠭᠳᠡᠯ︾ ᠳᠤ᠂ ᠡᠯ᠎ᠡ ᠭᠠᠵᠠᠷ ᠣᠷᠣᠨ ᠤ ᠬᠢᠨ ︽ᠨᠠᠮ ᠤᠨ ᠬᠤᠷᠢᠶ᠎ᠠ ᠤᠳᠤᠷᠢᠳᠤᠨ᠂ ᠵᠠᠰᠠᠭ ᠤᠨ ᠣᠷᠳᠣᠨ ᠭᠤᠣᠯᠯᠠᠵᠤ᠂ ᠰᠠᠯᠠᠭ᠎ᠠ ᠮᠥᠴᠢᠷ ᠬᠤᠯᠪᠤᠭᠠᠯᠠᠨ ᠬᠥᠳᠡᠯᠦᠯᠴᠡᠵᠦ᠂ ᠨᠡᠶᠢᠭᠡᠮ ᠳᠠᠶᠠᠭᠠᠷ ᠢᠶᠠᠷ ᠢᠶᠠᠨ ᠣᠷᠤᠯᠴᠠᠬᠤ︾ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠣᠭᠲᠠᠴᠠ ᠶᠢ ᠪᠦᠷᠢᠨᠰᠢᠭᠦᠯᠬᠦ ᠭᠡᠷᠡᠭᠳᠡᠢ︔ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠢ ᠳᠡᠮᠵᠢᠬᠦ ᠠᠵᠢᠯ ᠤᠨ ᠪᠠᠲᠤᠯᠠᠭ᠎ᠠ ᠶᠢᠨ ᠲᠣᠭᠲᠠᠴᠠ  ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ  ᠤᠨ ᠲᠦᠷᠦ ᠶᠢᠨ ᠪᠣᠳᠣᠯᠭ᠎ᠠ ᠪᠠ ᠪᠡᠯᠡ ᠮᠥᠩᠭᠦᠨ ᠤ ᠳᠡᠮᠵᠢᠯᠭᠡ ᠶᠢ ᠴᠢᠩᠭᠠᠳᠬᠠᠬᠤ ᠭᠡᠷᠡᠭᠳᠡᠢ︔ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠪᠠᠶᠢᠴᠠᠭᠠᠨ ᠰᠤᠳᠤᠯᠵᠤ᠂ ᠬᠠᠮᠲᠤ ᠳᠤᠨᠢ ᠬᠢᠨᠠᠯᠲᠠ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号