ᠦᠴᠦᠸᠠᠨ ᠰᠢᠶᠠᠨ ᠨᠡᠶᠢᠭᠡᠮ ᠲᠣᠭᠤᠷᠢᠭ ᠤᠨ ᠠᠵᠢᠯᠲᠠᠨ ᠪᠠ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠳᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠬᠢᠪᠡ
ᠨᠡᠶᠢᠲᠡᠯᠡᠭᠰᠡᠨ ᠴᠠᠭ᠄
2024/9/24
      9 ᠰᠠᠷ᠎ᠠ ᠶᠢᠨ 23 ᠤ ᠡᠳᠦᠷ᠂ ᠪᠥᠬᠦ ᠰᠢᠶᠠᠨ ᠤ ᠨᠡᠶᠢᠭᠡᠮ ᠲᠣᠭᠤᠷᠢᠭ ᠤᠨ ᠠᠵᠢᠯᠲᠠᠨ ᠪᠠ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠬᠥᠬᠡ ᠡᠷᠭᠢ ᠪᠠᠯᠭᠠᠰᠤᠨ ᠤ ᠬᠠᠷᠢᠶ᠎ᠠ ᠡᠯ᠎ᠡ ᠨᠡᠶᠢᠭᠡᠮ ᠲᠣᠭᠤᠷᠢᠭ ᠤᠨ ᠱᠦᠵᠢ᠂ ᠨᠡᠶᠢᠭᠡᠮ ᠲᠣᠭᠤᠷᠢᠭ ᠤᠨ ᠠᠵᠢᠯᠲᠠᠨ᠂ ︽ᠬᠤᠶᠠᠷ ᠰᠢᠨ᠎ᠡ︾ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠠᠵᠢᠯ ᠤᠨ ᠠᠵᠢᠯᠲᠠᠨ᠂ ᠨᠡᠶᠢᠲᠡ 100 ᠭᠠᠷᠤᠢ ᠬᠥᠮᠥᠨ ᠪᠣᠯᠪᠠᠰᠤᠷᠠᠭᠤᠯᠤᠯ ᠳᠤ ᠣᠷᠣᠯᠴᠠᠪᠠ᠃
     ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠬᠢᠴᠢᠶᠡᠯᠯᠡᠭᠴᠢ ︽ᠨᠠᠮ ᠳᠤ ᠲᠠᠯᠠᠷᠬᠠᠬᠤ᠂ ᠶᠣᠰᠣ ᠳᠦᠷᠢᠮ ᠢ ᠡᠷᠬᠢᠮᠯᠡᠬᠦ᠂ ᠰᠠᠬᠢᠯᠭ᠎ᠠ ᠪᠠᠲᠤ ᠶᠢ ᠰᠠᠬᠢᠬᠤ᠂ ᠣᠷᠭᠢᠯᠤᠮ᠎ᠠ ᠬᠠᠯᠠᠭᠤᠨ ᠰᠡᠳᠬᠢᠯᠭᠡ ᠪᠠ ᠨᠠᠷᠢᠯᠢᠭ ᠦᠢᠯᠡᠴᠢᠯᠡᠭᠡ ᠪᠠᠷ ᠨᠡᠶᠢᠭᠡᠮ ᠤᠨ ᠠᠵᠢᠯ ᠢ ᠰᠠᠶᠢᠲᠤᠷ ᠬᠢᠬᠦ︾ ᠪᠠᠷ ᠰᠡᠳᠦᠪ ᠪᠣᠯᠭᠠᠵᠤ᠂ ᠣᠨᠣᠯ ᠤᠨ ᠲᠠᠶᠢᠯᠤᠮᠵᠢ᠂ ᠬᠡᠷᠡᠭ ᠤᠨ ᠵᠢᠱᠢᠶ᠎ᠡ ᠶᠢ ᠵᠠᠳᠠᠯᠬᠤ᠂ ᠬᠠᠷᠢᠯᠴᠠᠨ ᠰᠣᠯᠢᠯᠴᠠᠬᠤ ᠵᠡᠷᠭᠡ ᠣᠯᠠᠨ ᠵᠦᠢᠯ ᠤᠨ ᠬᠡᠯᠪᠡᠷᠢ ᠶᠢ ᠠᠪᠴᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠣᠶᠢᠯᠠᠭᠠᠭᠳᠠᠬᠤᠨ ᠪᠠ ᠰᠢᠨ᠎ᠡ ᠠᠷᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠣᠳᠣᠷᠬᠠᠶᠢᠯᠠᠨ ᠥᠭᠦᠯᠡᠵᠦ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ᠂ ᠣᠯᠠᠨ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠲᠣᠣᠷᠵᠢᠭᠤᠯᠤᠭᠰᠠᠨ ᠬᠠᠮᠢᠶᠠᠷᠤᠯᠲᠠ ᠶᠢᠨ ᠲᠠᠯ᠎ᠠ ᠪᠠᠷ᠂ ᠬᠢᠴᠢᠶᠡᠯ ᠵᠢᠭᠠᠭᠰᠠᠳ ᠨᠠᠩ ᠴᠤ ᠪᠣᠳᠠᠲᠤ ᠬᠡᠷᠡᠭ ᠤᠨ ᠵᠢᠱᠢᠶ᠎ᠡ ᠪᠠᠷ ᠨᠡᠶᠢᠭᠡᠮ ᠲᠣᠭᠤᠷᠢᠭ ᠤᠨ ᠠᠵᠢᠯᠲᠠᠳ ᠤᠨ ᠵᠥᠷᠢᠴᠡᠯ ᠢ ᠡᠶᠡᠳᠡᠭᠦᠯᠬᠦ ᠵᠡᠷᠭᠡ ᠲᠠᠯ᠎ᠠ ᠶᠢᠨ ᠡᠭᠦᠷᠭᠡ ᠴᠢᠳᠠᠪᠤᠷᠢ ᠶᠢ ᠬᠡᠷᠬᠢᠨ ᠪᠦᠲᠦᠮᠵᠢᠲᠡᠶ ᠪᠠᠳᠠᠷᠠᠭᠤᠯᠬᠤ ᠲᠤᠬᠠᠢ ᠨᠠᠷᠢᠨ ᠲᠠᠶᠢᠯᠪᠤᠷᠢᠯᠠᠭᠰᠠᠨ ᠪᠠᠶᠢᠨ᠎ᠠ᠃      ᠳᠠᠷᠠᠭᠠᠴᠢ ᠶᠢᠨ ᠠᠯᠬᠤᠮ ᠳᠤ᠂ ᠦᠴᠦᠸᠠᠨ ᠰᠢᠶᠠᠨ ᠤ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ ᠦᠷᠭᠦᠯᠵᠢᠯᠡᠨ ᠨᠡᠶᠢᠭᠡᠮ ᠲᠣᠭᠤᠷᠢᠭ ᠤᠨ ᠠᠵᠢᠯᠲᠠᠳ ᠤᠨ ᠲᠤᠰᠬᠠᠶᠢᠵᠢᠭᠰᠠᠨ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠤᠶᠠᠷ ᠰᠢᠨ᠎ᠡ︾ ᠶᠢᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠢ ᠠᠬᠢᠭᠤᠯᠬᠤ ᠪᠣᠯᠣᠨ᠎ᠠ᠃ ︵ᠰᠤᠷᠪᠤᠯᠵᠢᠯᠠᠬᠴᠢ᠄ ᠴᠧᠩ ᠵᠢᠶᠦ᠋ᠨ ᠴᠢᠩ  ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号