ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/9/20
      9 ᠰᠠᠷ᠎ᠠ ᠶᠢᠨ 19 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 28 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠭᠠᠳᠠᠨ᠎ᠠ ᠠᠴᠠ ᠢᠷᠡᠭᠰᠡᠨ ᠬᠥᠯᠥᠰᠦᠨ ᠠᠵᠢᠯᠴᠢᠨ ᠳᠤ ᠦᠢᠯᠡᠴᠢᠯᠡᠬᠦ ᠬᠠᠮᠢᠶᠠᠷᠤᠯᠲᠠ᠂ ᠬᠠᠯᠠᠭᠤᠨ ᠳᠤᠯᠠᠭᠠᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ︿ᠣᠨᠣᠴᠠᠲᠠᠢ ᠪᠠᠷ ᠵᠢᠷᠤᠬᠤ﹀ ᠡᠯ᠎ᠡ ᠲᠦᠷᠦᠯ ᠤᠨ ᠠᠰᠠᠭᠤᠳᠠᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠴᠡᠭᠴᠡᠯᠡᠨ ᠰᠠᠶᠢᠵᠢᠷᠠᠭᠤᠯᠬᠤ ᠲᠥᠰᠥᠯ︾ ᠪᠣᠯᠣᠨ ︽2024 ᠣᠨ ᠤ ᠦᠴᠦᠸᠠᠨ ᠰᠢᠶᠠᠨ ᠤ ᠲᠠᠷᠢᠶᠠᠨ ᠭᠠᠵᠠᠷ ᠢ ᠡᠭᠡᠯᠵᠢᠯᠡᠨ ᠲᠠᠷᠢᠬᠤ ᠠᠵᠢᠯ ᠤᠨ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠣᠳᠣᠬᠠᠨ ᠳᠤ ᠶᠠᠭ ᠨᠠᠮᠤᠷ ᠤᠨ ᠬᠤᠷᠢᠶᠠᠯᠲᠠ ᠶᠢᠨ ᠤᠯᠠᠷᠢᠯ ᠪᠣᠯᠵᠤ ᠪᠠᠶᠢᠨ᠎ᠠ᠂ ᠮᠠᠨ ᠤ ᠰᠢᠶᠠᠨ ᠤ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠥᠰ ᠢᠯᠡᠳᠲᠡ ᠨᠡᠮᠡᠭᠳᠡᠪᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠥᠰ ᠤᠨ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠶ᠎ᠠ ᠣᠷᠣᠨ ᠤ ᠭᠠᠳᠠᠨ᠎ᠠ ᠠᠴᠠ ᠢᠷᠡᠭᠰᠡᠨ ᠬᠥᠮᠥᠰ ᠤᠨ ᠬᠥᠳᠡᠯᠦᠩᠭᠦᠢ ᠪᠠᠶᠢᠳᠠᠯ ᠢ ᠴᠠᠭ ᠲᠤᠬᠠᠢ ᠳᠤᠨᠢ ᠣᠨᠣᠪᠴᠢᠲᠠᠶ ᠡᠵᠡᠮᠰᠢᠵᠦ᠂ ᠰᠠᠭᠤᠷᠢ ᠲᠤᠭ᠎ᠠ ᠨᠢ ᠲᠣᠳᠣᠷᠬᠠᠢ᠂ ᠪᠠᠶᠢᠳᠠᠯ ᠨᠢ ᠲᠣᠳᠣᠷᠬᠠᠢ ᠪᠠᠶᠢᠬᠤ ᠬᠡᠷᠡᠭᠲᠡᠢ᠃ ᠡᠯ᠎ᠡ ᠰᠢᠶᠠᠩ ᠪᠠᠯᠭᠠᠰᠤ ᠬᠠᠷᠢᠶ᠎ᠠ ᠣᠷᠣᠨ ᠤ ᠪᠠᠨ ᠳᠣᠲᠣᠷᠠᠬᠢ ᠬᠤᠷᠰᠢᠶ᠎ᠠ ᠪᠣᠯᠣᠨ ᠲᠠᠷᠢᠮᠠᠯ ᠤᠨ ᠲᠣᠮᠣ ᠡᠷᠦᠬᠡ ᠶᠢᠨ ᠠᠵᠢᠯᠴᠢᠨ ᠬᠡᠷᠡᠭᠯᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠠᠵᠢᠯᠴᠢᠨ ᠬᠡᠷᠡᠭᠯᠡᠬᠦ ᠪᠡᠶᠡᠴᠢ ᠴᠣᠭᠴᠠ ᠶᠢ ᠰᠢᠮᠳᠠᠭᠤᠯᠵᠤ ᠪᠠᠶᠢᠭᠠᠳ ᠴᠠᠯᠢᠩ ᠢ ᠴᠠᠭ ᠲᠤᠬᠠᠢ ᠳᠤᠨᠢ ᠲᠤᠭ᠎ᠠ ᠶᠣᠰᠣᠭᠠᠷ ᠭᠦᠢᠴᠡᠳ ᠲᠠᠯᠪᠢᠭᠤᠯᠵᠤ᠂ ᠥᠷᠭᠡᠨ ᠣᠯᠠᠨ ᠭᠠᠳᠠᠨ᠎ᠠ ᠠᠴᠠ ᠢᠷᠡᠵᠦ ᠠᠵᠢᠯ ᠬᠢᠵᠦ ᠪᠠᠶᠢᠭ᠎ᠠ ᠬᠥᠮᠥᠰ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠰᠠᠶᠢᠨ ᠰᠠᠶᠢᠬᠠᠨ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠶᠢᠷ᠎ᠠ ᠶᠢᠨ ᠬᠤᠭᠤᠴᠠᠭᠠᠨ ᠤ ᠪᠣᠷᠣᠭᠠᠨ ᠣᠯᠠᠨᠲᠠᠢ ᠠᠭᠤᠷ ᠠᠮᠢᠰᠬᠤᠯ ᠤᠨ ᠨᠥᠯᠥᠭᠡ ᠶᠢ ᠲᠡᠪᠴᠢᠵᠦ᠂ ᠪᠠᠷᠢᠯᠭ᠎ᠠ ᠶᠢᠨ ᠠᠮᠤᠷ ᠲᠦᠪᠰᠢᠨ ᠪᠣᠯᠣᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠠᠬᠢᠴᠠ ᠪᠠᠨ ᠲᠦᠷᠭᠡᠳᠬᠡᠵᠦ᠂ ᠳᠤᠯᠠᠭᠠᠨ ᠪᠦᠯᠢᠶᠡᠨ ᠢᠨᠵᠧᠨᠧᠷᠢᠩ ᠤᠨ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠢᠨᠵᠧᠨᠧᠷᠢᠩ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠳᠠᠭᠤᠰᠬᠠᠬᠤ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠢ ᠪᠥᠬᠦ ᠶᠠᠪᠤᠴᠠ᠂ ᠡᠯ᠎ᠡ ᠭᠤᠭᠴᠤᠭ᠎ᠠ ᠳᠤ ᠲᠤᠭᠤᠰᠢᠯᠠᠭᠤᠯᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠴᠠᠭ ᠲᠤᠬᠠᠢ  ᠳᠤᠨᠢ ᠵᠠᠮ ᠤᠨ ᠭᠠᠳᠠᠷᠭᠤ ᠶᠢ ᠰᠡᠯᠪᠢᠨ ᠵᠠᠰᠠᠵᠤ᠂ ᠪᠠᠷᠢᠯᠭ᠎ᠠ ᠶᠢᠨ ᠠᠮᠤᠷ ᠲᠦᠪᠰᠢᠨ᠂ ᠣᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠢᠨᠵᠧᠨᠧᠷᠢᠩ ᠤᠨ ᠶᠠᠰᠤ ᠴᠢᠨᠠᠷ ᠤᠨ ᠪᠣᠭᠤᠮᠲᠠ ᠶᠢ ᠴᠢᠩᠭ᠎ᠠ ᠠᠳᠬᠤᠵᠤ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠪᠠᠷᠢᠯᠭ᠎ᠠ ᠶᠢᠨ ᠠᠵᠢᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠢᠨᠵᠧᠨᠧᠷᠢᠩ ᠢ ᠶᠠᠰᠤ ᠴᠢᠨᠠᠷ ᠢᠶᠠᠷ ᠴᠢᠩᠭ᠎ᠠ᠂ ᠠᠷᠠᠳ ᠤᠯᠠᠨ ᠳᠤ ᠲᠠᠭᠠᠰᠢᠶᠠᠭᠳᠠᠭᠰᠠᠨ ᠠᠷᠠᠳ ᠤᠨ ᠰᠡᠳᠬᠢᠯ ᠤᠨ ᠢᠨᠵᠧᠨᠧᠷᠢᠩ ᠪᠣᠯᠭᠠᠨ ᠪᠠᠶᠢᠭᠤᠯᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠪᠠ᠃  ︵ᠰᠤᠷᠪᠤᠯᠵᠢᠯᠠᠭᠴᠢ᠄ ᠯᠢᠦᠢ ᠫᠢᠩ ᠫᠢᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号