ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠦᠶ᠎ᠡ — ᠦᠴᠦᠸᠠᠨ ᠰᠢᠶᠠᠨ 27 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠢ ᠡᠷᠬᠢᠯᠡᠪᠡ
ᠨᠡᠶᠢᠲᠡᠯᠡᠭᠰᠡᠨ ᠴᠠᠭ᠄
2024/9/20
     9 ᠰᠠᠷ᠎ᠠ ᠶᠢᠨ 19 ᠤ ᠡᠳᠦᠷ᠂ ᠦᠴᠦᠸᠠᠨ ᠰᠢᠶᠠᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠵᠥᠪᠯᠡᠯ ᠠᠴᠠ ᠭᠤᠣᠯᠯᠠᠨ ᠡᠷᠭᠢᠯᠡᠵᠦ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ 27 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠦᠴᠦᠸᠠᠨ ᠰᠢᠶᠠᠨ ᠳᠤ ᠶᠠᠪᠤᠭᠳᠠᠪᠠ᠂ ᠡᠨᠡ ᠵᠢᠯ ᠤᠨ ᠲᠦᠭᠡᠮᠡᠯᠵᠢᠭᠦᠯᠬᠦ ᠭᠠᠷᠠᠭ ᠤᠨ ᠭᠤᠣᠯ ᠰᠡᠳᠦᠪ ᠨᠢ ︽ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠬᠦ︾ ᠪᠣᠯᠣᠨ᠎ᠠ᠃ ᠦᠴᠦᠸᠠᠨ ᠰᠢᠶᠠᠨ ᠤ ᠦᠭᠡ ᠬᠡᠯᠡ ᠦᠰᠦᠭ ᠪᠢᠴᠢᠭ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠢ ᠶᠢᠨ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
     ᠠᠵᠢᠯᠯᠠᠭ᠎ᠠ ᠶᠢᠨ ᠳᠤᠮᠳᠠ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃ 2023 ᠣᠨ ᠤ ᠪᠢᠴᠢᠭ ᠤᠨ ᠰᠤᠷᠪᠤᠯᠵᠢᠲᠤ ᠲᠠᠯ᠎ᠠ ᠨᠤᠲᠤᠭ — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠣᠩᠭᠤᠳᠠᠭ ᠨᠠᠷᠠᠲᠤ ᠵᠣᠬᠢᠶᠠᠯ ᠤᠨ ᠤᠩᠰᠢᠯᠭ᠎ᠠ ᠶᠢᠨ ᠠᠵᠢᠯᠯᠠᠭ᠎ᠠ ᠶᠢᠨ ᠱᠠᠩᠨᠠᠯ ᠣᠯᠣᠭᠰᠠᠨ ᠰᠤᠷᠤᠭᠴᠢ᠂ ᠪᠠᠭᠰᠢ ᠵᠢᠴᠢ ᠰᠢᠯᠢᠳᠡᠭ ᠵᠣᠬᠢᠶᠠᠨ ᠪᠠᠶᠢᠭᠤᠯᠤᠯᠲᠠ ᠶᠢᠨ ᠲᠥᠯᠥᠭᠡᠯᠡᠭᠴᠢ ᠳᠤ ᠱᠠᠩᠨᠠᠯ ᠤᠨ ᠪᠢᠴᠢᠭ ᠪᠠ ᠦᠨᠡᠮᠯᠡᠯ ᠣᠯᠭᠤᠪᠠ᠃ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠪᠠ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠪᠠᠭᠰᠢ᠂ ᠰᠤᠷᠤᠭᠴᠢᠳ ᠲᠣᠰ ᠲᠣᠰ ᠤᠷᠠᠨ ᠤᠩᠰᠢᠯᠭ᠎ᠠ ᠶᠢᠨ ᠤᠷᠠᠨ ᠰᠠᠶᠢᠬᠠᠨ ᠤ ᠲᠣᠭᠯᠠᠯᠲᠠ ᠪᠠᠷ ᠪᠥᠬᠦ ᠲᠠᠯᠠᠪᠤᠷ ᠤᠨ ᠠᠵᠢᠯᠯᠠᠭ᠎ᠠ ᠳᠤ ᠥᠩᠭᠡ ᠪᠤᠳᠤᠭ ᠨᠡᠮᠡᠷᠢᠯᠡᠪᠡ᠃
     ᠳᠠᠷᠠᠭ᠎ᠠ ᠨᠢ᠂ ᠬᠥᠬᠡᠬᠤᠲᠠ ᠶᠢᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠭᠡᠰᠢᠭᠦᠳ ᠲᠣᠰ ᠲᠣᠰ ︽ᠥᠩᠭᠡ ᠢᠯᠭᠠᠷᠠᠭᠰᠠᠨ ᠠᠵᠢᠯᠯᠠᠭ᠎ᠠ ᠨᠢ ᠨᠡᠶᠢᠲᠡᠯᠢᠭ ᠬᠡᠯᠡ ᠶᠢ ᠲᠦᠭᠡᠮᠡᠯᠵᠢᠭᠦᠯᠵᠦ ᠵᠢᠷᠤᠮᠵᠢᠭᠤᠯᠤᠨ ᠪᠢᠴᠢᠬᠦ ᠳᠤ ᠰᠠᠭᠤᠷᠢ ᠶᠢ ᠴᠢᠩᠭᠠᠳᠬᠠᠬᠤ︾ ᠪᠠ ︽ᠬᠢᠲᠠᠳ ᠦᠰᠦᠭ ᠢ ᠪᠢᠴᠢᠬᠦ ᠤᠷ᠎ᠠ ᠮᠡᠷᠭᠡᠵᠢᠯ ᠬᠢᠭᠡᠳ ᠪᠦᠲᠦᠴᠡ ᠶᠢᠨ ᠲᠠᠶᠢᠯᠤᠮᠵᠢ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠪᠡ᠃
     ︽ᠥᠨᠥᠳᠥᠷ ᠪᠢᠳᠡ ᠦᠴᠦᠸᠠᠨ ᠰᠢᠶᠠᠨ ᠤ ᠳᠥᠷᠪᠡᠳᠦᠭᠡᠷ ᠪᠠᠭ᠎ᠠ ᠰᠤᠷᠭᠠᠭᠤᠯᠢ ᠳᠤ ᠴᠤᠭᠯᠠᠷᠠᠵᠤ᠂ 27 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠦᠴᠦᠸᠠᠨ ᠰᠢᠶᠠᠨ ᠤ ᠭᠤᠣᠯᠳᠠᠯᠭ᠎ᠠ ᠲᠠᠢ ᠤᠬᠠᠭᠤᠯᠭ᠎ᠠ ᠶᠢᠨ ᠠᠵᠢᠯᠯᠠᠭ᠎ᠠ ᠶᠢ ᠦᠪᠡᠳᠡᠭᠰᠢ ᠶᠡᠭᠡ ᠪᠠᠷ ᠡᠷᠭᠢᠯᠡᠪᠡ᠃ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠨᠢ ᠤᠯᠤᠰ ᠤᠨ ᠬᠥᠭᠵᠢᠯᠲᠡ ᠶᠢᠨ ᠬᠡᠷᠡᠭᠴᠡᠭᠡ ᠪᠣᠯᠬᠤ ᠪᠠᠷ ᠪᠠᠷᠠᠬᠤ ᠦᠭᠡᠢ ᠪᠠᠰᠠ ᠴᠠᠭ ᠦᠶ᠎ᠡ ᠠᠴᠠ ᠪᠢᠳᠡᠨ ᠳᠤ ᠣᠯᠭᠤᠭᠰᠠᠨ ᠡᠭᠦᠷᠭᠡ ᠬᠠᠷᠢᠭᠤᠴᠠᠯᠭ᠎ᠠ ᠪᠣᠯᠣᠨ᠎ᠠ᠂ ᠲᠤᠰ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠭᠠᠷᠠᠭ ᠨᠢ ︿ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠡᠷᠴᠢᠮ ᠢᠶᠠᠨ ᠴᠢᠩᠭᠠᠷᠠᠭᠤᠯᠵᠤ ᠬᠦᠴᠦᠷᠬᠡᠭ ᠤᠯᠤᠰ ᠤᠨ ᠦᠭᠡ ᠬᠡᠯᠡᠨ ᠤ ᠰᠠᠭᠤᠷᠢ ᠶᠢ ᠪᠠᠬᠢᠵᠢᠭᠦᠯᠬᠦ﹀ ᠪᠠᠷ ᠠᠵᠢᠯᠯᠠᠭᠠᠨ ᠤ ᠭᠤᠣᠯ ᠰᠡᠳᠦᠪ ᠪᠣᠯᠭᠠᠭᠰᠠᠨ ᠪᠠᠶᠢᠨ᠎ᠠ᠃ ᠮᠠᠨ ᠤ ᠰᠤᠷᠭᠠᠨ ᠬᠥᠮᠦᠵᠢᠯ ᠤᠨ ᠰᠢᠰᠲ᠋ᠧᠮ ᠲᠦᠭᠡᠮᠡᠯᠵᠢᠭᠦᠯᠬᠦ ᠭᠠᠷᠠᠭ ᠤᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠢᠯᠡ ᠲᠣᠳᠣ ᠬᠡᠯᠪᠡᠷᠢ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠬᠦ ᠬᠡᠷᠡᠭᠲᠡᠢ᠃ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠳᠤ ᠰᠤᠷᠭᠠᠭᠤᠯᠢ ᠪᠣᠯ ᠭᠤᠣᠯ ᠵᠢᠭᠰᠠᠭᠠᠯ ᠤᠨ ᠭᠠᠵᠠᠷ ᠮᠥᠨ᠂ ᠮᠠᠨ ᠤ ᠰᠤᠷᠭᠠᠭᠤᠯᠢ ᠨᠢᠭᠡᠪᠦᠷᠢ ᠦᠭᠡ ᠬᠡᠯᠡ ᠦᠰᠦᠭ ᠪᠢᠴᠢᠭ ᠤᠨ ᠠᠵᠢᠯ ᠢ ᠰᠤᠷᠭᠠᠭᠤᠯᠢ ᠶᠢᠨ ᠠᠵᠢᠯ ᠤᠨ ᠲᠥᠯᠥᠪᠯᠡᠭᠡ ᠳᠤ ᠣᠷᠣᠭᠤᠯᠵᠤ᠂ ᠰᠤᠷᠭᠠᠭᠤᠯᠢ ᠶᠢᠨ ᠡᠩ ᠤᠨ ᠬᠠᠮᠢᠶᠠᠷᠤᠯᠲᠠ ᠳᠤ ᠣᠷᠣᠭᠤᠯᠤᠨ᠂ ᠶᠣᠰᠣ ᠰᠤᠷᠲᠠᠬᠤᠨ ᠤ ᠬᠥᠮᠦᠵᠢᠯ ᠭᠤᠸ᠎ᠠ ᠰᠠᠶᠢᠬᠠᠨ ᠤ ᠬᠥᠮᠦᠵᠢᠯ ᠪᠠ ᠨᠡᠶᠢᠭᠡᠮ ᠤᠨ ᠦᠢᠯᠡᠳᠦᠯᠭᠡ ᠳᠤ ᠨᠡᠪᠴᠢᠭᠦᠯᠵᠦ᠂ ᠨᠡᠶᠢᠲᠡᠯᠢᠭ ᠬᠡᠯᠡ ᠶᠢ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠦᠭᠡ ᠬᠡᠯᠡ ᠪᠠ ᠰᠤᠷᠭᠠᠭᠤᠯᠢ ᠶᠢᠨ ᠬᠦᠷᠢᠶᠡᠨ ᠤ ᠬᠡᠯᠡ ᠪᠣᠯᠭᠠᠨ᠎ᠠ︾ ᠭᠡᠵᠦ ᠦᠴᠦᠸᠠᠨ ᠰᠢᠶᠠᠨ ᠤ ᠰᠤᠷᠭᠠᠨ ᠬᠥᠮᠦᠵᠢᠯ  ᠤᠨ ᠲᠣᠪᠴᠢᠶᠠᠨ ᠤ ᠳᠡᠳ᠋ ᠳᠠᠷᠤᠭ᠎ᠠ ᠯᠢ ᠵᠢᠦᠢ ᠫᠢᠩ ᠬᠡᠯᠡᠪᠡ᠃      ︽ᠮᠠᠨ ᠤ ᠠᠵᠢᠯ ᠠᠮᠢᠳᠤᠷᠠᠯ ᠳᠤᠮᠳᠠ ᠵᠠᠪᠠᠯ ᠨᠡᠶᠢᠲᠡᠯᠢᠭ ᠬᠡᠯᠡ᠂ ᠵᠢᠷᠤᠮᠵᠢᠯ ᠦᠰᠦᠭ ᠪᠢᠴᠢᠬᠦ ᠳᠠᠳᠬᠠᠯ ᠲᠠᠢ ᠪᠣᠯᠬᠤ ᠬᠡᠷᠡᠭᠲᠡᠢ᠃ ᠡᠨᠡ ᠨᠢ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠦᠨᠳᠦᠰᠦᠲᠡᠨ ᠤ ᠬᠥᠮᠥᠰ ᠤᠨ ᠬᠤᠭᠤᠷᠣᠨᠳᠣᠬᠢ ᠰᠣᠯᠢᠯᠴᠠᠭ᠎ᠠ ᠳᠤ ᠠᠰᠢᠭᠲᠠᠢ ᠪᠠᠶᠢᠵᠤ᠂ ᠠᠵᠢᠯ ᠢᠶᠠᠨ ᠨᠡᠩ ᠰᠠᠶᠢᠨ ᠥᠷᠨᠢᠭᠦᠯᠵᠦ ᠴᠢᠳᠠᠨ᠎ᠠ᠃ ᠡᠭᠦᠨ ᠤ ᠬᠠᠮᠲᠤ᠂ ᠢᠩᠭᠢᠪᠡᠯ ᠪᠠᠰᠠ ᠮᠠᠨ ᠤ ᠬᠤᠶᠢᠴᠢ ᠦᠶ᠎ᠡ ᠳᠡᠭᠡᠨ ᠰᠠᠶᠢᠨ ᠰᠠᠶᠢᠬᠠᠨ ᠦᠭᠡ ᠬᠡᠯᠡᠨ ᠤ ᠣᠷᠴᠢᠨ ᠲᠣᠭᠤᠷᠢᠨ ᠢ ᠪᠤᠢ ᠪᠣᠯᠭᠠᠵᠤ ᠴᠢᠳᠠᠬᠤ ᠶᠤᠮ︾ ᠭᠡᠵᠦ ᠦᠴᠦᠸᠠᠨ ᠰᠢᠶᠠᠨ ᠤ ᠨᠠᠮ ᠤᠨ ᠰᠤᠷᠭᠠᠭᠤᠯᠢ ᠶᠢᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ ᠬᠥᠢ ᠵᠢᠩ ᠬᠡᠯᠡᠪᠡ᠃      ︽ᠰᠤᠷᠭᠠᠭᠤᠯᠢ ᠶᠢᠨ ᠪᠠᠭᠰᠢ ᠪᠣᠯᠤᠭᠰᠠᠨ ᠤ ᠬᠤᠪᠢ ᠳᠤ᠂ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ᠂ ᠵᠢᠷᠤᠮᠵᠢᠯ ᠦᠰᠦᠭ ᠪᠢᠴᠢᠬᠦ ᠲᠠᠯ᠎ᠠ ᠪᠠᠷ ᠪᠢᠳᠡ ᠮᠥᠷᠥᠨ ᠳᠡᠭᠡᠨ ᠲᠤᠶᠢᠯ ᠤᠨ ᠴᠢᠬᠤᠯᠠ ᠡᠭᠦᠷᠭᠡ ᠡᠭᠦᠷᠭᠡᠯᠡᠵᠦ ᠪᠠᠶᠢᠨ᠎ᠠ᠂ ᠪᠢᠳᠡ ᠥᠪᠡᠷ ᠤᠨ ᠴᠢᠷᠮᠠᠶᠢᠯᠭ᠎ᠠ ᠪᠠᠷ ᠢᠶᠠᠨ ᠳᠠᠮᠵᠢᠭᠤᠯᠤᠨ᠂ ᠬᠡᠦᠬᠡᠳ ᠤᠳ ᠢ ᠴᠥᠮ ᠪᠢᠴᠢᠬᠠᠨ ᠲᠦᠭᠡᠮᠡᠯᠵᠢᠭᠦᠯᠦᠭᠴᠢ ᠪᠣᠯᠭᠠᠨ ᠬᠥᠮᠥᠵᠢᠭᠦᠯᠵᠦ᠂ ᠨᠡᠶᠢᠲᠡᠯᠢᠭ ᠬᠡᠯᠡ᠂ ᠵᠢᠷᠤᠮᠵᠢᠯ ᠥᠰᠥᠭ ᠢ ᠭᠡᠷ ᠪᠦᠯᠢ ᠨᠢᠭᠡᠪᠦᠷᠢ ᠨᠡᠶᠢᠭᠡᠮ ᠤᠨ ᠥᠨᠴᠥᠭ ᠪᠤᠯᠤᠩ ᠨᠢᠭᠡᠪᠦᠷᠢ ᠳᠤ ᠲᠦᠭᠡᠮᠡᠯᠵᠢᠭᠦᠯᠬᠦ ᠶᠢ ᠬᠦᠰᠡᠵᠦ ᠪᠠᠶᠢᠨ᠎ᠠ︾ ᠭᠡᠵᠦ ᠦᠴᠦᠸᠠᠨ ᠰᠢᠶᠠᠨ ᠤ ᠳᠥ᠋ᠷᠪᠡᠳᠦᠭᠡᠷ ᠪᠠᠬ᠎ᠠ ᠰᠤᠷᠭᠠᠭᠤᠯᠢ ᠶᠢᠨ ᠪᠠᠭᠰᠢ ᠰᠥᠸᠧ ᠹᠦ᠋ ᠸᠧᠨ ᠬᠡᠯᠡᠪᠡ᠃      ᠲᠣᠰ ᠬᠤᠭᠤᠴᠠᠭᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯᠯᠠᠭ᠎ᠠ ᠨᠢ ᠦᠴᠦᠸᠠᠨ ᠰᠢᠶᠠᠨ ᠤ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠠᠵᠢᠯ ᠤᠨ ᠳᠤᠮᠳᠠᠬᠢ ᠠᠮᠵᠢᠯᠲᠠ ᠪᠦᠲᠦᠮᠵᠢ ᠶᠢ ᠳᠡᠯᠭᠡᠨ ᠦᠵᠡᠭᠦᠯᠵᠦ᠂ ᠨᠡᠶᠢᠭᠡᠮ ᠳᠠᠶᠠᠭᠠᠷ ᠤᠨ ᠨᠡᠶᠢᠲᠡᠯᠢᠭ ᠬᠡᠯᠡ ᠶᠢ ᠳᠡᠯᠭᠡᠷᠡᠭᠦᠯᠬᠦ ᠦᠢᠯᠡᠰ ᠤᠨ ᠲᠤᠬᠠᠢ ᠠᠩᠬᠠᠷᠤᠯ ᠪᠠ ᠣᠷᠤᠯᠴᠠᠯᠭ᠎ᠠ ᠶᠢ ᠤᠯᠠᠮ ᠨᠢᠭᠡ ᠠᠯᠬᠤᠮ ᠬᠥᠭᠵᠢᠭᠡᠵᠦ᠂ ᠠᠯᠢ ᠣᠯᠠᠨ ᠠᠵᠢᠯᠯᠠᠭ᠎ᠠ ᠪᠠᠷ ᠳᠠᠮᠵᠢᠭᠤᠯᠤᠨ᠂ ᠨᠡᠶᠢᠲᠡᠯᠢᠭ ᠬᠡᠯᠡ ᠶᠢ ᠦᠴᠦᠸᠠᠨ ᠰᠢᠶᠠᠨ ᠳᠤ ᠲᠦᠭᠡᠮᠡᠯᠵᠢᠭᠦᠯᠬᠦ ᠶᠢ ᠠᠬᠢᠭᠤᠯᠵᠤ᠂ ᠦᠴᠦᠸᠠᠨ ᠰᠢᠶᠠᠨ ᠤ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢᠨ ᠲᠥᠯᠥᠭᠡ ᠶᠤᠮ᠃  ︵ᠰᠤᠷᠪᠤᠯᠵᠢᠯᠠᠭᠴᠢ᠄ ᠯᠢᠦ ᠪᠠᠢ ᠢᠦᠢ  ᠯᠢᠦ ᠰᠢᠶᠥᠥ ᠴᠢᠶᠠᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号